ᠪᠣᠭᠳᠠᠠᠭᠤᠯᠠ ᠶᠢᠨ ᠲᠠᠬᠢᠯᠭ᠎ᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/6/22
     6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠪᠣᠭᠳᠠᠠᠭᠤᠯᠠ ᠶᠢᠨ ᠲᠠᠬᠢᠯᠭ᠎ᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠬᠤᠷᠠᠯᠳᠤᠭᠤᠯᠵᠤ᠂ ᠲᠠᠬᠢᠯᠭ᠎ᠠ ᠶᠢᠨ ᠬᠠᠮᠢᠶ᠎ᠠ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠶᠢᠨ ᠨᠠᠰᠤᠨ᠂ ᠤᠯᠠᠭᠠᠨᠲᠤᠶᠠᠭ᠎ᠠ ᠬᠤᠷᠠᠯ ᠳᠤ ᠣᠷᠤᠯᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠶᠢᠨ ᠨᠠᠰᠤᠨ᠄ ︽ᠪᠣᠭᠳᠠᠠᠭᠤᠯᠠ ᠶᠢᠨ ᠲᠠᠬᠢᠯᠭ᠎ᠠ ᠶᠢᠨ ᠠᠵᠢᠯᠯᠠᠭ᠎ᠠ ᠪᠣᠯ ᠮᠠᠨ ᠤ ᠬᠤᠰᠢᠭᠤᠨ ᠤ ᠤᠯᠠᠮᠵᠢᠯᠠᠯᠲᠤ ᠲᠠᠬᠢᠯᠭ᠎ᠠ ᠪᠣᠯᠬᠤ ᠪᠦᠭᠡᠳ ᠲᠠᠬᠢᠯᠭ᠎ᠠ ᠶᠢᠨ ᠠᠵᠢᠯᠯᠠᠭ᠎ᠠ ᠶᠢ ᠵᠤᠭᠠᠴᠠᠯ ᠤᠨ ᠦᠢᠯᠡᠰ  ᠲᠠᠢ ᠤᠷᠭᠠᠨᠢᠭ ᠢᠶᠠᠷ ᠤᠶᠠᠯᠳᠤᠭᠤᠯᠵᠤ᠂ ᠵᠤᠭᠠᠴᠠᠯ ᠤᠨ ᠣᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠ ᠤᠬᠠᠭᠤᠯᠭ᠎ᠠ ᠶᠢᠨ ᠬᠦᠴᠦᠯᠡᠴᠡ ᠶᠢ ᠲᠠᠰᠤᠷᠠᠯᠲᠠ ᠦᠬᠡᠢ ᠨᠡᠮᠡᠭᠳᠡᠭᠦᠯᠦᠭᠰᠡᠨ ᠠᠴᠠ ᠵᠢᠯ ᠪᠦᠷᠢ ᠬᠤᠶᠠᠷ ᠤᠳᠠᠭ᠎ᠠ ᠶᠠᠪᠤᠭᠳᠠᠳᠠᠭ ᠪᠣᠭᠳᠠᠠᠭᠤᠯᠠ ᠶᠢᠨ ᠲᠠᠬᠢᠯᠭ᠎ᠠ ᠶᠢᠨ ᠠᠯᠳᠠᠷᠰᠢᠯ ᠤᠨ ᠬᠡᠮᠵᠢᠶ᠎ᠡ ᠨᠢ ᠳᠡᠭᠡᠭᠰᠢᠯᠡᠵᠦ᠂ ᠲᠠᠬᠢᠯᠭ᠎ᠠ ᠳᠤ ᠢᠷᠡᠬᠦ ᠣᠯᠠᠨ ᠲᠦᠮᠡᠨ ᠪᠠ ᠵᠤᠭᠠᠴᠠᠭᠰᠠᠳ ᠤᠨ ᠲᠤᠭ᠎ᠠ ᠥᠳᠲᠡᠷ ᠲᠦᠷᠭᠡᠨ ᠨᠡᠮᠡᠭᠳᠡᠵᠦ᠂ ᠪᠣᠭᠳᠠᠠᠭᠤᠯᠠ ᠨᠢ ᠤᠯᠤᠰ ᠤᠨ ᠳᠣᠲᠣᠭᠠᠳᠤ ᠶᠢᠨ ᠲᠠᠬᠢᠯᠭ᠎ᠠ ᠶᠢᠨ ᠠᠷᠢᠭᠤᠨ ᠣᠷᠣᠨ ᠪᠠ ᠵᠤᠭᠠᠴᠠᠯ ᠤᠨ ᠨᠡᠷᠡᠲᠦ ᠣᠷᠣᠨ ᠪᠣᠯᠣᠭᠰᠠᠨ ᠪᠠᠶᠢᠨ᠎ᠠ︾ ᠭᠡᠪᠡ᠃       ᠶᠢᠨ ᠨᠠᠰᠤᠨ ᠠᠴᠠ ᠪᠠᠰᠠ ᠴᠢᠬᠤᠯᠠᠴᠢᠯᠠᠬᠤ ᠳᠠᠭᠠᠨ᠂ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠠᠷᠪᠠᠨ ᠭᠤᠷᠪᠠᠨ ᠤ ᠪᠣᠭᠳᠠᠠᠭᠤᠯᠠ ᠶᠢᠨ ᠲᠠᠬᠢᠯᠭ᠎ᠠ ᠤᠳᠠᠯ ᠦᠭᠡᠢ ᠬᠦᠷᠴᠦ ᠢᠷᠡᠬᠦ ᠪᠠᠷ ᠪᠠᠶᠢᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠲᠠᠬᠢᠯᠭ᠎ᠠ ᠶᠢᠨ ᠠᠵᠢᠯᠯᠠᠭ᠎ᠠ ᠬᠢᠬᠦ ᠲᠠᠯᠠᠪᠤᠷ ᠤᠨ ᠵᠠᠰᠠᠨ ᠰᠡᠯᠪᠢᠬᠦ ᠠᠬᠢᠴᠠ ᠶᠢ ᠲᠦᠷᠭᠡᠳᠬᠡᠵᠦ᠂ ᠮᠠᠨ ᠤ ᠬᠤᠰᠢᠭᠤᠨ ᠤ ᠦᠪᠡᠷᠮᠢᠴᠡ ᠣᠨᠴᠠᠯᠢᠭᠲᠤ ᠵᠠᠩ ᠦᠢᠯᠡ ᠶᠢᠨ ᠰᠣᠶᠣᠯ ᠢ ᠢᠯᠡᠷᠡᠭᠦᠯᠬᠦ ᠬᠡᠷᠡᠭᠲᠡᠢ᠃ ᠵᠤᠭᠠᠴᠠᠯ ᠤᠨ ᠣᠷᠣᠨ ᠤ ᠤᠰᠤ᠂ ᠴᠠᠬᠢᠯᠭᠠᠨ᠂ ᠴᠢᠮᠡᠭᠡ ᠨᠡᠪᠲᠡᠷᠡᠯᠭᠡ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠬᠤᠶᠢᠨᠠᠬᠢ ᠬᠤᠭᠤᠴᠠᠭᠠᠨ ᠤ ᠬᠠᠮᠠᠭᠠᠯᠠᠬᠤ ᠠᠵᠢᠯ ᠤᠨ ᠬᠦᠴᠦᠯᠡᠴᠡ ᠶᠢ ᠴᠢᠩᠭᠠᠳᠬᠠᠵᠤ᠂ ᠬᠦᠮᠦᠨ ᠪᠠ ᠪᠠᠶᠢᠭᠠᠯᠢ ᠡᠶ᠎ᠡ ᠵᠣᠬᠢᠴᠠᠩᠭᠤᠢ ᠣᠷᠣᠰᠢᠬᠤ ᠶᠢᠨ ᠰᠠᠶᠢᠨ ᠰᠠᠶᠢᠬᠠᠨ ᠢ ᠦᠨᠡᠨᠬᠦ ᠬᠠᠷᠠᠭᠤᠯᠤᠨ᠎ᠠ᠃ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠲᠠᠬᠢᠯᠭ᠎ᠠ ᠶᠢᠨ ᠠᠵᠢᠯᠯᠠᠭ᠎ᠠ ᠳᠤ ᠡᠮᠬᠢ ᠲᠢᠭᠯᠢᠮ ᠲᠠᠢ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃       ᠡᠭᠦᠨ ᠠᠴᠠ ᠭᠠᠳᠠᠨ᠎ᠠ᠂ ᠪᠣᠭᠳᠠᠠᠭᠤᠯᠠ ᠶᠢᠨ ᠲᠠᠬᠢᠯᠭ᠎ᠠ ᠶᠢᠨ ᠠᠵᠢᠯᠯᠠᠭ᠎ᠠ ᠶᠢᠨ ᠠᠭᠤᠯᠤᠭᠳᠠᠬᠤᠨ ᠢ ᠤᠯᠠᠮ ᠪᠠᠶᠠᠯᠢᠭᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠷᠠᠳ ᠤᠨ ᠵᠠᠩ ᠦᠢᠯᠡ ᠶᠢᠨ ᠰᠣᠶᠣᠯ ᠲᠠᠢ ᠤᠶᠠᠯᠳᠤᠭᠤᠯᠵᠤ᠂ ᠭᠦᠨ ᠵᠤᠵᠠᠭᠠᠨ ᠦᠨᠳᠦᠰᠦᠳᠡᠨ ᠤ ᠰᠣᠶᠣᠯ ᠤᠨ ᠠᠬᠤᠭᠤᠯᠤᠮᠵᠢ ᠳᠤ ᠲᠦᠰᠢᠭᠯᠡᠵᠦ ᠂ ᠪᠠᠷᠭᠤ ᠵᠠᠩ ᠦᠢᠯᠡ ᠶᠢᠨ ᠣᠨᠴᠠᠯᠢᠭᠲᠤ ᠵᠤᠭᠠᠴᠠᠯ ᠤᠨ ᠨᠡᠷᠡᠲᠦ ᠲᠡᠮᠳᠡᠭ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠪᠡ᠃                           ᠰᠤᠷᠪᠤᠯᠵᠢᠯᠠᠭᠴᠢ᠄  ᠢᠦᠢ ᠮᠧᠢ ᠡᠾᠦ᠋ᠢ    ᠬᠠᠨ ᠰᠢᠨ ᠴᠢᠶᠠᠩ                           ᠣᠷᠴᠢᠭᠤᠯᠤᠭᠰᠠᠨ ᠨᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号