ᠰᠢᠨ᠎ᠡ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2016﹈ 74 ᠳ᠋ᠤᠭᠡᠷ ᠲᠤᠭᠠᠳᠦ
ᠨᠡᠶᠢᠲᠡᠯᠡᠭᠰᠡᠨ ᠴᠠᠭ᠄
2018/6/21
        ᠰᠢᠨ᠎ᠡ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2016﹈ 74 ᠳ᠋ᠤᠭᠡᠷ ᠲᠤᠭᠠᠳᠦ      ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠵᠢᠨ‌ᠨᠢᠭᠡ ᠭᠡᠷᠡᠭ ᠢ ᠨᠢᠭᠡ ᠵᠦᠪᠯᠡᠬᠦ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠲᠦᠷᠦᠯ ᠵᠦᠢᠯ ᠢ ᠰᠢᠯᠵᠢᠬᠦᠯᠦᠨ ᠬᠠᠮᠢᠶᠠᠷᠤᠭᠤᠯᠬᠤ ᠠᠷᠭ᠎ᠠ ᠶᠢ ᠲᠠᠷᠤᠮᠠᠯᠯᠠᠨ ᠲᠠᠷᠬᠠᠭᠠᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠦ ᠶᠢᠨ ᠵᠠᠰᠠᠭ ᠤᠨ ᠤᠷᠳᠤᠨ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠳᠤ᠄      ᠮᠠᠨ ᠤ ᠬᠤᠰᠢᠭᠤᠨ ᠤ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ ᠲᠦᠷᠢᠮᠵᠢᠭᠰᠡᠨ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠵᠦ᠂ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠦᠨ᠂ ᠲᠦᠷᠦᠯ ᠵᠦᠢᠯ ᠤᠨ ᠰᠢᠯᠭᠠᠨ ᠬᠤᠷᠢᠶᠠᠨ ᠠᠪᠬᠤ᠂ ᠰᠢᠯᠵᠢᠬᠦᠯᠬᠦ ᠵᠢᠴᠢ ᠬᠦᠯᠢᠶᠡᠨ ᠠᠪᠴᠦ ᠬᠠᠮᠢᠶᠠᠷᠬᠤ ᠵᠡᠷᠭᠡ ᠦᠢᠯᠡ ᠠᠵᠢᠯᠯᠠᠭ᠎ᠠ ᠶᠢ ᠲᠦᠷᠢᠮᠵᠢᠬᠦᠯᠵᠦ᠂ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ ᠡᠷᠭᠡ ᠬᠠᠷᠢᠶ᠎ᠠ ᠳᠤᠳᠤᠷᠬᠠᠢ ᠦᠬᠡᠢ᠂ ᠲᠦᠷᠦᠯ ᠵᠦᠢᠯ ᠤᠨ ᠭᠡᠷᠡᠭᠯᠡᠯᠳᠡ ᠶᠢᠨ ᠦᠷ᠎ᠡ ᠠᠰᠢᠭ ᠲᠤᠤᠷ᠎ᠠ ᠪᠠᠶᠢᠬᠤ ᠪᠠ ᠭᠠᠴᠠᠭ᠎ᠠ ᠠᠴᠠ ᠲᠦᠷᠦᠯ ᠵᠦᠢᠯ ᠭᠤᠶᠤᠴᠢᠯᠠᠨ ᠮᠡᠳᠡᠬᠦᠯᠬᠦ ᠨᠢ ᠢᠳᠡᠪᠬᠢᠳᠠᠢ ᠪᠢᠰᠢ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠦᠯᠦᠭᠡ᠂ ᠨᠢᠭᠡᠨᠳᠡ ᠪᠠᠶᠢᠭᠤᠯᠤᠭᠰᠠᠨ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ ᠡᠳ᠋ ᠬᠦᠷᠦᠩᠭᠡ ᠶᠢ ᠬᠠᠮᠢᠶ᠎ᠠ ᠪᠦᠬᠦᠢ ᠰᠤᠮᠤ ᠪᠠᠯᠭᠠᠰᠦ ᠵᠢᠴᠢ ᠭᠠᠴᠠᠭ᠎ᠠ ᠳᠤ ᠰᠢᠯᠵᠢᠬᠦᠯᠦᠨ ᠬᠠᠮᠢᠶᠠᠷᠤᠭᠤᠯᠬᠤ ᠪᠠᠷ ᠬᠤᠰᠢᠭᠤᠨ ᠤ ᠵᠠᠰᠠᠭ ᠤᠨ ᠤᠷᠳᠤᠨ ᠠᠴᠠ ᠶᠠᠷᠢᠯᠴᠠᠨ ᠲᠤᠭᠳᠠᠪᠠ᠃ ᠡᠳᠦᠭᠡ ︽ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢᠨ ᠨᠢᠭᠡ ᠭᠡᠷᠡᠭ ᠢ ᠨᠢᠭᠡ ᠵᠦᠪᠯᠡᠬᠦ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠲᠦᠷᠦᠯ ᠵᠦᠢᠯ ᠢ ᠰᠢᠯᠵᠢᠬᠦᠯᠦᠨ ᠬᠠᠮᠢᠶᠠᠷᠤᠭᠤᠯᠬᠤ ᠠᠷᠭ᠎ᠠ︾ ᠶᠢ ᠳᠠᠨᠠᠷ ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠤᠱᠯᠠᠭᠤᠯᠤᠨ ᠭᠡᠷᠡᠭᠵᠢᠬᠦᠯᠬᠦ ᠪᠤᠯᠪᠠᠤ᠃                                         2016 ᠤᠨ ᠤ 6 ᠰᠠᠷᠠᠶᠢᠨ 8 ᠤ ᠡᠳᠦᠷ                        ᠳᠠᠭᠠᠯᠳᠤᠭᠤᠯᠤᠯ      ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢᠨ ᠨᠢᠭᠡ ᠭᠡᠷᠡᠭ ᠢ ᠨᠢᠭᠡ ᠵᠦᠪᠯᠡᠬᠦ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠲᠦᠷᠦᠯ ᠵᠦᠢᠯ ᠢ ᠰᠢᠯᠵᠢᠬᠦᠯᠦᠨ ᠬᠠᠮᠢᠶᠠᠷᠤᠭᠤᠯᠬᠤ ᠠᠷᠭ᠎ᠠ      ᠨᠢᠭᠡᠳᠦᠭᠡᠷ ᠵᠤᠷᠪᠤᠰ     ᠮᠠᠨ ᠤ ᠬᠤᠰᠢᠭᠤᠨ ᠤ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ ᠲᠦᠷᠢᠮᠵᠢᠭᠰᠡᠨ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠵᠦ᠂ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠦᠨ᠂ ᠲᠦᠷᠦᠯ ᠤᠨ ᠵᠦᠢᠯ ᠤᠨ ᠰᠢᠯᠭᠠᠨ ᠬᠤᠷᠢᠶᠠᠨ ᠠᠪᠬᠤ᠂ ᠰᠢᠯᠵᠢᠬᠦᠯᠬᠦ ᠵᠢᠴᠢ ᠬᠦᠯᠢᠶᠡᠨ ᠠᠪᠴᠦ ᠬᠠᠮᠢᠶᠠᠷᠬᠤ ᠵᠡᠷᠭᠡ ᠦᠢᠯᠡ ᠠᠵᠢᠯᠯᠠᠭ᠎ᠠ ᠶᠢ ᠲᠦᠷᠢᠮᠵᠢᠬᠦᠯᠬᠦ ᠶᠢᠨ ᠲᠦᠯᠦᠭᠡ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢᠨ ︽ᠨᠢᠭᠡ ᠭᠡᠷᠡᠭ ᠢ ᠨᠢᠭᠡ ᠵᠦᠪᠯᠡᠬᠦ︾ ᠡᠳ᠋ ᠤᠨ ᠵᠠᠰᠠᠭ  ᠤᠨ ᠨᠦᠬᠦᠪᠦᠷᠢ ᠱᠠᠩᠨᠠᠯ ᠤᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ︾᠂ ︽ᠦᠪᠡᠷᠲᠡᠭᠡᠨ ᠵᠠᠰᠠᠬᠤ ᠤᠷᠤᠨ  ᠤ ᠭᠠᠴᠠᠭ᠎ᠠ ᠲᠤᠰᠬᠤᠨ ᠤ ᠳᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢᠨ ︽ᠨᠢᠭᠡ ᠭᠡᠷᠡᠭ ᠢ ᠨᠢᠭᠡ ᠵᠦᠪᠯᠡᠬᠦ︾ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠠᠵᠢᠯ ᠤᠨ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠰᠢᠭᠤᠨ ᠤ ᠪᠤᠳᠠᠳᠦ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠳᠠᠭᠠᠪᠠ᠃      ᠬᠤᠶᠠᠳᠤᠭᠠᠷ ᠵᠤᠷᠪᠤᠰ    ᠲᠤᠰ ᠠᠷᠭ᠎ᠠ ᠶᠢ ᠭᠠᠭᠴᠠᠬᠦ ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠴᠠᠭ᠎ᠠ ᠲᠤᠰᠬᠤᠨ ᠤ ︽ᠨᠢᠭᠡ ᠭᠡᠷᠡᠭ ᠢ ᠨᠢᠭᠡ ᠵᠦᠪᠯᠡᠬᠦ︾ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠲᠦᠷᠦᠯ ᠵᠦᠢᠯ ᠢ ᠰᠢᠯᠵᠢᠬᠦᠯᠦᠨ ᠬᠠᠮᠢᠶᠠᠷᠤᠭᠤᠯᠬᠤ ᠠᠵᠢᠯ ᠳᠤ ᠵᠤᠬᠢᠴᠠᠭᠤᠯᠤᠨ ᠭᠡᠷᠡᠭᠯᠡᠨ᠎ᠡ᠃ ᠲᠤᠰ ᠠᠷᠭ᠎ᠠ ᠳᠤ ᠬᠡᠯᠡᠵᠦ ᠪᠠᠶᠢᠭ᠎ᠠ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠪᠤᠯ ᠮᠠᠯᠴᠢᠨ ᠲᠠᠷᠢᠶᠠᠴᠢᠨ ᠤ ︽ᠨᠢᠭᠡ ᠭᠡᠷᠡᠭ ᠢ ᠨᠢᠭᠡ ᠵᠦᠪᠯᠡᠬᠦ︾ ᠪᠡᠯᠡ ᠮᠦᠩᠬᠦ ᠪᠠ ᠬᠦᠳᠡᠯᠮᠦᠷᠢ ᠬᠦᠴᠦ ᠶᠢ ᠬᠤᠷᠠᠮᠳᠤᠭᠤᠯᠬᠤ ᠪᠠᠷ ᠰᠠᠭᠤᠷᠢ ᠪᠤᠯᠭᠠᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠲᠠᠢ ᠰᠢᠭᠤᠤᠳ ᠬᠤᠯᠪᠤᠭᠳᠠᠬᠤ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠲᠦᠷᠦᠯ ᠵᠦᠢᠯ ︵ᠲᠤᠤᠷ᠎ᠠ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠭᠡᠵᠦ ᠲᠦᠬᠦᠮᠴᠢᠯᠡᠶ᠎ᠡ︶ ᠢ ᠵᠢᠭᠠᠨ᠎ᠠ᠃ ᠡᠨᠡᠬᠦ ᠠᠭᠤᠯᠭ᠎ᠠ ᠳᠤ᠄      ︵ᠨᠢᠭᠡ︶ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢᠨ ᠵᠠᠮ ᠢ ᠱᠦᠢᠨᠢᠳᠡᠬᠦ᠂ ᠡᠭᠦᠨ ᠳᠤ ᠵᠠᠰᠠᠭ ᠵᠠᠬᠢᠷᠭᠠᠨ  ᠤ ᠲᠤᠰᠬᠤᠨ ᠠᠴᠠ ᠠᠶᠠᠨᠳᠠᠭᠠᠨ ᠪᠤᠢ ᠪᠤᠯᠤᠭᠰᠠᠨ ᠲᠤᠰᠬᠤᠨ ᠪᠤᠶᠤ ᠰᠠᠭᠤᠭᠠᠯᠢ ᠠᠷᠠᠳ ᠤᠨ ᠴᠡᠭ ᠬᠦᠷᠬᠦ ᠬᠤᠭᠤᠷᠤᠨᠳᠡᠬᠢ ᠵᠠᠮ ᠢ ᠪᠠᠭᠳᠠᠭᠠᠨ᠎ᠠ᠃      ︵ᠬᠤᠶᠠᠷ︶ ᠭᠠᠴᠠᠭ᠎ᠠ ᠲᠤᠰᠬᠤᠨ ᠤ ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ ᠳᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠡᠭᠦᠨ ᠳᠤ ᠰᠠᠯᠪᠦᠷᠢ ᠰᠤᠪᠠᠭ ᠠᠴᠠ ᠲᠤᠷᠤᠭᠰᠢᠬᠢ ᠬᠢᠯᠭᠠᠰᠦᠨ ᠰᠤᠪᠠᠭ᠂ ᠬᠦᠬᠦᠷᠭᠡ᠂ ᠮᠠᠰᠢᠨ ᠴᠠᠬᠢᠯᠭᠠᠨ ᠬᠤᠳᠳᠤᠭ᠂ ᠵᠢᠵᠢᠭ ᠬᠡᠯᠪᠡᠷᠢ ᠶᠢᠨ ᠤᠰᠤ ᠳᠠᠳᠠᠵᠦ ᠤᠰᠤᠯᠠᠬᠤ᠂ ᠤᠰᠤᠯᠠᠯᠳᠠ ᠶᠢᠨ ᠭᠠᠵᠠᠷ ᠵᠢᠴᠢ ᠤᠰᠤ ᠠᠷᠪᠢᠯᠠᠬᠤ ᠤᠰᠤᠯᠠᠯᠳᠠ ᠶᠢᠨ ᠳᠤᠨᠤᠭ ᠲᠦᠬᠦᠭᠡᠷᠦᠮᠵᠢ ᠵᠡᠷᠭᠡ ᠶᠢ ᠵᠠᠰᠠᠨ ᠪᠠᠶᠢᠭᠤᠯᠬᠤ ᠶᠢ ᠪᠠᠭᠳᠠᠭᠠᠨ᠎ᠠ᠃      ︵ᠭᠤᠷᠪᠠ︶ ᠭᠠᠴᠠᠭ᠎ᠠ ᠲᠤᠰᠬᠤᠨ ᠤ ᠬᠦᠮᠦᠨ ᠮᠠᠯ ᠤᠨ ᠤᠰᠤ ᠤᠮᠳᠠ ᠶᠢᠨ ᠢᠨᠵᠧᠨᠧᠷᠢᠩ᠂ ᠡᠭᠦᠨ ᠳᠤ᠂ ᠲᠦᠪᠯᠡᠷᠡᠬᠦᠯᠦᠨ ᠤᠰᠤ ᠬᠠᠩᠭᠠᠬᠤ ᠤᠰᠤ ᠭᠡᠷᠡᠭᠯᠡᠬᠦ ᠲᠤᠨᠤᠭ ᠢ ᠵᠠᠰᠠᠬᠤ᠂ ᠭᠤᠤᠯ ᠬᠤᠭᠤᠯᠠᠢ ᠶᠢ ᠲᠤᠬᠢᠷᠠᠭᠤᠯᠬᠤ ᠵᠡᠷᠭᠡ ᠶᠢ ᠪᠠᠭᠳᠠᠭᠠᠨ᠎ᠠ᠃      ︵ᠲᠦᠷᠪᠡ︶ ᠭᠠᠴᠠᠭ᠎ᠠ ᠲᠤᠰᠬᠤᠨ ᠤ ᠲᠦᠷᠰᠦ ᠪᠠᠶᠢᠳᠠᠯ ᠢ ᠵᠠᠰᠠᠨ ᠰᠢᠨᠡᠳᠭᠡᠬᠦ᠂ ᠡᠭᠦᠨ ᠳᠤ᠂ ᠭᠠᠴᠠᠭ᠎ᠠ ᠲᠤᠰᠬᠤᠨ ᠤ ᠭᠤᠤᠯ ᠵᠡᠬᠡᠯᠢ ᠭᠤᠳᠤᠮᠵᠢ ᠶᠢᠨ ᠬᠤᠶᠠᠷ ᠲᠠᠯ᠎ᠠ᠂ ᠤᠯᠠᠨ ᠨᠡᠶᠢᠳᠡ ᠶᠢᠨ ᠰᠤᠯᠠ ᠭᠠᠵᠠᠷ᠂ ᠭᠠᠴᠠᠭ᠎ᠠ ᠲᠤᠰᠬᠤᠨ ᠤ ᠤᠶᠢᠷᠠᠯᠴᠠᠭᠠᠬᠢ ᠨᠤᠭᠤᠭᠠᠷᠠᠭᠤᠯᠤᠯᠳᠠ ᠵᠢᠴᠢ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢᠨ ᠭᠡᠷᠡᠯᠳᠦᠬᠦᠯᠭᠡ ᠶᠢᠨ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠵᠡᠷᠭᠡ ᠶᠢ ᠪᠠᠭᠳᠠᠭᠠᠨ᠎ᠠ᠃       ︵ᠲᠠᠪᠤ︶ ᠭᠠᠴᠠᠭ᠎ᠠ ᠲᠤᠰᠬᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠨᠤᠭ᠂ ᠡᠭᠦᠨ ᠳᠤ᠂ ᠬᠤᠭ ᠨᠤᠪᠰᠢ ᠬᠠᠳᠠᠭᠠᠯᠠᠵᠦ ᠳᠠᠯᠪᠢᠬᠤ ᠴᠡᠭ᠂ ᠨᠡᠶᠢᠳᠡ ᠶᠢᠨ ᠵᠤᠷᠯᠦᠩ ᠤᠨ ᠪᠦᠲᠦᠭᠡᠨ ᠪᠠᠶᠢᠭᠤᠯᠤᠯᠳᠠ ᠪᠠ ᠵᠢᠮᠢᠰ  ᠤᠨ ᠬᠠᠶᠢᠷᠴᠠᠭ ᠵᠡᠷᠭᠡ ᠶᠢ ᠲᠤᠬᠢᠷᠠᠭᠤᠯᠬᠤ ᠶᠢ ᠪᠠᠭᠳᠠᠭᠠᠨ᠎ᠠ᠃       ︵ᠵᠢᠷᠭᠤᠭ᠎ᠠ︶ ᠭᠠᠴᠠᠭ᠎ᠠ ᠲᠤᠰᠬᠤᠨ ᠳᠤ ᠴᠢᠬᠤᠯᠠᠳᠠᠢ ᠦᠢᠯᠡᠳᠪᠦᠷᠯᠡᠯ ᠠᠮᠢᠳᠤᠷᠠᠯ ᠤᠨ ᠲᠤᠨᠤᠭ ᠲᠦᠬᠦᠭᠡᠷᠦᠮᠵᠢ᠂ ᠡᠭᠦᠨ ᠳᠤ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠰᠤᠯᠢᠯᠴᠠᠭᠠᠨ  ᠤ ᠵᠠᠬ᠎ᠠ ᠳᠡᠯᠭᠡᠭᠦᠷ ︵ᠲᠢᠩᠬᠢᠮ︶᠂ ᠰᠦ ᠶᠢᠨ ᠦᠷᠲᠡᠭᠡ᠂ ᠨᠠᠮᠤᠭ ᠤᠨ ᠬᠡᠢ ᠶᠢᠨ ᠴᠦᠬᠦᠷᠦᠮ᠂ ᠮᠠᠯ ᠤᠨ ᠡᠮ ᠤᠨ ᠤᠬᠢᠶᠠᠯᠭ᠎ᠠ ᠶᠢᠨ ᠳᠠᠳᠠᠭᠠᠯ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠢᠴᠢ ᠨᠡᠶᠢᠳᠡ ᠶᠢᠨ ᠨᠤᠲᠤᠭ ᠪᠡᠯᠴᠢᠭᠡᠷ᠂ ᠡᠪᠡᠰᠦᠨ ᠲᠤᠤᠷ ᠬᠦᠷᠢᠶ᠎ᠡ᠂ ᠰᠠᠯᠬᠢᠨ ᠤ ᠬᠦᠴᠦᠨ ᠢᠶᠠᠷ ᠤᠰᠤ ᠭᠠᠷᠭᠠᠬᠤ ᠮᠠᠰᠢᠨ᠂ ᠤᠳᠠᠰᠦᠳᠦ ᠲᠧᠯᠸᠢᠰ ᠰᠦᠯᠵᠢᠶᠡᠨ ᠤ ᠲᠤᠨᠤᠭ᠂ ᠴᠢᠮᠡᠭᠡ ᠨᠡᠪᠲᠡᠷᠡᠬᠦᠯᠭᠡ ᠶᠢᠨ ᠲᠤᠨᠤᠭ ᠤᠨ ᠪᠦᠲᠦᠭᠡᠨ ᠪᠠᠶᠢᠭᠤᠯᠤᠯᠳᠠ ᠵᠢᠴᠢ ᠭᠡᠷ ᠤᠨ ᠭᠠᠳᠠᠨᠠᠬᠢ ᠴᠠᠬᠢᠯᠭᠠᠨ ᠬᠦᠴᠦᠨ ᠤ ᠱᠤᠭᠤᠮ ᠤᠨ ᠪᠦᠲᠦᠭᠡᠨ ᠪᠠᠶᠢᠭᠤᠯᠤᠯᠳᠠ ᠪᠠ ᠰᠠᠯᠪᠢᠨ ᠵᠠᠰᠠᠬᠤ ᠵᠡᠷᠭᠡ ᠶᠢ ᠪᠠᠭᠳᠠᠭᠠᠨ᠎ᠠ᠃       ︵ᠲᠤᠯᠤᠭ᠎ᠠ︶ ᠭᠠᠴᠠᠭ᠎ᠠ ᠲᠤᠰᠬᠤᠨ ᠤ ᠪᠤᠰᠤᠳ ᠨᠡᠶᠢᠳᠡ ᠶᠢᠨ ᠠᠰᠠᠷᠠᠮᠵᠢ ᠶᠢᠨ ᠲᠤᠨᠤᠭ ᠲᠦᠬᠦᠭᠡᠷᠦᠮᠵᠢ᠂ ᠡᠭᠦᠨ ᠳᠤ᠂ ᠰᠤᠶᠤᠯ ᠳᠠᠮᠢᠷ ᠤᠨ ᠠᠵᠢᠯᠯᠠᠭᠠᠨ ᠤ ᠭᠡᠷ᠂ ᠵᠢᠵᠢᠭ ᠬᠡᠯᠪᠡᠷᠢ ᠶᠢᠨ ᠰᠤᠶᠤᠯ ᠳᠠᠮᠢᠷ ᠤᠨ ᠠᠭᠤᠳᠠᠮ ᠳᠠᠯᠠᠪᠠᠢ᠂ ᠤᠯᠠᠨ ᠨᠡᠶᠢᠳᠡ ᠶᠢᠨ ᠪᠡᠶ᠎ᠡ ᠤᠬᠢᠶᠠᠯᠭ᠎ᠠ ᠶᠢᠨ ᠭᠠᠵᠠᠷ᠂ ᠬᠡᠤᠬᠡᠳ ᠤᠨ ᠴᠡᠴᠡᠷᠯᠢᠭ᠂ ᠵᠢᠵᠢᠭ ᠬᠡᠯᠪᠡᠷᠢ ᠶᠢᠨ ᠤᠯᠠᠨ ᠨᠡᠶᠢᠳᠡ ᠶᠢᠨ ᠠᠮᠤ ᠪᠤᠳᠠᠭ᠎ᠠ ᠬᠠᠳᠠᠭᠠᠯᠠᠬᠤ ᠬᠦᠮᠦᠷᠭᠡ᠂ ᠮᠠᠯᠴᠢᠨ ᠲᠠᠷᠢᠶᠠᠴᠢᠳ ᠤᠨ ᠬᠦᠭᠵᠢᠬᠦᠯᠬᠦ ᠴᠢᠬᠤᠯᠠᠳᠠᠢ ᠭᠡᠵᠦ ᠦᠵᠡᠳᠡᠭ ᠭᠠᠴᠠᠭ᠎ᠠ ᠳᠤᠰᠬᠤᠨ ᠤ ᠪᠤᠰᠤᠳ ᠦᠢᠯᠡᠳᠪᠦᠷᠢᠯᠡᠯ ᠠᠮᠢᠳᠤᠷᠠᠯ ᠤᠨ ᠳᠠᠯ᠎ᠠ ᠶᠢᠨ ᠨᠡᠶᠢᠳᠡ ᠶᠢᠨ ᠠᠰᠠᠷᠠᠮᠵᠢ ᠶᠢᠨ ᠦᠢᠯᠡᠰ ᠤᠳ ᠢ ᠪᠠᠭᠳᠠᠭᠠᠨ᠎ᠠ᠃      ᠭᠤᠷᠪᠠᠳᠤᠭᠠᠷ ᠵᠤᠷᠪᠤᠰ     ︽ᠨᠢᠭᠡ ᠬᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠰᠢᠯᠭᠠᠨ ᠬᠤᠷᠢᠶᠠᠨ ᠠᠪᠬᠤ ᠶᠢᠨ ᠬᠠᠮᠳᠦ᠂ ᠪᠦᠷᠢᠨ ᠬᠦᠢᠴᠡᠳ ᠳᠠᠩᠰᠠ ᠪᠠᠶᠢᠭᠤᠯᠬᠤ ᠭᠡᠷᠡᠭᠳᠡᠢ᠃ ᠰᠢᠯᠭᠠᠨ ᠬᠤᠷᠢᠶᠠᠨ ᠠᠪᠤᠭᠠᠳᠤᠢ ᠪᠤᠶᠤ ᠰᠢᠯᠭᠠᠨ ᠬᠤᠷᠢᠶᠠᠨ ᠠᠪᠬᠤ ᠳᠤ ᠬᠢᠷᠢ ᠲᠡᠩᠴᠡᠭᠰᠡᠨ ᠦᠬᠡᠢ ᠬᠤᠳᠠ ᠶᠢᠨ ᠶᠠᠪᠤᠳᠠᠯ ᠤᠨ ᠲᠤᠨᠤᠭ ᠢ ᠰᠢᠯᠵᠢᠬᠦᠯᠦᠨ ᠭᠡᠷᠡᠭᠯᠡᠵᠦ ᠪᠤᠯᠬᠤ ᠦᠬᠡᠢ᠃      ᠲᠦᠷᠪᠡᠳᠦᠭᠡᠷ ᠵᠤᠷᠪᠤᠰ     ᠪᠠᠷᠢᠯᠭ᠎ᠠ ᠲᠠᠭᠤᠰᠴᠦ ᠰᠢᠯᠭᠠᠨ ᠬᠤᠷᠢᠶᠠᠨ ᠠᠪᠬᠤ ᠳᠤ ᠬᠢᠷᠢ ᠲᠡᠩᠴᠡᠭᠰᠡᠨ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠲᠦᠷᠦᠯ ᠵᠦᠢᠯ ᠭᠤᠶᠤᠴᠢᠯᠠᠨ ᠮᠡᠳᠡᠬᠦᠯᠦᠭᠰᠡᠨ ᠭᠠᠴᠠᠭ᠎ᠠ ᠲᠤᠰᠬᠤᠨ ᠳᠤᠨᠢ ᠰᠢᠯᠵᠢᠬᠦᠯᠵᠦ᠂ ᠡᠯ᠎ᠡ ᠰᠤᠮᠤ ᠪᠠᠯᠭᠠᠰᠦ ᠶᠢᠨ ᠡᠳ᠋ ᠤᠨ ᠵᠠᠰᠠᠭ ᠤᠨ ᠭᠠᠵᠠᠷ ᠠᠴᠠ ᠪᠠᠷᠢᠯᠭ᠎ᠠ ᠶᠢᠨ ᠨᠢᠭᠡᠴᠡ ᠲᠠᠢ ᠵᠤᠬᠢᠴᠠᠭᠤᠯᠤᠨ᠂ ᠪᠦᠷᠢᠨ ᠬᠦᠢᠴᠡᠳ ᠢᠨᠵᠧᠨᠧᠷᠢᠩ ᠤᠨ ᠳᠠᠩᠰᠠ ᠪᠠᠨ ᠪᠠᠶᠢᠭᠤᠯᠤᠨ ᠳᠡᠬᠦᠯᠳᠡᠷᠵᠢᠬᠦᠯᠵᠦ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ  ᠶᠢᠨ ᠠᠯᠪᠠᠨ ᠭᠡᠷ᠂ ᠤᠯᠤᠰ ᠤᠨ ᠬᠦᠷᠦᠩᠭᠡ ᠶᠢᠨ ᠲᠠᠰᠤᠭ ᠢᠶᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠰᠢᠯᠵᠢᠬᠦᠯᠦᠨ ᠲᠤᠰᠢᠶᠠᠬᠤ ᠭᠠᠷ ᠬᠦᠢᠴᠡᠳᠭᠡᠯ ᠢᠶᠠᠨ ᠡᠷᠬᠢᠯᠡᠨ ᠬᠦᠢᠴᠡᠳᠭᠡᠵᠦ᠂ ᠭᠠᠴᠠᠭ᠎ᠠ ᠲᠤᠰᠬᠤᠨ ᠤ ᠲᠤᠭᠳᠠᠮᠠᠯ ᠬᠦᠷᠦᠩᠭᠡ ᠶᠢᠨ ᠳᠠᠩᠰᠠᠨ ᠳᠤ ᠨᠢ ᠤᠷᠤᠭᠤᠯᠬᠤ ᠭᠡᠷᠡᠭᠳᠡᠢ᠃      ᠲᠠᠪᠤᠳᠤᠭᠠᠷ ᠵᠤᠷᠪᠤᠰ     ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠨᠢ ᠰᠢᠯᠵᠢᠬᠦᠯᠦᠨ ᠲᠤᠰᠢᠶᠠᠬᠤ ᠨᠦᠬᠦᠴᠡᠯ ᠳᠤ ᠨᠡᠶᠢᠴᠡᠭᠰᠡᠨ ᠪᠤᠯ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠠᠯᠪᠠᠨ ᠭᠡᠷ ᠠᠴᠠ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠨᠢᠭᠡᠴᠡ  ᠳᠤ ᠠᠯᠪᠠᠨ ᠵᠠᠬᠢᠳᠠᠯ ᠢᠶᠠᠷ ᠮᠡᠳᠡᠭᠳᠡᠭᠰᠡᠨ ᠤ ᠲᠠᠷᠠᠭ᠎ᠠ᠂ ᠲᠤᠰ ᠠᠷᠭ᠎ᠠ ᠳᠤ ᠲᠤᠭᠳᠠᠭᠠᠭᠰᠠᠨ ᠰᠢᠯᠵᠢᠬᠦᠯᠦᠨ ᠲᠤᠰᠢᠶᠠᠬᠤ ᠠᠯᠬᠤᠮ ᠲᠠᠷᠠᠭ᠎ᠠ ᠪᠠᠷ ᠰᠢᠯᠵᠢᠬᠦᠯᠦᠨ ᠲᠤᠰᠢᠶᠠᠬᠤ ᠭᠡᠷᠡᠭᠳᠡᠢ᠃      ᠵᠢᠷᠭᠤᠳᠤᠭᠠᠷ ᠵᠤᠷᠪᠤᠰ     ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠰᠢᠯᠵᠢᠬᠦᠯᠦᠨ ᠲᠤᠰᠢᠶᠠᠬᠤ ᠠᠯᠬᠤᠮ ᠳᠠᠷᠠᠭ᠎ᠠ᠄      ︵ᠨᠢᠭᠡ︶ ᠢᠨᠵᠧᠨᠧᠷᠢᠩ ᠢ ᠰᠢᠯᠵᠢᠬᠦᠯᠦᠨ ᠲᠤᠰᠢᠶᠠᠬᠤ ᠠᠴᠠ ᠡᠮᠦᠨ᠎ᠡ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠠᠯᠪᠠᠨ ᠭᠡᠷ ᠠᠴᠠ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠨᠢᠭᠡᠴᠡ ᠳᠤ ᠮᠡᠳᠡᠭᠳᠡᠵᠦ᠂ ᠬᠠᠮᠢᠶ᠎ᠠ ᠪᠦᠬᠦᠢ ᠰᠤᠮᠤ ᠪᠠᠯᠭᠠᠰᠦ ᠶᠢᠨ ᠡᠳ᠋ ᠤᠨ ᠵᠠᠰᠠᠭ ᠤᠨ ᠭᠠᠵᠠᠷ ᠠᠴᠠ ᠲᠦᠷᠦᠯ ᠵᠦᠢᠯ ᠤᠨ ᠨᠠᠷᠢᠨ ᠳᠠᠩᠰᠠ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠡᠮᠬᠢᠳᠭᠡᠬᠦ ᠠᠵᠢᠯ ᠢ ᠬᠠᠷᠢᠭᠤᠴᠠᠨ᠎ᠠ᠃      ︵ᠬᠤᠶᠠᠷ︶ ᠲᠦᠷᠦᠯ ᠵᠦᠢᠯ ᠢ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠨᠢᠭᠡᠴᠡ ᠠᠴᠠ ᠮᠡᠳᠡᠭᠳᠡᠯ ᠢ ᠬᠦᠯᠢᠶᠡᠨ ᠤᠯᠤᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢᠨ ᠠᠯᠪᠠᠨ ᠭᠡᠷ ᠲᠠᠢ ᠢᠳᠡᠪᠬᠢᠳᠠᠢ ᠬᠠᠮᠵᠢᠯᠴᠠᠵᠦ᠂ ᠲᠦᠷᠦᠯ ᠵᠦᠢᠯ ᠢ ᠵᠤᠯᠭᠠᠭᠤᠯᠬᠤ ᠠᠵᠢᠯ ᠢ ᠰᠠᠶᠢᠳᠦᠷ ᠬᠢᠬᠦ ᠭᠡᠷᠡᠭᠳᠡᠢ᠃       ︵ᠭᠤᠷᠪᠠ︶ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠨᠢᠭᠡᠴᠡ ᠯᠦᠭᠡ ᠢᠨᠵᠧᠨᠧᠷᠢᠩ ᠤᠨ ᠳᠠᠩᠰᠠ ᠶᠢ ᠰᠢᠯᠵᠢᠬᠦᠯᠦᠨ ᠲᠤᠰᠢᠶᠠᠬᠤ ᠠᠵᠢᠯ ᠢ ᠰᠤᠮᠤ ᠪᠠᠯᠭᠠᠰᠦ ᠶᠢᠨ ᠡᠳ᠋ ᠤᠨ ᠵᠠᠰᠠᠭ ᠤᠨ ᠭᠠᠵᠠᠷ ᠠᠴᠠ ᠬᠠᠷᠢᠭᠤᠴᠠᠵᠦ᠂ ᠢᠨᠵᠧᠨᠧᠷᠢᠩ ᠤᠨ ᠳᠠᠩᠰᠠ ᠮᠠᠲ᠋ᠧᠷᠢᠶᠠᠯ ᠨᠢ ᠦᠨᠡᠨ ᠪᠤᠳᠠᠳᠠᠢ᠂ ᠪᠦᠷᠢᠨ ᠬᠦᠢᠴᠡᠳ ᠪᠠᠶᠢᠬᠤ ᠶᠢ ᠪᠠᠶᠢᠴᠠᠭᠠᠨ ᠳᠤᠳᠤᠯᠠᠭᠰᠠᠨ ᠤ ᠳᠠᠷᠠᠭ᠎ᠠ᠂ ᠰᠢᠯᠵᠢᠬᠦᠯᠦᠨ ᠲᠤᠰᠢᠶᠠᠬᠤ ᠳᠠᠯ᠎ᠠ ᠠᠴᠠ ᠨᠠᠷᠢᠨ ᠨᠢᠠᠠᠳᠠ ︽ᠢᠨᠵᠧᠨᠧᠷᠢᠩ ᠤᠨ ᠳᠠᠩᠰᠠ  ᠶᠢ ᠰᠢᠯᠵᠢᠬᠦᠯᠦᠨ ᠲᠤᠰᠢᠶᠠᠬᠤ ᠨᠠᠷᠢᠨ ᠳᠠᠩᠰᠠ︾ ᠬᠠᠩᠭᠠᠵᠦ ᠦᠭᠬᠦᠨ᠎ᠡ᠃ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠳᠠᠯ᠎ᠠ ᠠᠴᠠ ᠨᠠᠷᠢᠨ ᠳᠠᠩᠰᠠ ᠶᠢ ᠨᠢ ᠦᠨᠳᠦᠰᠦᠯᠡᠵᠦ᠂ ᠨᠢᠭᠡᠳ ᠨᠢᠭᠡ ᠪᠠᠷ ᠲᠤᠭᠠᠯᠠᠵᠦ ᠪᠦᠷᠢᠳᠭᠡᠬᠦ ᠶᠢᠨ ᠬᠠᠮᠳᠦ ᠵᠦᠪ ᠪᠤᠷᠤᠭᠤ ᠡᠰᠡᠬᠦ ᠶᠢ ᠨᠢ ᠬᠠᠷᠭᠤᠭᠤᠯᠬᠤ ᠭᠡᠷᠡᠭᠳᠡᠢ᠃ ᠰᠢᠯᠵᠢᠬᠦᠯᠦᠨ ᠲᠤᠰᠢᠶᠠᠬᠤ ᠳᠠᠯ᠎ᠠ ᠪᠤᠯᠤᠨ ᠬᠦᠯᠢᠶᠡᠨ ᠠᠪᠴᠦ ᠬᠠᠮᠢᠶᠠᠷᠬᠤ ᠳᠠᠯ᠎ᠠ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠡᠷᠡᠭ ᠢ ᠨᠢᠭᠡ ᠵᠦᠪᠯᠡᠬᠦ ᠡᠳ᠋ ᠤᠨ ᠵᠠᠰᠠᠭ ᠤᠨ ᠨᠦᠬᠦᠪᠦᠷᠢ ᠱᠠᠩᠨᠠᠯ ᠤᠨ ᠲᠦᠷᠦᠯ ᠵᠦᠢᠯ ᠢ ᠰᠢᠯᠵᠢᠬᠦᠯᠦᠨ ᠲᠤᠰᠢᠶᠠᠬᠤ ᠪᠢᠴᠢᠭ︾ ᠲᠡᠭᠡᠷ᠎ᠡ ᠲᠤᠰᠪᠦᠷᠢ ᠭᠠᠷ ᠤᠨ ᠦᠰᠦᠭ ᠵᠢᠷᠤᠵᠦ ᠳᠠᠮᠠᠭ᠎ᠠ ᠲᠠᠷᠤᠭᠤᠯᠵᠦ᠂ ᠰᠢᠯᠵᠢᠬᠦᠯᠦᠨ ᠲᠤᠰᠢᠶᠠᠬᠤ ᠪᠢᠴᠢᠭ ᠨᠢ ᠨᠢᠭᠡ ᠬᠡᠯᠪᠡᠷᠢ ᠶᠢᠨ ᠲᠦᠷᠪᠡᠨ ᠬᠤᠪᠢ ᠪᠠᠶᠢᠯᠭᠠᠵᠦ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠂ ᠰᠤᠮᠤ ᠪᠠᠯᠭᠠᠰᠦ ᠶᠢᠨ ᠵᠠᠰᠠᠭ ᠤᠨ ᠤᠷᠳᠤᠨ᠂ ᠰᠢᠯᠵᠢᠬᠦᠯᠦᠨ ᠲᠤᠰᠢᠶᠠᠬᠤ ᠳᠠᠯ᠎ᠠ ᠪᠠ ᠬᠦᠯᠢᠶᠡᠨ ᠠᠪᠴᠦ ᠬᠠᠮᠢᠶᠠᠷᠬᠤ ︵ᠭᠡᠷᠡᠭᠯᠡᠬᠦ︶ ᠨᠢᠭᠡᠴᠡ ᠠᠴᠠ ᠲᠤᠰᠪᠦᠷᠢ ᠨᠢᠭᠡ ᠬᠤᠪᠢ ᠬᠠᠳᠠᠭᠠᠯᠠᠨ᠎ᠠ᠃      ︵ᠲᠦᠷᠪᠡ︶ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ ᠰᠢᠯᠵᠢᠬᠦᠯᠦᠨ ᠲᠤᠰᠢᠶᠠᠬᠤ ᠠᠵᠢᠯ ᠳᠤ ᠰᠤᠮᠤ ᠪᠠᠯᠭᠠᠰᠦ ᠶᠢᠨ ᠵᠠᠰᠠᠭ ᠤᠨ ᠤᠷᠳᠤᠨ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠤᠯᠤᠰ ᠤᠨ ᠬᠦᠷᠦᠩᠭᠡ ᠶᠢᠨ ᠲᠠᠰᠤᠭ ᠠᠴᠠ ᠬᠢᠨᠠᠯᠳᠠ ᠳᠠᠯᠪᠢᠨ᠎ᠡ᠃       ︵ᠲᠠᠪᠤ︶ ᠭᠡᠷᠪᠡ ᠢᠨᠵᠧᠨᠧᠷᠢᠩ ᠤᠨ ᠳᠠᠩᠰᠠ ᠳᠤ ᠪᠦᠷᠢᠨ ᠬᠦᠢᠴᠡᠳ ᠪᠤᠰᠤ᠂ ᠵᠠᠰᠠᠨ ᠴᠡᠭᠴᠡᠯᠡᠭᠰᠡᠨ ᠨᠢ ᠲᠦᠷᠢᠮᠵᠢᠭᠰᠡᠨ ᠦᠬᠡᠢ ᠵᠡᠷᠭᠡ ᠠᠰᠠᠭᠤᠳᠠᠯ ᠢᠯᠡᠷᠡᠪᠡᠯ᠂ ᠪᠠᠷᠢᠯᠭ᠎ᠠ ᠶᠢᠨ ᠨᠢᠭᠡᠴᠡ ᠠᠴᠠ ᠳᠠᠬᠢᠨ ᠰᠢᠨ᠎ᠡ ᠪᠠᠷ ᠴᠤᠭᠯᠠᠭᠤᠯᠬᠤ ᠪᠠ ᠵᠠᠰᠠᠨ ᠴᠡᠭᠴᠡᠯᠡᠬᠦ ᠶᠢᠨ ᠬᠠᠮᠳᠦ᠂ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠤ ᠳᠠᠷᠠᠭ᠎ᠠ᠂ ᠰᠠᠶ᠋ᠢ ᠳᠠᠩᠰᠠ ᠰᠢᠯᠵᠢᠬᠦᠯᠦᠨ ᠲᠤᠰᠢᠶᠠᠬᠤ ᠭᠠᠷ ᠬᠦᠢᠴᠡᠳᠭᠡᠯ ᠢᠶᠠᠨ ᠡᠷᠬᠢᠯᠡᠨ ᠬᠦᠢᠴᠡᠳᠭᠡᠬᠦ ᠭᠡᠷᠡᠭᠳᠡᠢ᠃
<< < 1 2 > >>  
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号