ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠯᠢ ᠰᠢᠨ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/7/17
     ᠤᠶᠢᠷ᠎ᠠ ᠶᠢᠨ ᠡᠳᠣᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠯᠢ ᠰᠢᠨ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠷᠤᠯᠠᠭᠴᠢ ᠬᠤᠲᠠ‌‍ᠶᠢᠨ ᠲᠠᠷᠤᠭ᠎ᠠ ᠵᠢᠶᠠᠩ ᠬᠤᠩ᠂ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠪᠠᠶᠢᠩᠭᠤ ᠶᠢᠨ ᠲᠡᠳ᠋ ᠲᠠᠷᠤᠭ᠎ᠠ ᠪᠠ ᠱᠤ᠋ ᠬᠤᠸᠠᠨ᠂ ᠬᠤᠲᠠ ᠶᠢᠨ ᠤᠳᠤᠷᠢᠳᠤᠯᠭ᠎ᠠ ᠴᠧᠨ ᠯᠢ ᠰᠢᠨ ᠂ ᠮᠠ ᠸᠠᠨ ᠪᠢᠨ᠂ ᠷᠧᠨ ᠢᠤᠢ ᠵᠢᠶᠠᠩ᠂ ᠳ᠋ᠦ᠋ ᠯᠢᠶᠠᠨ ᠡᠾᠧ ᠵᠢᠴᠢ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠬᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃
     ᠤᠶᠢᠷ᠎ᠠ ᠶᠢᠨ ᠡᠳᠣᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠯᠢ ᠰᠢᠨ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠤᠷᠤᠯᠠᠭᠴᠢ ᠬᠤᠲᠠ ᠶᠢᠨ ᠲᠠᠷᠤᠭ᠎ᠠ ᠵᠢᠶᠠᠩ ᠬᠤᠩ᠂ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠶᠢᠯᠠᠩ ᠤᠨ ᠪᠠᠶᠢᠩᠭᠤ ᠶᠢᠨ ᠲᠡᠳ᠋ ᠲᠠᠷᠤᠭ᠎ᠠ ᠪᠠ ᠱᠤ᠋ ᠬᠤᠸᠠᠨ᠂ ᠬᠤᠲᠠ ᠶᠢᠨ ᠤᠳᠤᠷᠢᠳᠤᠯᠭ᠎ᠠ ᠴᠧᠨ ᠯᠢ ᠬᠤᠷᠠᠯ ᠲᠡᠭᠡᠷ᠎ᠡ᠂ ︽ᠬᠦᠯᠤᠨ ᠪᠤᠶᠢᠷ ᠬᠤᠲᠠ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠬᠤᠶᠠᠳᠤᠭᠠᠷ ᠲᠤᠭᠤᠶᠢᠯᠠᠩ ᠤᠨ ︿ᠡᠷᠬᠢᠵᠤ ᠦᠵᠡᠬᠦ﹀ ᠠᠵᠢᠯᠯᠠᠭᠠᠨ ᠤ ᠬᠤᠭᠤᠴᠠᠭᠠᠨ  ᠳᠤ ᠬᠦᠯᠤᠨ ᠨᠠᠭᠤᠷ ᠢ ᠶᠡᠷᠣᠩᠬᠡᠶᠢᠯᠡᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠳᠤ ᠴᠢᠭᠯᠡᠬᠦᠯᠤᠨ ᠵᠢᠭᠠᠵᠤ ᠭᠠᠷᠭᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠦᠰᠤᠯ︾ ᠢ ᠰᠤᠳᠤᠯᠤᠨ ᠶᠠᠷᠢᠯᠴᠠᠪᠠ᠃ ᠲᠤᠰ ᠲᠦᠰᠤᠯ ᠨᠢ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠤᠨ ᠲᠤᠭᠤᠷᠢᠨ ᠳᠤ ᠨᠠᠷᠢᠨ ᠬᠢᠨᠠᠮᠠᠭᠠᠢ ᠬᠠᠷᠭᠤᠭᠤᠯᠵᠤ᠂ ᠬᠠᠯᠠᠨ ᠰᠠᠶᠢᠵᠢᠷᠠᠭᠤᠯᠬᠤ ᠬᠠᠷᠠᠯᠲᠠ᠂ ᠠᠷᠭ᠎ᠠ ᠬᠡᠮᠵᠢᠶ᠎ᠡ᠂ ᠴᠠᠭ ᠬᠤᠭᠤᠴᠠᠭ᠎ᠠ᠂ ᠡᠬᠦᠷᠬᠡ ᠬᠠᠷᠢᠭᠤᠴᠠᠯᠭ᠎ᠠ ᠵᠡᠷᠬᠡ ᠶᠢ ᠲᠦᠷᠤᠯ ᠲᠠᠷᠠᠭᠠᠯᠠᠨ ᠲᠣᠳᠣᠷᠬᠠᠶᠢᠯᠠᠭᠰᠠᠨ ᠪᠠᠶᠢᠨ᠎ᠠ᠃
     ᠢᠤᠢ ᠯᠢ ᠰᠢᠨ ᠵᠢᠭᠠᠵᠤ ᠭᠠᠷᠭᠠᠭᠰᠠᠨ ᠨᠢ᠄ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠬᠤᠶᠠᠳᠤᠭᠠᠷ ᠲᠤᠭᠤᠶᠢᠯᠠᠩ ᠤᠨ ︿ᠡᠷᠬᠢᠵᠤ ᠦᠵᠡᠬᠦ﹀   ᠠᠵᠢᠯᠯᠠᠭᠠᠠ ᠤ ᠬᠤᠭᠤᠴᠠᠭᠠᠨ ᠳᠤ ᠬᠦᠯᠤᠨ ᠨᠠᠭᠤᠷ ᠢ ᠶᠡᠷᠣᠩᠬᠡᠶᠢᠯᠡᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠳᠤ ᠴᠢᠭᠯᠡᠬᠦᠯᠤᠨ ᠵᠢᠭᠠᠵᠤ ᠭᠠᠷᠭᠠᠭᠰᠠᠨ ᠠᠰᠠᠭᠤᠳᠠᠯ ᠨᠢ᠂ ᠮᠠᠨ ᠤ ᠬᠤᠲᠠ ᠶᠢᠨ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠳᠤ ᠤᠪᠤᠷ ᠰᠤᠷᠳᠠᠯ ᠲᠦᠪ ᠴᠢᠩᠭ᠎ᠠ ᠨᠠᠷᠢᠨ ᠬᠢᠨᠠᠮᠠᠭᠠᠢ ᠪᠤᠰᠤ ᠠᠰᠠᠭᠤᠳᠠᠯ ᠤᠷᠤᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠡᠶᠢᠨᠬᠦ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠡᠷᠬᠡᠪᠰᠢ ᠡᠨᠡᠬᠦ ᠠᠰᠠᠭᠤᠳᠠᠯ ᠳᠤ ᠵᠦᠪ ᠢᠶᠠᠷ ᠬᠠᠨᠳᠤᠵᠤ᠂ ᠦᠵᠡᠯ ᠰᠠᠨᠠᠭ᠎ᠠ ᠪᠤᠯᠤᠨ ᠣᠯᠤᠰ ᠲᠦᠷᠤ ᠶᠢᠨ ᠲᠠᠯ᠎ᠠ ᠠᠴᠠ ᠬᠦᠨ ᠬᠦᠨᠵᠡᠬᠡᠢ ᠰᠡᠳᠬᠢᠵᠤ ᠪᠤᠳᠤᠯᠬᠢᠯᠠᠨ᠂ ᠰᠡᠷᠭᠡᠭ ᠢᠶᠠᠷ ᠲᠠᠨᠢᠵᠤ᠂ ᠢᠴᠢᠬᠦᠷᠢᠳᠠᠢ ᠶᠢ ᠮᠠᠳᠠᠷᠠᠨ᠂ ᠵᠤᠷᠢᠬᠳᠠᠢ ᠬᠠᠯᠠᠠ ᠰᠠᠶᠢᠵᠢᠷᠠᠭᠤᠯᠵᠤ᠂ ᠬᠠᠮᠤᠭ ᠤᠬᠤᠷᠬᠠᠨ ᠬᠤᠭᠤᠴᠠᠭᠠᠨ ᠳᠤ᠂ ᠬᠠᠮᠤᠭ ᠲᠦᠷᠭᠡᠨ ᠬᠤᠷᠳᠤᠴᠠ ᠪᠠᠷ᠂ ᠬᠠᠮᠤᠭ ᠶᠡᠭᠡ ᠪᠦᠳᠤᠮᠵᠢᠳᠠᠢ᠂ ᠬᠠᠮᠤᠭ ᠴᠢᠩᠭ᠎ᠠ ᠪᠤᠲᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ᠂ ᠬᠦᠯᠤᠨ ᠨᠠᠭᠤᠷ ᠢ ᠶᠠᠷᠤᠩᠬᠡᠶᠢᠯᠡᠨ ᠵᠠᠰᠠᠬᠤ ᠠᠰᠠᠭᠤᠳᠠᠯ‌ᠢ ᠬᠠᠯᠠᠨ ᠰᠠᠶᠢᠵᠢᠷᠠᠭᠤᠯᠬᠤ ᠶᠢ ᠡᠷᠡᠰ ᠨᠠᠶᠢᠳᠠᠪᠤᠷᠢᠵᠢᠭᠤᠯᠤᠨ᠂ ᠪᠤᠬᠢᠷᠲᠤᠯ ᠢ ᠰᠡᠷᠬᠡᠶᠢᠯᠠᠨ ᠵᠠᠰᠠᠬᠤ ᠪᠠᠬᠢᠯᠠᠯᠳᠠ ᠰᠢᠪᠲᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠬᠤ ᠪᠠᠷ ᠴᠢᠷᠮᠠᠶᠢᠬᠤ ᠬᠡᠷᠡᠭᠲᠠᠢ ᠬᠡᠵᠠᠢ
     ᠢᠤᠢ ᠯᠢ ᠰᠢᠨ ᠴᠢᠬᠤᠯᠠᠴᠢᠯᠠᠬᠤ ᠳᠠᠭᠠᠨ᠄ ᠪᠦᠬᠦ ᠬᠤᠲᠠ ᠢᠶᠠᠷ ᠢᠶᠠᠨ ᠡᠷᠬᠡᠪᠰᠢ ᠦᠵᠡᠯ ᠰᠠᠨᠠᠭ᠎ᠠ ᠪᠠᠨ ᠠᠯᠬᠤᠮ ᠴᠢᠨᠠᠭᠰᠢᠲᠠ ᠨᠢᠭᠡᠳᠭᠡᠵᠤ᠂ ᠵᠤᠭᠰᠤᠴᠠ ᠪᠠᠨ ᠲᠡᠭᠡᠭᠰᠢᠯᠡᠬᠦᠯᠤᠨ᠂ ︽ᠲᠦᠷᠪᠡᠨ ᠤᠬᠠᠮᠰᠠᠷ︾ ᠢ ᠪᠠᠳᠤᠳᠬᠠᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠠ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠬᠠᠢ ᠰᠡᠢᠳᠪᠤᠷᠢ ᠪᠠᠶᠢᠷᠢᠯᠠᠭᠤᠯᠤᠯᠲᠠ ᠶᠢ ᠬᠦᠨᠵᠡᠬᠡᠢ ᠰᠤᠷᠤᠯᠴᠠᠨ ᠤᠬᠠᠭᠤᠯᠵᠤ ᠲᠤᠤᠱᠠᠯᠠᠭᠤᠯᠤᠠ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠭᠡᠲᠤᠯᠲᠠᠢ ᠪᠠᠶᠢᠯᠭᠠᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠦᠯᠤᠨ ᠪᠤᠶᠢᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠡᠯ᠎ᠡ ᠲᠦᠷᠤᠯ ᠤᠨ ᠠᠵᠢᠯ ᠤᠨ ᠲᠤᠬᠠᠢ ᠱᠠᠭᠠᠷᠳᠠᠯᠭ᠎ᠠ ᠶᠤᠰᠤᠭᠠᠷ᠂ ᠪᠦᠯᠬᠦᠮᠲᠡᠨ ᠨᠢᠬᠳᠠᠷᠠᠵᠤ᠂ ᠰᠡᠳᠬᠢᠯ ᠨᠢᠭᠡᠳᠴᠤ ᠬᠦᠴᠤ ᠪᠠᠨ ᠬᠠᠮᠳᠤᠳᠬᠠᠨ᠂ ᠬᠠᠯᠠᠨ ᠰᠠᠶᠢᠵᠢᠷᠠᠭᠤᠯᠬᠤ ᠠᠵᠢᠯ ᠢ ᠱᠠᠭᠠᠷᠳᠠᠯᠭ᠎ᠠ ᠶᠤᠰᠤᠭᠠᠷ ᠦᠨᠡᠨᠬᠦ ᠪᠤᠲᠠᠲᠠᠢ ᠠᠳᠬᠤᠵᠤ᠂ ᠬᠦᠯᠤᠨ ᠨᠠᠭᠤᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠤᠨ ᠠᠮᠵᠢᠯᠲᠠ ᠶᠢ ᠦᠨᠠᠨᠬᠦ ᠤᠯᠬᠤ ᠬᠡᠷᠡᠭᠲᠠᠢ᠃ ᠡᠷᠬᠡᠪᠰᠢ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠠᠯᠬᠤᠮ ᠴᠢᠨᠠᠭᠰᠢᠲᠠ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠠᠵᠢᠯ ᠢ ᠲᠦᠪ ᠴᠢᠩᠭ᠎ᠠ ᠤᠯᠤᠰ ᠲᠦᠷᠤ ᠶᠢᠨ ᠡᠬᠦᠷᠭᠡ ᠪᠤᠯᠭᠠᠨ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠨᠢᠭᠡᠲᠤᠯᠲᠠᠢ ᠲᠦᠯᠤᠪᠵᠢᠬᠦᠯᠤᠨ ᠵᠤᠬᠢᠴᠠᠭᠤᠯᠬᠤ ᠶᠢ ᠴᠢᠩᠭᠠᠳᠬᠠᠵᠤ᠂ ᠡᠯ᠎ᠡ ᠡᠬᠦᠷᠭᠡ ᠴᠢᠳᠠᠪᠬᠢ ᠶᠢᠨ ᠰᠠᠯᠠᠭ᠎ᠠ ᠮᠦᠴᠢᠷ ᠤᠨ ᠬᠢᠨ ᠡᠬᠦᠷᠭᠡ ᠬᠠᠷᠢᠭᠤᠴᠯᠠᠭ᠎ᠠ ᠪᠠᠨ ᠰᠠᠶᠢᠳᠣᠷ ᠨᠠᠶᠢᠳᠠᠪᠣᠷᠢᠵᠢᠭᠤᠯᠣᠨ᠂ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠬᠢᠨ ᠬᠤᠯᠪᠤᠭᠳᠠᠯ ᠪᠦᠬᠦᠢ ᠲᠦᠷᠢᠮ ᠲᠤᠭᠲᠠᠭᠠᠯ ᠪᠤᠯᠤᠨ ᠠᠷᠭ᠎ᠠ ᠬᠡᠮᠵᠢᠶ᠎ᠡ ᠪᠠᠨ ᠲᠡᠬᠦᠯᠲᠡᠷᠵᠢᠬᠦᠯᠵᠤ᠂ ᠡᠯ᠎ᠡ ᠱᠠᠳᠤᠨ ᠤ ᠨᠠᠮ ᠵᠠᠰᠠᠭ ᠤᠨ ︽ᠭᠤᠤᠯ ᠬᠠᠷᠢᠭᠤᠴᠠᠯᠭᠠᠳᠠᠨ︾ ᠠᠴᠠ ︽ᠨᠠᠮ ᠵᠠᠰᠠᠭ ᠬᠠᠮᠲᠤ ᠪᠠᠷ ᠬᠠᠷᠢᠭᠤᠴᠠᠵᠤ᠂ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠡᠬᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠤᠨ ᠪᠡᠶ᠎ᠡ ᠪᠠᠷ ᠢᠶᠠᠨ ᠲᠠᠭᠠᠭᠤᠯᠣᠨ ᠱᠠᠭᠠᠷᠳᠠᠨ ᠬᠦᠢᠴᠡᠳᠭᠡᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠬᠢᠨ ᠴᠢᠩᠭ᠎ᠠ ᠬᠢᠨᠠᠯᠲᠠ ᠲᠠᠯᠪᠢᠵᠤ᠂ ᠴᠢᠩᠭ᠎ᠠ ᠨᠢᠮᠪᠠᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠠᠢ᠃ ᠡᠷᠬᠡᠪᠰᠢ ᠲᠠᠷᠤᠢ ᠲᠦᠷᠭᠡᠨ ᠬᠦᠲᠡᠯᠤᠯᠴᠡᠵᠤ᠂ ᠠᠰᠠᠭᠤᠳᠠᠯ ᠢ ᠦᠨᠡᠨᠬᠦ ᠰᠢᠢᠳᠪᠤᠷᠢᠯᠠᠵᠤ᠂ ᠲᠠᠷᠤᠢ ᠳᠤᠨᠢ ᠬᠡᠷᠡᠭᠵᠢᠬᠦᠯᠵᠤ ᠲᠠᠷᠤᠢ ᠳᠤᠨᠢ ᠬᠠᠯᠠᠨ ᠰᠠᠶᠢᠵᠢᠷᠠᠭᠤᠯᠵᠦ᠂ ᠠᠵᠢᠯ ᠤᠨ ᠬᠤᠪᠢᠶᠠᠷᠢᠯᠠᠯ ᠤᠨ ᠶᠣᠰᠣᠭᠠᠷ ᠵᠤᠭᠠᠴᠠᠯ ᠤᠨ ᠦᠵᠡᠮᠵᠢ ᠶᠢᠨ ᠤᠷᠤᠨ ᠢ ᠵᠠᠰᠠᠨ ᠴᠡᠭᠴᠡᠯᠡᠵᠤ ᠬᠠᠯᠠᠨ ᠰᠠᠶᠢᠵᠢᠷᠠᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠰᠠᠶᠢᠳᠣᠷ ᠠᠳᠬᠤᠵᠦ᠂ ᠰᠢᠯᠳᠠᠭ ᠡᠷᠢᠬᠦ ᠥᠬᠡᠢ᠂ ᠠᠵᠢᠯ ᠢᠶᠠᠨ ᠤᠳᠠᠭᠠᠰᠢᠷᠠᠭᠤᠯᠬᠤ ᠦᠬᠡᠢ ᠪᠠᠶᠢᠵᠤ᠂ ᠬᠦᠲᠡᠯᠤᠩᠬᠦᠢ ᠪᠠᠷ ᠬᠠᠷᠢᠭᠤᠴᠠᠯᠭ᠎ᠠ ᠡᠬᠦᠷᠭᠡᠯᠡᠵᠤ᠂ ᠨᠢᠭᠡ ᠭᠠᠷᠠᠭ ᠤᠨ ᠲᠤᠲᠤᠷ᠎ᠠ ᠦᠷ᠎ᠡ ᠪᠦᠲᠤᠮᠵᠢ ᠭᠠᠷᠭᠠᠬᠤ ᠶᠢ ᠪᠠᠲᠤᠯᠠᠬᠤ ᠬᠡᠷᠡᠭᠲᠠᠢ ᠬᠡᠵᠠᠢ᠃                                       ᠰᠤᠷᠪᠤᠯᠵᠢᠯᠠᠭᠴᠢ᠄ ᠰᠤᠨᠤᠷ᠎ᠠ
 
ᠢᠷᠡᠯᠲᠡ᠄ ᠬᠦᠯᠤᠨ ᠪᠤᠶᠢᠷ ᠤᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号