ᠥᠵᠡᠰᠬᠦᠯᠡᠩᠳᠤ ᠰᠠᠶᠢᠬᠠᠨ ᠥᠪᠤᠷ ᠮᠤᠩᠭᠤᠯ ᠢ ᠪᠥᠳᠤᠭᠡᠨ ᠪᠠᠶᠢᠭᠤᠯᠬᠤ ᠬᠥᠯᠤᠨ ᠪᠤᠶᠢᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠨᠡᠮ
ᠨᠡᠶᠢᠲᠡᠯᠡᠭᠰᠡᠨ ᠴᠠᠭ᠄
2018/6/13
              — ᠬᠥᠯᠤᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠢ ᠰᠤᠷᠪᠤᠯᠵᠢᠯᠠᠭᠰᠠᠨ ᠨᠢ       ᠪᠥᠬᠦ ᠤᠯᠤᠰ ᠤᠨ ︽ᠬᠤᠶᠠᠷ ᠬᠤᠷᠠᠯ︾ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠤᠷ ᠮᠤᠩᠭᠤᠯ ᠤᠨ ᠲᠥᠯᠤᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠥᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖ ᠬᠥᠯᠤᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ︽ᠮᠤᠩᠭᠤᠯ ᠮᠤᠷᠢ︾ ᠶᠢᠨ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠯᠤᠨ ᠪᠤᠶᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠯᠤᠳᠤ ᠶᠡᠭᠡ ᠬᠥᠳᠡᠯᠭᠡᠭᠴᠢ ᠬᠥᠴᠤᠨ ᠪᠤᠯᠭᠠᠨ ᠬᠤᠪᠢᠷᠠᠭᠤᠯᠵᠤ᠂ ︽ᠭᠤᠷᠪᠠᠨ ᠯᠠᠪᠳᠠᠭᠤᠨ ᠪᠠᠳᠤᠳᠠᠢ︾ ᠪᠠᠷ ᠰᠢᠪᠳᠤᠯᠤᠯᠳᠠ ᠪᠤᠯᠭᠠᠨ᠂ ᠥᠵᠡᠰᠬᠦᠯᠡᠩᠳᠤ ᠰᠠᠶᠢᠬᠠᠨ ᠥᠪᠤᠷ ᠮᠤᠩᠭᠤᠯ ᠢ ᠪᠥᠳᠤᠭᠡᠨ ᠪᠠᠶᠢᠭᠤᠯᠬᠤ ᠬᠥᠯᠤᠨ ᠪᠤᠶᠢᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠤ ᠢᠯᠡᠷᠬᠡᠶᠢᠯᠡᠪᠡ᠃      ᠢᠤᠢ ᠯᠢ ᠰᠢᠨ ᠬᠡᠯᠡᠬᠦ ᠳᠡᠭᠡᠨ᠂ ᠬᠥᠯᠤᠨ ᠪᠤᠶᠢᠷ ᠬᠤᠳᠠ ᠶᠡᠷᠤᠩᠬᠡᠢ ᠱᠥᠵᠢ ᠰᠢ ᠶᠢᠨ ᠫᠢᠡᠭ ᠤᠨ ︽ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠯᠠᠪᠳᠠᠭᠤᠨ ᠪᠠᠳᠤᠳᠠᠢ ᠲᠥᠯᠬᠢᠨ ᠠᠬᠢᠭᠤᠯᠬᠤ︾ ᠱᠠᠭᠠᠷᠳᠠᠯᠭ᠎ᠠ ᠪᠠᠷ᠂ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠵᠤ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠲᠥᠯᠬᠢᠨ ᠠᠬᠢᠭᠤᠯᠬᠤ ᠶᠢ ᠠᠵᠤ ᠠᠬᠤᠢ ᠶᠢᠨ ᠬᠥᠭᠵᠢᠯᠲᠡ ᠲᠡᠩᠴᠡᠭᠦᠷᠢ ᠥᠭᠡᠢ ᠭᠥᠢᠴᠡᠳ ᠪᠤᠰᠤ ᠪᠠᠶᠢᠬᠤ ᠠᠰᠠᠭᠤᠳᠠᠯ ᠢ ᠰᠢᠢᠳᠪᠤᠷᠢᠯᠡᠬᠦ ᠠᠯᠳᠠᠨ ᠲᠥᠯᠬᠢᠭᠦᠷ ᠪᠤᠯᠭᠠᠨ᠎ᠠ᠃ ᠬᠥᠯᠤᠨ ᠪᠤᠶᠢᠷ ᠬᠤᠳᠠ ᠪᠤᠬᠢᠷᠳᠤᠯ ᠥᠭᠡᠢ ᠬᠥᠭᠵᠢᠯᠲᠡ ᠶᠢᠨ ᠴᠢᠭᠯᠡᠯ ᠢ ᠪᠠᠷᠢᠮᠳᠠᠯᠠᠵᠤ᠂ ᠠᠮᠢ ᠠᠬᠤᠢ ᠶᠢᠨ ᠬᠠᠮᠠᠭᠠᠯᠠᠯᠳᠠ ᠶᠢ ᠲᠡᠷᠢᠭᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠵᠤ᠂ ᠪᠤᠬᠢᠷᠳᠤᠯ ᠥᠭᠡᠢ ᠬᠥᠭᠵᠢᠯᠲᠡ ᠶᠢᠨ ᠵᠠᠮ ᠢᠶᠠᠷ ᠵᠠᠮᠨᠠᠨ᠂ ᠬᠥᠭᠵᠢᠯᠲᠡ ᠶᠢᠨ ᠳᠤᠮᠳᠠ ᠬᠠᠮᠠᠭᠠᠯᠠᠬᠤ ᠶᠢ ᠴᠢᠷᠮᠠᠶᠢᠨ ᠪᠡᠶᠡᠯᠡᠭᠦᠯᠵᠤ᠂ ᠬᠠᠮᠠᠭᠠᠯᠠᠬᠤ ᠳᠤᠮᠳᠠ ᠬᠥᠭᠵᠢᠨ᠂ ᠪᠤᠬᠢᠷᠳᠤᠯ ᠥᠭᠡᠢ ᠬᠥᠭᠵᠢᠯᠲᠡ ᠪᠠᠷ ᠠᠵᠤ ᠠᠬᠤᠢ ᠶᠢᠨ ᠪᠠᠶᠢᠷᠢᠰᠢᠭᠤᠯᠤᠯᠳᠠ᠂ ᠪᠥᠳᠤᠴᠡ ᠶᠢᠨ ᠬᠡᠯᠪᠡᠷᠢ ᠶᠢ ᠬᠤᠪᠢᠷᠠᠭᠤᠯᠬᠤ ᠶᠢ ᠲᠥᠷᠭᠡᠳᠭᠡᠬᠦ ᠶᠢ ᠬᠥᠳᠤᠯᠤᠨ ᠵᠢᠯᠤᠭᠤᠳᠤᠨ᠎ᠠ᠃ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢᠨ ᠬᠤᠪᠢᠷᠠᠯᠳᠠ ᠶᠢ ᠲᠥᠷᠭᠡᠳᠭᠡᠵᠤ᠂ ᠨᠡᠮᠡᠵᠤ ᠬᠠᠰᠤᠬᠤ ᠶᠢ ᠰᠠᠶᠢᠳᠤᠷ ᠬᠢᠵᠤ᠂ ᠤᠤᠯ ᠤᠨ ᠪᠠᠶᠢᠭᠰᠠᠨ ᠠᠵᠤ ᠤᠢᠢᠯᠡᠰ ᠤᠨ ᠳᠡᠰ ᠢ ᠳᠡᠪᠰᠢᠭᠦᠯᠵᠤ᠂ ᠬᠤᠴᠤᠷᠤᠩᠭᠤᠢ᠂ ᠳᠤᠤᠷ᠎ᠠ ᠳᠡᠰ ᠤᠨ᠂ ᠢᠯᠡᠭᠦᠴᠡ ᠤᠢᠢᠯᠡᠳᠪᠤᠷᠢᠯᠡᠯ ᠤᠨ ᠴᠢᠳᠠᠪᠤᠷᠢ ᠶᠢ ᠡᠷᠡᠰ ᠲᠠᠶᠠᠭᠳᠠᠵᠤ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢᠶᠠᠷ ᠡᠨᠧᠷᠭᠢ᠂ ᠲᠠᠷᠢᠶᠠᠯᠠᠩ ᠤᠨ ᠪᠥᠳᠤᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠳᠤ ᠠᠵᠤ ᠤᠢᠢᠯᠡᠰ ᠪᠤᠯᠤᠨ ᠤᠯᠠᠮᠵᠢᠯᠠᠯᠳᠤ ᠠᠵᠤ ᠠᠬᠤᠢᠢᠯᠠᠯ ᠢ ᠥᠭᠡᠷᠡᠴᠢᠯᠡᠨ ᠪᠠᠶᠢᠭᠤᠯᠤᠨ᠎ᠠ᠃ ᠤᠳᠤ ᠶᠢᠨ ᠪᠠᠶᠢᠭ᠎ᠠ ᠡᠨᠧᠷᠭᠢ ᠶᠢᠨ ᠬᠡᠯᠪᠡᠷᠢ ᠶᠢᠨ ᠠᠵᠤ ᠠᠬᠤᠢᠢᠯᠠᠯ ᠤᠨ ᠡᠨᠧᠷᠭᠢ ᠶᠢ ᠶᠡᠷᠤᠩᠬᠡᠶᠢᠯᠡᠨ ᠠᠰᠢᠭᠯᠠᠬᠤ ᠨᠤᠷᠮ᠎ᠠ ᠪᠠᠨ ᠳᠡᠭᠡᠭᠰᠢᠯᠡᠭᠦᠯᠬᠦ ᠶᠢ ᠬᠥᠳᠤᠯᠤᠨ ᠵᠢᠯᠤᠭᠤᠳᠴᠤ᠂ ᠠᠵᠤ ᠤᠢᠢᠯᠡᠰ ᠤᠨ ᠨᠠᠷᠢᠯᠢᠭ ᠭᠥᠨᠵᠡᠭᠡᠢ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠤᠨ᠎ᠡ᠃ ᠡᠨᠧᠷᠭᠢ ᠶᠢᠨ ᠬᠡᠯᠪᠡᠷᠢ ᠶᠢᠨ ᠪᠤᠰᠤ ᠠᠵᠤ ᠤᠢᠢᠯᠡᠰ ᠢ ᠬᠥᠭᠵᠢᠭᠦᠯᠤᠨ ᠪᠤᠵᠠᠭᠠᠢᠢᠷᠠᠭᠤᠯᠵᠤ᠂ ᠰᠢᠨ᠎ᠡ ᠡᠨᠧᠷᠭᠢ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠲᠤᠮᠤ ᠳ᠋ᠠᠶᠢᠲ᠋ᠠ ᠶᠢᠨ ᠡᠭᠦᠯᠡᠨ ᠪᠤᠳᠤᠯᠳᠠ᠂ ᠮᠤᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠪᠤᠢ ᠪᠤᠯᠤᠭᠰᠠᠨ ᠠᠵᠤ ᠤᠢᠢᠯᠡᠰ ᠢ ᠴᠤᠭᠴᠠᠯᠠᠬᠤ ᠶᠢ ᠲᠥᠷᠭᠡᠳᠭᠡᠨ᠎ᠡ᠃ ᠬᠥᠳᠡᠭᠡ ᠲᠤᠰᠠᠬᠤᠨ ᠢ ᠬᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠥᠨᠵᠡᠭᠡᠢ ᠬᠡᠷᠡᠭᠵᠢᠭᠦᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠥᠳᠤᠴᠡ ᠶᠢᠨ ᠴᠢᠨᠠᠷᠳᠠᠢ ᠥᠭᠡᠷᠡᠴᠢᠯᠡᠯᠲᠡ ᠶᠢ ᠭᠥᠨᠵᠡᠭᠡᠶᠢᠷᠡᠭᠦᠯᠤᠨ᠂ ᠤᠯᠤᠰ ᠤᠨ ᠴᠢᠬᠤᠯᠠ ᠪᠤᠬᠢᠷᠳᠤᠯ ᠥᠭᠡᠢ ᠤᠷᠭᠠᠨᠢᠭ ᠲᠠᠷᠢᠶᠠᠯᠠᠩ ᠤᠨ ᠪᠥᠳᠤᠭᠡᠭᠳᠡᠭᠦᠨ ᠮᠠᠯ ᠤᠨ ᠠᠰᠢᠭ ᠰᠢᠮ᠎ᠡ ᠤᠢ ᠰᠢᠭᠤᠢ ᠶᠢᠨ ᠭᠠᠷᠤᠯᠳᠠ ᠶᠢ ᠤᠢᠢᠯᠡᠳᠪᠤᠷᠢᠯᠡᠨ ᠡᠳ᠋ᠰᠢᠭᠦᠯᠤᠨ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠭᠠᠷᠳᠠᠴᠠ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠤᠩᠬᠡᠶᠢᠯᠡᠭᠰᠡᠨ ᠤᠢᠢᠯᠡᠳᠪᠤᠷᠢᠯᠡᠯ ᠤᠨ ᠬᠥᠴᠤᠨ ᠢ ᠪᠥᠬᠦ ᠲᠠᠯ᠎ᠠ ᠪᠠᠷ ᠳᠡᠭᠡᠭᠰᠢᠯᠡᠭᠦᠯᠤᠨ᠂ ᠤᠯᠠᠨ ᠨᠡᠶᠢᠲᠡ ᠶᠢᠨ ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠪᠤᠯᠤᠨ ᠤᠯᠠᠨ ᠨᠡᠶᠢᠲᠡ ᠶᠢᠨ ᠤᠢᠢᠯᠡᠴᠢᠯᠡᠭᠡ ᠶᠢ ᠬᠥᠳᠡᠭᠡ ᠲᠤᠰᠬᠤᠨ ᠲᠡᠰᠢ ᠬᠡᠯᠪᠠᠶᠢᠯᠭᠡᠬᠦ ᠶᠢ ᠲᠥᠯᠬᠢᠨ ᠠᠬᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠬᠥᠳᠡᠭᠡ ᠲᠤᠰᠬᠤᠨ ᠮᠠᠯᠵᠢᠬᠤ ᠤᠷᠤᠨ ᠤ ᠪᠥᠬᠦ ᠲᠠᠯ᠎ᠠ ᠶᠢᠨ ᠲᠠᠪᠰᠢᠯᠳᠠ ᠪᠤᠯᠤᠨ ᠮᠠᠯᠴᠢᠨ ᠲᠠᠷᠢᠶᠠᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠤᠳᠤ ᠥᠶ᠎ᠡ ᠶᠢᠨ ᠤᠢᠢᠯᠡᠴᠢᠯᠡᠭᠡᠨ ᠤ ᠤᠢᠢᠯᠡᠰ ᠢ ᠶᠡᠬᠡᠪᠡᠷ ᠬᠥᠭᠵᠢᠭᠦᠯᠤᠨ᠂ ᠵᠤᠭᠠᠴᠠᠯ ᠤᠨ ᠤᠢᠢᠯᠡᠰ ᠢ ᠥᠷᠬᠦᠯᠵᠢᠯᠡᠨ ᠰᠢᠯᠢᠳᠡᠭᠵᠢᠭᠦᠯᠵᠤ ᠪᠤᠵᠠᠭᠠᠢᠢᠷᠠᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠲᠠᠭᠠᠭᠠᠴᠠ ᠶᠢ ᠭᠥᠢᠴᠡᠳ ᠪᠤᠳᠤᠯᠬᠢᠯᠠᠵᠤ ᠪᠠᠶᠢᠭᠠᠳ ᠵᠤᠭᠠᠴᠠᠯ ᠤᠨ ᠤᠢᠢᠯᠡᠰ ᠢ ᠬᠥᠵᠢᠭᠦᠯᠤᠨ᠂ ︽ᠴᠡᠭ᠂ ᠱᠤᠭᠤᠮ᠂ ᠬᠠᠮᠢᠶᠠᠷᠤᠯᠳᠠ᠂ ᠥᠯᠡᠳᠡᠭᠡᠬᠦ︾ ᠶᠢ ᠰᠠᠶᠢᠳᠤᠷ ᠬᠢᠵᠤ᠂ ᠳᠡᠯᠡᠬᠡᠶᠢᠴᠢᠯᠡᠭᠰᠡᠨ ᠳᠡᠭᠡᠳᠤ ᠳᠡᠰ ᠤᠨ ᠵᠤᠭᠠᠴᠠᠯ ᠤᠨ ᠬᠠᠷᠠᠯᠳᠠᠳᠤ ᠤᠷᠤᠨ ᠢ ᠴᠤᠭᠴᠠᠯᠠᠨ᠎ᠠ᠃ ᠤᠢᠢᠯᠡᠳᠪᠤᠷᠢᠯᠡᠯ ᠤᠨ ᠴᠢᠨᠠᠷᠳᠠᠢ ᠤᠢᠢᠯᠡᠴᠢᠯᠡᠭᠡᠨ ᠤ ᠤᠢᠢᠯᠡᠰ ᠢ ᠰᠠᠶᠢᠳᠤᠷ ᠬᠢᠵᠤ᠂ ᠰᠨᠠᠭᠠᠴᠢᠯᠠᠭ᠎ᠠ ᠠᠴᠠ ᠪᠠᠨ ᠲᠤᠯᠭᠠᠭᠤᠷᠢᠯᠠᠭᠴᠢ ᠠᠵᠤ ᠤᠢᠢᠯᠡᠰ ᠶᠢ ᠢᠵᠢ ᠪᠥᠷᠢᠳᠤᠭᠦᠯᠤᠨ᠂ ᠮᠥᠡᠭᠭᠦᠨ ᠭᠥᠢᠯᠭᠡᠭᠡ᠂ ᠬᠤᠳᠠᠯᠳᠤᠭᠠᠨ ᠤ ᠶᠠᠪᠤᠳᠠᠯ᠂ ᠤᠢᠢᠯᠡᠰ ᠪᠥᠳᠤᠭᠡᠬᠦ ᠶᠢ ᠳᠡᠳᠬᠦᠬᠦ ᠵᠡᠷᠭᠡ ᠤᠢᠢᠯᠡᠳᠪᠤᠷᠢᠯᠡᠯ ᠤᠨ ᠴᠢᠨᠠᠷᠳᠠᠢ ᠤᠢᠢᠯᠡᠴᠢᠯᠡᠭᠡᠨ ᠤ ᠤᠢᠢᠯᠡᠰ ᠤᠨ ᠨᠢᠭᠡᠳᠤᠭᠡᠷ ᠬᠤᠶᠠᠳᠤᠭᠠᠷ ᠠᠵᠤ ᠤᠢᠢᠯᠡᠰ ᠤᠨ ᠪᠥᠬᠦ ᠠᠵᠤ ᠤᠢᠢᠯᠡᠰ ᠤᠨ ᠬᠡᠯᠬᠢᠶ᠎ᠡ ᠳᠠᠬᠢ ᠲᠤᠯᠭᠠᠭᠤᠷᠢᠯᠠᠭᠴᠢ ᠤᠢᠢᠯᠡᠳᠤᠯ ᠢ ᠴᠢᠩᠭᠠᠷᠠᠭᠤᠯᠤᠨ᠎ᠠ᠃ ᠠᠮᠢᠳᠤᠷᠠᠯ ᠤᠨ ᠴᠢᠨᠠᠷᠳᠠᠢ ᠤᠢᠢᠯᠡᠴᠢᠯᠡᠭᠡᠨ ᠤ ᠤᠢᠢᠯᠡᠰ ᠢ ᠪᠤᠵᠠᠭᠠᠢᠢᠷᠠᠭᠤᠯᠵᠤ᠂ ᠪᠡᠶᠡᠴᠢᠯᠡᠬᠦ ᠤᠢᠢᠯᠡᠴᠢᠯᠡᠭᠡ᠂ ᠵᠠᠬᠢᠶᠠᠯᠠᠭ᠎ᠠ ᠶᠢᠨ ᠤᠢᠢᠯᠡᠴᠢᠯᠡᠭᠡ ᠵᠡᠷᠭᠡ ᠤᠢᠢᠯᠡᠴᠢᠯᠡᠭᠡᠨ ᠤ ᠬᠡᠯᠪᠡᠷᠢ ᠶᠢ ᠬᠥᠭᠵᠢᠭᠦᠯᠵᠤ᠂ ᠬᠤᠳᠠᠯᠳᠤᠭᠠᠨ ᠤ ᠤᠢᠢᠯᠡᠰ ᠤᠨ ᠵᠢᠵᠢᠭᠯᠡᠨ ᠪᠤᠷᠤᠯᠠᠭᠤᠯᠬᠤ᠂ ᠢᠳᠡᠭᠡᠨ ᠤᠮᠳᠠᠭᠠᠨ᠂ ᠡᠮ ᠡᠮᠴᠢᠯᠡᠭᠡ᠂ ᠨᠠᠰᠤᠳᠠᠨ ᠤ ᠠᠰᠠᠷᠠᠮᠵᠢ ᠵᠡᠷᠭᠡ ᠤᠯᠠᠮᠵᠢᠯᠠᠯᠳᠤ ᠤᠢᠢᠯᠡᠴᠢᠯᠡᠭᠡᠨ ᠤ ᠬᠥᠷᠢᠶ᠎ᠡ ᠴᠠᠷᠠᠭᠠᠨ ᠤ ᠶᠠᠰᠤ ᠴᠢᠨᠠᠷ ᠢ ᠳᠡᠭᠡᠭᠰᠢᠯᠡᠭᠦᠯᠤᠨ ᠬᠥᠭᠵᠢᠭᠦᠯᠤᠨ᠎ᠠ᠃ ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠶᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠳᠠᠯᠠᠵᠤ᠂ ᠡᠳ᠋ ᠤᠨ ᠬᠥᠴᠤᠨ ᠤ ᠳᠠᠭᠠᠭᠠᠴᠠ ᠶᠢ ᠶᠡᠷᠤᠩᠬᠡᠶᠢᠯᠡᠨ ᠪᠤᠳᠤᠯᠬᠢᠯᠠᠭᠰᠠᠨ ᠤᠷᠢᠳᠠᠯ ᠳᠤᠤᠷ᠎ᠠ᠂ ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠶᠢᠨ ᠬᠥᠴᠤᠯᠡᠴᠡ ᠶᠢ ᠥᠷᠬᠦᠯᠵᠢᠯᠡᠨ ᠨᠡᠮᠡᠭᠳᠡᠭᠦᠯᠤᠨ᠎ᠠ᠃ ᠥᠷᠢ ᠰᠢᠷᠢ ᠶᠢ ᠨᠠᠮᠳᠠᠭᠤᠯᠬᠤ ᠭᠡᠳ ᠬᠠᠮᠢᠶᠠᠷᠬᠤ ᠥᠭᠡᠢ᠂ ᠬᠢᠬᠦ ᠥᠭᠡᠢ ᠪᠠᠶᠢᠵᠤ ᠪᠤᠯᠬᠤ ᠥᠭᠡᠢ ᠪᠥᠭᠡᠳ ᠥᠷᠢ ᠰᠢᠷᠢ ᠶᠢ ᠡᠮᠤᠨ᠎ᠡ ᠪᠠᠨ ᠪᠠᠷᠢᠭᠠᠳ ᠬᠠᠮᠢᠶ᠎ᠠ ᠨᠠᠮᠢᠶ᠎ᠠ ᠥᠭᠡᠢ ᠬᠢᠵᠤ ᠪᠠᠰᠠ ᠪᠤᠯᠬᠤ ᠥᠭᠡᠢ᠃ ᠪᠡᠯᠡ ᠤᠷᠤᠭᠤᠯᠤᠯᠳᠠ ᠪᠤᠯᠤᠨ ᠲᠥᠷᠤᠯ ᠵᠦᠢᠯ ᠤᠨ ᠪᠥᠳᠤᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠲᠥᠷᠤᠯ ᠵᠦᠢᠯ ᠢ ᠰᠤᠳᠤᠯᠤᠨ᠂ ᠲᠥᠷᠤᠯ ᠵᠦᠢᠯ ᠤᠯᠬᠤ ᠪᠠᠷ ᠴᠢᠷᠮᠠᠶᠢᠵᠤ᠂ ᠲᠥᠷᠤᠯ ᠵᠦᠢᠯ ᠢ ᠨᠠᠶᠢᠳᠠᠪᠤᠷᠢᠵᠢᠭᠤᠯᠤᠨ᠂ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠶᠢ ᠲᠤᠯᠭᠠᠭᠤᠷᠢᠯᠠᠬᠤ᠂ ᠬᠠᠷᠰᠢ ᠰᠠᠭᠠᠳ ᠬᠢᠵᠠᠭᠠᠷᠯᠠᠯ ᠢ ᠰᠢᠪᠳᠤᠯᠬᠤ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠶᠢ ᠪᠠᠳᠤᠯᠠᠬᠤ᠂ ᠴᠢᠯᠤᠭᠡᠳᠤ ᠶᠠᠪᠤᠯᠴᠠᠭ᠎ᠠ ᠪᠠ ᠬᠠᠮᠳᠤᠷᠠᠨ ᠠᠵᠢᠯᠯᠠᠬᠤ ᠶᠢ ᠬᠥᠳᠤᠯᠤᠨ ᠵᠢᠯᠤᠭᠤᠳᠬᠤ ᠨᠢᠭᠡ ᠪᠥᠯᠦᠭ ᠴᠢᠬᠤᠯᠠ ᠶᠡᠭᠡ ᠲᠥᠷᠤᠯ ᠵᠦᠢᠯ ᠢ ᠲᠥᠪᠯᠡᠷᠡᠭᠦᠯᠤᠨ ᠬᠡᠷᠡᠭᠵᠢᠭᠦᠯᠤᠨ᠎ᠠ᠃ ᠥᠭᠡᠷᠡᠴᠢᠯᠡᠯᠲᠡ ᠬᠢᠵᠤ ᠴᠢᠯᠤᠭᠡᠲᠡᠢ ᠶᠠᠪᠤᠯᠴᠠᠬᠤ ᠶᠢ ᠪᠥᠬᠦ ᠲᠠᠯ᠎ᠠ ᠪᠠᠷ ᠭᠥᠨᠵᠡᠭᠡᠶᠢᠷᠡᠭᠦᠯᠤᠨ᠂ ᠪᠥᠬᠦ ᠤᠯᠤᠰ ᠤᠨ ᠬᠢᠯᠢ ᠳᠠᠭᠠᠤ ᠨᠡᠭᠡᠭᠡᠯᠲᠡ ᠬᠢᠵᠤ ᠴᠢᠯᠤᠭᠡᠲᠡᠢ ᠶᠠᠪᠤᠯᠴᠠᠬᠤ ᠬᠠᠮᠤᠭ ᠠᠴᠠ ᠠᠮᠢᠵᠢᠷᠠᠯ ᠤᠨ ᠬᠥᠴᠤᠨ ᠲᠠᠢ ᠬᠠᠮᠳᠤᠷᠠᠯᠴᠠᠭᠠᠨ ᠤ ᠬᠤᠰᠢᠭᠤᠴᠢ ᠤᠷᠤᠨ ᠢ ᠴᠤᠭᠴᠠᠯᠠᠬᠤ ᠪᠠᠷ ᠬᠠᠷᠠᠯᠳᠠ ᠪᠤᠯᠭᠠᠵᠤ᠂ ᠤᠯᠤᠰ ᠪᠤᠯᠤᠨ ᠥᠪᠡᠷᠲᠡᠭᠡᠨ ᠵᠠᠰᠠᠬᠤ ᠤᠷᠤᠨ ᠠᠴᠠ ᠮᠠᠨᠤᠰ ᠤᠨ ᠤᠮᠠᠷᠠᠰᠢ ᠴᠢᠯᠤᠭᠡᠲᠡᠢ ᠶᠠᠪᠤᠯᠴᠠᠬᠤ ᠶᠢ ᠲᠡᠮᠵᠢᠵᠤ ᠪᠠᠶᠢᠭ᠎ᠠ ᠠᠰᠢᠭᠳᠠᠢ ᠲᠥᠷᠤ ᠶᠢᠨ ᠪᠤᠳᠤᠯᠭ᠎ᠠ ᠶᠢ ᠪᠥᠬᠦ ᠬᠤᠳᠠ ᠶᠢᠨ ᠬᠡᠪᠴᠢᠶᠡᠨ ᠳᠤ ᠬᠠᠨᠳᠤᠭᠤᠯᠵᠤ᠂ ᠮᠠᠨᠵᠤᠤᠷ ᠢᠶᠠᠷ ᠲᠤᠯᠤᠭᠠᠢᠢᠯᠠᠭᠤᠯᠵᠤ᠂ ᠬᠠᠶᠢᠯᠠᠷ ᠢᠶᠠᠷ ᠭᠤᠤᠯᠯᠠᠭᠤᠯᠤᠨ᠂ ᠪᠢᠨ ᠵᠧᠤ ᠱᠤᠭᠤᠮ ᠢᠶᠠᠷ ᠬᠡᠯᠬᠢᠶᠡᠰᠤ ᠪᠤᠯᠭᠠᠵᠤ᠂ ᠬᠢᠯᠢ ᠳᠠᠭᠠᠤ ᠴᠢᠯᠤᠭᠡᠲᠡᠢ ᠶᠠᠪᠤᠯᠴᠠᠬᠤ ᠪᠤᠭᠤᠮᠳᠠ ᠪᠠᠷ ᠬᠤᠶᠠᠷ ᠵᠢᠭᠦᠷ ᠪᠤᠯᠭᠠᠭᠰᠠᠨ ᠪᠥᠬᠦ ᠬᠤᠳᠠ ᠶᠢ ᠨᠢᠭᠡ ᠴᠤᠭᠴᠠᠵᠢᠭᠤᠯᠤᠨ ᠤᠮᠠᠷᠠᠰᠢ ᠴᠢᠯᠤᠭᠡᠲᠡᠢ ᠶᠠᠪᠤᠯᠴᠠᠬᠤ ᠰᠢᠨ᠎ᠡ ᠪᠠᠶᠢᠳᠠᠯ ᠢ ᠢᠳᠡᠪᠬᠢᠲᠡᠢ ᠴᠤᠭᠴᠠᠯᠠᠨ᠎ᠠ᠃ ᠭᠠᠳᠠᠭᠠᠳᠤ ᠠᠴᠠ ᠤᠷᠤᠭᠤᠯᠵᠤ ᠡᠳ᠋ᠰᠢᠭᠦᠯᠬᠦ ᠤᠢᠢᠯᠡᠰ ᠢ ᠪᠤᠵᠠᠭᠠᠢᠢᠷᠠᠭᠤᠯᠤᠨ᠂ ᠭᠠᠳᠠᠭᠠᠳᠤ ᠳᠤ ᠭᠠᠷᠭᠠᠬᠤ ᠡᠳ᠋ᠰᠢᠭᠦᠯᠬᠦ ᠤᠢᠢᠯᠡᠰ ᠢ ᠬᠥᠭᠵᠢᠭᠦᠯᠵᠤ᠂ ᠳᠤᠮᠳᠠᠳᠤ ᠡᠧᠦ᠋ᠷᠤᠫᠡ ᠶᠢᠨ ᠵᠢᠰᠢᠶᠠᠨ ᠤ ᠭᠠᠯᠳᠤ ᠲᠡᠷᠭᠡ ︽ᠵᠠᠮ ᠥᠡᠭᠭᠡᠷᠡᠬᠦ︾ ᠪᠠᠶᠢᠳᠠᠯ ᠢ ᠬᠤᠪᠢᠷᠠᠭᠤᠯᠤᠨ᠂ ᠵᠠᠮ ᠨᠡᠪᠲᠡᠷᠡᠯᠭᠡ ᠶᠢᠨ ᠠᠵᠤ ᠠᠬᠤᠢ ᠶᠢ ᠪᠤᠭᠤᠮᠳᠠ ᠶᠢᠨ ᠠᠵᠤ ᠠᠬᠤᠢ ᠲᠡᠰᠢ ᠬᠤᠪᠢᠷᠠᠭᠤᠯᠬᠤ ᠶᠢ ᠲᠥᠯᠬᠢᠨ ᠠᠬᠢᠭᠤᠯᠤᠨ᠎ᠠ ᠭᠡᠵᠡᠢ᠃       ᠢᠤᠢ ᠯᠢ ᠰᠢᠨ᠂ ᠶᠠᠷᠤᠩᠭᠡᠢ ᠱᠥᠵᠢ ᠰᠢ ᠶᠢᠨ ᠫᠢᠩ ᠤᠨ ᠲᠤᠷᠠᠳᠤᠭᠰᠠᠨ ︽ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠤᠰᠤᠭᠠᠷ᠂ ᠠᠷᠠᠳ ᠤᠨ ᠲᠥᠯᠤᠭᠡ ᠬᠥᠭᠵᠢᠬᠦᠯᠬᠦ ᠤᠢᠢᠯᠠᠭᠠᠭᠳᠠᠬᠤᠨ ᠢ ᠪᠠᠷᠢᠮᠳᠠᠯᠠᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠯᠠᠪᠳᠠᠭᠤᠨ ᠪᠠᠳᠤᠳᠠᠢ ᠰᠠᠶᠢᠳᠤᠷ ᠬᠢᠬᠦ ᠭᠡᠷᠡᠭᠳᠠᠢ᠃ ᠬᠥᠨᠳᠤ ᠶᠡᠭᠡ ᠠᠶᠤᠯ ᠲᠥᠭᠰᠢᠬᠦᠷᠢ ᠶᠢ ᠰᠡᠷᠭᠡᠶᠢᠯᠠᠨ ᠰᠢᠢᠳᠪᠤᠷᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠥᠷᠢ ᠥᠭᠴᠡᠭᠡ ᠶᠢ ᠨᠠᠮᠳᠠᠭᠠᠬᠤ ᠠᠷᠭ᠎ᠠ ᠵᠠᠮ ᠢ ᠥᠷᠭᠡᠳᠭᠡᠨ᠂ ᠥᠷᠢ ᠥᠭᠴᠡᠭᠡ ᠶᠢ ᠨᠠᠮᠳᠠᠭᠠᠬᠤ ᠰᠠᠬᠢᠯᠭ᠎ᠠ ᠪᠠᠳᠤ ᠶᠢᠨ ᠬᠢᠵᠠᠭᠠᠷᠯᠠᠯ ᠢ ᠴᠢᠩᠭᠠᠷᠠᠭᠤᠯᠵᠤ᠂ ᠥᠷᠢ ᠥᠭᠴᠡᠭᠡ ᠶᠢ ᠨᠠᠮᠳᠠᠭᠠᠨ ᠰᠢᠢᠳᠪᠤᠷᠢᠯᠡᠬᠦ ᠬᠥᠴᠤᠨ ᠢᠶᠠᠨ ᠴᠢᠩᠭᠠᠳᠬᠠᠵᠤ᠂ ᠠᠷᠭ᠎ᠠ ᠪᠥᠬᠦᠨ ᠢ ᠰᠥᠪᠡᠭᠴᠢᠯᠠᠨ ᠥᠷᠢ ᠥᠭᠴᠡᠭᠡ ᠶᠢᠨ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ᠵᠠᠰᠠᠭ ᠤᠨ ᠤᠷᠳᠤᠨ ᠤ ᠥᠷᠢ ᠥᠭᠴᠡᠭᠡ ᠶᠢ ᠨᠠᠮᠳᠠᠭᠠᠨ ᠰᠢᠢᠳᠪᠤᠷᠢᠯᠡᠬᠦ ᠡᠬᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ ᠪᠠᠶᠠᠯᠡᠬᠦᠯᠬᠦ ᠭᠡᠷᠡᠭᠳᠠᠢ᠃ ᠡᠯ᠎ᠠ ᠵᠦᠢᠯ ᠤᠨ ᠠᠶᠤᠯ ᠲᠥᠭᠰᠢᠬᠦᠷᠢ ᠶᠢ ᠪᠥᠳᠤᠮᠵᠢᠳᠠᠢ ᠰᠡᠷᠭᠡᠶᠢᠯᠠᠵᠤ᠂ ᠤᠷᠤᠨ ᠨᠤᠳᠤᠭ ᠤᠨ ᠰᠢᠨ᠎ᠠ ᠪᠠᠷ ᠨᠡᠮᠡᠭᠳᠡᠬᠦ ᠥᠷᠢ ᠥᠭᠴᠡᠭᠡ ᠶᠢᠨ ᠭᠡᠮᠵᠢᠶ᠎ᠠ ᠶᠢ ᠵᠤᠬᠢᠰᠳᠠᠢ ᠲᠤᠬᠢᠷᠠᠭᠤᠯᠵᠤ᠂ ᠪᠠᠩᠬᠢ ᠶᠢᠨ ᠪᠠᠶᠢᠭᠤᠯᠤᠮᠵᠢ ᠶᠢᠨ ᠡᠷᠡᠬᠦᠯ ᠪᠤᠰᠤ ᠵᠢᠭᠡᠯᠡᠯᠭᠡ ᠶᠢ ᠥᠷᠬᠦᠯᠵᠢᠯᠠᠨ ᠪᠥᠳᠤᠮᠵᠢᠳᠠᠢ ᠰᠡᠷᠭᠡᠶᠢᠯᠠᠨ ᠰᠢᠢᠳᠪᠤᠷᠢᠯᠠᠵᠤ᠂ ᠠᠷᠠᠳ ᠤᠨ ᠲᠤᠮᠳᠠᠬᠢ ᠥᠨᠳᠤᠷ ᠬᠥᠤ ᠮᠥᠡᠭᠬᠦ ᠲᠠᠢ ᠵᠢᠭᠡᠯᠡᠯᠭᠡ᠂ ᠬᠠᠤᠯᠢ ᠪᠤᠰᠤ ᠪᠠᠯᠠ ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ ᠵᠠᠰᠠᠭ ᠤᠨ ᠤᠷᠳᠤᠨ ᠤ ᠪᠠᠯᠠ ᠮᠥᠡᠭᠬᠦ ᠬᠤᠷᠠᠮᠳᠤᠭᠤᠯᠬᠤ ᠠᠵᠢᠯᠯᠠᠭ᠎ᠠ ᠶᠢ ᠲᠥᠷᠢᠮᠵᠢᠬᠦᠯᠵᠤ᠂ ᠠᠵᠤ ᠠᠬᠤᠢᠢᠯᠠᠯ ᠤᠨ ᠠᠶᠤᠯ ᠲᠥᠭᠰᠢᠬᠦᠷᠢ ᠶᠢ ᠪᠥᠳᠤᠮᠵᠢᠳᠠᠢ ᠰᠢᠢᠳᠪᠤᠷᠢᠯᠠᠨ᠂ ᠰᠢᠰᠲ᠋ᠧᠮᠳᠤ ᠴᠢᠨᠠᠷᠳᠠᠢ ᠠᠶᠤᠯ ᠲᠥᠭᠰᠢᠬᠦᠷᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠡᠬᠢ ᠪᠠᠶᠠᠯᠢᠭ ᠤᠨ ᠡᠯᠧᠮᠧᠨ᠋ᠲ ᠢ ᠤᠯᠤᠰ ᠤᠨ ᠲᠠᠰ ᠤᠨ ᠶᠠᠳᠠᠭᠤ ᠶᠢ ᠲᠠᠳᠬᠦᠵᠤ ᠨᠡᠭᠡᠭᠡᠯᠳᠠ ᠬᠢᠬᠦ ᠭᠤᠤᠯᠳᠠᠯᠭ᠎ᠠ ᠲᠠᠢ 2 ᠬᠤᠰᠢᠭᠤ ᠪᠤᠯᠤᠨ 19 ᠶᠠᠳᠠᠭᠤ ᠬᠥᠴᠢᠷᠳᠠᠯ ᠲᠠᠢ ᠲᠤᠰᠬᠤᠨ ᠳᠤ ᠲᠥᠪᠯᠡᠷᠡᠬᠦᠯᠬᠦ ᠶᠢ ᠭᠤᠤᠯᠳᠠᠯᠭ᠎ᠠ ᠲᠠᠢ ᠪᠠᠷ ᠬᠥᠳᠤᠯᠤᠨ ᠵᠢᠯᠤᠭᠤᠳᠴᠤ᠂ ᠭᠠᠵᠠᠷ ᠤᠷᠤᠨ ᠠᠶᠢᠯ ᠡᠷᠤᠭᠡ ᠭᠡᠷ ᠪᠦᠯᠢ ᠬᠥᠮᠤᠨ ᠠᠮᠠ ᠶᠢᠨ ᠪᠠᠶᠢᠳᠠᠯ ᠳᠤᠨᠢ ᠲᠤᠬᠢᠷᠠᠭᠤᠯᠤᠨ᠂ ᠤᠨᠤᠪᠴᠢᠳᠠᠢ ᠠᠷᠭ᠎ᠠ ᠪᠤᠳᠤᠯᠭ᠎ᠠ ᠲᠤᠭᠳᠠᠭᠠᠵᠤ᠂ ᠤᠨᠴᠠᠭᠠᠢ ᠶᠠᠳᠠᠭᠤ ᠬᠥᠴᠢᠷᠳᠠᠯ ᠲᠠᠢ ᠤᠯᠠᠨ ᠲᠥᠮᠠᠨ ᠢ ᠪᠥᠳᠤᠮᠵᠢᠳᠠᠢ ᠬᠠᠪᠰᠤᠷᠤᠨ ᠲᠠᠳᠬᠦᠬᠦ ᠭᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠰᠤᠷᠳᠠᠯ ᠤᠨ ᠪᠠᠶᠢᠭᠤᠯᠤᠯᠳᠠ ᠶᠢᠨ ᠤᠨ ᠢᠶᠠᠷ ᠠᠵᠠ ᠲᠤᠬᠢᠶᠠᠯ ᠪᠤᠯᠭᠠᠨ᠂ ᠶᠠᠳᠠᠭᠤ ᠶᠢ ᠲᠠᠳᠬᠦᠵᠤ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠶᠡᠭᠡᠪᠠᠷ ᠪᠠᠶᠢᠴᠠᠭᠠᠨ ᠶᠡᠭᠡᠪᠡᠷ ᠴᠡᠭᠴᠡᠯᠡᠬᠦ ᠠᠵᠢᠯᠯᠠᠭ᠎ᠠ ᠶᠢ ᠬᠥᠨᠵᠡᠭᠡᠢ ᠥᠷᠨᠢᠬᠦᠯᠵᠤ᠂ ᠶᠠᠳᠠᠭᠤ ᠶᠢ ᠲᠠᠳᠬᠦᠬᠦ ᠬᠦᠷᠢᠶᠡᠨ ᠤ ᠢᠯᠵᠠᠷᠠᠮᠠᠯ ᠪᠤᠯᠤᠨ ᠠᠵᠢᠯ ᠤᠨ ᠰᠤᠷᠳᠠᠯ ᠤᠨ ᠠᠰᠠᠭᠤᠳᠠᠯ ᠢ ᠲᠤᠰᠬᠠᠢ ᠴᠡᠭᠴᠡᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠬᠦᠯᠬᠦ ᠭᠡᠷᠡᠭᠳᠠᠢ᠃ ᠶᠠᠳᠠᠭᠤ ᠶᠢ ᠲᠠᠳᠬᠦᠬᠦ ᠶᠢ ᠡᠷᠴᠢ ᠵᠤᠷᠢᠭ ᠢ ᠨᠢ ᠲᠠᠳᠬᠦᠬᠦ᠂ ᠤᠶᠤᠨ ᠤᠬᠠᠭᠠᠨ ᠢ ᠨᠢ ᠲᠠᠳᠬᠦᠬᠦ ᠲᠠᠢ ᠨᠢᠭᠳᠠ ᠤᠶᠠᠯᠳᠤᠭᠤᠯᠵᠤ᠂ ᠰᠢᠷᠭᠠᠭᠤ ᠬᠥᠳᠡᠯᠮᠤᠷᠢ ᠪᠠᠷ ᠪᠠᠶᠠᠵᠢᠨ ᠴᠢᠨᠡᠭᠡᠯᠢᠭᠵᠢᠬᠦ᠂ ᠶᠠᠳᠠᠭᠤ ᠠᠴᠠ ᠠᠩᠬᠢᠵᠢᠷᠠᠬᠤ ᠨᠢ ᠥᠡᠭᠭᠡ ᠭᠡᠷᠠᠯ ᠲᠠᠢ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠠᠢ ᠪᠤᠢ ᠪᠤᠯᠭᠠᠵᠤ᠂ ᠶᠠᠳᠠᠭᠤ ᠬᠥᠴᠢᠷᠳᠠᠢ ᠤᠯᠠᠨ ᠲᠥᠮᠠᠨ ᠤ ︽ᠤᠶᠤᠨ ᠰᠠᠨᠠᠭᠠᠨ ᠤ ᠲᠤᠳᠠᠭᠤᠳᠠᠯ︾ ᠢ ᠬᠠᠮᠤᠭ ᠤᠨ ᠶᠡᠭᠡ ᠭᠡᠮᠵᠢᠶ᠎ᠠ ᠪᠠᠷ ᠨᠥᠬᠦᠪᠤᠷᠢᠯᠠᠵᠤ᠂ ᠲᠤᠳᠤᠭᠠᠳᠤ ᠬᠦᠳᠡᠯᠭᠡᠬᠦ ᠬᠥᠴᠤᠨ ᠢ ᠨᠢ ᠬᠥᠭᠵᠢᠭᠡᠨ᠂ 2020 ᠤᠨ ᠪᠤᠯᠳᠠᠯ᠎ᠠ ᠤᠳᠤᠬᠢ ᠪᠠᠷᠢᠮᠵᠢᠶ᠎ᠠ ᠪᠠᠷ ᠶᠠᠳᠠᠭᠤ ᠬᠥᠴᠢᠷᠳᠠᠢ ᠬᠥᠮᠤᠨ ᠠᠮᠠ ᠪᠤᠯᠤᠨ ᠶᠠᠳᠠᠭᠤ ᠬᠥᠴᠢᠷᠳᠠᠢ ᠬᠤᠰᠢᠭᠤ ᠬᠤᠳᠠ ᠶᠢᠨ ᠶᠠᠳᠠᠭᠤ ᠬᠥᠴᠢᠷᠳᠠᠢ ︽ᠮᠠᠯᠠᠭᠠᠢ︾ ᠶᠢ ᠠᠪᠴᠤ ᠬᠠᠶᠠᠬᠤ ᠶᠢ ᠪᠠᠳᠤᠯᠠᠬᠤ ᠭᠡᠷᠡᠭᠳᠠᠢ᠃ ᠪᠤᠬᠢᠷᠳᠤᠯ ᠢ ᠰᠡᠷᠭᠡᠶᠢᠯᠠᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠠᠮᠠᠴᠠᠨ ᠤᠯᠵᠤ᠂ ︽ᠤᠰᠤᠨ ᠤ ᠲᠤᠬᠠᠢ ᠠᠷᠪᠠᠨ ᠵᠤᠷᠪᠤᠰ︾ ︽ᠬᠥᠷᠤᠰᠤ ᠰᠢᠷᠤᠢ ᠶᠢᠨ ᠲᠤᠬᠠᠢ ᠠᠷᠪᠠᠨ ᠵᠤᠷᠪᠤᠰ︾ ︽ᠠᠭᠠᠷ ᠮᠠᠨᠳᠠᠯ ᠤᠨ ᠲᠤᠬᠠᠢ ᠠᠷᠪᠠᠨ ᠵᠤᠷᠪᠤᠰ︾ ᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠭᠤᠤᠯ ᠮᠥᠷᠠᠨ ᠨᠠᠭᠤᠷ ᠴᠥᠬᠦᠷᠤᠮ ᠤᠨ ᠲᠠᠷᠤᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠯᠤᠨ ᠨᠠᠭᠤᠷ ᠵᠢᠴᠢ ᠬᠥᠯᠤᠨ ᠨᠠᠭᠤᠷ ᠤᠨ ᠰᠠᠪᠠ ᠭᠠᠵᠠᠷ ᠢ ᠶᠠᠷᠤᠩᠭᠡᠶᠢᠯᠠᠨ ᠵᠠᠰᠠᠬᠤ ᠪᠠᠷ ᠭᠤᠤᠯ ᠪᠤᠯᠭᠠᠵᠤ᠂ ᠭᠤᠤᠯ ᠮᠥᠷᠠᠨ ᠨᠠᠭᠤᠷ ᠴᠥᠬᠦᠷᠤᠮ ᠤᠨ ᠤᠰᠤ ᠶᠢ ᠶᠠᠷᠤᠩᠭᠡᠶᠢᠯᠠᠨ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ︔ ᠲᠠᠷᠢᠶᠠᠯᠠᠬᠤ ᠤᠷᠤᠨ ᠤ ᠭᠠᠵᠠᠷ ᠰᠢᠷᠤᠢ ᠪᠠᠷ ᠭᠤᠤᠯᠳᠠᠯᠭ᠎ᠠ ᠪᠤᠯᠭᠠᠵᠤ ᠂ ᠬᠥᠷᠤᠰᠤ ᠰᠢᠷᠤᠢ ᠶᠢᠨ ᠪᠤᠬᠢᠷᠳᠤᠯ ᠢ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ︔ ᠠᠭᠠᠷ ᠮᠠᠨᠳᠠᠯ ᠤᠨ ᠪᠤᠬᠢᠷᠳᠤᠯ ᠢ ᠬᠤᠯᠪᠤᠭᠠᠯᠠᠨ ᠰᠡᠷᠭᠡᠶᠢᠯᠠᠵᠤ ᠡᠵᠡᠮᠳᠡᠬᠦ ᠲᠤᠭᠳᠠᠴᠠ ᠶᠢ ᠪᠠᠶᠢᠭᠤᠯᠤᠨ ᠲᠡᠭᠦᠯᠳᠡᠷᠵᠢᠬᠦᠯᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠠᠨ ᠵᠠᠰᠠᠬᠤ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠨ ᠬᠥᠭᠡ ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠵᠤ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠠᠯᠠᠨ ᠥᠭᠡᠷᠡᠴᠢᠯᠡᠬᠦ ᠠᠵᠢᠯ ᠢ ᠥᠷᠬᠦᠯᠵᠢᠯᠠᠨ ᠠᠬᠢᠭᠤᠯᠵᠤ᠂ ᠴᠡᠭᠴᠠᠯᠠᠨ ᠥᠭᠡᠷᠡᠴᠢᠯᠡᠬᠦ ᠡᠬᠦᠷᠭᠡ ᠶᠢ ᠰᠢᠯᠭᠠᠨ ᠠᠪᠬᠤ ᠪᠤᠯᠤᠨ ᠲᠠᠷᠠᠭᠠᠴᠢ ᠶᠢᠨ ᠨᠢᠭᠡ ᠬᠤᠭᠤᠴᠠᠭᠠᠨ ᠤ ᠴᠡᠭᠴᠠᠯᠠᠨ ᠵᠠᠰᠠᠬᠤ ᠡᠬᠦᠷᠭᠡ ᠶᠢᠨ ᠮᠥᠷᠳᠠᠨ ᠪᠠᠶᠢᠴᠠᠭᠠᠯᠳᠠ ᠶᠢ ᠰᠠᠶᠢᠳᠤᠷ ᠠᠳᠬᠤᠵᠤ᠂ ᠴᠡᠭᠴᠠᠯᠠᠨ ᠥᠭᠡᠷᠡᠴᠢᠯᠡᠬᠦ ᠲᠥᠷᠤᠯ ᠵᠦᠢᠯ ᠢ ᠲᠤᠭᠳᠠᠭᠰᠠᠨ ᠬᠤᠭᠤᠴᠠᠭᠠᠨ ᠳᠠᠭᠠᠨ ᠪᠠᠶᠠᠯᠡᠬᠦᠯᠬᠦ ᠶᠢ ᠪᠠᠳᠤᠯᠠᠬᠤ ᠭᠡᠷᠡᠭᠳᠠᠢ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠭᠤᠯᠤᠯᠳᠠ ᠶᠢ ᠥᠷᠬᠦᠯᠵᠢᠯᠠᠨ ᠴᠢᠩᠭᠠᠳᠬᠠᠵᠤ᠂ ᠠᠭᠤᠯᠠ ᠤᠰᠤ ᠤᠢ ᠮᠤᠳᠤ ᠭᠡᠭᠡᠷ᠎ᠠ ᠲᠠᠯ᠎ᠠ ᠨᠠᠭᠤᠷ ᠴᠥᠬᠦᠷᠤᠮ ᠡᠪᠡᠰᠤ ᠤᠷᠭᠤᠮᠠᠯ ᠤᠨ ᠶᠠᠷᠤᠩᠭᠡᠢ  ᠵᠠᠰᠠᠯᠳᠠ ᠶᠢ ᠨᠢᠭᠡᠳᠤᠯᠳᠠᠢ ᠲᠥᠯᠤᠪᠯᠠᠵᠤ᠂ ︽ᠭᠤᠷᠪᠠᠨ ᠤᠮᠠᠷᠠᠳᠤ︾ ᠶᠢᠨ ᠤᠢ ᠰᠢᠭᠤᠢ ᠶᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠨᠠᠷᠢᠯᠢᠭ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠮᠠᠯ ᠪᠠᠯᠴᠢᠭᠡᠷ ᠤᠨ ᠲᠠᠩᠴᠡᠬᠦᠷᠢ ᠶᠢ ᠪᠠᠳᠤᠯᠠᠬᠤ᠂ ᠪᠠᠯᠴᠢᠭᠡᠷᠯᠡᠬᠦᠯᠬᠦ ᠶᠢ ᠵᠤᠭᠰᠤᠭᠠᠬᠤ᠂ ᠪᠠᠯᠴᠢᠭᠡᠷ ᠢ ᠠᠮᠠᠷᠠᠭᠠᠬᠤ ᠵᠡᠷᠭᠡ ᠲᠥᠷᠢᠮ ᠲᠤᠭᠳᠠᠭᠠᠯ ᠢ ᠰᠠᠶᠢᠳᠤᠷ ᠭᠡᠷᠡᠭᠵᠢᠬᠦᠯᠵᠤ᠂ ᠴᠥᠯᠯᠡᠷᠭᠡᠭᠵᠢᠯ ᠢ ᠵᠠᠰᠠᠬᠤ ᠪᠤᠯᠤᠨ ᠨᠤᠭᠤ ᠭᠠᠵᠠᠷ ᠢ ᠬᠠᠮᠠᠭᠠᠯᠠᠬᠤ ᠵᠡᠷᠭᠡ ᠠᠵᠢᠯ ᠢ ᠲᠥᠷᠭᠡᠳᠭᠡᠨ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃       ᠢᠤᠢ ᠯᠢ ᠰᠢᠨ ᠶᠠᠷᠢᠶᠠᠨ ᠳᠠᠭᠠᠨ᠂ ᠶᠠᠷᠤᠩᠭᠡᠢ ᠱᠥᠵᠢ ᠰᠢ ᠶᠢᠨ ᠫᠢᠩ ᠤᠨ ︽ᠥᠨᠳᠤᠰᠤᠳᠠᠨ ᠤ ᠪᠥᠯᠬᠦᠮᠳᠠᠯ ᠪᠤᠯᠤᠨ ᠬᠢᠯᠢ ᠬᠢᠵᠠᠭᠠᠷ ᠤᠨ ᠲᠤᠭᠳᠠᠭᠤᠨ ᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠤᠰᠤᠭᠠᠷ᠂ ᠲᠤᠭᠳᠠᠭᠤᠨ ᠢ ᠪᠠᠳᠤᠯᠠᠬᠤ ᠪᠠᠷ ᠨᠢᠭᠡᠳᠤᠭᠡᠷ ᠬᠠᠷᠢᠭᠤᠴᠠᠯᠭ᠎ᠠ ᠪᠠᠨ ᠪᠤᠯᠭᠠᠬᠤ ᠶᠢ ᠪᠠᠷᠢᠮᠳᠠᠯᠠᠵᠤ᠂ ᠥᠨᠳᠤᠰᠤᠳᠠᠨ ᠨᠦᠭᠦᠳ ᠪᠥᠯᠬᠦᠮᠳᠠᠯ ᠲᠠᠢ᠂ ᠬᠢᠯᠢ ᠬᠢᠵᠠᠭᠠᠷ ᠠᠮᠤᠷ ᠲᠠᠶᠢᠪᠤᠩ᠂ ᠦᠵᠡᠰᠭᠦᠯᠠᠩᠳᠦ ᠰᠠᠶᠢᠬᠠᠨ ᠵᠤᠯ ᠵᠢᠷᠭᠠᠯᠳᠤ ᠭᠡᠷ ᠤᠷᠤᠨ ᠢ ᠬᠥᠴᠤᠯᠠᠨ ᠪᠠᠶᠢᠭᠤᠯᠬᠤ ᠭᠡᠷᠡᠭᠳᠠᠢ᠃ ᠨᠠᠮ ᠤᠨ ᠥᠨᠳᠤᠰᠤᠳᠠᠨ ᠤ ᠲᠥᠷᠤ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠠ ᠮᠠᠶ᠋ᠢᠭ ᠤᠨ ᠥᠨᠳᠤᠰᠤᠳᠠᠨ ᠤ ᠬᠠᠷᠢᠴᠠᠭ᠎ᠠ ᠶᠢ ᠪᠠᠬᠢᠵᠢᠬᠦᠯᠬᠦ ᠶᠢ ᠪᠠᠷᠢᠮᠳᠠᠯᠠᠨ᠂ ᠪᠥᠬᠦ ᠬᠤᠳᠠ ᠶᠢᠨ ᠡᠯ᠎ᠠ ᠥᠨᠳᠤᠰᠤᠳᠠᠨ ᠤ ᠤᠯᠠᠨ ᠲᠥᠮᠠᠨ ᠠᠨᠠᠷ ᠤᠨ ᠥᠷ᠎ᠠ ᠰᠢᠭ ᠨᠢᠭᠳᠠᠷᠠᠨ ᠪᠦᠯᠬᠦᠮᠳᠡᠬᠦ ᠶᠢ ᠠᠬᠢᠭᠤᠯᠵᠤ᠂ ᠡᠭᠡ ᠤᠯᠤᠰ ᠤᠨ ᠬᠢᠯᠢ ᠬᠢᠵᠠᠭᠠᠷ ᠢ ᠬᠠᠮᠳᠤᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠤᠪᠠᠷ ᠴᠤᠭᠴᠠᠯᠠᠬᠤ ᠭᠡᠷᠡᠭᠳᠠᠢ᠃ ᠥᠨᠳᠤᠰᠤᠳᠠᠨ ᠤ ᠭᠠᠵᠠᠷ ᠤᠷᠤᠨ ᠤ ᠠᠵᠤ ᠠᠬᠤᠢ ᠨᠠᠶᠢᠭᠡᠮ ᠤᠨ ᠬᠥᠭᠵᠢᠯᠳᠠ ᠶᠢ ᠬᠥᠴᠤᠯᠠᠨ ᠠᠬᠢᠭᠤᠯᠵᠤ᠂ ᠨᠠᠯᠢᠶᠠᠳ ᠲᠠᠪᠠᠭᠤᠯᠢᠭᠳᠤ᠂ ᠲᠤᠪᠤᠶᠢᠮ᠎ᠠ ᠤᠨᠴᠠᠯᠢᠭᠳᠤ ᠠᠵᠤ ᠤᠢᠢᠯᠡᠰ ᠢ ᠪᠤᠶᠢᠵᠢᠭᠤᠯᠤᠨ ᠬᠥᠭᠵᠢᠬᠦᠯᠵᠤ᠂ ᠥᠨᠳᠤᠰᠤᠳᠠᠨ ᠤ ᠭᠠᠵᠠᠷ ᠤᠷᠤᠨ ᠤ ᠠᠵᠤ ᠠᠬᠤᠢ ᠶᠢᠨ ᠬᠥᠭᠵᠢᠯ ᠪᠠᠳᠠᠷᠠᠯ ᠢ ᠶᠡᠭᠡᠪᠠᠷ ᠠᠬᠢᠭᠤᠯᠬᠤ ᠭᠡᠷᠡᠭᠳᠠᠢ᠃ ᠲᠤᠭᠳᠠᠭᠤᠨ ᠢ ᠬᠠᠮᠠᠭᠠᠯᠠᠵᠤ ᠬᠢᠯᠢ ᠬᠢᠵᠠᠭᠠᠷ ᠢᠶᠠᠨ ᠪᠠᠳᠤ ᠰᠠᠬᠢᠬᠤ ᠴᠢᠬᠤᠯᠠ ᠶᠡᠭᠡ ᠤᠯᠤᠰ ᠲᠥᠷᠤ ᠶᠢᠨ ᠬᠠᠷᠢᠭᠤᠴᠠᠯᠭ᠎ᠠ ᠶᠢ ᠥᠨᠠᠨᠬᠦ ᠡᠬᠦᠷᠭᠡᠯᠠᠵᠤ᠂ ᠠᠮᠤᠷ ᠲᠠᠶᠢᠪᠤᠩ ᠬᠥᠯᠤᠨ ᠪᠤᠶᠢᠷ᠂ ᠬᠠᠤᠯᠢᠵᠢᠯ ᠤᠨ ᠬᠥᠯᠤᠨ ᠪᠤᠶᠢᠷ᠂ ᠡᠶ᠎ᠡ ᠵᠤᠬᠢᠴᠠᠩᠭᠤᠢ ᠬᠥᠯᠤᠨ ᠪᠤᠶᠢᠷ ᠤᠨ ᠪᠠᠶᠢᠭᠤᠯᠤᠯᠳᠠ ᠶᠢ ᠬᠥᠨᠵᠡᠭᠡᠢ ᠠᠬᠢᠭᠤᠯᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ᠂ ᠪᠥᠯᠬᠦᠮᠳᠠᠯ ᠲᠠᠢ ᠤᠯᠤᠰ ᠲᠥᠷᠤ ᠶᠢᠨ ᠪᠠᠶᠢᠳᠠᠯ ᠢ ᠪᠠᠳᠤᠯᠠᠨ᠂ ᠤᠯᠤᠰ ᠤᠨ ᠠᠮᠤᠷ ᠲᠥᠪᠰᠢᠨ ᠢ ᠥᠨᠠᠨᠬᠦ ᠬᠠᠮᠠᠭᠠᠯᠠᠬᠤ ᠭᠡᠷᠡᠭᠳᠠᠢ ᠭᠡᠪᠡ᠃
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号