ᠮᠠᠨ ᠤ ᠬᠤᠰᠢᠭᠤ ︽ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ︾ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2018/6/20
     ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠠᠵᠢᠯ ᠤᠨ ᠤᠬᠠᠭᠤᠯᠬᠤ ᠬᠦᠴᠦᠯᠡᠴᠡ ᠶᠢ ᠤᠯᠠᠮ ᠴᠢᠨᠠᠭᠰᠢᠳᠠ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠲᠦᠷᠥ ᠶᠢᠨ ᠪᠣᠳᠣᠯᠭ᠎ᠠ ᠶᠢᠨ ᠲᠦᠭᠡᠮᠡᠯᠵᠢᠯ ᠤᠨ ᠨᠤᠷᠮ᠎ᠠ ᠪᠠ ᠲᠠᠨᠢᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠶᠢᠨ ᠲᠦᠯᠦᠭᠡ᠂ 6 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠠᠴᠠ ᠳᠠᠭᠠᠭᠠᠴᠢᠯᠠᠨ ᠡᠷᠬᠢᠯᠡᠭᠰᠡᠨ 2018 ᠣᠨ ᠤ ᠪᠦᠬᠦ ᠬᠤᠰᠢᠭᠤᠨ ᠤ ︽ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ︾ ᠮᠡᠳᠡᠯᠭᠡ ᠶᠢᠨ ᠤᠷᠤᠯᠳᠤᠭᠠᠨ ᠢ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠶᠠᠪᠤᠭᠳᠠᠭᠤᠯᠪᠠ᠃ ᠡᠯ᠎ᠡ ᠰᠣᠮᠣ ᠪᠠᠯᠭᠠᠰᠤ ᠠᠴᠠ ᠢᠷᠡᠭᠰᠡᠨ 7 ᠲᠦᠯᠦᠭᠡᠯᠡᠭᠴᠢ ᠶᠢᠨ ᠪᠦᠯᠬᠦᠮ ᠤᠷᠤᠯᠳᠤᠭᠠᠨ ᠳᠤ ᠣᠷᠣᠯᠴᠠᠪᠠ᠃ᠲᠤᠰ ᠤᠳᠠᠭᠠᠨ ᠤ ᠤᠷᠤᠯᠳᠤᠭᠠᠨ ᠢ ᠡᠯ᠎ᠡ ᠰᠣᠮᠣ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠭᠤᠷᠪᠠᠨ ᠵᠦᠪᠯᠡᠯ ᠤᠨ ᠭᠡᠰᠢᠭᠦᠳ ᠵᠢᠴᠢ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ 280 ᠬᠦᠮᠦᠨ ᠤ ᠳᠤᠮᠳᠠ ᠠᠴᠠ ᠪᠡᠯᠡᠳᠬᠡᠯ ᠤᠷᠤᠯᠳᠤᠭᠠᠨ ᠤ ᠪᠢᠷ ᠤᠨ ᠰᠢᠯᠭᠠᠯᠲᠠ ᠪᠠᠷ ᠳᠠᠮᠵᠢᠵᠤ᠂ 21 ᠬᠦᠮᠦᠨ ᠢ ᠰᠢᠯᠭᠠᠷᠠᠭᠤᠯᠤᠨ ᠤᠷᠤᠯᠳᠤᠭᠠᠨ ᠳᠤ ᠣᠷᠤᠯᠴᠠᠭᠤᠯᠵᠠᠢ᠃ ᠤᠷᠤᠯᠳᠤᠭᠠᠨ ᠨᠢ ᠡᠷᠬᠡᠪᠰᠢ ᠬᠠᠷᠢᠭᠤᠯᠬᠤ ᠰᠡᠳᠦᠪ᠂ ᠪᠤᠯᠢᠶᠠᠯᠳᠤᠨ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠭᠡᠬᠦ ᠭᠤᠷᠪᠠᠨ ᠠᠯᠬᠤᠮ ᠢᠶᠠᠷ ᠶᠠᠪᠤᠭᠳᠠᠪᠠ᠃ ᠤᠷᠤᠯᠳᠤᠭᠠᠨ ᠳᠤ ᠣᠷᠣᠯᠴᠠᠭᠰᠠᠳ ᠤᠨ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠣᠯᠬᠤ ᠲᠤᠬᠠᠢ ᠮᠡᠳᠡᠯᠭᠡ ᠶᠢᠨ ᠬᠢᠷᠢ ᠲᠦᠪᠰᠢᠨ ᠲᠤᠩ ᠦᠨᠳᠦᠷ ᠪᠠᠶᠢᠵᠤ᠂ ᠤᠷᠤᠯᠳᠤᠭᠠᠨ ᠤ ᠬᠤᠪᠢ ᠨᠢ ᠬᠤᠭᠤᠷᠣᠨᠳᠤ ᠪᠠᠨ ᠲᠤᠩ ᠪᠠᠭ᠎ᠠ ᠵᠦᠷᠢᠶ᠎ᠡ ᠲᠠᠢ ᠪᠠᠶᠢᠵᠤ᠂ ᠬᠠᠮᠤᠭ ᠤᠨ ᠡᠴᠦᠰ ᠬᠦᠯᠦᠨ ᠪᠠᠯᠭᠠᠰᠤ ᠨᠢᠭᠡᠳᠦᠭᠡᠷ ᠲᠤ ᠣᠷᠣᠪᠠ᠃ᠲᠤᠰ ᠤᠳᠠᠭᠠᠨ ᠤ ᠬᠦᠳᠡᠯᠭᠡᠭᠡᠨ ᠨᠢ ᠤᠷᠤᠯᠳᠤᠭᠠᠨ ᠢᠶᠠᠷ ᠳᠠᠮᠵᠢᠨ ᠰᠤᠷᠤᠯᠴᠠᠬᠤ ᠶᠢ ᠠᠬᠢᠭᠤᠯᠬᠤ ᠬᠡᠯᠪᠡᠷᠢ ᠪᠠᠷ ᠶᠠᠳᠠᠭᠤ ᠶᠢ ᠲᠡᠳᠬᠦᠬᠦ ᠠᠵᠢᠯ ᠤᠨ ᠡᠩᠨᠡᠭᠡ ᠶᠢᠨ ᠣᠨᠣᠯ ᠤᠨ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠣᠯᠬᠤ ᠲᠦᠷᠥ ᠶᠢᠨ ᠪᠣᠳᠣᠯᠭ᠎ᠠ ᠶᠢ ᠭᠦᠢᠴᠡᠳ ᠣᠶᠢᠯᠠᠭᠤᠯᠵᠤ᠂ ᠱᠠᠲᠤᠴᠢ ᠴᠢᠨᠠᠷ ᠲᠠᠢ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠣᠯᠬᠤ ᠬᠠᠷᠠᠯᠲᠠ ᠳᠤ ︽ᠮᠡᠳᠡᠯᠭᠡ ᠶᠢᠨ ᠡᠨᠧᠷᠬᠢ︾ ᠬᠠᠩᠭᠠᠪᠠ᠃                                     ᠰᠤᠷᠪᠤᠯᠵᠢᠯᠠᠭᠴᠢ᠄  ᠵᠠᠩ ᠶᠢᠨ   ᠪᠣᠣ ᠯᠢᠨ ᠯᠢᠨ                                     ᠣᠷᠴᠢᠭᠤᠯᠤᠭᠰᠠᠨ ᠨᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号