ᠮᠠᠨ ᠤ ᠬᠤᠰᠢᠭᠤ ᠪᠠᠯᠭᠠᠰᠤᠨ ᠤ ᠲᠣᠭᠤᠷᠢᠭ ᠤᠨ ᠣᠶᠢᠷ᠎ᠠ ᠬᠠᠪᠢ ᠶᠢᠨ ᠪᠠᠷᠢᠯᠭ᠎ᠠ ᠶᠢᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠲᠦᠪᠯᠡᠷᠡᠭᠦᠯᠦᠨ ᠴᠡᠪᠡᠷᠯᠡᠪᠡ
ᠨᠡᠶᠢᠲᠡᠯᠡᠭᠰᠡᠨ ᠴᠠᠭ᠄
2018/6/20
     ᠣᠶᠢᠷ᠎ᠠ ᠶᠢᠨ ᠡᠳᠦᠷ᠂ ᠬᠤᠰᠢᠭᠤᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠭᠦᠯᠬᠦ ᠲᠣᠪᠴᠢᠶ᠎ᠠ ᠪᠠᠯᠭᠠᠰᠤᠨ ᠤ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠲᠦᠪᠯᠡᠷᠡᠭᠦᠯᠦᠨ ᠴᠡᠪᠡᠷᠯᠡᠬᠦ ᠠᠵᠢᠯᠯᠠᠭ᠎ᠠ ᠦᠷᠨᠢᠬᠦᠯᠬᠦ ᠶᠢᠨ ᠬᠠᠮᠳᠦ᠂ ᠪᠠᠯᠭᠠᠰᠤᠨ ᠤ ᠲᠣᠭᠤᠷᠢᠭ ᠤᠨ ᠣᠶᠢᠷ᠎ᠠ ᠬᠠᠪᠢ᠂ ᠭᠠᠳᠠᠷ ᠲᠣᠭᠤᠷᠢᠭ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠲᠦᠪᠯᠡᠷᠡᠭᠦᠯᠦᠨ ᠴᠡᠪᠡᠷᠯᠡᠵᠦ᠂ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃      ᠣᠳᠤᠬᠠᠨ ᠳᠤ᠂ ᠬᠤᠰᠢᠭᠤᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠭᠦᠯᠬᠦ ᠲᠣᠪᠴᠢᠶ᠎ᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠪᠠᠯᠭᠠᠰᠤᠨ ᠤ ᠲᠣᠭᠤᠷᠢᠭ ᠤᠨ ᠣᠶᠢᠷ᠎ᠠ ᠬᠠᠪᠢ᠂ ᠭᠠᠳᠠᠷ ᠲᠣᠭᠤᠷᠢᠭ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠲᠦᠪᠯᠡᠷᠡᠭᠦᠯᠦᠨ ᠴᠡᠪᠡᠷᠯᠡᠪᠡ᠃ ᠬᠤᠰᠢᠭᠤᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠠᠯᠭᠠᠰᠤᠨ ᠤ ᠲᠣᠭᠤᠷᠢᠭ ᠤᠨ ᠣᠶᠢᠷ᠎ᠠ ᠬᠠᠪᠢ ᠶᠢᠨ ᠬᠤᠭ ᠨᠣᠪᠰᠢ ᠶᠢᠨ ᠣᠯᠠᠩᠬᠢ ᠨᠢ ᠴᠠᠭ ᠲᠤᠬᠠᠢ ᠳᠤ ᠨᠢ ᠴᠡᠪᠡᠷᠯᠡᠵᠦ ᠭᠡᠭᠡᠳᠦᠢ ᠪᠠᠷᠢᠯᠭ᠎ᠠ ᠶᠢᠨ ᠬᠤᠭ ᠨᠣᠪᠰᠢ ᠪᠤᠯᠤᠨ ᠤᠶᠢᠷ᠎ᠠ ᠵᠡᠷᠭᠡᠯᠡᠳᠡᠭᠡ ᠰᠠᠭᠤᠭᠠᠯᠢ ᠠᠷᠠᠳ ᠤᠨ ᠲᠤᠷ᠎ᠠ ᠪᠠᠷ ᠬᠠᠶᠠᠭᠰᠠᠨ ᠠᠮᠢᠳᠤᠷᠠᠯ ᠤᠨ ᠬᠤᠭ ᠨᠤᠪᠰᠢ ᠪᠤᠯᠤᠨ᠎ᠠ᠃ ᠡᠨᠡᠬᠦ ᠪᠠᠶᠢᠳᠠᠯ ᠳᠤ ᠴᠢᠭᠯᠡᠬᠦᠯᠦᠨ᠂ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠨᠢᠭᠡᠨᠳᠡ ᠬᠤᠭ ᠨᠤᠪᠰᠢ ᠶᠢ ᠲᠦᠪᠯᠡᠷᠡᠬᠦᠯᠦᠨ ᠴᠡᠪᠡᠷᠯᠡᠵᠦ᠂ ᠤᠳᠤ ᠪᠤᠯᠳᠠᠯ᠎ᠠ ᠭᠡᠰᠡᠭ ᠬᠤᠭ ᠨᠤᠪᠰᠢ ᠶᠢ ᠴᠡᠪᠡᠷᠯᠡᠨ ᠭᠡᠭᠡᠬᠦ ᠠᠵᠢᠯ ᠢ ᠦᠨᠳᠦᠰᠦᠨ ᠳᠡᠭᠡᠨ ᠲᠠᠭᠤᠰᠬᠠᠪᠠ᠃      ᠤᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠲᠤᠪᠴᠢᠶ᠎ᠠ ᠬᠢᠨᠠᠨ ᠬᠠᠮᠢᠶᠠᠷᠬᠤ ᠬᠦᠴᠦᠯᠡᠴᠡ ᠪᠠᠨ ᠤᠯᠠᠮ ᠴᠢᠨᠠᠭᠰᠢᠳᠠ ᠴᠢᠩᠭᠠᠳᠬᠠᠵᠦ᠂ ᠪᠠᠯᠭᠠᠰᠦᠨ  ᠤ ᠳᠤᠭᠤᠷᠢᠭ ᠵᠢᠴᠢ ᠪᠠᠯᠭᠠᠰᠦᠨ ᠤ ᠳᠤᠭᠤᠷᠢᠭ ᠤᠨ ᠤᠶᠢᠷ᠎ᠠ ᠬᠠᠪᠢ ᠪᠠᠷ ᠬᠤᠭ ᠨᠤᠪᠰᠢ ᠶᠢ ᠲᠤᠷ᠎ᠠ ᠪᠠᠷ ᠬᠠᠶᠠᠬᠤ ᠦᠵᠡᠭᠳᠡᠯ ᠢ ᠬᠠᠤᠯᠢ ᠶᠤᠰᠤᠭᠠᠷ ᠵᠠᠰᠠᠨ ᠴᠡᠭᠴᠡᠯᠡᠵᠦ᠂ ᠦᠷᠭᠡᠨ ᠤᠯᠠᠨ ᠰᠠᠭᠤᠭᠠᠯᠢ ᠠᠷᠠᠳ ᠲᠤ ᠴᠡᠪᠡᠷ ᠳᠤᠬᠢᠯᠢᠭ ᠤᠷᠤᠰᠢᠨ ᠰᠠᠭᠤᠬᠤ ᠤᠷᠴᠢᠨ ᠢ ᠬᠠᠩᠭᠠᠵᠦ ᠦᠭᠬᠦᠨ᠎ᠡ᠃                         ᠰᠤᠷᠪᠤᠯᠵᠢᠯᠠᠭᠴᠢ᠄ ᠬᠤ᠋ ᠵᠢᠶᠣᠣ ᠵᠢᠶᠣᠣ   ᠢᠦᠢ ᠭᠤᠸᠠᠩ                         ᠣᠷᠴᠢᠭᠤᠯᠤᠭᠰᠠᠨ ᠨᠢ᠄  ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号