ᠲᠤᠮᠳᠠᠳᠤᠴᠤᠳ ᠤᠨ ᠲᠠᠪᠤᠰᠤ ᠡᠳ᠋ᠯᠡᠬᠦ ᠬᠡᠮᠵᠢᠶ᠎ᠡ ᠪᠠᠷᠢᠮᠵᠢᠶ᠎ᠠ ᠠᠴᠠ 75% ᠪᠠᠷ ᠲᠠᠪᠠᠵᠤ ᠪᠠᠶᠢᠨ᠎ᠠ᠂ ᠲᠠ ᠲᠠᠪᠤᠰᠤ ᠬᠢᠷᠢ ᠵᠡᠷᠭᠡ ᠡᠳ᠋ᠯᠡᠳᠡᠭ ᠪᠤᠢ︖
ᠨᠡᠶᠢᠲᠡᠯᠡᠭᠰᠡᠨ ᠴᠠᠭ᠄
2018/6/4
ᠲᠤᠮᠳᠠᠳᠤ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ ᠶᠢᠨ ᠪᠡᠭᠡᠵᠢᠩ ᠤᠨ 4 ᠰᠠᠷ᠎ᠠ ᠶᠢᠨ 20 ᠤ ᠡᠳᠤᠷ ‍ᠤᠨ‌ᠮᠡᠳᠡᠭᠡ ︵ᠰᠤᠷᠪᠤᠯᠵᠢᠯᠠᠬᠴᠢ ᠴᠢᠦ ᠢᠤᠢ︶ ᠮᠠᠲ᠋ᠧᠷᠢᠶᠠᠯ ᠠᠴᠠ ᠦᠵᠡᠪᠡᠯ᠂ ᠲᠤᠮᠳᠠᠳᠤᠴᠤᠳ ᠲᠠᠪᠤᠰᠤ ᠶᠢ ᠬᠡᠳᠤ  ᠶᠡᠭᠡ  ᠡᠳ᠋ᠯᠡᠵᠤ‌‍ᠪᠠᠶᠢᠨ᠎ᠠ︕ ᠤᠳᠤᠬᠠᠨ ᠳᠤ ᠮᠠᠨ ᠤ ᠤᠯᠤᠰ ᠤᠨ ᠨᠠᠰᠤᠨ ᠳᠤ ᠬᠦᠷᠦᠭᠰᠡᠳ ᠤᠨ ᠡᠳᠤᠷ ᠪᠦᠷᠢ ᠶᠢᠨ ᠲᠠᠪᠤᠰᠤ ᠡᠳ᠋ᠯᠡᠬᠦ ᠬᠡᠮᠵᠢᠶ᠎ᠡ10.5 ᠭᠷᠠᠮ ᠬᠦᠷᠴᠦ᠂ ︽ᠲᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ  ᠵᠢᠭᠠᠯᠲᠠ  2016︾ ᠳᠤ ᠰᠠᠨᠠᠭᠤᠯᠤᠭᠰᠠᠨ 6 ᠭᠷᠠᠮ ᠠᠴᠠ ᠪᠠᠭ᠎ᠠ ᠪᠠᠶᠢᠬᠤ ᠪᠠᠷᠢᠮᠵᠢᠶ᠎ᠠ ᠠᠴᠠ ᠬᠤᠯᠠ ᠲᠠᠪᠠᠭᠰᠠᠨ ᠪᠠᠶᠢᠨ᠎ᠠ᠃  ᠲᠠᠪᠤᠰᠤ ᠪᠠᠭ᠎ᠠ ᠢᠳᠡᠬᠦ ᠶᠢ ᠶᠠᠷᠢᠬᠤ ᠠᠴᠠ ᠡᠮᠦᠨ᠎ᠡ  ᠬᠦᠮᠦᠨ  ᠶᠠᠭᠤᠨ   ᠳᠤ  ᠵᠠᠪᠠᠯ  ᠲᠠᠪᠤᠰᠤ  ᠢᠳᠡᠳᠡᠭ  ᠲᠤᠬᠠᠢ‌ᠤᠶᠢᠯᠠᠭᠠᠶ᠎ᠠ᠃ ᠲᠠᠪᠤᠰᠤ ᠪᠤᠯ ᠠᠮᠳᠠᠲᠠᠨ ᠤ ᠤᠬᠢ ᠨᠢ᠂ ᠲᠠᠪᠤᠰᠤ ᠦᠭᠡᠢ ᠪᠤᠯ ᠬᠤᠭᠤᠯᠠ ᠪᠤᠳᠠᠭ᠎ᠠ ᠴᠦᠮ ᠠᠮᠳᠠ ᠰᠢᠮᠳᠡ ᠪᠡᠨ‌ᠠᠯᠳᠠᠨ᠎ᠠ᠃ ᠠᠮᠳᠠ ᠤᠷᠤᠭᠤᠯᠬᠤ ᠠᠴᠠ ᠭᠠᠳᠠᠨ᠎ᠠ᠂ ᠡᠰ ᠤᠨ ᠭᠠᠳᠠᠷ ᠰᠢᠩᠭᠡᠨ ᠤ ᠨᠡᠪᠴᠢᠯᠲᠡ ᠶᠢᠨ ᠲᠠᠷᠤᠯᠲᠠ ᠶᠢ ᠪᠠᠲᠤᠯᠠᠬᠤ᠂ᠪᠡᠶ᠎ᠡ ᠶᠢᠨ ᠲᠤᠳᠤᠭᠠᠳᠤ ᠶᠢᠨ ᠬᠦᠴᠢᠯ  ᠱᠦᠯᠳᠤ ᠶᠢ ᠲᠡᠩᠴᠡᠬᠦᠷᠢᠰᠢᠬᠦᠯᠬᠦ᠂  ᠬᠤᠳᠤᠭᠤᠳᠤᠨ  ᠬᠦᠴᠢᠯ   ᠢ  ᠨᠡᠮᠡᠭᠳᠡᠬᠦᠯᠦᠨ‌ᠬᠤᠭᠤᠯᠠᠨ ᠲᠤᠷᠠᠰᠢᠯ ᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ ᠪᠠᠶᠢᠵᠤ᠂ ᠹᠢᠽᠢᠤᠯᠤᠬᠢ ᠶᠢᠨ ᠴᠢᠳᠠᠪᠤᠷᠢ ᠶᠢ ᠪᠠᠲᠤᠯᠠᠬᠤ ᠲᠠᠯ᠎ᠠ ᠪᠠᠷ ᠲᠤᠳᠠᠭᠳᠠᠵᠤ ᠪᠤᠯᠤᠰᠢ ᠦᠭᠡᠢ ᠶᠤᠮ᠃ ᠦᠨᠡᠨ ᠳᠡᠭᠡᠨ᠂ ᠠᠮᠢᠲᠠᠨ ᠴᠦ ᠲᠠᠪᠤᠰᠤ ᠬᠡᠷᠡᠭᠰᠡᠳᠡᠭ᠂ ᠤᠯᠠᠩᠬᠢ ᠠᠮᠢᠲᠠᠨ ᠲᠠᠪᠤᠰᠤ ᠬᠤᠵᠢᠷ ᠲᠤᠯᠢᠶᠠᠵᠤ ᠪᠠᠶᠢᠭᠠᠳ‌‍ᠲ᠋ᠠᠪᠤᠰᠤ ᠨᠦᠬᠦᠪᠤᠷᠢᠯᠡᠳᠡᠭ᠃ ᠬᠡᠪ ᠤᠨ ᠪᠠᠶᠢᠳᠠᠯ ᠲᠤᠤᠷ᠎ᠠ᠂ ᠨᠢᠭᠡ ᠬᠦᠮᠦᠨ ᠨᠢᠭᠡ ᠡᠳᠤᠷ ᠲᠤ ᠬᠡᠳᠤᠢ ᠲᠠᠪᠤᠰᠤ ᠡᠳ᠋ᠯᠡᠪᠡᠯ ᠵᠤᠬᠢᠬᠤ ᠪᠤᠢ︖ ᠡᠬᠦᠨ‌ᠢ ᠤᠯᠠᠩᠬᠢ ᠬᠦᠮᠦᠨ ᠪᠠᠷᠤᠭ ᠬᠡᠮᠵᠢᠵᠤ ᠦᠩᠭᠡᠷᠡᠭᠰᠡᠨ ᠦᠭᠡᠢ ᠪᠠᠶᠢᠬ᠎ᠠ᠃ ︽ᠲᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠢᠭᠠᠯᠲᠠ 2016︾ ᠳᠤ᠂ ᠲᠤᠮᠤᠴᠤᠤᠯ‌ᠡᠳᠤᠷ ᠪᠦᠷᠢ 6 ᠭᠷᠠᠮ ᠠᠴᠠ ᠢᠯᠡᠬᠦᠦ ᠲᠠᠪᠤᠰᠤ ᠡᠳ᠋ᠯᠡᠬᠦ ᠦᠭᠡᠢ ᠪᠠᠶᠢᠪᠠᠯ ᠰᠠᠶᠢᠨ᠂ ᠡᠳᠤᠷ ᠪᠦᠷᠢ ᠲᠠᠪᠤᠰᠤ ᠶᠢ 5  ᠭᠷᠠᠮ ᠤᠨ ᠲᠤᠳᠤᠷ᠎ᠠ ᠡᠳ᠋ᠯᠡᠪᠡᠯ ᠪᠡᠶ᠎ᠡ ᠴᠤᠭᠴᠠ ᠶᠢᠨ ᠬᠡᠷᠡᠭᠴᠡᠭᠡ ᠶᠢ ᠬᠦᠢᠴᠡᠳ ᠬᠠᠩᠭᠠᠵᠤ ᠲᠡᠶᠢᠯᠦᠨ᠎ᠡ ᠭᠡᠵᠤ ᠰᠠᠨᠠᠭᠤᠯᠤᠭᠰᠠᠨ ᠪᠠᠶᠢᠳᠠᠭ᠃ ᠲᠤᠮᠳᠠᠳᠤ ᠤᠯᠤᠰ ᠤᠨ ᠰᠢᠮ᠎ᠡ ᠲᠡᠵᠢᠭᠡᠯ ᠤᠨ ᠨᠡᠶᠢᠭᠡᠮᠯᠢᠭ ᠠᠴᠠ᠂ ᠤᠳᠤᠬᠠᠨ ᠳᠤ ᠮᠠᠨ ᠤ ᠤᠯᠤᠰ ᠪᠤᠯ ᠲᠡᠯᠡᠭᠡᠢ ᠲᠡᠭᠡᠷᠡᠬᠢ ᠲᠠᠪᠤᠰᠤ ᠶᠢ ᠬᠠᠮᠤᠭ ᠠᠴᠠ ᠢᠯᠡᠬᠦᠦ ᠡᠳ᠋ᠯᠡᠵᠤ ᠪᠠᠶᠢᠭ᠎ᠠ ᠤᠯᠤᠰ ᠤᠨ ᠨᠢᠭᠡ ᠮᠦᠨ᠂ 2012 ᠤᠨ   ᠳᠤ ᠮᠠᠨ ‍ᠣ‌ᠤᠯᠤᠰ ᠤᠨ 18 ᠨᠠᠰᠤᠨ ᠤ ᠪᠠ 18 ᠨᠠᠰᠤ ᠠᠴᠠ ᠲᠡᠭᠡᠭᠰᠢᠬᠢ ᠰᠠᠭᠤᠭᠠᠯᠢ ᠠᠷᠠᠳ ᠤᠨ ᠡᠳᠤᠷ ᠪᠦᠷᠢ ᠶᠢᠨ ᠲᠠᠪᠤᠰᠤ ᠡᠳ᠋ᠯᠡᠬᠦ‌‍ᠲ᠋ᠤᠮᠳᠠᠴᠢ ᠬᠡᠮᠵᠢᠶ᠎ᠡ ᠨᠢ 10.5 ᠭᠷᠠᠮ ᠳᠤ ᠬᠦᠷᠴᠦ᠂ ᠰᠠᠨᠠᠭᠤᠯᠤᠭᠰᠠᠨ 6 ᠭᠷᠠᠮ ᠠᠴᠠ 75% ᠪᠠᠷ ᠲᠠᠪᠠᠪᠠ ᠭᠡᠵᠤ ᠵᠢᠭᠠᠵᠤ ᠭᠠᠷᠭᠠᠵᠠᠢ᠃ ᠢᠯᠠᠩᠭᠤᠶ᠎ᠠ ᠵᠠᠷᠢᠮ ᠨᠠᠰᠤᠲᠠᠶᠢᠴᠤᠳ ᠨᠠᠰᠤ ᠠᠬᠢᠵᠤ᠂ ᠠᠮᠳᠠ ᠶᠢᠨ  ᠰᠡᠷᠡᠯ   ᠨᠢ  ᠮᠠᠭᠤᠳᠠᠭᠰᠠᠨ   ᠠᠴᠠ  ᠬᠤᠭᠤᠯᠠ‌‍ᠪᠤᠳᠠᠭ᠎ᠠ ᠬᠢᠬᠦ ᠳᠡᠭᠡᠨ ᠲᠠᠪᠤᠰᠤ ᠴᠢᠩᠭ᠎ᠠ ᠬᠢᠳᠡᠭ᠃ ᠲᠡᠬᠡᠪᠡᠯ ᠲᠠᠪᠤᠰᠤ ᠶᠢ ᠬᠡᠳᠤ ᠶᠡᠭᠡ ᠡᠳ᠋ᠯᠡᠬᠦ ᠨᠢ ᠶᠠᠮᠠᠷ ᠬᠤᠤᠷ ᠬᠦᠨᠦᠭᠡᠯ ᠲᠠᠢ ᠪᠤᠢ︖ ᠨᠠᠲᠷᠢ ᠢᠶᠤᠨ ᠪᠤᠯ ᠲᠠᠪᠤᠰᠤᠨ‌‍ᠣ ᠭᠤᠤᠯ ᠪᠦᠷᠢᠯᠳᠦᠬᠦᠨ ᠤ ᠨᠢᠭᠡ᠂ ᠲᠤᠮᠳᠠᠳᠤ ᠤᠯᠤᠰ ᠤᠨ ᠰᠢᠮ᠎ᠡ ᠲᠡᠵᠢᠭᠡᠯ ᠤᠨ ᠨᠡᠶᠢᠭᠡᠮᠯᠢᠭ ᠠᠴᠠ ᠵᠢᠭᠠᠵᠤ ᠭᠠᠷᠭᠠᠭᠰᠠᠨ‌ᠨᠢ᠂ ᠬᠦᠮᠦᠨ ᠤ ᠪᠡᠶ᠎ᠡ ᠳᠠᠬᠢ ᠨᠠᠲᠷᠢ ᠤᠨ ᠬᠡᠮᠵᠢᠶ᠎ᠡ ᠠᠬᠠᠳᠠᠬᠤ ᠨᠢ ᠴᠢᠰᠦᠨ ᠲᠠᠷᠤᠯᠲᠠ ᠦᠨᠳᠤᠷᠵᠢᠬᠦ ᠪᠠ ᠵᠢᠷᠦᠭᠡ ᠴᠢᠰᠦᠨ‌‍ᠰᠤᠳᠠᠯ ᠤᠨ ᠡᠪᠡᠳᠴᠢᠨ᠂ ᠬᠤᠳᠤᠭᠤᠳᠤᠨ ᠦᠮᠡᠨ ᠵᠡᠷᠭᠡ ᠡᠪᠡᠳᠴᠢᠨ  ᠳᠤ ᠨᠡᠷᠪᠡᠭᠳᠡᠬᠦ ᠴᠢᠬᠤᠯᠠ ᠰᠢᠯᠲᠠᠭᠠᠨ ᠪᠤᠯᠵᠤ᠂ ᠨᠢᠭᠡᠨᠲᠡ ᠮᠠᠨ ᠤ ᠤᠯᠤᠰ ᠤᠨ ᠰᠠᠭᠤᠭᠠᠯᠢ ᠠᠷᠠᠳ ᠤᠨ ᠡᠷᠡᠬᠦᠯ ᠮᠡᠨᠳᠤ ᠪᠠ ᠨᠠᠰᠤᠨ ᠬᠤᠳᠤᠭ ᠢ ᠨᠦᠯᠦᠭᠡᠯᠡᠵᠤ  ᠪᠠᠶᠢᠭ᠎ᠠ  ᠬᠠᠮᠤᠷᠬᠤ‌‍ᠬᠡᠪᠴᠢᠶ᠎ᠡ ᠪᠠᠷ ᠦᠷᠭᠡᠨ ᠡᠷᠡᠬᠦᠯ ᠮᠡᠨᠳᠤ ᠶᠢᠨ ᠲᠠᠯᠳᠠ ᠭᠡᠮ ᠪᠤᠯᠤᠭᠰᠠᠨ ᠪᠠᠶᠢᠨ᠎ᠠ᠃ 2017 ᠤᠨ ᠤ 7 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠠᠷᠬᠠᠭᠠᠭᠰᠠᠨ︽ᠤᠯᠤᠰ ᠠᠷᠠᠳ ᠤᠨ ᠰᠢᠮ᠎ᠡ ᠲᠡᠵᠢᠭᠡᠯ ᠤᠨ ᠲᠦᠯᠦᠪᠯᠡᠭᠡ (2017-2030 ᠤᠨ)︾ ᠳᠤ᠂ 2030 ᠤᠨ ᠪᠤᠯᠬᠤ ᠳᠤ ᠪᠦᠬᠦ ᠤᠯᠤᠰ ᠤᠨ ᠬᠦᠮᠦᠨ ᠲᠤᠮᠳᠠᠴᠢ ᠶᠢᠨ ᠡᠳᠤᠷ ᠪᠦᠷᠢ ᠡᠳ᠋ᠯᠡᠬᠦ ᠲᠠᠪᠤᠰᠤᠨ ᠤ ᠬᠡᠮᠵᠢᠶ᠎ᠡ ᠢ 20%   ᠪᠠᠷ  ᠪᠠᠭᠤᠷᠠᠭᠤᠯᠬᠤ‌ᠬᠠᠷᠠᠯᠲᠠ ᠶᠢ ᠪᠡᠶᠡᠯᠡᠬᠦᠯᠦᠨ᠎ᠡ ᠭᠡᠵᠤ ᠲᠤᠷᠠᠳᠤᠨ ᠭᠠᠷᠭᠠᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ  ᠲᠢᠩᠬᠢᠮ   ᠤᠨ  ᠮᠦᠨ  2017  ᠤᠨ   ᠳᠤ  ᠲᠠᠷᠬᠠᠭᠠᠭᠰᠠᠨ︽ᠲᠤᠮᠳᠠᠳᠤ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠲᠤᠮᠳᠠ ᠤᠷᠳᠤ  ᠬᠤᠭᠤᠴᠠᠭᠠᠨ ᠤ ᠲᠦᠯᠦᠪᠵᠢᠬᠦᠯᠦᠯᠭᠡ (2017—2025 ᠤᠨ)︾ ᠶᠢ ᠦᠨᠳᠦᠰᠦᠯᠡᠪᠡᠯ᠂ ᠮᠠᠨ  ᠤ ᠤᠯᠤᠰ ᠤᠨ ᠬᠦᠮᠦᠨ ᠲᠤᠮᠳᠠᠴᠢ ᠶᠢᠨ ᠡᠳᠤᠷ ᠪᠦᠷᠢ ᠡᠳ᠋ᠯᠡᠬᠦ ᠲᠠᠪᠤᠰᠤᠨ ᠤ ᠬᠡᠮᠵᠢᠶ᠎ᠡ ᠶᠢ ᠤᠳᠤ ᠶᠢᠨ 10.5g  ᠤᠨ ᠰᠠᠭᠤᠷᠢ ᠲᠦᠪᠰᠢᠨ  ᠲᠡᠭᠡᠷ᠎ᠡ  2020  ᠤᠨ‌‍ᠪᠤᠯᠬᠤ ᠳᠤ 10% ᠪᠠᠷ ᠪᠠᠭᠤᠷᠠᠭᠤᠯᠤᠨ᠂ 2025 ᠤᠨ ᠪᠤᠯᠬᠤ ᠳᠤ 15% ᠪᠠᠷ ᠪᠠᠭᠤᠷᠠᠭᠤᠯᠬᠤ ᠪᠠᠷ ᠪᠠᠶᠢᠨ᠎ᠠ᠃  ᠦᠨᠡᠨ‌‍ᠳᠡᠭᠡᠨ᠂ ᠪᠠᠷᠤᠭ ᠪᠦᠬᠦ ᠲᠡᠯᠡᠭᠡᠢ ᠶᠢᠨ ᠬᠠᠭᠠᠰ ᠢᠯᠡᠬᠦᠦ ᠤᠯᠤᠰ ᠨᠢᠭᠡᠨᠲᠡ ᠪᠦᠬᠦ ᠤᠯᠤᠰ ᠤᠨ ᠴᠢᠨᠠᠷᠲᠠᠢ ᠲᠠᠪᠤᠰᠤ ᠪᠠᠭᠠᠰᠬᠠᠬᠤ ᠵᠢᠭᠠᠯᠲᠠ ᠪᠤᠶᠤ ᠠᠵᠢᠯᠯᠠᠭ᠎ᠠ ᠪᠠᠨ ᠡᠬᠢᠯᠡᠬᠦᠯᠦᠭᠡᠳ  ᠪᠠᠶᠢᠨ᠎ᠠ᠃ ᠲᠤᠮᠳᠠᠳᠤ  ᠤᠯᠤᠰ ᠤᠨ ᠡᠪᠡᠳᠴᠢᠨ ᠡᠮᠭᠡᠭ  ᠰᠡᠷᠭᠡᠶᠢᠯᠡᠨ‌ᠡᠵᠡᠮᠳᠡᠬᠦ ᠲᠦᠪ ᠤᠨ ᠰᠢᠮ᠎ᠡ ᠲᠡᠵᠢᠭᠡᠯ ᠪᠠ ᠡᠷᠡᠬᠦᠯ ᠮᠡᠨᠳᠤ ᠶᠢᠨ ᠭᠠᠵᠠᠷ ᠤᠨ ᠢᠳᠡᠭᠡᠨ ᠤ ᠰᠢᠮ᠎ᠡ ᠲᠡᠵᠢᠭᠡᠯ ᠳᠤ ᠦᠨᠡᠯᠡᠯᠲᠡ ᠬᠢᠬᠦ ᠲᠠᠰᠤᠭ ᠤᠨ ᠡᠷᠬᠢᠯᠡᠭᠴᠢ ᠸᠠᠩ ᠵᠦ ᠶᠢᠨ ᠲᠠᠨᠢᠯᠴᠠᠭᠤᠯᠤᠭᠰᠠᠨ ᠢᠶᠠᠷ᠂ ᠹᠢᠨᠯᠠᠨᠳ᠋᠂ ᠠᠩᠭ᠍ᠯᠢ᠂ ᠠᠦ᠋ᠰᠲᠷᠠᠯᠢᠶ᠎ᠠ ᠵᠡᠷᠭᠡ ᠤᠯᠤᠰ ᠤᠨ ᠲᠠᠪᠤᠰᠤ ᠪᠠᠭᠠᠰᠬᠠᠬᠤ ᠠᠵᠢᠯᠯᠠᠭ᠎ᠠ ᠨᠢ ᠨᠢᠭᠡᠨᠲᠡ ᠠᠩᠬ᠎ᠠ ᠠᠯᠬᠤᠮ ᠦᠷ᠎ᠡ ᠪᠦᠲᠦᠭᠡᠯ ᠤᠯᠵᠠᠢ᠃ ︽ᠲᠠᠪᠤᠰᠤ ᠪᠠᠭᠠᠰᠬᠠᠬᠤ︾ ᠶᠢᠨ ᠡᠪᠡᠳᠴᠢᠨ ᠡᠮᠭᠡᠭ ᠲᠤ ᠨᠡᠷᠪᠡᠭᠳᠡᠬᠦ ᠨᠤᠷᠮ᠎ᠠ᠂ ᠡᠮᠴᠢᠯᠡᠭᠡᠨ ᠤ ᠦᠪᠡᠷ ᠤᠨ ᠦᠷᠲᠡᠭ ᠪᠠ ᠵᠠᠷᠤᠳᠠᠯ  ᠢ ᠪᠠᠭᠠᠰᠬᠠᠬᠤ ᠦᠢᠯᠡᠳᠦᠯ ᠢ ᠴᠢᠬᠤᠯᠠᠴᠢᠯᠠᠨ ᠦᠵᠡᠬᠦ ᠬᠡᠷᠡᠭᠲᠠᠢ᠃  ᠶᠠᠩ ᠶᠤᠸᠠᠢ ᠰᠢᠨ ᠤ ᠬᠡᠯᠡᠬᠦ ᠪᠠᠷ᠂ ᠲᠠᠪᠤᠰᠤ ᠡᠳ᠋ᠯᠡᠬᠦ  ᠬᠡᠮᠵᠢᠶ᠎ᠡ ᠶᠢ ᠪᠠᠭᠠᠰᠬᠠᠬᠤ ᠨᠢ ᠴᠢᠰᠦᠨ ᠲᠠᠷᠤᠯᠲᠠ ᠶᠢ ᠪᠠᠭᠤᠷᠠᠭᠤᠯᠬᠤ ᠦᠢᠯᠡᠳᠦᠯ ᠲᠠᠢ᠂ ᠬᠦᠮᠦᠨ ᠪᠦᠷᠢ ᠡᠳᠤᠷ ᠲᠤ 6 ᠭᠷᠠᠮ ᠲᠠᠪᠤᠰᠤ ᠲᠤᠳᠠᠭᠤ  ᠡᠳ᠋ᠯᠡᠪᠡᠯ᠂  ᠴᠢᠰᠦᠨ  ᠲᠠᠷᠤᠯᠲᠠ‌ᠦᠨᠳᠤᠷᠵᠢᠬᠦ ᠡᠪᠡᠳᠴᠢᠨ ᠳᠤ ᠨᠡᠷᠪᠡᠭᠳᠡᠬᠦ ᠨᠤᠷᠮ᠎ᠠ ᠨᠢ 7 ᠵᠠᠭᠤᠨ ᠤ ᠨᠢᠭᠡᠴᠢ ᠪᠠᠭᠤᠷᠠᠵᠤ᠂ 24% ᠶᠢᠨ ᠰᠠ ᠡᠪᠡᠳᠴᠢᠨ  ᠪᠠ18% ᠶᠢᠨ ᠲᠢᠳᠢᠮ ᠵᠢᠷᠤᠭᠡᠨ ᠡᠪᠡᠳᠴᠢᠨ ᠢ ᠪᠠᠭᠠᠰᠬᠠᠵᠤ ᠲᠡᠶᠢᠯᠦᠨ᠎ᠡ᠃ ᠲᠡᠷᠡ ᠬᠡᠯᠡᠬᠦ ᠳᠡᠭᠡᠨ᠄ ︽ᠮᠠᠨ ᠤ ᠤᠯᠤᠰ ᠢᠶᠠᠷ ᠠᠪᠴᠦ ᠬᠡᠯᠡᠪᠡᠯ᠂ ᠵᠢᠯ  ᠪᠦᠷᠢ 36 ᠲᠦᠮᠡᠨ ᠬᠦᠮᠦᠨ ᠢ ᠰᠠ‌ᠡᠪᠡᠳᠴᠢᠨ ᠪᠠ ᠲᠢᠳᠢᠮ ᠵᠢᠷᠦᠭᠡᠨ ᠡᠪᠡᠳᠴᠢᠨ ᠢᠶᠠᠷ ᠦᠬᠦᠬᠦ ᠠᠴᠠ ᠵᠠᠶᠢᠯᠠᠭᠤᠯᠵᠤ᠂ 150  ᠳ᠋ᠦᠩᠰᠢᠭᠤᠷ  ᠲᠦᠬᠦᠷᠢᠭ  ᠡᠴᠠ‌‍ᠲ᠋ᠡᠭᠡᠭᠰᠢᠬᠢ ᠰᠢᠭᠤᠳ ᠡᠮᠴᠢᠯᠡᠭᠡᠨ ᠤ ᠦᠪᠡᠷ ‍ᠤᠨ‌ᠦᠷᠲᠡᠭ  ᠢ ᠪᠠᠭᠠᠰᠬᠠᠵᠤ ᠪᠤᠯᠤᠨ᠎ᠠ᠃ ᠪᠦᠬᠦ ᠤᠯᠤᠰ ᠤᠨ ᠴᠢᠰᠦᠨ ᠲᠠᠷᠤᠯᠲᠠ‌ᠦᠨᠳᠤᠷᠵᠢᠬᠦ ᠡᠪᠡᠳᠴᠢᠨ ᠳᠤ ᠨᠡᠷᠪᠡᠭᠳᠡᠭᠰᠡᠳ ᠤᠨ ᠲᠤᠭ᠎ᠠ ᠶᠢ 3 ᠮᠢᠩᠭᠠᠨ ᠲᠦᠮᠡ ᠪᠠᠭᠠᠰᠬᠠᠵᠤ ᠪᠤᠯᠤᠨ᠎ᠠ︾ ᠭᠡᠵᠠᠢ᠃
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号