ᠬᠤᠳᠠ ᠶᠢᠨ ᠤᠳᠤᠷᠢᠳᠤᠯᠭ᠎ᠠ ᠮᠠᠨ ᠤ ᠬᠤᠳᠠ ᠶᠢᠨ ᠶᠡᠭᠡ ᠳᠡᠭᠡᠳᠤ ᠰᠤᠷᠭᠠᠭᠤᠯᠢ ᠳᠤ ᠰᠢᠯᠭᠠᠬᠤ ᠰᠢᠯᠭᠠᠯᠳᠠ ᠶᠢᠨ ᠴᠡᠭ ᠤᠨ ᠪᠠᠳᠤᠯᠠᠪᠤᠷᠢ ᠶᠢᠨ ᠠᠵᠢᠯ ᠢ ᠲᠤᠭᠤᠷᠢᠨ ᠪᠠᠶᠢᠴᠠᠭᠠᠵᠠᠢ
ᠨᠡᠶᠢᠲᠡᠯᠡᠭᠰᠡᠨ ᠴᠠᠭ᠄
2018/6/14
     ᠮᠠᠨ ᠤ ᠬᠤᠳᠠ ᠳᠤ 16103 ᠰᠢᠯᠭᠠᠭᠤᠯᠤᠭᠰᠠᠳ ᠶᠡᠭᠡ ᠳᠡᠭᠡᠳᠤ ᠰᠤᠷᠭᠠᠭᠤᠯᠢ ᠳᠤ ᠰᠢᠯᠭᠠᠬᠤ ᠪᠠᠷ ᠨᠡᠷ᠎ᠡ ᠮᠡᠳᠡᠭᠦᠯᠪᠡ          ᠵᠢᠯ ᠳᠤ ᠨᠢᠭᠡ ᠤᠳᠠᠭ᠎ᠠ ᠶᠠᠪᠤᠭᠳᠠᠬᠤ ᠶᠡᠭᠡ ᠳᠡᠭᠡᠳᠤ ᠰᠤᠷᠭᠠᠭᠤᠯᠢ ᠳᠤ ᠰᠢᠯᠭᠠᠬᠤ ᠰᠢᠯᠭᠠᠯᠳᠠ ᠤᠳᠠᠯ ᠦᠭᠡᠢ ᠶᠠᠪᠤᠭᠳᠠᠬᠤ ᠪᠤᠯᠤᠯ᠎ᠠ᠂ ᠪᠥᠬᠦ ᠬᠤᠳᠠ ᠳᠤ 16103 ᠨᠡᠷᠡᠰ ᠰᠢᠯᠭᠠᠭᠤᠯᠤᠭᠰᠠᠳ ᠲᠤᠰ ᠰᠠᠷ᠎ᠠ ᠶᠢᠨ 7᠂ 8᠂ 9 ᠤ ᠡᠳᠤᠷ 3 ᠡᠳᠤᠷ ᠤᠨ ᠰᠢᠯᠭᠠᠯᠳᠠ ᠳᠤ ᠤᠷᠤᠯᠴᠠᠬᠤ ᠪᠤᠯᠤᠨ᠎ᠠ᠃ 6 ᠰᠠᠷ᠎ᠠ ᠶᠢᠨ 4 ᠤ ᠡᠳᠤᠷ᠂ ᠬᠤᠳᠠ ᠶᠢᠨ ᠳᠡᠳ᠋ ᠳᠠᠷᠤᠭ᠎ᠠ ᠵᠢᠶᠠᠩ ᠪᠤᠤ ᠳ᠋ᠥ᠋ᠩ ᠵᠡᠷᠭᠡ ᠬᠦᠮᠦᠰ ᠮᠠᠨ ᠤ ᠬᠤᠳᠠ ᠶᠢᠨ ᠬᠡᠰᠡᠭ ᠰᠢᠯᠭᠠᠯᠳᠠ ᠶᠢᠨ ᠴᠡᠭ ᠪᠤᠯᠤᠨ ᠰᠢᠯᠭᠠᠯᠳᠠ ᠶᠢᠨ ᠵᠢᠯᠤᠭᠤᠳᠬᠤ ᠲᠥᠪ ᠵᠡᠷᠭᠡ ᠭᠠᠵᠠᠷ ᠤᠨ ᠲᠤᠨᠤᠭ ᠲᠥᠬᠦᠭᠡᠷᠤᠮᠵᠢ ᠶᠢᠨ ᠠᠰᠢᠭᠯᠠᠭᠳᠠᠵᠤ ᠪᠠᠶᠢᠭ᠎ᠠ ᠪᠠᠶᠢᠳᠠᠯ ᠢ ᠲᠤᠭᠤᠷᠢᠨ ᠪᠠᠶᠢᠴᠠᠭᠠᠪᠠ᠃ ᠬᠤᠳᠠ ᠶᠢᠨ ᠤᠯᠤᠰ ᠲᠥᠷᠤ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠳᠠ ᠶᠢᠨ ᠰᠤᠷᠭᠠᠨ ᠬᠥᠮᠤᠵᠢᠯ ᠤᠨ ᠲᠤᠪᠴᠢᠶᠠᠨ ᠤ ᠳᠠᠷᠤᠭ᠎ᠠ ᠯᠢᠤᠢ ᠭᠥᠢ ᠡᡁᠧ ᠮᠠᠨ ᠤ ᠬᠤᠳᠠ ᠶᠢᠨ ᠶᠡᠭᠡ ᠳᠡᠭᠡᠳᠤ ᠰᠤᠷᠭᠠᠭᠤᠯᠢ ᠳᠤ ᠰᠢᠯᠭᠠᠬᠤ ᠪᠡᠯᠡᠳᠭᠡᠯ ᠠᠵᠢᠯ ᠢ ᠶᠠᠪᠤᠭᠳᠠᠭᠤᠯᠤᠭᠰᠠᠨ ᠵᠡᠷᠭᠡ ᠬᠠᠮᠢᠶ᠎ᠠ ᠪᠥᠬᠦᠢ ᠪᠠᠶᠢᠳᠠᠯ ᠢ ᠨᠠᠷᠢᠯᠢᠭ ᠲᠠᠨᠢᠯᠴᠠᠭᠤᠯᠵᠠᠢ᠃ ᠬᠤᠳᠠ ᠶᠢᠨ ᠰᠤᠷᠭᠠᠨ ᠬᠥᠮᠤᠵᠢᠯ ᠤᠨ ᠲᠤᠪᠴᠢᠶ᠎ᠠ᠂ ᠬᠤᠳᠠ ᠶᠢᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠳᠠ ᠶᠢᠨ ᠨᠢᠭᠤᠴᠠ ᠶᠢ ᠬᠠᠮᠠᠭᠠᠯᠠᠬᠤ ᠲᠤᠪᠴᠢᠶ᠎ᠠ ᠵᠡᠷᠭᠡ ᠨᠢᠭᠡᠴᠡ ᠶᠢᠨ ᠬᠠᠷᠢᠭᠤᠴᠠᠯᠭᠠᠳᠠᠨ ᠪᠠᠷ᠎ᠠ ᠪᠤᠯᠵᠤ ᠲᠤᠭᠤᠷᠢᠨ ᠪᠠᠶᠢᠴᠠᠭᠠᠪᠠ᠃  ᠵᠢᠶᠠᠩ ᠪᠤᠤ ᠳ᠋ᠥ᠋ᠩ ᠬᠠᠶᠢᠯᠠᠷ ᠲᠤᠭᠤᠷᠢᠭ᠂ ᠡᠧᠡᠩᠭᠢ ᠬᠤᠰᠢᠭᠤᠨ ᠤ ᠰᠤᠷᠭᠠᠨ ᠬᠥᠮᠤᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠥᠪ ᠤᠨ ᠨᠢᠭᠤᠴᠠ ᠬᠥᠮᠤᠷᠭᠡ ᠶᠢᠨ ᠠᠵᠢᠯ ᠢ ᠪᠡᠯᠡᠳᠭᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠲᠡ ᠶᠢ ᠰᠤᠨᠤᠰᠤᠭᠰᠠᠨ ᠤ ᠳᠠᠷᠠᠭ᠎ᠠ ᠴᠢᠬᠤᠯᠠᠴᠢᠯᠠᠬᠤ ᠳᠠᠭᠠᠨ᠂ ᠲᠤᠭᠤᠷᠢᠨ ᠪᠠᠶᠢᠴᠠᠭᠠᠬᠤ ᠳᠤ ᠤᠷᠤᠯᠴᠠᠭᠰᠠᠨ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ ᠡᠨᠡ ᠵᠢᠯ ᠤᠨ ᠶᠡᠭᠡ ᠳᠡᠭᠡᠳᠤ ᠰᠤᠷᠭᠠᠭᠤᠯᠢ ᠳᠤ ᠰᠢᠯᠭᠠᠬᠤ ᠰᠢᠯᠭᠠᠯᠳᠠ ᠶᠢᠨ ᠬᠤᠭᠤᠴᠠᠭᠠᠨ ᠤ ᠡᠯ᠎ᠡ ᠲᠥᠷᠤᠯ ᠤᠨ ᠠᠵᠢᠯ ᠢ ᠪᠥᠬᠦ ᠬᠥᠴᠤᠨ ᠢᠶᠠᠷ ᠰᠠᠶᠢᠳᠤᠷ ᠬᠢᠵᠤ᠂ ᠰᠢᠯᠭᠠᠭᠤᠯᠤᠭᠰᠠᠳ ᠪᠤᠯᠤᠨ ᠭᠡᠷ ᠤᠨ ᠠᠬᠠᠮᠠᠳ ᠲᠤ ᠠᠮᠤᠷ ᠲᠥᠪᠰᠢᠨ ᠡᠮᠬᠢ ᠳᠢᠭᠯᠢᠮ ᠲᠠᠢ ᠰᠢᠯᠭᠠᠯᠳᠠ ᠶᠢᠨ ᠠᠭᠤᠷ ᠠᠮᠢᠰᠬᠤᠯ ᠢ ᠪᠤᠢ ᠪᠤᠯᠭᠠᠨ ᠥᠭᠬᠦ ᠶᠢᠨ ᠬᠠᠮᠳᠤ ᠤᠯᠤᠰ ᠪᠤᠯᠤᠨ ᠥᠪᠠᠷᠳᠡᠭᠡᠨ ᠵᠠᠰᠠᠬᠤ ᠤᠷᠤᠨ ᠤ ᠬᠤᠯᠪᠤᠭᠳᠠᠯ ᠪᠥᠬᠦᠢ ᠲᠥᠷᠢᠮ ᠲᠤᠭᠳᠠᠭᠠᠯ ᠵᠢᠴᠢ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠰᠠᠶᠢᠳᠤᠷ ᠭᠡᠷᠡᠭᠵᠢᠬᠦᠯᠵᠤ᠂ ᠰᠢᠯᠭᠠᠯᠳᠠ ᠶᠢᠨ ᠶᠠᠪᠤᠳᠠᠯ ᠤᠨ ᠠᠵᠢᠯᠳᠠᠨ ᠤ ᠠᠵᠢᠯ ᠤᠨ ᠡᠬᠦᠷᠭᠡ ᠪᠤᠯᠤᠨ ᠤᠢᠢᠯᠡᠴᠢᠯᠡᠭᠡ ᠶᠢᠨ ᠤᠪᠤᠷ ᠢ ᠰᠠᠶᠢᠳᠤᠷ ᠠᠳᠬᠤᠵᠤ᠂ ᠰᠢᠯᠭᠠᠭᠤᠯᠤᠬᠰᠠᠳ ᠪᠤᠯᠤᠨ ᠭᠡᠷ ᠤᠨ ᠠᠬᠠᠮᠠᠳ ᠤᠨ ᠬᠠᠮᠢᠶ᠎ᠠ ᠪᠥᠬᠦᠢ ᠠᠰᠠᠭᠤᠯᠳᠠ ᠶᠢ ᠴᠠᠭ ᠲᠤᠬᠠᠢ ᠳᠤᠨᠢ ᠬᠠᠷᠢᠭᠤᠯᠵᠤ ᠲᠠᠶᠢᠯᠬᠦ ᠭᠡᠷᠡᠭᠳᠠᠢ᠃ ᠨᠢᠭᠤᠴᠠ ᠲᠠᠰᠤᠭ ᠤᠨ ᠤᠢᠢᠷ᠎ᠠ ᠬᠠᠪᠢ ᠶᠢᠨ ᠤᠷᠴᠢᠨ ᠲᠤᠭᠤᠷᠢᠨ ᠢ ᠠᠯᠬᠤᠮ ᠴᠢᠨᠠᠭᠰᠢᠳᠠ ᠰᠠᠶᠢᠳᠤᠷ ᠴᠡᠭᠴᠠᠯᠠᠵᠤ᠂ ᠠᠳᠡᠯ ᠤᠰᠤᠯ ᠭᠠᠷᠬᠤ ᠶᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠪᠤᠳᠠᠳᠠᠢ ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠡᠬᠦᠰᠴᠤ ᠮᠡᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠤᠯ ᠢᠶᠠᠨ ᠴᠠᠭ ᠢᠮᠠᠭᠳᠠ ᠪᠠᠯᠠᠨ ᠪᠠᠶᠢᠯᠭᠠᠵᠤ᠂ ᠰᠢᠯᠭᠠᠯᠳᠠ ᠶᠢᠨ ᠠᠵᠢᠯ ᠤᠨ ᠨᠢᠭᠡ ᠴᠤ ᠠᠯᠳᠠᠰᠢ ᠭᠠᠷᠬᠤ ᠥᠭᠡᠢ ᠪᠠᠶᠢᠬᠤ ᠶᠢ ᠪᠠᠳᠤᠯᠠᠬᠤ ᠭᠡᠷᠡᠭᠳᠠᠢ ᠭᠡᠪᠠ᠃            ᠵᠢᠶᠠᠩ ᠪᠤᠤ ᠳ᠋ᠥ᠋ᠩ ᠨᠠᠷ ᠪᠠᠰᠠ ᠬᠠᠶᠢᠯᠠᠷ ᠲᠤᠭᠤᠷᠢᠭ ᠤᠨ ᠭᠤᠷᠪᠠᠳᠤᠭᠠᠷ ᠲᠤᠮᠳᠠᠳᠤ ᠰᠤᠷᠭᠠᠭᠤᠯᠢ ᠳᠤ ᠬᠥᠷᠴᠤ᠂ ᠰᠢᠯᠭᠠᠯᠳᠠ ᠶᠢᠨ ᠶᠠᠪᠤᠳᠠᠯ ᠤᠨ ᠬᠢᠨᠠᠨ ᠡᠵᠡᠮᠳᠡᠬᠦ ᠲᠠᠰᠤᠭ ᠢ ᠪᠠᠶᠢᠴᠠᠭᠠᠨ᠂ ᠰᠢᠯᠭᠠᠯᠳᠠ ᠶᠢᠨ ᠶᠠᠪᠤᠳᠠᠯ ᠤᠨ ᠬᠢᠨᠠᠨ ᠡᠵᠡᠮᠳᠡᠬᠦ ᠰᠢᠰᠲ᠋ᠧᠮ ᠵᠡᠷᠭᠡ ᠶᠢᠨ ᠪᠠᠶᠢᠳᠠᠯ ᠢ ᠨᠠᠷᠢᠯᠢᠭ ᠤᠢᠢᠯᠠᠭᠠᠵᠤ᠂ ᠪᠠᠷ᠎ᠠ ᠪᠤᠯᠵᠤ ᠲᠤᠭᠤᠷᠢᠨ ᠪᠠᠶᠢᠴᠠᠭᠠᠵᠤ ᠪᠠᠶᠢᠬᠤ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠢᠨ ᠢ ᠰᠠᠨᠠᠭᠠᠴᠢᠯᠠᠭ᠎ᠠ ᠠᠴᠠ ᠪᠠᠨ ᠢᠳᠡᠪᠬᠢᠳᠠᠢ ᠵᠤᠬᠢᠴᠠᠯᠳᠤᠵᠤ᠂ ᠥᠷᠭᠡᠨ ᠤᠯᠠᠨ ᠰᠢᠯᠭᠠᠭᠤᠯᠤᠭᠰᠠᠳ ᠲᠤ ᠡᠷᠭᠡ ᠲᠡᠭᠰᠢ᠂ ᠲᠥᠪ ᠭᠤᠤᠯᠴᠢ ᠰᠢᠯᠭᠠᠯᠳᠠ ᠶᠢᠨ ᠤᠷᠴᠢᠨ ᠲᠤᠭᠤᠷᠢᠨ ᠢ ᠪᠤᠢ ᠪᠤᠯᠭᠠᠬᠤ ᠶᠢ ᠱᠠᠭᠠᠷᠳᠠᠪᠠ᠃
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号