︽ᠡᠩᠬᠡ ᠶᠢᠨ ᠬᠦᠶᠦᠯᠳᠡ 2018︾ — ᠠᠽᠢᠶ᠎ᠠ ᠲᠢᠪ ᠨᠤᠮᠤᠬᠠᠨ ᠲᠠᠯᠠᠢ ᠶᠢᠨ ᠪᠦᠰᠡ ᠶᠢᠨ ᠲᠤᠮᠳᠠᠳᠤ ᠤᠷᠤᠰ ᠮᠤᠩᠭᠤᠯ ᠤᠨ ᠭᠠᠯ ᠪᠠᠮᠪᠠᠷ ᠲᠠᠮᠵᠢᠭᠤᠯᠬᠤ ᠡᠬᠢᠯᠡᠯᠳᠡ ᠶᠢᠨ ᠶᠤᠰᠤᠯᠠᠯ ᠰᠢᠨ᠎ᠠ ᠪᠠᠷᠭᠤ ᠵᠡᠬᠦᠨ ᠬᠤᠰᠢᠭᠤᠨ ᠤ ᠠᠮᠤᠭᠤᠯᠠᠩ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2018/6/13
     5 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ ︽ᠡᠩᠬᠡ ᠶᠢᠨ ᠬᠦᠶᠦᠯᠳᠡ 2018︾ — ᠠᠽᠢᠶ᠎ᠠ ᠲᠢᠪ ᠨᠤᠮᠤᠬᠠᠨ ᠲᠠᠯᠠᠢ ᠶᠢᠨ ᠪᠦᠰᠡ ᠶᠢᠨ ᠲᠤᠮᠳᠠᠳᠤ ᠤᠷᠤᠰ ᠮᠤᠩᠭᠤᠯ ᠤᠨ ᠭᠠᠯ ᠪᠠᠮᠪᠠᠷ ᠲᠠᠮᠵᠢᠭᠤᠯᠬᠤ ᠡᠬᠢᠯᠡᠯᠳᠡ ᠶᠢᠨ ᠶᠤᠰᠤᠯᠠᠯ ᠰᠢᠨ᠎ᠠ ᠪᠠᠷᠭᠤ ᠵᠡᠬᠦᠨ ᠬᠤᠰᠢᠭᠤᠨ ᠤ ᠠᠮᠤᠭᠤᠯᠠᠩ ᠪᠠᠯᠭᠠᠰᠤᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠶᠢ ᠡᠩᠬᠡ ᠲᠠᠶᠢᠪᠤᠡᠭ ᠤᠨ ᠵᠤᠬᠢᠶᠠᠨ ᠪᠠᠶᠢᠭᠤᠯᠤᠯᠳᠠ ᠶᠢᠨ ᠠᠽᠢᠶ᠎ᠠ ᠲᠢᠪ ᠨᠤᠮᠤᠬᠠᠨ ᠲᠠᠯᠠᠢ ᠶᠢᠨ ᠤᠷᠤᠨ ᠤ ᠵᠤᠬᠢᠶᠠᠨ ᠪᠠᠶᠢᠭᠤᠯᠬᠤ ᠵᠦᠪᠯᠡᠯ ᠠᠴᠠ ᠰᠡᠳᠦᠵᠤ᠂ ᠮᠤᠩᠭᠤᠯ ᠤᠯᠤᠰ ᠠᠴᠠ ᠢᠷᠡᠭᠰᠡᠨ ᠰᠠᠶᠢᠨ ᠲᠤᠷᠠᠴᠤᠳ᠂ ᠲᠤᠮᠳᠠᠳᠤ ᠤᠯᠤᠰ᠂ ᠰᠢᠨ᠎ᠠ ᠪᠠᠷᠭᠤ ᠵᠡᠬᠦᠨ ᠬᠤᠰᠢᠭᠤᠨ ᠤ ᠡᠯ᠎ᠠ ᠪᠠᠶᠢᠭᠤᠯᠤᠯᠭ᠎ᠠ ᠨᠢᠭᠡᠴᠡ ᠶᠢᠨ ᠠᠵᠢᠯᠳᠠᠨ ᠠᠵᠢᠯᠴᠢᠳ ᠵᠢᠴᠢ ᠦᠷᠬᠡᠨ ᠤᠯᠠᠨ ᠲᠦᠮᠡᠨ ᠡᠨᠡ ᠤᠳᠠᠭᠠᠨ ᠤ ᠠᠵᠢᠯᠯᠠᠭ᠎ᠠ ᠳᠤ ᠢᠳᠡᠪᠬᠢᠳᠡᠢ ᠤᠷᠤᠯᠴᠠᠪᠠ᠃      ᠲᠤᠬᠠᠢ ᠶᠢᠨ ᠲᠠᠯᠠᠪᠤᠷ ᠲᠤ ᠲᠠᠮᠢᠷᠴᠢᠳ ᠭᠡᠭᠡᠨ ᠰᠠᠷᠠᠭᠤᠯ᠂ ᠲᠦᠪ ᠶᠤᠰᠤ᠂ ᠨᠦᠬᠦᠷᠯᠡᠯ᠂ ᠡᠩᠬᠡ ᠲᠠᠶᠢᠪᠤᠡᠭ ᠢ ᠪᠡᠯᠭᠡᠳᠡᠭᠰᠡᠨ ᠭᠠᠯ ᠪᠠᠮᠪᠠᠷ ᠢ ᠦᠨᠳᠦᠷ ᠡᠷᠬᠦᠵᠤ᠂ ᠬᠦᠮᠦᠨ ᠲᠦᠷᠦᠯᠬᠢᠳᠡᠨ ᠳᠤ ᠡᠩᠬᠡ ᠲᠠᠶᠢᠪᠤᠡᠭ ᠶᠢᠷᠳᠢᠨᠴᠤ ᠶᠢ ᠪᠠᠶᠢᠭᠤᠯᠬᠤ ᠰᠠᠶᠢᠨ ᠰᠠᠶᠢᠬᠠᠨ ᠬᠦᠰᠡᠯ ᠵᠦᠡᠭᠨᠡᠯ ᠢ ᠲᠠᠮᠵᠢᠭᠤᠯᠵᠠᠢ᠃
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号