ᠮᠠᠨ ᠤ ᠬᠤᠰᠢᠭᠤ ᠲᠣᠭᠤᠷᠢᠨ ᠪᠠᠶᠢᠴᠠᠭᠠᠵᠤ ᠬᠠᠥᠯᠢ ᠬᠡᠷᠡᠭᠵᠢᠭᠦᠯᠬᠦ ᠪᠠᠨ ᠴᠢᠩᠭᠠᠳᠬᠠᠵᠤ᠂ ᠳᠤᠷ᠎ᠠ ᠪᠠᠷ ᠬᠤᠭ ᠨᠣᠪᠰᠢ ᠬᠠᠶᠠᠬᠤ ᠦᠵᠡᠭᠳᠡᠯ ᠳᠤ ᠴᠢᠩᠭ᠎ᠠ ᠴᠡᠭᠴᠡᠯᠡᠯᠲᠡ ᠬᠢᠪᠡ
ᠨᠡᠶᠢᠲᠡᠯᠡᠭᠰᠡᠨ ᠴᠠᠭ᠄
2018/6/22
     ᠣᠶᠢᠷ᠎ᠠ ᠶᠢᠨ ᠡᠳᠣᠷ᠂ ᠮᠠᠨ ᠤ ᠬᠤᠰᠢᠭᠤ ᠡᠯ᠎ᠡ ᠵᠦᠢᠯ ᠶᠢᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠣᠭᠤᠷᠢᠨ ᠪᠠᠶᠢᠴᠠᠭᠠᠵᠤ ᠬᠠᠣᠯᠢ ᠬᠡᠷᠡᠭᠵᠢᠭᠦᠯᠬᠦ ᠬᠦᠴᠦᠯᠡᠴᠡ ᠪᠠᠨ  ᠴᠢᠩᠭᠠᠳᠬᠠᠨ᠂ ᠪᠠᠯᠭᠠᠰᠤᠨ ᠤ ᠳᠣᠭᠤᠷᠢᠭ ᠤᠨ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠳᠤ ᠪᠦᠬᠦ ᠳᠠᠯ᠎ᠠ ᠪᠠᠷ ᠴᠡᠭᠴᠡᠯᠡᠯᠲᠡ ᠬᠢᠵᠦ᠂ ᠬᠠᠷᠢᠶ᠎ᠠ ᠣᠷᠣᠨ ᠳᠠᠬᠢ ᠳᠤᠷ᠎ᠠ ᠪᠠᠷ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠶᠢ ᠪᠦᠳᠦᠮᠵᠢ ᠲᠠᠢ ᠬᠤᠷᠢᠭᠯᠠᠵᠣ᠂ ᠪᠠᠯᠭᠠᠰᠣᠨ ᠤ ᠳᠣᠭᠤᠷᠢᠭ ᠤᠨ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠭᠰᠡᠨ ᠪᠠᠶᠢᠨ᠎ᠠ      6 ᠰᠠᠷ᠎ᠠ ᠶᠢᠨ 22 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠲᠣᠪᠴᠢᠶ᠎ᠠ ᠨᠢᠭᠡᠨ ᠰᠠᠭᠤᠭᠠᠯᠢ ᠠᠷᠠᠳ ᠤᠨ ᠢᠯᠡᠴᠢᠯᠡᠨ ᠮᠡᠳᠡᠭᠦᠯᠬᠦ ᠣᠳᠠᠰᠣ ᠶᠢ ᠲᠣᠰᠴᠤ᠂ ᠬᠤᠰᠢᠭᠤᠨ ᠤ ᠳᠣᠯᠠᠭᠠᠯᠠᠯᠭ᠎ᠠ ᠶᠢᠨ ᠺᠣᠮᠫᠠᠨᠢ ᠶᠢᠨ ᠡᠮᠦᠨ᠎ᠡ ᠬᠡᠰᠡᠭ ᠲᠤ ᠳᠣᠷ᠎ᠠ ᠪᠠᠷ ᠪᠠᠷᠢᠯᠭ᠎ᠠ ᠶᠢᠨ ᠬᠤᠭ ᠨᠣᠪᠰᠢ ᠬᠠᠶᠠᠵᠣ ᠪᠠᠶᠢᠭ᠎ᠠ ᠶᠢ ᠮᠡᠳᠡᠭᠦᠯᠦᠪᠡ᠃ ᠡᠨᠡᠬᠦ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠠᠵᠢᠯᠳᠠᠨ ᠳᠠᠷᠤᠢ ᠲᠦᠷᠭᠡᠨ ᠳᠣᠬᠠᠢ ᠶᠢᠨ ᠲᠠᠯᠠᠪᠠᠢ ᠳᠤ ᠬᠦᠷᠴᠦ ᠪᠠᠶᠢᠴᠠᠭᠠᠯᠲᠠ ᠬᠢᠵᠦ ᠭᠡᠷᠡᠴᠢ ᠠᠪᠤᠪᠠ᠃      ᠣᠶᠢᠯᠠᠭᠠᠭᠰᠠᠨ ᠢᠶᠠᠷ᠂ ᠳᠣᠷ᠎ᠠ ᠪᠠᠷ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠶᠢ ᠪᠦᠳᠦᠮᠵᠢᠳᠠᠢ ᠬᠤᠷᠢᠭᠯᠠᠵᠤ᠂ ᠠᠷᠢᠭᠤᠨ ᠴᠡᠪᠡᠷ ᠲᠣᠬᠢᠯᠢᠭ ᠰᠠᠶᠢᠬᠠᠨ ᠠᠮᠢᠳᠣᠷᠠᠯ ᠤᠨ ᠣᠷᠴᠢᠨ ᠳᠣᠭᠤᠷᠢᠨ ᠢ ᠪᠠᠳᠣᠯᠠᠬᠤ ᠶᠢᠨ ᠳᠣᠰᠠᠳᠠ᠂ ᠬᠤᠰᠢᠭᠤᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠪᠴᠢᠶ᠎ᠠ ᠨᠢ ᠲᠣᠭᠤᠷᠢᠨ ᠪᠠᠶᠢᠴᠠᠭᠠᠵᠤ ᠬᠠᠥᠯᠢ ᠬᠡᠷᠡᠭᠵᠢᠭᠦᠯᠬᠦ ᠬᠦᠴᠦᠯᠡᠴᠡ ᠪᠠᠨ ᠣᠯᠠᠮ ᠴᠢᠨᠠᠭᠰᠢᠳᠠ ᠴᠢᠩᠭᠠᠳᠬᠠᠵᠣ᠂ ᠭᠤᠣᠯᠳᠠᠯᠭ᠎ᠠ ᠲᠠᠢ ᠵᠠᠮ ᠤᠨ ᠬᠡᠰᠡᠭ ᠲᠤ ᠴᠢᠭ᠋ ᠳᠣᠭᠳᠠᠭᠠᠨ ᠳᠣᠭᠤᠷᠢᠨ ᠪᠠᠶᠢᠴᠠᠭᠠᠬᠤ ᠪᠣᠯᠣᠨ ᠰᠦᠨᠢ ᠪᠠᠷ ᠰᠠᠬᠢᠨ ᠬᠦᠯᠢᠶᠡᠵᠦ᠂ ᠳᠣᠷ᠎ᠠ ᠪᠠᠷ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠪᠡ᠃ ᠡᠭᠦᠨ ᠤ ᠬᠠᠮᠳᠣ᠂ ᠲᠧᠯᠸᠢᠰ᠂ ᠷᠠᠳᠢᠣ᠋᠂ ᠸᠧᠴᠠᠲ ᠵᠡᠷᠭᠡ ᠣᠬᠠᠭᠤᠯᠬᠤ ᠳᠠᠪᠴᠠᠩ ᠳᠡᠭᠡᠷ᠎ᠡ ᠢᠯᠡᠴᠢᠯᠡᠨ ᠮᠡᠳᠡᠭᠦᠯᠬᠦ ᠣᠳᠠᠰᠣ ᠶᠢ ᠨᠡᠶᠢᠳᠡᠯᠡᠵᠦ᠂ ᠪᠦᠬᠦ ᠬᠤᠰᠢᠭᠤᠨ ᠤ ᠣᠯᠠᠨ ᠲᠦᠮᠡᠨ ᠢ ᠳᠠᠶᠢᠴᠢᠯᠠᠨ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠵᠣ᠂ ᠡᠯ᠎ᠡ  ᠵᠦᠢᠯ ᠤᠨ ᠬᠠᠣᠯᠢ ᠪᠣᠰᠣ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦ ᠪᠣᠯᠣᠨ᠎ᠠ᠃      ᠶᠡᠷᠦᠩᠬᠡᠶᠢᠯᠡᠭᠰᠡᠨ ᠬᠠᠥᠯᠢ ᠬᠡᠷᠡᠭᠵᠢᠭᠦᠯᠬᠦ ᠲᠣᠪᠴᠢᠶ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ ᠶᠢᠨ ᠵᠢᠯᠣᠭᠤᠳᠣᠭᠴᠢ ᠯᠢ ᡁᠢ ᠢ ᠰᠤᠷᠪᠤᠯᠵᠢᠯᠠᠭᠴᠢ ᠳᠤ᠂ ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠲᠣᠪᠴᠢᠶ᠎ᠠ ᠣᠬᠠᠭᠤᠯᠭ᠎ᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠣ᠂ ᠪᠦᠬᠦ ᠬᠤᠰᠢᠭᠤᠨ ᠤ ᠬᠤᠳᠠᠯᠳᠤᠭ᠎ᠠ ᠳᠡᠯᠭᠡᠭᠦᠷ᠂ ᠰᠠᠭᠤᠭᠠᠯᠢ ᠠᠷᠠᠳ ᠤᠨ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠲᠤᠬᠠᠢ ᠣᠬᠠᠮᠰᠠᠷ ᠢ ᠳᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠨ ᠳᠣᠷ᠎ᠠ ᠪᠠᠷ ᠬᠤᠭ ᠨᠣᠪᠰᠢ ᠬᠠᠶᠠᠬᠤ ᠮᠠᠭᠤ ᠳᠠᠳᠬᠠᠯ ᠢ ᠦᠪᠡᠷ ᠤᠨ ᠣᠬᠠᠮᠰᠠᠷ ᠠᠴᠠ ᠪᠠᠨ ᠳᠠᠶᠠᠭᠳᠠᠨ᠂ ᠪᠦᠬᠦ ᠬᠤᠰᠢᠭᠤᠨ ᠤ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠦᠨ᠎ᠡ ᠭᠡᠰᠡᠨ ᠪᠠᠶᠢᠨ᠎ᠠ᠃                          ᠰᠣᠷᠪᠣᠯᠵᠢᠯᠠᠭᠴᠢ᠄ ᠢᠦᠢ ᠭᠤᠸᠠᠩ    ᠵᠢᠶᠣᠣ ᠵᠢᠶᠣᠣ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号