| ᠲᠦᠯᠦᠭᠡᠯᠡᠭᠴᠢ ᠵᠢᠷᠤᠮᠲᠤ᠄ | ᠬᠤᠲᠠ ᠶᠢᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠬᠤᠭᠤᠴᠠᠭᠠᠨ ᠳᠤ ᠰᠤᠷᠪᠤᠯᠵᠢᠯᠠᠭᠴᠢ ᠡᠯ᠎ᠠ ᠬᠤᠰᠢᠭᠤ ᠰᠢᠶᠠᠨ ᠠᠴᠠ ᠬᠦᠷᠥᠯᠴᠡᠨ | ᠢᠷᠡᠭᠰᠡᠨ ᠠᠷᠠᠳ ᠤᠨ ᠲᠦᠯᠦᠭᠡᠯᠡᠭᠴᠢᠳ ᠢ ᠰᠤᠷᠪᠤᠯᠵᠢᠯᠠᠬᠤ ᠪᠠᠷ ᠬᠤᠷᠠᠯ ᠤᠨ ᠭᠡᠷ ᠢ ᠵᠤᠷᠢᠯ᠎ᠠ᠃ ᠲᠦᠯᠦᠭᠡᠯᠡᠭᠴᠢ | ᠵᠢᠷᠤᠮᠲᠦ ᠪᠤᠯ ᠡᠸᠡᠩᠬᠢ ᠬᠤᠰᠢᠭᠤᠨ ᠤ ᠢᠮᠢᠨ ᠰᠤᠮᠤᠨ ᠤ ᠦᠢᠳᠭᠡᠨ ᠭᠠᠴᠠᠭᠠᠨ ᠤ ᠮᠠᠯᠴᠢᠨ᠂ ᠠᠩᠬᠠᠳᠤᠭᠠᠷ | ᠤᠳᠠᠭ᠎ᠠ ᠮᠠᠯᠴᠢᠨ ᠲᠦᠮᠡᠨ ᠢᠶᠠᠨ ᠲᠦᠯᠦᠭᠡᠯᠡᠵᠦ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠤᠷᠤᠯᠴᠠᠵᠦ ᠪᠠᠶᠢᠭ᠎ᠠ ᠨᠢ ᠡᠨᠡ ᠪᠢᠯᠡ᠃ ᠲᠡᠷᠡ᠄ ︽ᠮᠠᠨ ᠤ ᠤᠷᠤᠨ ᠤ ᠡᠪᠤᠯ ᠤᠨ ᠤᠯᠠᠷᠢᠯ ᠤᠨ | ᠵᠤᠭᠠᠴᠠᠯ ᠤᠨ ᠨᠠᠭᠠᠳᠤᠮ ᠤᠨ ᠬᠦᠢᠳᠡᠨ ᠤ ᠲᠦᠢᠯ᠂ ᠡᠪᠤᠯ ᠤᠨ ᠤᠯᠠᠷᠢᠯ ᠤᠨ ᠨᠡᠭᠦᠳᠡᠯ ᠰᠤᠶᠤᠯ ᠤᠨ ᠨᠠᠶᠢᠷ᠂ ᠮᠦᠰᠦ | ᠴᠠᠰᠤᠨ ᠤ ᠢᠰᠡᠷᠡᠩ ᠵᠡᠷᠭᠡ ᠠᠵᠢᠯᠯᠠᠭ᠎ᠠ ᠨᠤᠭᠤᠳ ᠨᠢ ᠳᠤᠮᠳᠠᠲᠤ ᠤᠷᠤᠰ ᠮᠤᠩᠭᠤᠯ ᠤᠨ ᠬᠠᠷᠢᠯᠴᠠᠭ᠎ᠠ ᠶᠢ ᠤᠯᠠᠮ | ᠨᠢᠭᠡ ᠠᠯᠬᠤᠮ ᠰᠠᠶᠢᠵᠢᠷᠠᠭᠤᠯᠤᠭᠰᠠᠠ ᠮᠦᠷᠲᠡᠭᠡᠨ ᠮᠠᠨ ᠤ ᠬᠤᠲᠠ ᠶᠢᠨ ᠪᠠᠶᠢᠭᠠᠯᠢ ᠶᠢᠨ ᠷᠢᠳᠢ ᠰᠢᠳᠢ᠂ ᠬᠦᠮᠦᠨ | ᠰᠤᠶᠤᠯ ᠤᠨ ᠬᠦᠭᠵᠢᠯᠲᠡ ᠶᠢ ᠤᠯᠠᠨ ᠤ ᠡᠮᠤᠨ᠎ᠠ ᠳᠠᠬᠢᠨᠳᠠ ᠳᠡᠯᠭᠡᠨ ᠦᠵᠡᠭᠦᠯᠵᠦ᠂ ᠵᠢᠯ ᠤᠨ ᠳᠦᠷᠪᠡᠨ ᠤᠯᠠᠷᠢᠯ ᠳᠤ | ᠬᠦᠯᠦᠨ ᠪᠤᠶᠢᠷ ᠬᠤᠲᠠ ᠪᠠᠷ ᠵᠤᠭᠠᠴᠠᠬᠤ ᠪᠤᠯᠤᠮᠵᠢ ᠶᠢ ᠬᠠᠨᠭ᠍ᠭᠠᠭᠰᠠᠨ ᠪᠠᠶᠢᠨ᠎ᠠ᠃ ᠡᠨᠡ ᠨᠢ ᠪᠦᠬᠦ ᠤᠷᠤᠨ ᠪᠦᠰᠡ ᠶᠢᠨ | ᠵᠤᠭᠠᠴᠠᠯ ᠤᠨ ᠬᠦᠭᠵᠢᠯᠲᠡ ᠳᠤ ᠲᠦᠢᠯ ᠤᠨ ᠤᠯᠠᠨ ᠨᠦᠬᠦᠴᠡᠯ ᠢ ᠪᠦᠷᠢᠯᠳᠦᠬᠦᠯᠵᠦ ᠦᠭᠴᠡᠢ᠃ ᠪᠦᠬᠦ ᠤᠷᠤᠨ | ᠪᠦᠰᠡ ᠶᠢᠨ ᠵᠤᠭᠠᠴᠠᠯ ᠢ ᠬᠦᠭᠵᠢᠬᠦᠯᠬᠦ ᠶᠢᠨ ᠡᠴᠤᠰ ᠤᠨ ᠬᠠᠷᠠᠯᠲᠠ ᠪᠤᠯ ᠮᠠᠯᠴᠢᠨ ᠲᠦᠮᠡᠨ ᠳᠡᠭᠡᠨ ᠦᠷ᠎ᠠ ᠠᠰᠢᠭ | ᠠᠪᠴᠢᠷᠠᠬᠤ ᠳᠤ ᠪᠤᠢ᠂ ᠡᠭᠦᠨ ᠤ ᠲᠤᠯᠠᠳᠠ ᠰᠢᠨ᠎ᠠ ᠴᠠᠭ ᠦᠶ᠎ᠠ ᠶᠢᠨ ᠪᠠᠶᠢᠳᠠᠯ ᠳᠠᠭᠠᠨ ᠵᠤᠬᠢᠴᠠᠭᠤᠯᠵᠦ᠂ ᠠᠮᠢ | ᠠᠬᠤᠢ ᠶᠢᠨ ᠳᠡᠩᠴᠡᠭᠦᠷᠢ ᠶᠢ ᠪᠠᠲᠤᠯᠠᠵᠦ᠂ ᠪᠤᠬᠢᠷᠳᠤᠯ ᠦᠭᠡᠢ ᠬᠦᠭᠵᠢᠯᠲᠡ ᠶᠢ ᠴᠢᠷᠮᠠᠶᠢᠨ ᠬᠦᠭᠵᠢᠬᠦᠯᠬᠦ ᠨᠢ ᠴᠢᠬᠤᠯᠠ | ᠃ ᠡᠶᠢᠮᠦ ᠠᠴᠠ ︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠯᠦᠨ ᠨᠠᠭᠤᠷ ᠤᠨ ᠤᠯᠤᠰ ᠤᠨ | ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠦᠷᠢᠮ﹀ ᠲᠠᠢ ᠠᠳᠠᠯᠢᠪᠲᠤᠷ ᠳᠦᠷᠢᠮ ᠳᠤᠭᠳᠠᠭᠠᠯ ᠢ | ᠮᠠᠯᠵᠢᠬᠤ ᠳᠦᠷᠪᠡᠨ ᠬᠤᠰᠢᠭᠤᠨ ᠤ ᠭᠤᠤᠯ ᠮᠦᠷᠡᠨ᠂ ᠨᠠᠭᠤᠷ ᠴᠦᠬᠦᠷᠦᠮ ᠤᠨ ᠪᠤᠵᠠᠷᠲᠤᠭᠰᠠ ᠪᠠᠶᠢᠳᠠᠯ ᠳᠤ | ᠵᠤᠬᠢᠴᠠᠭᠤᠯᠤᠨ ᠬᠡᠷᠡᠭᠵᠢᠭᠦᠯᠬᠦ ᠰᠠᠨᠠᠯ ᠵᠦᠪᠯᠡᠯᠭᠡ ᠶᠢ ᠳᠤᠷᠠᠳᠤᠭᠰᠠᠨ᠃ ᠡᠭᠦᠨ ᠠᠴᠠ ᠭᠠᠳᠠᠨ᠎ᠠ᠂ ᠮᠠᠯᠴᠢᠨ | ᠲᠦᠮᠡᠨ ᠳᠡᠭᠡᠨ ᠵᠤᠭᠠᠴᠠᠯ ᠤᠨ ᠦᠢᠯᠡᠰ ᠤᠨ ᠲᠤᠰᠬᠠᠢ ᠪᠤᠯᠪᠠᠰᠤᠷᠠᠯ ᠤᠨ ᠠᠩᠭᠢ ᠡᠷᠬᠢᠯᠡᠵᠦ᠂ ᠮᠠᠯᠴᠢᠨ ᠲᠦᠮᠡᠨ | ᠲᠠᠢ ᠪᠠᠨ ᠰᠠᠨᠠᠯ ᠢᠶᠠᠨ ᠨᠢᠭᠡᠳᠭᠡᠵᠦ᠂ ᠨᠡᠩ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠠᠷᠭ᠎ᠠ ᠪᠠᠷ ᠮᠠᠯᠴᠢᠳ ᠤᠨ | ᠦᠷ᠎ᠠ ᠠᠰᠢᠭ ᠢ ᠨᠡᠮᠡᠭᠳᠡᠭᠦᠯᠬᠦ ᠰᠠᠨᠠᠯ ᠵᠦᠪᠯᠡᠯᠭᠡ ᠳᠡᠪᠰᠢᠭᠦᠯᠦᠭᠰᠡᠨ︾ ᠭᠡᠵᠦ ᠶᠠᠷᠢᠨ᠎ᠠ᠃ | ᠬᠦᠯᠦᠨ ᠪᠤᠶᠢᠷ ᠬᠤᠲᠠ ᠪᠤᠯ ᠮᠠᠨ ᠤ ᠤᠯᠤᠰ ᠤᠨ ᠳᠠᠯᠠᠪᠠᠢ ᠪᠠᠷ ᠬᠠᠮᠤᠭ ᠤᠨ ᠶᠡᠭᠡ ᠭᠠᠵᠠᠷ ᠤᠨ ᠳᠡᠰ ᠤᠨ | ᠬᠤᠲᠠ᠃ ᠪᠠᠶᠢᠭᠠᠯᠢᠯᠢᠭ ᠪᠡᠯᠴᠢᠭᠡᠷ 8 ᠲᠦᠮᠡᠨ ᠲᠡᠭᠰᠢ ᠲᠥᠷᠪᠡᠯᠵᠢᠨ ᠺᠢᠯᠤᠮᠧᠳ᠋ᠷ᠂ ᠤᠢ ᠰᠢᠭᠤᠢ 12 ᠲᠦᠮᠡᠨ | ᠲᠡᠭᠰᠢ ᠲᠥᠷᠪᠡᠯᠵᠢᠨ ᠺᠢᠯᠤᠮᠧᠳ᠋ᠷ ᠪᠠᠶᠢᠵᠦ᠂ ᠡᠷᠭᠦᠨ᠎ᠠ ᠭᠤᠤᠯ᠂ ᠬᠡᠷᠤᠯᠤᠨ ᠭᠤᠤᠯ ᠵᠡᠷᠭᠡ ᠶᠢ ᠪᠠᠭᠲᠠᠭᠠᠭᠰᠠᠨ | 3000 ᠭᠠᠷᠤᠢ ᠭᠤᠤᠯ ᠭᠤᠷᠤᠬ᠎ᠠ᠂ ᠬᠦᠯᠦᠨ ᠨᠠᠭᠤᠷ᠂ ᠪᠤᠶᠢᠷ ᠨᠠᠭᠤᠷ ᠢ ᠪᠠᠭᠲᠠᠭᠠᠭᠰᠠᠨ 500 ᠭᠠᠷᠤᠢ ᠨᠠᠭᠤᠷ | ᠴᠦᠬᠦᠷᠦᠮ᠂ 3000 ᠰᠢᠬᠠᠮ ᠤᠷᠭᠤᠮᠠᠯ ᠤᠨ ᠲᠦᠷᠦᠯ ᠵᠦᠢᠯ᠂ 400 ᠭᠠᠷᠤᠢ ᠭᠡᠭᠡᠷ᠎ᠠ ᠶᠢᠨ ᠠᠷᠢᠶᠠᠳᠠᠨ ᠵᠡᠷᠭᠡ | ᠪᠠᠶᠢᠳᠠᠭ᠃ ᠡᠳᠡᠭᠡᠷ ᠨᠢ ᠪᠦᠷ ᠮᠠᠨ ᠤ ᠬᠤᠳᠠ ᠶᠢᠨ ᠵᠤᠭᠠᠴᠠᠯ ᠤᠨ ᠦᠢᠯᠡᠰ ᠢ ᠬᠦᠭᠵᠢᠬᠦᠯᠬᠦ ᠳᠤ ᠳᠤᠳᠠᠭᠳᠠᠵᠦ | ᠪᠤᠯᠤᠰᠢ ᠦᠭᠡᠢ ᠡᠬᠢ ᠪᠠᠶᠠᠯᠢᠭ ᠪᠤᠯᠤᠨ᠎ᠠ᠃ ᠡᠭᠦᠨ ᠠᠴᠠ ᠭᠠᠳᠠᠨ᠎ᠠ᠂ ᠡᠸᠡᠩᠬᠢ ᠶᠢᠨ ᠰᠧᠪᠵᠢᠶᠡᠨ ᠨᠠᠶᠢᠷ᠂ | ᠤᠯᠭᠤᠶᠠ ᠶᠢᠨ ᠪᠤᠭᠤᠴᠢᠨ ᠠᠶᠢᠮᠠᠭ᠂ ᠳᠠᠭᠤᠷ ᠤᠨ ᠪᠦᠬᠡ ᠶᠢᠨ ᠪᠦᠵᠢᠭ᠂ ᠤᠷᠴᠤᠨ ᠤ ᠳᠦᠳᠡᠭ ᠭᠠᠯ ᠤᠨ | ᠦᠳᠡᠰᠢᠯᠡᠭᠡ ᠵᠡᠷᠭᠡ ᠴᠦᠬᠡᠨ ᠲᠤᠭᠠᠲᠤ ᠦᠨᠳᠦᠰᠦᠲᠡᠨ ᠤ ᠤᠨᠴᠠᠯᠢᠭ ᠢ ᠬᠠᠳᠠᠭᠠᠯᠠᠭᠰᠠᠨ ᠦᠪᠡᠷᠮᠢᠴᠡ ᠵᠤᠭᠠᠴᠠᠯ ᠤᠨ | ᠡᠭᠢ ᠰᠤᠷᠪᠤᠯᠵᠢ ᠨᠢ ᠮᠠᠨ ᠤ ᠬᠤᠲᠠ ᠶᠢᠨ ᠵᠤᠭᠠᠴᠠᠯ ᠤᠨ ᠬᠦᠭᠵᠢᠯᠲᠡ ᠳᠤ ᠠᠯᠤᠰ ᠬᠤᠯᠠ ᠶᠢᠨ ᠦᠢᠯᠡᠳᠦᠯ ᠲᠠᠢ᠃ | ᠵᠢᠷᠤᠮᠲᠤ᠄ ︽︿ᠵᠤᠭᠠᠴᠠᠯ +﹀ ᠨᠢ ᠤᠳᠤ ᠦᠶ᠎ᠠ ᠶᠢᠨ ᠵᠤᠭᠠᠴᠠᠯ ᠤᠨ ᠦᠢᠯᠡᠰ ᠤᠨ ᠨᠢᠭᠡ ᠤᠨᠴᠠᠯᠢᠭ | ᠪᠤᠯᠤᠭᠰᠠᠨ᠃ ᠡᠷᠡᠭᠦᠯ ᠵᠤᠭᠠᠴᠠᠯ᠂ ᠲᠡᠮᠢᠷ ᠤᠨ ᠵᠤᠭᠠᠴᠠᠯ᠂ ᠤᠢ ᠰᠢᠭᠤᠢ ᠶᠢᠨ ᠵᠤᠭᠠᠴᠠᠯ ᠵᠡᠷᠭᠡ ᠬᠡᠯᠪᠡᠷᠢ ᠨᠢ ᠮᠠᠨ ᠤ | ᠬᠤᠲᠠ ᠶᠢᠨ ᠲᠠᠮᠢᠷ ᠤᠷᠠᠯᠢᠭ᠂ ᠰᠤᠶᠤᠯ ᠲᠡᠤᠬᠡ ᠶᠢᠨ ᠬᠦᠭᠵᠢᠯᠲᠡ ᠳᠤ ᠠᠰᠢᠭᠲᠠᠢ᠂ ᠮᠠᠯᠴᠢᠨ ᠲᠦᠮᠡᠨ ᠤ | ᠠᠮᠢᠳᠤᠷᠠᠯ ᠲᠠᠢ ᠤᠢᠢᠷᠠᠲᠤᠭᠰᠠᠨ ᠵᠤᠭᠠᠴᠠᠯ ᠨᠢ ᠬᠠᠮᠤᠭ ᠤᠨ ᠦᠨ᠎ᠠ ᠴᠡᠨ᠎ᠠ ᠲᠠᠢ᠂ ᠴᠠᠭᠠᠨ ᠢᠳᠡᠭᠡ᠂ ᠬᠤᠪᠴᠠᠰᠦ | ᠬᠤᠨᠠᠷ᠂ ᠦᠨᠳᠦᠰᠦᠲᠡᠨ ᠤ ᠭᠠᠷ ᠤᠷᠠᠯᠠᠯ ᠵᠡᠷᠭᠡ ᠶᠢ ᠵᠤᠭᠠᠴᠠᠯ ᠤᠨ ᠦᠢᠯᠡᠰ ᠲᠠᠢ ᠠᠭᠤᠰᠤᠯᠴᠠᠭᠤᠯᠪᠡᠯ | ᠮᠠᠯᠴᠢᠳ ᠤᠨ ᠤᠷᠤᠯᠭ᠎ᠠ ᠨᠡᠮᠡᠭᠳᠡᠬᠦ ᠨᠢ ᠯᠠᠪᠲᠠᠢ︾ ᠭᠡᠯ᠎ᠠ᠃ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠰᠢᠨ᠎ᠠ ᠠᠷᠭ᠎ᠠ ᠵᠠᠮ ᠪᠤᠯᠤᠭᠰᠠᠨ ᠪᠦᠬᠦ ᠤᠷᠤᠨ ᠪᠦᠰᠡ ᠶᠢᠨ | ᠵᠤᠭᠠᠴᠠᠯ ᠤᠨ ᠦᠢᠯᠡᠰ ᠨᠢ ᠰᠢᠨ᠎ᠠ ᠴᠠᠭ ᠦᠶ᠎ᠠ ᠳᠤ ᠲᠤᠬᠢᠷᠠᠵᠦ᠂ ᠰᠢᠨ᠎ᠠ ᠳᠦᠷᠰᠦ ᠪᠠᠶᠢᠳᠠᠯ ᠢ ᠢᠯᠡᠷᠡᠭᠦᠯᠵᠦ | ᠴᠢᠳᠠᠬᠤ ᠨᠢ ᠳᠠᠮᠵᠢᠭ ᠦᠭᠡᠢ᠃ | ᠵᠣᠬᠢᠶᠠᠭᠴᠢ᠄ ᠨᠠᠴᠤᠷᠠ | | |