ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠵᠤ ᠠᠮᠢᠳᠤᠷᠠᠯ ᠬᠦᠴᠢᠷᠳᠠᠢ ᠠᠶᠢᠯ ᠤᠨ ᠬᠡᠤᠬᠡᠳ ᠰᠤᠷᠤᠯᠭ᠎ᠠ ᠠᠯᠳᠠᠬᠤ ᠶᠢ ᠡᠷᠡᠰ ᠬᠤᠷᠢᠭᠯᠠᠨ᠎ᠠ
ᠨᠡᠶᠢᠲᠡᠯᠡᠭᠰᠡᠨ ᠴᠠᠭ᠄
2018-06-21
     — ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠬᠤᠳᠠ ᠶᠢᠨ ᠰᠤᠷᠭᠠᠨ ᠬᠦᠮᠦᠵᠢᠯ ᠤᠨ ᠨᠠᠮ ᠤᠨ ᠠᠵᠢᠯ ᠤᠨ ᠵᠦᠪᠯᠡᠯ ᠤᠨ ᠱᠦᠵᠢ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠠᠷᠤᠭ᠎ᠠ ᠯᠢᠤᠢ ᠬᠦᠢ ᠡᡁᠧ ᠶᠢ ᠰᠤᠷᠪᠤᠯᠵᠢᠯᠠᠪᠡ      ᠶᠠᠳᠠᠭᠤ ᠶᠢ ᠲᠡᠳᠬᠦᠬᠦ ᠳᠤ ᠤᠷᠢᠳᠠᠪᠠᠷ ᠦᠵᠡᠯ ᠰᠠᠨᠠᠭ᠎ᠠ ᠶᠢ ᠨᠢ ᠬᠤᠪᠢᠷᠠᠭᠤᠯᠬᠤ ᠬᠡᠷᠡᠭᠳᠡᠢ᠃ ︽ᠰᠤᠷᠭᠠᠨ ᠬᠦᠮᠦᠵᠢᠯ ᠢ ᠬᠦᠭᠵᠢᠬᠦᠯᠵᠦ ᠨᠢᠬᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠬᠤ︾ ᠪᠤᠯ ᠨᠠᠮ ᠤᠨ ᠲᠦᠪ ᠬᠤᠷᠢᠶ᠎ᠠ ᠠᠴᠠ ᠰᠤᠷᠭᠠᠨ ᠬᠦᠮᠦᠵᠢᠯ ᠤᠨ ᠦᠢᠯᠡᠰ ᠲᠤ ᠲᠠᠭᠠᠭᠠᠯᠭᠠᠭᠰᠠᠨ ᠬᠦᠨᠳᠤ ᠡᠬᠦᠷᠬᠡ᠂ ︽ᠦᠶ᠎ᠡ ᠲᠠᠮᠵᠢᠨ ᠶᠠᠳᠠᠭᠤ ᠬᠦᠴᠢᠷᠳᠡᠢ ᠪᠠᠶᠢᠬᠤ ᠶᠢ ᠬᠤᠷᠢᠭᠯᠠᠬᠤ︾ ᠨᠢ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠦᠮᠦᠵᠢᠯ ᠤᠨ ᠦᠢᠯᠡᠰ ᠲᠤ ᠲᠤᠰᠢᠶᠠᠭᠰᠠᠨ ᠴᠢᠬᠤᠯᠠ ᠲᠡᠤᠬᠡᠳᠤ ᠬᠠᠷᠢᠭᠤᠴᠠᠯᠭ᠎ᠠ ᠪᠤᠯᠤᠨ᠎ᠠ᠃ ᠮᠠᠨ ᠤ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠤᠨ ᠬᠡᠷᠬᠢᠨ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠳᠤᠷ ᠬᠢᠬᠦ ᠲᠤᠬᠠᠢ᠂ ᠰᠤᠷᠪᠤᠯᠵᠢᠯᠠᠭᠴᠢ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠬᠤᠳᠠ ᠶᠢᠨ ᠰᠤᠷᠭᠠᠨ ᠬᠦᠮᠦᠵᠢᠯ ᠤᠨ ᠨᠠᠮ ᠤᠨ ᠠᠵᠢᠯ ᠤᠨ ᠵᠦᠪᠯᠡᠯ ᠤᠨ ᠱᠦᠵᠢ᠂ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠠᠷᠤᠭ᠎ᠠ ᠯᠢᠤᠢ ᠬᠦᠢ ᠡᡁᠧ ᠶᠢ ᠰᠤᠷᠪᠤᠯᠵᠢᠯᠠᠭᠰᠠᠨ ᠶᠤᠮ᠃ ᠯᠢᠤᠢ ᠬᠦᠢ ᠡᡁᠧ ᠢᠯᠡᠷᠬᠡᠶᠢᠯᠡᠬᠦ ᠳᠡᠭᠡᠨ᠂ ᠮᠠᠨ ᠤ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠠᠬᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠬᠡ᠂ ᠮᠠᠨ ᠤ ᠬᠤᠳᠠ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠭᠤᠤᠯᠳᠠᠭᠤ ᠭᠤᠷᠪᠠᠨ ᠲᠠᠯ᠎ᠠ ᠪᠠᠷ ᠠᠳᠬᠤᠨ᠎ᠠ᠃      ᠨᠢᠬᠡ᠂ ᠬᠤᠷᠢᠭ᠎ᠠ ᠱᠤᠭᠤᠮ ᠢ ᠴᠢᠩᠭ᠎ᠠ ᠠᠳᠬᠤᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠰᠤᠷᠭᠠᠨ ᠬᠦᠮᠦᠵᠢᠯ ᠢ ᠤᠨᠢᠨ ᠲᠡᠬᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠤᠳᠤᠬᠠᠨ ᠳᠤ ᠮᠠᠨ ᠤ ᠬᠤᠳᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠠᠰᠫᠢᠷᠠᠨᠲ ᠤᠨ ᠰᠤᠷᠭᠠᠨ ᠬᠦᠮᠦᠵᠢᠯ ᠬᠦᠷᠳᠡᠵᠦ ᠪᠠᠶᠢᠭ᠎ᠠ ᠰᠤᠷᠤᠭᠴᠢ ᠶᠢ ᠲᠤᠰᠠᠯᠠᠬᠤ ᠲᠦᠷᠦ ᠶᠢᠨ ᠪᠤᠳᠤᠯᠭ᠎ᠠ ᠶᠢᠨ ᠲᠤᠭᠳᠠᠯᠴᠠᠭ᠎ᠠ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠦᠭᠰᠡᠨ ᠪᠦᠬᠡᠳ ᠬᠤᠳᠠ ᠶᠢᠨ ᠵᠠᠰᠠᠭ ᠤᠨ ᠤᠷᠳᠤᠨ ᠤ ᠱᠠᠭᠠᠷᠳᠠᠯᠭ᠎ᠠ ᠶᠤᠰᠤᠭᠠᠷ ᠬᠤᠰᠢᠭᠤ ᠬᠤᠳᠠ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠳᠤ ︽ᠠᠮᠢᠳᠤᠷᠠᠯ ᠬᠦᠴᠢᠷᠳᠡᠯᠳᠡᠢ ᠰᠤᠷᠤᠭᠴᠢ ᠶᠢ ᠲᠤᠰᠠᠯᠠᠨ ᠲᠡᠮᠵᠢᠬᠦ ᠰᠠᠭᠤᠷᠢ ᠮᠦᠩᠬᠦ︾ ᠭᠠᠷᠭᠠᠵᠦ᠂ ᠲᠠᠩᠰᠠᠯᠠᠵᠦ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠰᠤᠷᠤᠭᠴᠢ ᠶᠢ ᠲᠤᠰᠠᠯᠠᠨ ᠲᠡᠮᠵᠢᠬᠦ ᠳᠤ ᠬᠡᠷᠡᠭᠯᠡᠨ᠂ ᠲᠦᠷᠢᠮ ᠪᠤᠯᠤᠨ ᠠᠷᠭ᠎ᠠ ᠪᠠᠷᠢᠯ ᠤᠨ ᠲᠠᠯ᠎ᠠ ᠪᠠᠷ ᠬᠡᠷ ᠪᠦᠯᠢ ᠶᠢᠨ ᠠᠮᠢᠳᠤᠷᠠᠯ ᠬᠦᠴᠢᠷᠳᠡᠢ ᠠᠴᠠ ᠪᠤᠯᠵᠦ ᠨᠢᠬᠡ ᠴᠦ ᠰᠤᠷᠤᠭᠴᠢ ᠰᠤᠷᠭᠠᠭᠤᠯᠢ ᠠᠴᠠ ᠲᠤᠳᠠᠭᠤ ᠲᠤᠷᠭᠤᠨ ᠵᠤᠭᠰᠤᠭᠰᠠᠨ ᠦᠬᠡᠢ ᠮᠦᠷᠳᠡᠬᠡᠨ ᠬᠡᠤᠬᠡᠳ ᠨᠢ ᠪᠢᠴᠢᠭ ᠦᠵᠡᠭᠰᠡᠨ ᠠᠴᠠ ᠪᠤᠯᠵᠦ ᠨᠢᠬᠡ ᠴᠦ ᠬᠡᠷ ᠪᠦᠯᠢ ᠶᠠᠳᠠᠭᠤᠷᠠᠭᠰᠠᠨ ᠦᠬᠡᠢ ᠪᠠᠶᠢᠳᠠᠯ ᠢ ᠪᠠᠳᠤᠯᠠᠪᠠ᠃ ᠲᠠᠷᠠᠭ᠎ᠠ ᠠᠯᠬᠤᠮ ᠤᠨ ᠠᠵᠢᠯ ᠤᠨ ᠭᠤᠤᠯᠳᠠᠯᠭ᠎ᠠ ᠪᠤᠯ ᠲᠤᠰᠠᠯᠠᠨ ᠲᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠬᠤ ᠶᠢ ᠪᠠᠷᠢᠮᠳᠠᠯᠠᠵᠦ᠂ ᠲᠠᠩᠰᠠᠯᠠᠵᠦ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠦᠷ᠎ᠡ ᠬᠡᠤᠬᠡᠳ ᠢ ᠲᠤᠰᠠᠯᠠᠨ ᠲᠡᠮᠵᠢᠨ᠎ᠡ︔ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠬᠡ ᠶᠢᠨ ᠲᠤᠭᠤᠷᠢᠨ ᠳᠤ ᠶᠠᠳᠠᠭᠤ ᠶᠢ ᠲᠡᠳᠬᠦᠬᠦ ᠬᠢᠬᠡᠳ ᠦᠵᠡᠯ ᠰᠠᠨᠠᠭ᠎ᠠ ᠶᠢ ᠬᠤᠪᠢᠷᠠᠭᠤᠯᠬᠤ᠂ ᠵᠤᠷᠢᠭ ᠢ ᠬᠦᠪᠴᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠎ᠠ︔ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠦᠬᠡᠮᠡᠯ ᠬᠠᠷᠠᠭᠠᠯᠵᠠᠬᠤ ᠴᠢᠨᠠᠷᠳᠠᠢ ᠬᠡᠤᠬᠡᠳ ᠤᠨ ᠴᠡᠴᠡᠷᠯᠢᠭ ᠶᠠᠳᠠᠭᠤ ᠬᠦᠴᠢᠷᠳᠡᠯᠳᠡᠢ ᠬᠡᠷ ᠪᠦᠯᠢ ᠶᠢᠨ ᠦᠷ᠎ᠡ ᠬᠡᠤᠬᠡᠳ ᠢ ᠡᠯᠰᠡᠬᠦ ᠶᠢ ᠵᠤᠷᠢᠭᠵᠢᠭᠤᠯᠵᠦ᠂ ᠬᠡᠤᠬᠡᠳ ᠢ ᠲᠤᠰᠠᠯᠠᠨ ᠲᠡᠮᠵᠢᠬᠦ ᠲᠤᠰᠬᠠᠢ ᠲᠦᠷᠦᠯ ᠤᠨ ᠪᠡᠯᠡ ᠮᠦᠩᠬᠦ ᠶᠢ ᠪᠠᠭᠤᠯᠭᠠᠭᠰᠠᠨ ᠦᠬᠡᠢ ᠭᠠᠵᠠᠷ ᠤᠷᠤᠨ ᠢ ᠴᠢᠩᠭ᠎ᠠ ᠪᠠᠶᠢᠴᠠᠭᠠᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠤᠰᠠᠯᠠᠨ ᠲᠡᠮᠵᠢᠬᠦ ᠲᠤᠳᠠᠭᠳᠠᠯ ᠲᠠᠢ ᠲᠠᠯ᠎ᠠ ᠶᠢ ᠨᠦᠬᠦᠪᠦᠷᠢᠯᠡᠨ᠂ ᠮᠠᠯᠵᠢᠬᠤ ᠲᠠᠷᠢᠶᠠᠯᠠᠬᠤ ᠤᠷᠤᠨ ᠤ ᠨᠡᠩ ᠤᠯᠠᠨ ᠬᠡᠤᠬᠡᠳ ᠲᠤ ᠴᠡᠴᠡᠷᠯᠢᠭ ᠲᠤ ᠤᠷᠤᠬᠤ ᠲᠤᠬᠢᠶᠠᠯ ᠪᠠ ᠨᠦᠬᠦᠴᠡᠯ ᠬᠠᠩᠭᠠᠨ᠎ᠠ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ︽ᠬᠤᠶᠠᠷ ᠢ ᠬᠡᠯᠳᠦᠷᠢᠬᠦᠯᠵᠦ ᠨᠢᠬᠡ ᠶᠢ ᠨᠦᠬᠦᠪᠦᠷᠢᠯᠡᠬᠦ︾ ᠵᠡᠷᠬᠡ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠬᠤᠳᠠ ᠤᠷᠤᠭᠰᠠᠨ ᠬᠦᠯᠦᠰᠦᠨ ᠠᠵᠢᠯᠴᠢᠨ ᠤ ᠦᠷ᠎ᠡ ᠬᠡᠤᠬᠡᠳ ᠨᠡᠬᠦᠵᠦ ᠤᠴᠢᠭᠰᠠᠨ ᠬᠤᠳᠠ ᠳᠠᠭᠠᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠬᠦ ᠪᠠ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠤ ᠶᠢ ᠪᠠᠳᠤᠯᠠᠨ᠎ᠠ᠃      ᠨᠢᠬᠡ᠂ ᠬᠤᠷᠢᠭ᠎ᠠ ᠱᠤᠭᠤᠮ ᠢ ᠴᠢᠩᠭ᠎ᠠ ᠠᠳᠬᠤᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠬᠤᠶᠠᠷ᠂ ᠦᠨᠳᠦᠰᠦᠨ ᠵᠦᠢᠯ ᠢ ᠪᠠᠳᠤᠯᠠᠵᠦ᠂ ᠬᠢᠯᠢ ᠬᠢᠵᠠᠭᠠᠷ ᠪᠤᠶᠢᠳᠠ ᠪᠦᠭᠯᠡᠬᠦᠦ ᠶᠠᠳᠠᠭᠤ ᠬᠤᠴᠤᠷᠤᠩᠭᠤᠢ ᠭᠠᠵᠠᠷ ᠤᠷᠤᠨ ᠤ ᠬᠡᠤᠬᠡᠳ ᠲᠤ ᠬᠦᠭᠵᠢᠭᠰᠡᠨ ᠭᠠᠵᠠᠷ ᠤᠷᠤᠨ ᠲᠠᠢ ᠠᠳᠠᠯᠢᠬᠠᠨ ᠰᠢᠯᠢᠳᠡᠭ ᠰᠤᠷᠭᠠᠨ ᠬᠦᠮᠦᠵᠢᠯ ᠬᠦᠷᠳᠡᠬᠡᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠪᠠ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠠᠵᠢᠯ ᠢ ᠴᠢᠩᠭ᠎ᠠ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ ᠦᠷ᠎ᠡ ᠬᠡᠤᠬᠡᠳ ᠲᠤ ᠲᠦᠪ ᠭᠤᠤᠯᠴᠢ᠂ ᠴᠢᠨᠠᠷᠯᠢᠭ ᠰᠤᠷᠭᠠᠨ ᠬᠦᠮᠦᠵᠢᠯ ᠬᠦᠷᠳᠡᠬᠡᠵᠦ᠂ ᠠᠮᠢᠳᠤᠷᠠᠯ ᠬᠦᠴᠢᠷᠳᠠᠢ ᠠᠶᠢᠯ ᠤᠨ ᠬᠡᠤᠬᠡᠳ ᠰᠤᠷᠤᠯᠭ᠎ᠠ ᠠᠯᠳᠠᠬᠤ ᠶᠢ ᠡᠷᠡᠰ ᠬᠤᠷᠢᠭᠯᠠᠨ᠎ᠠ᠃ ᠬᠦᠮᠦᠨ ᠤ ᠬᠦᠴᠦᠨ᠂ ᠪᠤᠳᠠᠰ ᠤᠨ ᠬᠦᠴᠦᠨ᠂ ᠡᠳ᠋ ᠤᠨ ᠬᠦᠴᠦᠨ ᠵᠡᠷᠬᠡ ᠡᠯ᠎ᠡ ᠵᠦᠢᠯ ᠤᠨ ᠬᠦᠴᠤᠨ ᠢᠶᠠᠨ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠲᠦᠪᠯᠡᠷᠡᠬᠦᠯᠵᠦ᠂ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠠᠯᠪᠠᠨ ᠠᠴᠠ ᠡᠷᠬᠢᠯᠡᠭᠰᠡᠨ ᠴᠡᠴᠡᠷᠯᠢᠭ ᠪᠠ ᠲᠦᠬᠡᠮᠡᠯ ᠬᠠᠷᠠᠭᠠᠯᠵᠠᠬᠤ ᠴᠢᠨᠠᠷᠳᠠᠢ ᠠᠷᠠᠳ ᠠᠴᠠ ᠡᠷᠬᠢᠯᠡᠭᠰᠡᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ︽ᠴᠡᠴᠡᠷᠯᠢᠭ ᠲᠤ ᠤᠷᠤᠬᠤ ᠳᠤ ᠬᠦᠴᠢᠷ︾᠂ ︽ᠴᠡᠴᠡᠷᠯᠢᠭ ᠠᠴᠠ ᠬᠤᠯᠠ ᠪᠠᠶᠢᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠠ︔ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠢ ᠵᠦᠢ ᠵᠤᠬᠢᠰᠳᠠᠢ ᠪᠠᠷ ᠪᠠᠶᠢᠷᠢᠯᠠᠭᠤᠯᠬᠤ ᠶᠢ ᠵᠢᠯᠤᠭᠤᠳᠤᠨ᠎ᠠ᠃ ᠡᠬᠦᠨ ᠤ ᠬᠠᠮᠳᠤ ᠪᠠᠶᠢᠷᠢ ᠳᠤ ᠰᠠᠭᠤᠬᠤ ᠲᠦᠷᠢᠮᠳᠤ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠦᠯᠡᠳᠡᠬᠡᠬᠦ ᠴᠢᠬᠤᠯᠠᠳᠠᠢ ᠭᠠᠴᠠᠭ᠎ᠠ ᠲᠤᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠯᠳᠠ ᠶᠢᠨ ᠴᠡᠭ ᠢ ᠰᠡᠷᠬᠦᠬᠡᠵᠦ ᠰᠠᠶᠢᠳᠤᠷ ᠡᠷᠬᠢᠯᠡᠨ᠂ ᠰᠤᠷᠬᠤ ᠨᠠᠰᠤᠨ ᠤ ᠬᠡᠤᠬᠡᠳ ᠬᠡᠷ ᠠᠴᠠ ᠪᠠᠨ ᠤᠢᠢᠷ᠎ᠠ ᠪᠠᠶᠢᠬᠤ ᠰᠤᠷᠭᠠᠭᠤᠯᠢ ᠳᠤ ᠰᠠᠭᠤᠬᠤ ᠶᠢ ᠪᠠᠳᠤᠯᠠᠨ᠎ᠠ᠃ ︽ᠮᠠᠯᠵᠢᠬᠤ ᠲᠠᠷᠢᠶᠠᠯᠠᠬᠤ ᠤᠷᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠠᠬᠢᠭᠤᠯᠬᠤ ᠢᠨᠵᠧᠨᠧᠷᠢᠩ︾᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ︽ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠦᠬᠡᠷᠡᠴᠢᠯᠡᠬᠦ︾᠂ ︽ᠠᠯᠪᠠᠨ ᠵᠢᠷᠤᠮ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ︾ ᠵᠡᠷᠬᠡ ᠢᠨᠵᠧᠨᠧᠷᠢᠩ ᠤᠨ ᠲᠦᠷᠦᠯ ᠵᠦᠢᠯ ᠢ ᠬᠦᠨᠵᠡᠬᠡᠢ ᠲᠦᠯᠬᠢᠨ ᠠᠬᠢᠭᠤᠯᠵᠦ᠂ 2020 ᠤᠨ ᠪᠤᠯᠳᠠᠯ᠎ᠠ ᠪᠦᠬᠦ ᠬᠤᠳᠠ ᠶᠢᠨ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠦᠨᠳᠦᠰᠦᠨ ᠤᠯᠠᠨ ᠨᠠᠶᠢᠳᠡ ᠶᠢᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠪᠦᠬᠦ ᠤᠷᠤᠨ ᠤ ᠲᠤᠮᠳᠠᠴᠢ ᠬᠢᠷᠢ ᠬᠡᠮᠵᠢᠶ᠎ᠡ ᠳᠤ ᠤᠢᠢᠷᠠᠳᠤᠭᠤᠯᠬᠤ ᠪᠤᠶᠤ ᠬᠦᠷᠬᠡᠨ᠎ᠡ᠃ ᠬᠦᠳᠡᠭᠡ ᠲᠤᠰᠬᠤᠨ ᠤ ᠪᠠᠭᠰᠢ ᠶᠢᠨ ᠡᠩᠨᠡᠬᠡᠨ ᠤ ᠪᠦᠳᠦᠴᠡ ᠶᠢ ᠰᠢᠯᠢᠳᠡᠭᠵᠢᠬᠦᠯᠬᠦ ᠪᠠᠷ ᠭᠤᠤᠯᠳᠠᠯᠭ᠎ᠠ ᠪᠤᠯᠭᠠᠵᠦ᠂ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠬᠦᠳᠡᠭᠡ ᠲᠤᠰᠬᠤᠨ ᠤ ᠰᠤᠷᠭᠠᠭᠤᠯᠢ ᠳᠤ ᠲᠠᠬᠢᠨ ᠤᠷᠢᠵᠦ ᠪᠠᠭᠰᠢᠯᠠᠭᠤᠯᠬᠤ ᠰᠤᠷᠭᠠᠨ ᠬᠦᠮᠦᠵᠢᠯ ᠢ ᠲᠡᠮᠵᠢᠬᠦ ᠲᠦᠯᠦᠪᠯᠡᠭᠡ ᠶᠢ ᠬᠡᠷᠡᠭᠵᠢᠬᠦᠯᠬᠦ ᠵᠢᠴᠢ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠡᠯᠰᠡᠬᠦ ᠵᠡᠷᠬᠡ ᠠᠷᠭ᠎ᠠ ᠬᠡᠮᠵᠢᠶ᠎ᠡ ᠪᠠᠷ ᠲᠡᠮᠵᠢᠨ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠳᠡᠭᠡ ᠲᠤᠰᠬᠤᠨ ᠳᠤ ᠪᠠᠭᠰᠢ ᠲᠤᠳᠠᠭᠳᠠᠬᠤ ᠠᠰᠠᠭᠤᠳᠠᠯ ᠢ ᠬᠦᠴᠦ ᠲᠠᠯᠪᠢᠨ ᠰᠢᠢᠳᠪᠤᠷᠢᠯᠡᠵᠦ᠂ ᠬᠦᠳᠡᠭᠡ ᠲᠤᠰᠬᠤᠨ ᠤ ᠪᠠᠭᠰᠢ ᠨᠠᠷ ᠤᠨ ᠶᠡᠷᠦᠩᠬᠡᠢ ᠬᠡᠪ ᠪᠤᠯᠪᠠᠰᠤᠷᠠᠯ ᠢ ᠲᠡᠭᠡᠭᠰᠢᠯᠡᠬᠦᠯᠦᠨ᠎ᠡ᠃      ᠬᠤᠶᠠᠷ᠂ ᠦᠨᠳᠦᠰᠦᠨ ᠵᠦᠢᠯ ᠢ ᠪᠠᠳᠤᠯᠠᠵᠦ᠂ ᠬᠢᠯᠢ ᠬᠢᠵᠠᠭᠠᠷ ᠪᠤᠶᠢᠳᠠ ᠪᠦᠭᠯᠡᠬᠦᠦ ᠶᠠᠳᠠᠭᠤ ᠬᠤᠴᠤᠷᠤᠩᠭᠤᠢ ᠭᠠᠵᠠᠷ ᠤᠷᠤᠨ ᠤ ᠬᠡᠤᠬᠡᠳ ᠲᠤ ᠬᠦᠭᠵᠢᠭᠰᠡᠨ ᠭᠠᠵᠠᠷ ᠤᠷᠤᠨ ᠲᠠᠢ ᠠᠳᠠᠯᠢᠬᠠᠨ ᠰᠢᠯᠢᠳᠡᠭ ᠰᠤᠷᠭᠠᠨ ᠬᠦᠮᠦᠵᠢᠯ ᠬᠦᠷᠳᠡᠬᠡᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠪᠠ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠠᠵᠢᠯ ᠢ ᠴᠢᠩᠭ᠎ᠠ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ ᠦᠷ᠎ᠡ ᠬᠡᠤᠬᠡᠳ ᠲᠤ ᠲᠦᠪ ᠭᠤᠤᠯᠴᠢ᠂ ᠴᠢᠨᠠᠷᠯᠢᠭ ᠰᠤᠷᠭᠠᠨ ᠬᠦᠮᠦᠵᠢᠯ ᠬᠦᠷᠳᠡᠬᠡᠵᠦ᠂ ᠠᠮᠢᠳᠤᠷᠠᠯ ᠬᠦᠴᠢᠷᠳᠠᠢ ᠠᠶᠢᠯ ᠤᠨ ᠬᠡᠤᠬᠡᠳ ᠰᠤᠷᠤᠯᠭ᠎ᠠ ᠠᠯᠳᠠᠬᠤ ᠶᠢ ᠡᠷᠡᠰ ᠬᠤᠷᠢᠭᠯᠠᠨ᠎ᠠ᠃ ᠬᠦᠮᠦᠨ ᠤ ᠬᠦᠴᠦᠨ᠂ ᠪᠤᠳᠠᠰ ᠤᠨ ᠬᠦᠴᠦᠨ᠂ ᠡᠳ᠋ ᠤᠨ ᠬᠦᠴᠦᠨ ᠵᠡᠷᠬᠡ ᠡᠯ᠎ᠡ ᠵᠦᠢᠯ ᠤᠨ ᠬᠦᠴᠤᠨ ᠢᠶᠠᠨ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠲᠦᠪᠯᠡᠷᠡᠬᠦᠯᠵᠦ᠂ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠠᠯᠪᠠᠨ ᠠᠴᠠ ᠡᠷᠬᠢᠯᠡᠭᠰᠡᠨ ᠴᠡᠴᠡᠷᠯᠢᠭ ᠪᠠ ᠲᠦᠬᠡᠮᠡᠯ ᠬᠠᠷᠠᠭᠠᠯᠵᠠᠬᠤ ᠴᠢᠨᠠᠷᠳᠠᠢ ᠠᠷᠠᠳ ᠠᠴᠠ ᠡᠷᠬᠢᠯᠡᠭᠰᠡᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ︽ᠴᠡᠴᠡᠷᠯᠢᠭ ᠲᠤ ᠤᠷᠤᠬᠤ ᠳᠤ ᠬᠦᠴᠢᠷ︾᠂ ︽ᠴᠡᠴᠡᠷᠯᠢᠭ ᠠᠴᠠ ᠬᠤᠯᠠ ᠪᠠᠶᠢᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠨ᠎ᠠ︔ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠢ ᠵᠦᠢ ᠵᠤᠬᠢᠰᠳᠠᠢ ᠪᠠᠷ ᠪᠠᠶᠢᠷᠢᠯᠠᠭᠤᠯᠬᠤ ᠶᠢ ᠵᠢᠯᠤᠭᠤᠳᠤᠨ᠎ᠠ᠃ ᠡᠬᠦᠨ ᠤ ᠬᠠᠮᠳᠤ ᠪᠠᠶᠢᠷᠢ ᠳᠤ ᠰᠠᠭᠤᠬᠤ ᠲᠦᠷᠢᠮᠳᠤ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠦᠯᠡᠳᠡᠬᠡᠬᠦ ᠴᠢᠬᠤᠯᠠᠳᠠᠢ ᠭᠠᠴᠠᠭ᠎ᠠ ᠲᠤᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠯᠳᠠ ᠶᠢᠨ ᠴᠡᠭ ᠢ ᠰᠡᠷᠬᠦᠬᠡᠵᠦ ᠰᠠᠶᠢᠳᠤᠷ ᠡᠷᠬᠢᠯᠡᠨ᠂ ᠰᠤᠷᠬᠤ ᠨᠠᠰᠤᠨ ᠤ ᠬᠡᠤᠬᠡᠳ ᠬᠡᠷ ᠠᠴᠠ ᠪᠠᠨ ᠤᠢᠢᠷ᠎ᠠ ᠪᠠᠶᠢᠬᠤ ᠰᠤᠷᠭᠠᠭᠤᠯᠢ ᠳᠤ ᠰᠠᠭᠤᠬᠤ ᠶᠢ ᠪᠠᠳᠤᠯᠠᠨ᠎ᠠ᠃ ︽ᠮᠠᠯᠵᠢᠬᠤ ᠲᠠᠷᠢᠶᠠᠯᠠᠬᠤ ᠤᠷᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠠᠬᠢᠭᠤᠯᠬᠤ ᠢᠨᠵᠧᠨᠧᠷᠢᠩ︾᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ︽ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠦᠬᠡᠷᠡᠴᠢᠯᠡᠬᠦ︾᠂ ︽ᠠᠯᠪᠠᠨ ᠵᠢᠷᠤᠮ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ︾ ᠵᠡᠷᠬᠡ ᠢᠨᠵᠧᠨᠧᠷᠢᠩ ᠤᠨ ᠲᠦᠷᠦᠯ ᠵᠦᠢᠯ ᠢ ᠬᠦᠨᠵᠡᠬᠡᠢ ᠲᠦᠯᠬᠢᠨ ᠠᠬᠢᠭᠤᠯᠵᠦ᠂ 2020 ᠤᠨ ᠪᠤᠯᠳᠠᠯ᠎ᠠ ᠪᠦᠬᠦ ᠬᠤᠳᠠ ᠶᠢᠨ ᠶᠠᠳᠠᠭᠤ ᠬᠦᠴᠢᠷᠳᠡᠯᠳᠡᠢ ᠬᠤᠰᠢᠭᠤ ᠬᠤᠳᠠ ᠶᠢᠨ ᠦᠨᠳᠦᠰᠦᠨ ᠤᠯᠠᠨ ᠨᠠᠶᠢᠳᠡ ᠶᠢᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠪᠦᠬᠦ ᠤᠷᠤᠨ ᠤ ᠲᠤᠮᠳᠠᠴᠢ ᠬᠢᠷᠢ ᠬᠡᠮᠵᠢᠶ᠎ᠡ ᠳᠤ ᠤᠢᠢᠷᠠᠳᠤᠭᠤᠯᠬᠤ ᠪᠤᠶᠤ ᠬᠦᠷᠬᠡᠨ᠎ᠡ᠃ ᠬᠦᠳᠡᠭᠡ ᠲᠤᠰᠬᠤᠨ ᠤ ᠪᠠᠭᠰᠢ ᠶᠢᠨ ᠡᠩᠨᠡᠬᠡᠨ ᠤ ᠪᠦᠳᠦᠴᠡ ᠶᠢ ᠰᠢᠯᠢᠳᠡᠭᠵᠢᠬᠦᠯᠬᠦ ᠪᠠᠷ ᠭᠤᠤᠯᠳᠠᠯᠭ᠎ᠠ ᠪᠤᠯᠭᠠᠵᠦ᠂ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠬᠦᠳᠡᠭᠡ ᠲᠤᠰᠬᠤᠨ ᠤ ᠰᠤᠷᠭᠠᠭᠤᠯᠢ ᠳᠤ ᠲᠠᠬᠢᠨ ᠤᠷᠢᠵᠦ ᠪᠠᠭᠰᠢᠯᠠᠭᠤᠯᠬᠤ ᠰᠤᠷᠭᠠᠨ ᠬᠦᠮᠦᠵᠢᠯ ᠢ ᠲᠡᠮᠵᠢᠬᠦ ᠲᠦᠯᠦᠪᠯᠡᠭᠡ ᠶᠢ ᠬᠡᠷᠡᠭᠵᠢᠬᠦᠯᠬᠦ ᠵᠢᠴᠢ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠡᠯᠰᠡᠬᠦ ᠵᠡᠷᠬᠡ ᠠᠷᠭ᠎ᠠ ᠬᠡᠮᠵᠢᠶ᠎ᠡ ᠪᠠᠷ ᠲᠡᠮᠵᠢᠨ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠳᠡᠭᠡ ᠲᠤᠰᠬᠤᠨ ᠳᠤ ᠪᠠᠭᠰᠢ ᠲᠤᠳᠠᠭᠳᠠᠬᠤ ᠠᠰᠠᠭᠤᠳᠠᠯ ᠢ ᠬᠦᠴᠦ ᠲᠠᠯᠪᠢᠨ ᠰᠢᠢᠳᠪᠤᠷᠢᠯᠡᠵᠦ᠂ ᠬᠦᠳᠡᠭᠡ ᠲᠤᠰᠬᠤᠨ ᠤ ᠪᠠᠭᠰᠢ ᠨᠠᠷ ᠤᠨ ᠶᠡᠷᠦᠩᠬᠡᠢ ᠬᠡᠪ ᠪᠤᠯᠪᠠᠰᠤᠷᠠᠯ ᠢ ᠲᠡᠭᠡᠭᠰᠢᠯᠡᠬᠦᠯᠦᠨ᠎ᠡ᠃      ᠭᠤᠷᠪᠠ᠂ ᠴᠢᠳᠠᠪᠤᠷᠢ ᠶᠢ ᠴᠢᠬᠤᠯᠠᠴᠢᠯᠠᠵᠦ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠲᠦᠷᠬᠡᠳᠬᠡᠨ ᠬᠦᠭᠵᠢᠬᠦᠯᠦᠨ᠎ᠡ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠴᠢᠳᠠᠪᠤᠷᠢ ᠶᠢ ᠲᠡᠭᠡᠭᠰᠢᠯᠡᠬᠦᠯᠵᠦ᠂ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠠ ᠲᠤᠬᠠᠢᠢᠯᠠᠬᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠵᠡᠷᠬᠡ ᠬᠤᠶᠠᠷ ᠵᠦᠢᠯ ᠤᠨ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠭᠤᠤᠯᠳᠠᠯᠭ᠎ᠠ ᠲᠠᠢ ᠠᠳᠬᠤᠵᠦ᠂ ᠠᠮᠢᠳᠤᠷᠠᠯ ᠬᠦᠴᠢᠷᠳᠠᠢ ᠰᠤᠷᠤᠭᠴᠢᠳ ᠢ ᠬᠠᠪᠰᠤᠷᠴᠦ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠠᠴᠠ ᠲᠡᠭᠡᠭᠰᠢᠬᠢ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠰᠤᠷᠤᠯᠴᠠᠭᠤᠯᠤᠨ᠂ ᠠᠮᠢᠳᠤᠷᠠᠯ ᠬᠦᠴᠢᠷᠳᠡᠢ ᠰᠤᠷᠤᠭᠴᠢᠳ ᠤᠨ ᠠᠵᠢᠯ ᠮᠡᠷᠬᠡᠵᠢᠯ ᠤᠨ ᠰᠤᠷᠭᠠᠭᠤᠯᠢ ᠳᠤ ᠲᠠᠪᠰᠢᠨ ᠰᠤᠷᠤᠯᠴᠠᠬᠤ ᠬᠡᠪᠴᠢᠶ᠎ᠡ ᠶᠢ ᠦᠷᠬᠡᠳᠬᠡᠨ᠂ ᠲᠤᠰᠬᠠᠢ ᠮᠡᠷᠬᠡᠵᠢᠯ ᠤᠨ ᠴᠢᠳᠠᠪᠤᠷᠢ ᠶᠢ ᠡᠵᠡᠮᠰᠢᠵᠦ ᠶᠠᠳᠠᠭᠤ ᠠᠴᠠ ᠠᠩᠬᠢᠵᠢᠷᠠᠨ ᠪᠠᠶᠠᠵᠢᠬᠤ ᠴᠢᠳᠠᠪᠤᠷᠢ ᠶᠢ ᠲᠡᠭᠡᠭᠰᠢᠯᠡᠬᠦᠯᠤᠨ᠎ᠡ᠃ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠡᠤᠬᠡᠳ ᠢᠶᠠᠨ ᠪᠢᠴᠢᠭ ᠦᠵᠡᠬᠦᠯᠵᠦ ᠤᠯᠠᠮ ᠶᠠᠳᠠᠭᠤᠷᠠᠬᠤ ᠠᠴᠠ ᠠᠶᠤᠬᠤ ᠰᠡᠳᠬᠢᠯ ᠤᠨ ᠲᠠᠷᠤᠭᠠᠰᠤ ᠶᠢ ᠨᠢ ᠬᠦᠡᠭᠭᠡᠷᠡᠬᠦᠯᠬᠦ ᠶᠢᠨ ᠲᠦᠯᠦᠬᠡ᠂ ᠮᠠᠨ ᠤ ᠬᠤᠳᠠ ᠲᠡᠬᠡᠳᠤ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤ ︽ᠬᠤᠶᠠᠷ ᠢ ᠬᠡᠯᠳᠦᠷᠢᠬᠦᠯᠬᠦ︾ ᠲᠦᠷᠦ ᠶᠢᠨ ᠪᠤᠳᠤᠯᠭ᠎ᠠ᠂ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠶᠢᠨ ᠲᠦᠷᠦ ᠶᠢᠨ ᠪᠤᠳᠤᠯᠭ᠎ᠠ᠂ ᠪᠠᠶᠢᠷᠢ ᠳᠤ ᠰᠠᠭᠤᠭ᠎ᠠ ᠰᠤᠷᠤᠭᠴᠢ ᠳᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠵᠡᠷᠬᠡ ᠤᠯᠠᠨ ᠵᠦᠢᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠡᠷᠴᠢᠮ ᠢᠶᠠᠨ ᠴᠢᠩᠭᠠᠳᠬᠠᠵᠦ᠂ ᠲᠤᠰᠠᠯᠠᠨ ᠲᠡᠮᠵᠢᠬᠦ ᠪᠡᠯᠡ ᠮᠦᠩᠬᠦ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠬᠤᠳᠠ ᠶᠢᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠬᠠᠮᠳᠤᠷᠠᠨ ᠡᠬᠢ ᠪᠠᠶᠠᠯᠢᠭ ᠢᠶᠠᠨ ᠨᠡᠶᠢᠳᠬᠡᠵᠦ᠂ ᠪᠦᠬᠦ ᠬᠤᠳᠠ ᠶᠢᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠲᠤᠮᠳᠠ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠬᠦᠷᠳᠡᠭᠰᠡᠨ ᠰᠤᠷᠤᠭᠴᠢᠳ ᠤᠨ ︽ᠲᠡᠬᠦᠰᠦᠮᠡᠭᠴᠡ ᠠᠵᠢᠯ ᠤᠯᠬᠤ︾ ᠶᠢ ᠪᠠᠳᠤᠯᠠᠬᠤ ᠪᠠᠷ ᠴᠢᠷᠮᠠᠶᠢᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠰᠠᠶᠢᠳᠤᠷ ᠡᠷᠬᠢᠯᠡᠬᠦ᠂ ᠲᠤᠬᠠᠢᠢᠯᠠᠭᠰᠠᠨ ᠠᠵᠢᠯ ᠤᠨ ᠪᠤᠯᠪᠠᠰᠤᠷᠠᠯ ᠬᠦᠷᠳᠡᠬᠡᠬᠦ ᠵᠡᠷᠬᠡ ᠠᠷᠭ᠎ᠠ ᠬᠡᠮᠵᠢᠶ᠎ᠡ ᠪᠠᠷ ᠲᠠᠮᠵᠢᠨ᠂ ᠲᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠲᠠᠷᠢᠶᠠᠯᠠᠩ ᠮᠠᠯ ᠠᠵᠦ ᠠᠬᠤᠢ ᠲᠠᠢ ᠬᠤᠯᠪᠤᠭᠳᠠᠭᠰᠠᠨ ᠤᠨᠴᠠᠯᠢᠭᠳᠤ ᠲᠤᠰᠬᠠᠢ ᠮᠡᠷᠬᠡᠵᠢᠯ ᠢ ᠰᠠᠶᠢᠳᠤᠷ ᠪᠦᠳᠦᠬᠡᠨ ᠪᠠᠶᠢᠭᠤᠯᠬᠤ ᠶᠢ ᠲᠡᠮᠵᠢᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠬᠠᠨᠳᠤᠯᠭᠠᠳᠤ ᠴᠢᠨᠠᠷᠳᠠᠢ ᠪᠠᠷ ᠮᠡᠷᠬᠡᠵᠢᠯ ᠤᠨ ᠪᠤᠯᠪᠠᠰᠤᠷᠠᠯ ᠬᠦᠷᠳᠡᠬᠡᠨ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠦᠳᠡᠯᠮᠦᠷᠢ ᠬᠦᠴᠦ ᠪᠦᠬᠦᠨ ᠳᠤ ᠬᠡᠷᠡᠭᠴᠡᠭᠡ ᠶᠢ ᠨᠢ ᠦᠨᠳᠦᠰᠦᠯᠡᠨ ᠲᠤᠬᠠᠢᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠬᠦᠷᠳᠡᠬᠡᠵᠦ᠂ ᠬᠦᠮᠦᠨ ᠪᠤᠯᠭᠠᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠤᠶᠤ ᠲᠤᠬᠠᠢᠢᠯᠠᠭᠰᠠᠨ ᠠᠵᠢᠯ ᠤᠨ ᠮᠡᠷᠬᠡᠵᠢᠯ ᠴᠢᠳᠠᠪᠤᠷᠢ ᠶᠢᠨ ᠪᠤᠯᠪᠠᠰᠤᠷᠠᠯ ᠬᠦᠷᠳᠡᠬᠦ ᠪᠠᠷ ᠲᠠᠮᠵᠢᠨ ᠬᠡᠷ ᠪᠦᠯᠢ ᠪᠠᠨ ᠶᠠᠳᠠᠭᠤ ᠠᠴᠠ ᠠᠩᠬᠢᠵᠢᠷᠠᠭᠤᠯᠬᠤ ᠳᠤ ᠪᠠᠳᠤᠯᠠᠭ᠎ᠠ ᠬᠠᠨᠭ᠍ᠭᠠᠨ᠎ᠠ ᠭᠡᠯ᠎ᠡ᠃
 
ᠢᠷᠡᠯᠲᠡ᠄ ᠬᠦᠯᠤᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号