ᠰᠢᠨ᠎ᠡ ᠪᠠᠷᠭᠤ ᠵᠡᠬᠦᠨ ᠬᠤᠰᠢᠭᠤᠨ ᠤ ᠫᠢᠩ ᠠᠨ ᠠᠳᠠᠯ ᠠᠬᠤᠢ ᠶᠢᠨ ᠺᠤᠮᠫᠠᠨᠢ ᠠᠩᠬᠠᠳᠠᠭᠴᠢ ᠤᠳᠠᠭᠠᠨ ᠤ ᠱᠠᠩᠨᠠᠨ ᠬᠦᠬᠢᠬᠦᠯᠬᠦ ᠶᠡᠭᠡ ᠬᠤᠷᠠᠯ ᠵᠢᠴᠢ 2018 ᠤᠨ ᠤ ᠰᠢᠨ᠎ᠡ ᠤᠨ ᠢᠶᠠᠨ ᠤᠭᠳᠤᠬᠤ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2018/7/11
     1 ᠰᠠᠷᠠᠶᠢᠨ 20 ᠤ ᠡᠳᠦᠷ᠂ ᠰᠢᠨ᠎ᠡ ᠪᠠᠷᠭᠤ ᠵᠡᠬᠦᠨ ᠬᠤᠰᠢᠭᠤᠨ ᠤ ᠫᠢᠩ ᠠᠨ ᠠᠳᠠᠯ ᠠᠬᠤᠢ ᠶᠢᠨ ᠦᠢᠯᠡᠰ ᠤᠨ ᠦᠢᠯᠡᠴᠢᠯᠡᠬᠡᠨ ᠤ ᠬᠢᠵᠠᠭᠠᠷᠳᠦ ᠺᠤᠮᠫᠠᠨᠢ ᠠᠩᠬᠠᠳᠠᠭᠴᠢ ᠤᠳᠠᠭᠠᠨ ᠤ ᠱᠠᠩᠨᠠᠨ ᠬᠦᠬᠢᠬᠦᠯᠬᠦ ᠶᠡᠭᠡ ᠬᠤᠷᠠᠯ ᠵᠢᠴᠢ 2018 ᠤᠨ ᠤ ᠰᠢᠨ᠎ᠡ ᠤᠨ ᠢᠶᠠᠨ ᠤᠭᠳᠤᠬᠤ ᠬᠤᠷᠠᠯ ᠬᠤᠷᠠᠯᠳᠤᠭᠤᠯᠵᠦ᠂ ᠬᠦᠯᠦᠨ ᠪᠤᠶᠢᠷ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠵᠦᠪᠯᠡᠯ᠂ ᠬᠤᠰᠢᠭᠤᠨ ᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶᠠᠨ ᠤ ᠬᠠᠮᠢᠶᠠᠳᠠᠢ ᠬᠠᠷᠢᠭᠤᠴᠠᠯᠭᠠᠳᠠᠳ ᠵᠢᠴᠢ ᠬᠤᠰᠢᠭᠤᠨ ᠤ ᠰᠤᠶᠤᠯ ᠤᠨ ᠤᠷᠳᠤᠨ ᠤ ᠮᠤᠷᠢᠨ ᠬᠤᠭᠤᠷ  ᠤᠨ ᠠᠩᠬᠢ᠂ ᠪᠠᠷᠭᠤ ᠦᠨᠳᠦᠰᠦᠳᠡᠨ ᠤ ᠪᠦᠵᠢᠭ ᠤᠨ ᠠᠩᠬᠢ ᠵᠡᠷᠬᠡ ᠬᠠᠮᠢᠶᠠᠳᠠᠢ ᠬᠦᠮᠦᠰ ᠬᠤᠷᠠᠯ ᠳᠤ ᠤᠷᠤᠯᠴᠠᠵᠠᠢ᠃      ᠰᠢᠨ᠎ᠡ ᠤᠨ ᠢᠶᠠᠨ ᠤᠭᠳᠤᠬᠤ ᠬᠤᠷᠠᠯ ᠳᠤ ᠶᠠᠭᠤᠨ ᠤ ᠤᠷᠢᠳᠠ ᠤᠯᠠᠨ ᠪᠦᠬᠦᠳᠡ ᠳᠤ ᠫᠢᠩ ᠠᠨ ᠠᠳᠠᠯ ᠠᠬᠤᠢ ᠶᠢᠨ ᠦᠢᠯᠡᠰ ᠤᠨ ᠺᠤᠮᠫᠠᠨᠢ ᠶᠢᠨ ᠤᠬᠠᠭᠤᠯᠭ᠎ᠠ ᠶᠢᠨ ᠹᠢᠯᠢᠮ ᠢ ᠰᠤᠨᠢᠷᠬᠠᠭᠤᠯᠵᠦ᠂ ᠺᠤᠮᠫᠠᠨᠢ ᠶᠢᠨ ᠠᠵᠢᠯ ᠤᠨ ᠦᠵᠡᠯᠳᠡ ᠵᠤᠷᠢᠯᠳᠠ᠂ ᠺᠤᠮᠫᠠᠨᠢ ᠶᠢᠨ ᠪᠠᠶᠢᠭᠤᠯᠤᠭᠳᠠᠭᠰᠠᠨ ᠴᠠᠭ᠂ ᠦᠢᠯᠡᠴᠢᠯᠡᠬᠡᠨ ᠤ ᠲᠠᠯᠠᠪᠠᠢ ᠵᠡᠷᠬᠡ ᠬᠠᠮᠢᠶᠠᠳᠠᠢ ᠪᠠᠶᠢᠳᠠᠯ ᠢ ᠤᠬᠠᠭᠤᠯᠤᠨ ᠲᠠᠨᠢᠯᠴᠠᠭᠤᠯᠵᠠᠢ᠃ᠫᠢᠩ ᠠᠨ ᠠᠳᠠᠯ ᠠᠬᠤᠢ ᠶᠢᠨ ᠦᠢᠯᠡᠰ ᠤᠨ ᠺᠤᠮᠫᠠᠨᠢ ᠶᠢᠨ ᠬᠠᠤᠯᠢ ᠶᠢᠨ ᠡᠳᠡᠬᠡᠳ᠂ ᠶᠡᠷᠦᠩᠬᠡᠢ ᠵᠠᠬᠢᠷᠤᠯ ᠯᠢ ᠢᠦᠢ ᠶᠠᠷᠢᠶ᠎ᠠ ᠲᠠᠯᠪᠢᠵᠦ᠂ ᠨᠡᠶᠢᠬᠡᠮ ᠤᠨ ᠡᠯ᠎ᠡ ᠡᠳᠡᠬᠡᠳ ᠤᠨ ᠠᠳᠠᠯ ᠠᠬᠤᠢ ᠶᠢᠨ ᠺᠤᠮᠫᠠᠨᠢ ᠶᠢᠨ ᠶᠡᠭᠡ ᠬᠦᠴᠦᠨ ᠤ ᠲᠡᠮᠵᠢᠯᠬᠡ ᠳᠤ ᠲᠠᠯᠠᠷᠬᠠᠵᠦ ᠪᠠᠶᠢᠭ᠎ᠠ ᠰᠡᠳᠬᠢᠯᠬᠡ ᠪᠠᠨ ᠢᠯᠡᠳᠬᠡᠨ᠂ ᠰᠢᠨ᠎ᠡ ᠨᠢᠬᠡᠨ ᠵᠢᠯ ᠳᠤ ᠪᠠᠨ ᠺᠤᠮᠫᠠᠨᠢ ᠶᠢᠨ ᠠᠵᠢᠯᠳᠠᠳ ᠤᠨ ᠪᠤᠯᠪᠠᠰᠤᠷᠠᠯ ᠢ ᠴᠢᠩᠭᠠᠳᠬᠠᠵᠦ᠂ ᠲᠤᠰᠬᠠᠢ ᠮᠡᠷᠬᠡᠵᠢᠯ ᠤᠨ ᠴᠢᠳᠠᠪᠬᠢ ᠶᠢ ᠲᠡᠬᠡᠭᠰᠢᠯᠡᠬᠦᠯᠦᠨ᠂ ᠬᠠᠮᠢᠶᠠᠷᠤᠯᠳᠠ ᠶᠢᠨ ᠴᠢᠳᠠᠪᠬᠢ ᠪᠠ ᠦᠢᠯᠡᠴᠢᠯᠡᠬᠡᠨ ᠤ ᠶᠠᠰᠤ ᠴᠢᠨᠠᠷ ᠢ ᠨᠡᠮᠡᠭᠳᠡᠬᠦᠯᠦᠨ᠂ ᠰᠢᠨ᠎ᠡ ᠪᠠᠷᠭᠤ ᠵᠡᠬᠦᠨ ᠬᠤᠰᠢᠭᠤᠨ ᠤ ᠠᠳᠠᠯ ᠠᠬᠤᠢ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠪᠠᠨ ᠦᠵᠡᠬᠦᠯᠦᠨ᠎ᠡ ᠬᠡᠪᠡ᠃      ᠬᠦᠯᠦᠨ ᠪᠤᠶᠢᠷ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠵᠦᠪᠯᠡᠯ ᠤᠨ ᠬᠠᠮᠢᠶᠠᠳᠠᠢ ᠤᠳᠤᠷᠢᠳᠤᠯᠭ᠎ᠠ ᠠᠴᠠ ᠰᠢᠨ᠎ᠡ ᠵᠢᠯ ᠤᠨ ᠪᠠᠶᠠᠷ ᠤᠨ ᠶᠠᠷᠢᠶ᠎ᠠ ᠲᠠᠯᠪᠢᠵᠦ᠂ ᠰᠢᠨ᠎ᠡ ᠪᠠᠷᠭᠤ ᠵᠡᠬᠦᠨ ᠬᠤᠰᠢᠭᠤᠨ ᠤ ᠫᠢᠩ ᠠᠨ ᠠᠳᠠᠯ ᠠᠬᠤᠢ ᠶᠢᠨ ᠦᠢᠯᠡᠰ ᠤᠨ ᠺᠤᠮᠫᠠᠨᠢ ᠶᠢᠨ ᠤᠯᠤᠭᠰᠠᠨ ᠠᠮᠵᠢᠯᠳᠠ ᠪᠦᠳᠦᠮᠵᠢ ᠳᠤ ᠦᠨᠳᠦᠷ ᠦᠨᠡᠯᠯᠡᠳᠡ ᠦᠭᠴᠦ᠂ ᠺᠤᠮᠫᠠᠨᠢ ᠶᠢᠨ ᠬᠦᠭᠵᠢᠯᠳᠡ ᠳᠤ ᠰᠠᠶᠢᠨ ᠰᠠᠶᠢᠬᠠᠨ ᠵᠦᠩᠨᠡᠯ ᠢᠶᠠᠨ ᠲᠡᠪᠰᠢᠬᠦᠯᠦᠭᠰᠡᠨ ᠪᠠᠶᠢᠨ᠎ᠠ᠃ ᠬᠤᠷᠠᠯ ᠳᠤ ᠲᠡᠷᠢᠬᠦᠨ ᠤ ᠰᠢᠨ᠎ᠡ ᠬᠦᠮᠦᠨ᠂ ᠲᠡᠷᠢᠬᠦᠨ ᠤ ᠠᠵᠢᠯ ᠦᠢᠯᠡᠰ ᠢᠶᠠᠨ ᠡᠷᠬᠢᠮᠨᠡᠭᠴᠢ ᠪᠠ ᠰᠢᠯᠢᠳᠡᠭ ᠴᠡᠪᠡᠷᠯᠡᠭᠴᠢ ᠶᠢ ᠱᠠᠩᠨᠠᠨ ᠬᠦᠬᠢᠬᠦᠯᠵᠡᠢ᠃      ᠠᠵᠢᠯᠯᠠᠭ᠎ᠠ ᠳᠤ᠂ ᠨᠡᠬᠦᠳᠡᠯᠴᠢᠨ ᠤ ᠦᠯᠦᠬᠡᠢ ᠪᠠᠭᠠᠴᠤᠳ ᠬᠡᠤᠬᠡᠳ ᠤᠨ ᠤᠷᠠᠯᠢᠭ ᠤᠨ ᠪᠤᠯᠪᠠᠰᠤᠷᠠᠯ ᠤᠨ ᠲᠦᠪ᠂ ᠪᠠᠷᠭᠤ ᠦᠨᠳᠦᠰᠦᠳᠡᠨ ᠤ ᠪᠦᠵᠢᠭ ᠤᠨ ᠠᠩᠬᠢ᠂ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ᠂ ᠰᠤᠶᠤᠯ ᠤᠨ ᠤᠷᠳᠤᠨ ᠤ ᠲᠦᠮᠡᠨ ᠮᠤᠷᠢᠨ ᠬᠤᠭᠤᠷ ᠤᠨ ᠠᠩᠬᠢ ᠶᠢᠨ ᠲᠤᠭᠯᠠᠭᠴᠢᠳ ᠭᠤᠴᠤ ᠰᠠᠶᠢᠬᠠᠨ ᠤᠷᠠᠨ ᠰᠠᠶᠢᠬᠠᠨ ᠤ ᠲᠤᠭᠯᠠᠯᠳᠠ ᠪᠠᠨ ᠭᠠᠷᠭᠠᠵᠦ᠂ ᠫᠢᠩ ᠠᠨ ᠠᠳᠠᠯ ᠠᠬᠤᠢ ᠶᠢᠨ ᠦᠢᠯᠡᠰ ᠤᠨ ᠦᠢᠯᠡᠴᠢᠯᠡᠬᠡᠨ ᠤ ᠬᠢᠵᠠᠭᠠᠷᠳᠦ ᠺᠤᠮᠫᠠᠨᠢ ᠶᠢᠨ ᠠᠵᠢᠯᠳᠠᠳ ᠤᠨ ᠬᠦᠷᠬᠡᠭᠰᠡᠨ ᠲᠤᠭᠯᠠᠯᠳᠠ ᠨᠢ ᠨᠡᠩ ᠴᠤ ᠲᠤᠰ ᠡᠳᠦᠷ ᠤᠨ ᠠᠵᠢᠯᠯᠠᠭ᠎ᠠ  ᠳᠤ ᠤᠷᠬᠢᠯ ᠳᠤ ᠨᠢ ᠬᠦᠷᠬᠡᠵᠦ᠂ ᠫᠢᠩ ᠠᠨ ᠠᠳᠠᠯ ᠠᠬᠤᠢ ᠶᠢᠨ ᠦᠢᠯᠡᠴᠢᠯᠡᠬᠡᠨ ᠤ ᠺᠤᠮᠫᠠᠨᠢ ᠶᠢᠨ ᠠᠵᠢᠯᠳᠠᠳ ᠤᠨ ᠬᠠᠯᠠᠭᠤᠨ ᠰᠡᠳᠬᠢᠯᠳᠦ ᠦᠢᠯᠡᠴᠢᠯᠡᠭᠡ᠂ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠳᠤ ᠦᠢᠯᠡᠴᠢᠯᠡᠬᠦ ᠠᠵᠢᠯ ᠤᠨ ᠢᠳᠡᠬᠡᠯ ᠵᠤᠷᠢᠭ ᠢ ᠬᠦᠢᠴᠡᠳ ᠢᠯᠡᠷᠡᠬᠦᠯᠵᠦ ᠪᠠᠶᠢᠪᠠ᠃      ᠲᠤᠭᠯᠠᠯᠳᠠ ᠳᠤ ᠪᠠᠰᠠ ᠫᠢᠩ ᠠᠨ ᠠᠳᠠᠯ ᠠᠬᠤᠢ ᠶᠢᠨ ᠺᠤᠮᠫᠠᠨᠢ ᠶᠢᠨ ᠲᠤᠬᠠᠶᠢᠯᠭ᠍ᠰᠠᠨ ᠠᠵᠢᠯ ᠤᠨ ᠮᠡᠳᠡᠯᠬᠡ  ᠶᠢᠨ ᠠᠰᠠᠭᠤᠯᠳᠠ ᠬᠠᠷᠢᠭᠤᠯᠬᠤ ᠤᠷᠤᠯᠳᠤᠭᠠᠨ ᠶᠠᠪᠤᠭᠳᠠᠵᠦ᠂ ᠠᠵᠢᠯᠯᠠᠭ᠎ᠠ ᠳᠤ ᠤᠷᠤᠯᠴᠠᠭᠰᠠᠨ ᠤᠯᠠᠨ ᠪᠦᠬᠦᠳᠡ  ᠶᠢᠨ ᠫᠢᠩ ᠠᠨ ᠠᠳᠠᠯ ᠠᠬᠤᠢ ᠶᠢᠨ ᠺᠤᠮᠫᠠᠨᠢ ᠶᠢᠨ ᠲᠠᠯ᠎ᠠ ᠪᠠᠷ ᠬᠢ ᠮᠡᠳᠡᠮᠵᠢ ᠶᠢᠨ ᠨᠤᠷᠮ᠎ᠠ ᠶᠢ ᠤᠯᠠᠮ ᠢᠶᠠᠷ ᠲᠠᠶᠢᠴᠢᠯᠠᠵᠦ ᠴᠢᠳᠠᠵᠠᠢ᠃      ᠰᠢᠨᠡᠪᠤᠯᠠᠭ ᠰᠤᠮᠤᠨ ᠤ ᠠᠯᠳᠠᠷᠳᠦ ᠭᠠᠴᠠᠭᠠᠨ ᠠᠴᠠ ᠢᠷᠡᠭᠰᠡᠨ ᠠᠷᠢᠭᠤᠨ᠎ᠠ ᠵᠡᠷᠬᠡ ᠬᠤᠶᠠᠷ ᠠᠮᠢᠳᠤᠷᠠᠯ ᠬᠦᠴᠢᠷᠳᠡᠢ ᠰᠤᠷᠤᠭᠴᠢ ᠪᠠ ᠭᠠᠴᠠᠭᠠᠨ ᠤ ᠬᠠᠷᠢᠭᠤᠴᠠᠯᠭᠠᠳᠠᠨ ᠴᠤ ᠲᠤᠰ ᠡᠳᠦᠷ ᠤᠨ ᠠᠵᠢᠯᠯᠠᠭ᠎ᠠ ᠳᠤ ᠤᠷᠤᠯᠴᠠᠵᠦ᠂ ᠲᠡᠳᠡᠨᠦᠰ ᠫᠢᠩ ᠠᠨ ᠠᠳᠠᠯ ᠠᠬᠤᠢ ᠶᠢᠨ ᠺᠤᠮᠫᠠᠨᠢ ᠶᠢᠨ ᠬᠠᠯᠠᠭᠤᠨ ᠰᠡᠳᠬᠢᠯ ᠤᠨ ᠬᠠᠪᠰᠤᠷᠤᠯᠭ᠎ᠠ ᠲᠡᠮᠵᠢᠯᠬᠡ ᠳᠤ ᠲᠠᠯᠠᠷᠬᠠᠵᠦ ᠪᠠᠶᠢᠨ᠎ᠠ ᠬᠡᠵᠦ ᠰᠡᠳᠬᠢᠯ ᠲᠤᠭᠳᠤᠯᠤᠨ ᠶᠠᠷᠢᠵᠦ ᠪᠠᠶᠢᠪᠠ᠃
 
ᠢᠷᠡᠯᠲᠡ᠄ ᠰᠢᠨ᠎ᠡ ᠪᠠᠷᠭᠤ ᠵᠡᠬᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号