ᠪᠤᠶᠢᠷ ᠰᠤᠮᠤ
ᠨᠡᠶᠢᠲᠡᠯᠡᠭᠰᠡᠨ ᠴᠠᠭ᠄
2018/5/7
  ᠠᠵᠢᠯ ᠤᠨ ᠲᠦᠷᠤᠯ ᠵᠤᠶᠢᠯ     1᠂ ᠰᠤᠮᠤᠨ ᠤ ᠵᠠᠰᠠᠭ ᠤᠨ ᠤᠷᠳᠤᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ᠃     2᠂ ᠡᠳ᠋ ᠤᠨ ᠵᠠᠰᠠᠭ᠂ ᠲᠤᠭ᠎ᠠ ᠪᠦᠷᠢᠤᠡᠬᠡᠯ᠂ ᠠᠵᠤ ᠠᠬᠤᠢ᠂ ᠡᠳ᠋ ᠤᠨ ᠶᠠᠪᠤᠳᠠᠯ ᠤᠨ ᠬᠠᠮᠢᠶᠠᠷᠤᠯᠳᠠ᠂ ᠠᠵᠤ ᠠᠬᠤᠢ ᠶᠢᠨ ᠬᠦᠭᠵᠢᠯᠳᠡ ᠪᠠ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠠᠯᠪᠠᠨ ᠬᠡᠷ ᠤᠨ ᠠᠵᠢᠯ ᠢ ᠬᠠᠷᠢᠭᠤᠴᠠᠨ᠎ᠠ᠃     3᠂ ᠤᠶᠤᠨ ᠤ ᠪᠤᠯᠪᠠᠰᠤᠨ᠂ ᠲᠦᠯᠤᠪᠯᠡᠬᠡᠳᠤ ᠦᠷᠡᠵᠢᠯ ᠪᠠ ᠶᠡᠷᠤᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃     4᠂ ᠰᠤᠮᠤᠨ ᠤ ᠬᠡᠪᠴᠢᠶᠡᠨ ᠤ ᠲᠤᠮᠤ ᠴᠢᠬᠤᠯᠠ ᠬᠡᠷᠡᠭ ᠶᠠᠪᠤᠳᠠᠯ ᠵᠢᠴᠢ ᠠᠵᠢᠯ ᠤᠨ ᠪᠠᠶᠢᠷᠢᠯᠠᠭᠤᠯᠤᠯᠳᠠ ᠪᠠ ᠬᠢᠨᠠᠯᠳᠠ ᠲᠠᠯᠪᠢᠬᠤ ᠶᠢ ᠬᠠᠷᠢᠭᠤᠴᠠᠨ᠎ᠠ᠃     5᠂ ᠲᠡᠬᠡᠷ᠎ᠡ ᠱᠠᠳᠤᠨ ᠠᠴᠠ ᠲᠠᠭᠠᠭᠠᠯᠭᠠᠭᠰᠠᠨ ᠪᠤᠰᠤᠤᠨ ᠠᠵᠢᠯ ᠢ ᠬᠦᠢᠴᠡᠤᠡᠬᠡᠨ᠎ᠡ᠃   ᠠᠵᠢᠯ ᠤᠨ ᠪᠠᠷᠢᠮᠵᠢᠶ᠎ᠡ     1᠂ ᠨᠠᠮ ᠤᠨ ᠱᠤᠭᠤᠮ᠂ ᠴᠢᠭᠯᠡᠯᠳᠡ᠂ ᠲᠦᠷᠤ ᠶᠢᠨ ᠪᠤᠳᠤᠯᠭ᠎ᠠ ᠶᠢ ᠡᠵᠡᠮᠰᠢᠨ᠂ ᠪᠦᠬᠦ ᠰᠤᠮᠤ ᠶᠢᠨ ᠦᠨᠳᠤᠰᠤᠨ ᠪᠠᠶᠢᠳᠠᠯ ᠢ ᠰᠠᠶᠢᠳᠤᠷ ᠤᠶᠢᠯᠭᠠᠵᠤ᠂ ᠪᠤᠳᠠᠳᠠᠢ ᠳᠤ ᠬᠦᠨᠵᠡᠬᠡᠶᠢᠷᠡᠨ ᠪᠠᠶᠢᠴᠠᠭᠠᠨ ᠰᠤᠳᠤᠯᠵᠤ᠂ ᠰᠢᠨᠵᠢᠯᠡᠬᠦ ᠤᠬᠠᠭᠠᠨᠴᠢ ᠵᠦᠪ ᠤᠨᠤᠪᠴᠢᠳᠠᠢ ᠪᠠᠷ ᠬᠤᠰᠢᠭᠤ ᠨᠠᠮ ᠤᠨ ᠬᠤᠷᠢᠶ᠎ᠠ᠂ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠰᠢᠢᠤᠡᠪᠦᠷᠢ ᠪᠠᠶᠢᠷᠢᠯᠠᠭᠤᠯᠤᠯᠳᠠ ᠳᠤ ᠪᠠᠷᠢᠮᠳᠠ ᠬᠠᠩᠭᠠᠨ᠎ᠠ᠃     2᠂ ᠲᠡᠭᠡᠳᠤ ᠱᠠᠳᠤᠨ ᠠᠴᠠ ᠪᠠᠭᠤᠯᠭᠠᠭᠰᠠᠨ ᠡᠯ᠎ᠡ ᠲᠦᠷᠤᠯ ᠤᠨ ᠵᠢᠭᠠᠯᠳᠠ ᠲᠤᠭ᠎ᠠ ᠶᠢ ᠪᠦᠬᠦ ᠲᠠᠯ᠎ᠠ ᠪᠠᠷ ᠪᠡᠶᠡᠯᠡᠬᠦᠯᠤᠨ᠎ᠡ᠃ ᠨᠡᠶᠢᠬᠡᠮ ᠤᠨ ᠬᠦᠭᠵᠢᠯᠳᠡ᠂ ᠠᠵᠤ ᠠᠬᠤᠢ ᠶᠢᠨ ᠬᠦᠭᠵᠢᠯ ᠪᠠᠳᠠᠷᠠᠯ ᠪᠠ ᠠᠷᠠᠤᠨ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠡᠯ᠎ᠡ ᠲᠦᠷᠤᠯ ᠤᠨ ᠲᠤᠭᠳᠠᠭᠠᠯ ᠢ ᠲᠤᠭᠳᠠᠭᠠᠨ᠎ᠠ᠃     3᠂ ᠡᠳ᠋ ᠤᠨ ᠶᠠᠪᠤᠳᠠᠯ ᠪᠠ ᠠᠵᠤ ᠠᠬᠤᠢ ᠶᠢᠨ ᠬᠠᠮᠢᠶᠠᠷᠤᠯᠳᠠ ᠶᠢ ᠴᠢᠩᠭᠠᠤᠡᠬᠠᠵᠤ᠂ ᠡᠳ᠋ ᠤᠨ ᠶᠠᠪᠤᠳᠠᠯ ᠤᠨ ᠲᠦᠷᠤ ᠶᠢᠨ ᠪᠤᠳᠤᠯᠭ᠎ᠠ ᠶᠢᠨ ᠬᠠᠤᠯᠢ ᠲᠤᠭᠳᠠᠭᠠᠯ ᠢ ᠦᠨᠳᠤᠰᠤᠯᠡᠨ ᠤᠴᠢᠷ ᠶᠠᠪᠤᠳᠠᠯ ᠢ ᠴᠢᠩᠭ᠎ᠠ ᠰᠢᠢᠤᠡᠪᠦᠷᠢᠯᠡᠨ᠎ᠡ᠃     4᠂ ᠤᠶᠤᠨ ᠤ ᠪᠤᠯᠪᠠᠰᠤᠨ ᠤ ᠪᠦᠳᠤᠬᠡᠨ ᠪᠠᠶᠢᠭᠤᠯᠤᠯᠳᠠ᠂ ᠦᠨᠳᠤᠰᠤᠳᠡᠨ ᠤ ᠪᠦᠯᠬᠦᠮᠳᠡᠯ ᠤᠨ ᠠᠵᠢᠯ ᠤᠨ ᠬᠢᠷᠢ ᠪᠦᠳᠤᠮᠵᠢ ᠲᠤᠪᠤᠶᠢᠮ᠎ᠠ᠂ ᠲᠦᠯᠤᠪᠯᠡᠬᠡᠳᠤ ᠦᠷᠡᠵᠢᠯ᠂ ᠨᠡᠶᠢᠬᠡᠮ ᠤᠨ ᠠᠮᠤᠷ ᠢ ᠶᠡᠷᠤᠩᠬᠡᠶᠢᠯᠡᠨ ᠵᠠᠰᠠᠬᠤ ᠠᠵᠢᠯ ᠢ ᠲᠡᠭᠡᠳᠤ ᠱᠠᠳᠤᠨ ᠤ ᠱᠠᠭᠠᠷᠳᠠᠯᠭ᠎ᠠ ᠶᠢ ᠦᠨᠳᠤᠰᠤᠯᠡᠨ ᠪᠠᠷᠢᠮᠵᠢᠶᠠᠨ ᠳᠤ ᠬᠦᠷᠬᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号