ᠰᠢᠨ᠎ᠡ ᠪᠠᠷᠭᠤ ᠵᠡᠭᠦᠨ ᠬᠤᠰᠢᠭᠤ ᠪᠤᠯᠤᠨ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ 32107 ᠴᠡᠷᠢᠭ ᠠᠩᠬᠢ ᠶᠢᠨ ᠬᠠᠮᠳᠤ ᠶᠢᠨ ᠪᠦᠳᠦᠬᠡᠨ ᠪᠠᠶᠢᠭᠤᠯᠤᠯᠳᠠ ᠰᠢᠨ᠎ᠡ ᠨᠢᠬᠡᠨ ᠲᠠᠪᠴᠠᠩ ᠲᠤ ᠭᠠᠷᠤᠭᠰᠠᠨ
ᠨᠡᠶᠢᠲᠡᠯᠡᠭᠰᠡᠨ ᠴᠠᠭ᠄
2018/6/8
     6 ᠰᠠᠷᠠᠶᠢᠨ 3 ᠤ ᠡᠳᠦᠷ᠂ ︽ᠬᠤᠤᠰ ᠬᠦᠷᠢᠶᠡᠯᠡᠯ ᠤᠨ ᠮᠠᠯᠵᠢᠯ ᠤᠨ ᠲᠠᠯᠠᠪᠠᠢ︾ ᠪᠠᠶᠢᠭᠤᠯᠤᠭᠳᠠᠬᠤ ᠶᠤᠰᠤᠯᠠᠯ ᠶᠠᠪᠤᠭᠳᠠᠵᠦ᠂ 32107 ᠴᠡᠷᠢᠭ ᠠᠩᠬᠢ ᠶᠢᠨ ᠲᠠᠷᠤᠭ᠎ᠠ ᠸᠠᠩ ᠵᠧᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠲᠠᠷᠤᠭ᠎ᠠ ᠬᠠᠢ ᠴᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠼᠤᠤ ᠹᠧᠩ ᠰᠤᠷᠪᠤᠯᠵᠢᠯᠠᠭᠴᠢ ᠶᠢᠨ ᠦᠢᠯᠠᠭᠠᠭᠰᠠᠨ ᠢᠶᠠᠷ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠳᠤ ᠨᠠᠮ ᠵᠠᠰᠠᠭ ᠴᠡᠷᠢᠭ ᠠᠷᠠᠳ ᠬᠦᠴᠦ ᠬᠠᠮᠳᠤᠷᠠᠨ ᠬᠢᠯᠢ ᠪᠠᠨ ᠬᠦᠴᠦᠷᠬᠡᠭᠵᠢᠬᠦᠯᠦᠨ ᠪᠠᠬᠢᠵᠢᠬᠦᠯᠬᠦ ᠵᠢᠭᠠᠪᠤᠷᠢ ᠶᠢᠨ ᠱᠠᠭᠠᠷᠳᠠᠯᠭ᠎ᠠ ᠶᠢ ᠲᠠᠷᠦ᠋ᠢᠬᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠠᠳᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠤᠰᠢᠭᠤᠨ ᠤ ᠪᠤᠲᠠᠲᠠᠢ ᠪᠠᠶᠢᠳᠠᠯ ᠪᠠ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠦᠮᠴᠢᠯᠡᠯᠳᠦ ᠬᠠᠨᠳᠠᠭᠠᠢ ᠶᠢᠨ ᠰᠢᠭᠤᠢ ᠶᠢᠨ ᠲᠠᠯᠠᠪᠠᠢ ᠶᠢᠨ ᠰᠢᠭᠤᠢ ᠶᠢᠨ ᠵᠠᠪᠰᠠᠷ ᠤᠨ 5500 ᠮᠤ᠋ ᠲᠠᠯᠠᠪᠠᠢ ᠪᠦᠬᠦᠢ ᠨᠤᠲᠤᠭ ᠪᠡᠯᠴᠢᠬᠡᠷ ᠢ ᠠᠰᠢᠭᠯᠠᠨ᠂ ︽ᠬᠤᠤᠰ ᠬᠦᠷᠢᠶᠡᠯᠡᠯ ᠤᠨ ᠮᠠᠯᠵᠢᠯ ᠤᠨ ᠲᠠᠯᠠᠪᠠᠢ︾ ᠪᠠᠶᠢᠭᠤᠯᠵᠦ᠂ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ‌‍ᠤᠨ 32107 ᠴᠡᠷᠢᠭ ᠠᠩᠬᠢ ᠳᠤ ᠦᠨ᠎ᠡ ᠲᠦᠯᠦᠪᠦᠷᠢ ᠦᠬᠡᠢ ᠬᠡᠷᠡᠭᠯᠡᠬᠦᠯᠬᠦ ᠶᠢᠨ ᠬᠠᠮᠳᠤ ᠮᠠᠯᠵᠢᠯ ᠤᠨ ᠲᠠᠯᠠᠪᠠᠢ ᠳᠤ 20 ᠦᠬᠡᠷ᠂ 100 ᠬᠤᠨᠢ᠂ ᠰᠢᠯᠵᠢᠮᠡᠯ ᠲᠡᠷᠬᠡ᠂ ᠰᠢᠯᠵᠢᠮᠡᠯ ᠫᠧᠩ ᠰᠠᠷᠠᠪᠴᠢ ᠪᠠ ᠨᠢᠬᠡ ᠢᠵᠢ ᠬᠤᠳᠳᠤᠭ ᠬᠠᠩᠭᠠᠨ ᠦᠭᠴᠦ᠂ ᠴᠡᠷᠢᠭ ᠪᠠᠶᠢᠯᠳᠤᠭᠴᠢᠳ ᠲᠤ ᠬᠦᠴᠦᠨ ᠪᠦᠬᠦᠢ ᠠᠷᠤ ᠲᠠᠯ᠎ᠠ ᠶᠢᠨ ᠪᠠᠳᠤᠯᠠᠭ᠎ᠠ ᠬᠠᠩᠭᠠᠨ ᠦᠭᠬᠦ ᠶᠢ ᠵᠤᠷᠢᠵᠠᠢ᠃      ᠦᠢᠷ᠎ᠠ ᠶᠢᠨ ᠵᠢᠯ ᠠᠴᠠ ᠨᠠᠰᠢ᠂ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ 32107 ᠴᠡᠷᠢᠭ ᠠᠩᠬᠢ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠠᠢ ᠨᠢᠭᠳᠠ ᠬᠠᠷᠢᠯᠴᠠᠨ ᠶᠠᠪᠤᠯᠴᠠᠵᠦ᠂ ᠬᠠᠮᠳᠤᠷᠠᠯᠴᠠᠨ ᠠᠵᠢᠯᠯᠠᠵᠦ᠂ ᠴᠡᠷᠢᠭ ᠠᠩᠬᠢ ᠪᠠ ᠤᠷᠤᠨ ᠨᠤᠲᠤᠭ ᠬᠠᠮᠳᠤᠪᠠᠷ ᠬᠠᠮᠠᠭᠠᠯᠠᠨ᠂ ᠬᠠᠮᠳᠤᠪᠠᠷ ᠬᠠᠮᠢᠶᠠᠷᠴᠦ ᠂ ᠴᠡᠷᠢᠭ ᠠᠷᠠᠳ ᠤᠶᠠᠯᠳᠤᠭᠰᠠᠨ ᠬᠠᠮᠳᠤ ᠶᠢᠨ ᠪᠦᠳᠦᠬᠡᠨ ᠪᠠᠶᠢᠭᠤᠯᠤᠯᠳᠠ ᠶᠢᠨ ᠬᠦᠭᠵᠢᠯᠳᠡ ᠶᠢᠨ ᠵᠠᠮ ᠢ ᠢᠳᠡᠪᠬᠢᠳᠡᠢ ᠡᠷᠢᠯᠬᠢᠯᠡᠵᠦ᠂ ︽ᠴᠡᠷᠢᠭ ᠠᠩᠬᠢ ᠪᠠ ᠤᠷᠤᠨ ᠨᠤᠲᠤᠭ ᠬᠠᠮᠳᠤᠷᠠᠯᠴᠠᠨ᠂ ᠴᠡᠷᠢᠭ ᠠᠷᠠᠳ ᠤᠶᠠᠯᠳᠤᠬᠤ︾ ᠬᠡᠯᠡᠯᠴᠡᠬᠡᠷ ᠤᠨ ᠪᠢᠴᠢᠭ ᠲᠤᠭᠳᠠᠬᠤ ᠪᠠᠷ ᠲᠠᠮᠵᠢᠨ᠂ ︽ᠮᠤᠩᠭᠤᠯ ᠬᠡᠷ ᠤᠨ ᠬᠠᠷᠠᠭᠤᠯ ᠤᠨ ᠭᠠᠵᠠᠷ︾ ᠬᠡᠬᠦ ᠬᠠᠮᠳᠤᠷᠠᠨ ᠰᠠᠬᠢᠨ ᠬᠠᠮᠠᠭᠠᠯᠠᠬᠤ ᠲᠤᠭᠳᠠᠴᠠ ᠵᠢᠴᠢ ᠲᠠᠭᠠᠯᠳᠤᠭᠰᠠᠨ ᠴᠡᠷᠢᠭ ᠠᠩᠬᠢ ᠪᠠ ᠤᠷᠤᠨ ᠨᠤᠲᠤᠭ ᠤᠨ ᠬᠠᠮᠳᠤᠷᠠᠭᠰᠠᠨ ᠬᠤᠷᠠᠯ ᠵᠡᠷᠬᠡ ᠲᠦᠷᠢᠮ ᠲᠤᠭᠳᠠᠭᠠᠯ ᠢ ᠪᠠᠶᠢᠭᠤᠯᠵᠦ᠂ ᠨᠠᠮ ᠵᠠᠰᠠᠭ ᠴᠡᠷᠢᠭ ᠠᠷᠠᠳ ᠤᠨ ᠬᠠᠮᠳᠤᠪᠠᠷ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠦ᠂ ᠬᠢᠯᠢ ᠬᠢᠵᠠᠭᠠᠷ ᠢᠶᠠᠨ ᠪᠦᠳᠦᠬᠡᠨ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠵᠦ᠂ 2017 ᠤᠨ ᠳᠤ ᠦᠪᠡᠷᠳᠡᠬᠡᠨ ᠵᠠᠰᠠᠬᠤ ᠤᠷᠤᠨ ᠤ ︽ᠬᠤᠶᠠᠷ ᠢ ᠬᠦᠷᠢᠶᠡᠯᠡᠨ ᠬᠠᠮᠳᠤᠪᠠᠷ ᠪᠠᠶᠢᠭᠤᠯᠬᠤ︾ ᠵᠢᠱᠢᠶ᠎ᠡ ᠦᠵᠡᠬᠦᠯᠬᠦ ᠬᠤᠰᠢᠭᠤ ᠪᠠᠷ ᠱᠠᠩᠨᠠᠨ ᠬᠦᠬᠢᠬᠦᠯᠦᠭᠳᠡᠵᠡᠢ᠃ ᠲᠠᠷᠠᠭ᠎ᠠ ᠠᠯᠬᠤᠮ ᠳᠤ ᠴᠡᠷᠢᠭ ᠠᠩᠬᠢ ᠪᠠ ᠤᠷᠤᠨ ᠨᠤᠲᠤᠭ ᠤᠨ ᠬᠢᠨ ᠬᠢᠯᠢ ᠬᠢᠵᠠᠭᠠᠷ ᠤᠨ ᠬᠦᠴᠦᠨ ᠤ ᠰᠢᠰᠲ᠋ᠧᠮ ᠢ ᠦᠷᠬᠦᠯᠵᠢᠯᠡᠨ ᠲᠡᠬᠦᠯᠳᠡᠷᠵᠢᠬᠦᠯᠵᠦ᠂ ᠬᠢᠯᠢ ᠬᠢᠵᠠᠭᠠᠷ ᠤᠨ ᠭᠠᠵᠠᠷ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠪᠠ ᠭᠠᠳᠠᠭᠠᠳᠤ ᠯᠤᠭ᠎ᠠ ᠶᠢᠨ ᠨᠡᠬᠡᠬᠡᠯᠳᠡ ᠶᠢ ᠲᠠᠰᠤᠷᠠᠯᠳᠠ ᠦᠬᠡᠢ ᠠᠬᠢᠭᠤᠯᠵᠦ᠂ ᠬᠢᠯᠢ ᠬᠢᠵᠠᠭᠠᠷ ᠤᠨ ᠭᠠᠵᠠᠷ ᠤᠷᠤᠨ ᠤ ᠠᠮᠤᠷ ᠲᠤᠭᠳᠠᠭᠤᠨ ᠪᠠ ᠴᠡᠭᠴᠡᠯᠡᠨ ᠬᠦᠭᠵᠢᠯᠳᠡ ᠶᠢ ᠬᠠᠮᠠᠭᠠᠯᠠᠨ᠂ ᠬᠢᠯᠢ ᠪᠠᠷ ᠰᠠᠬᠢᠵᠦ᠂ ᠬᠢᠯᠢ ᠪᠠᠨ ᠪᠠᠬᠢᠵᠢᠬᠦᠯᠬᠦ᠂ ᠴᠢᠯᠦᠬᠡᠳᠡᠢ ᠨᠡᠬᠡᠬᠡᠯᠳᠡ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ᠂ ᠬᠢᠯᠢ ᠪᠠᠷ ᠬᠦᠴᠦᠷᠬᠡᠭᠵᠢᠬᠦᠯᠦᠨ ᠠᠷᠠᠳ ᠢᠶᠠᠨ ᠴᠢᠨᠡᠬᠡᠯᠢᠭᠵᠢᠬᠦᠯᠬᠦ ᠵᠡᠷᠬᠡ ᠡᠯ᠎ᠡ ᠲᠦᠷᠦᠯ ᠤᠨ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠤᠷ ᠬᠢᠵᠦ᠂ ᠲᠡᠬᠡᠷ᠎ᠡ ᠱᠠᠳᠤᠨ ᠤ ᠨᠠᠮ ᠤᠨ ᠬᠤᠷᠢᠶ᠎ᠠ ᠪᠠ ᠴᠡᠷᠢᠭ ᠤᠨ ᠶᠠᠪᠤᠳᠠᠯ ᠤᠨ ᠬᠤᠷᠢᠶ᠎ᠠ ᠳᠤ ᠨᠢᠬᠡᠨ ᠬᠠᠨᠤᠮᠵᠢᠳᠠᠢ ᠬᠠᠷᠢᠭᠤᠯᠳᠠ ᠶᠢ ᠦᠭᠬᠦ ᠪᠤᠯᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号