ᠡᠸᠡᠩᠬᠢ ᠦᠨᠳᠦᠰᠦᠲᠡᠨ ᠤ ᠦᠪᠡᠷᠲᠡᠬᠡᠨ ᠵᠠᠰᠠᠬᠤ ᠬᠤᠰᠢᠭᠤ ᠬᠤᠰᠢᠭᠤ ᠪᠠᠶᠢᠭᠤᠯᠤᠭᠳᠠᠭᠰᠠᠨ ᠵᠢᠷᠠᠨ ᠵᠢᠯ ᠤᠨ ᠤᠢ ᠶᠢ ᠪᠡᠯᠭᠡᠯᠡᠬᠦ ᠦᠨᠳᠦᠰᠦᠲᠡᠨ ᠤ ᠪᠦᠯᠭᠦᠮᠳᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2018/7/24
     ᠡᠮᠦᠨᠡᠬᠡᠨ᠂ ᠡᠸᠡᠩᠬᠢ ᠦᠨᠳᠦᠰᠦᠲᠡᠨ ᠤ ᠦᠪᠡᠷᠲᠡᠬᠡᠨ ᠵᠠᠰᠠᠬᠤ ᠬᠤᠰᠢᠭᠤ ᠬᠤᠰᠢᠭᠤ ᠪᠠᠶᠢᠭᠤᠯᠤᠭᠳᠠᠭᠰᠠᠨ ᠵᠢᠷᠠᠨ ᠵᠢᠯ ᠤᠨ ᠤᠢ ᠶᠢ ᠪᠡᠯᠭᠡᠯᠡᠬᠦ ᠦᠨᠳᠦᠰᠦᠲᠡᠨ ᠤ ᠪᠦᠯᠭᠦᠮᠳᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠤᠭᠰᠠᠨ ᠪᠠᠶᠢᠨ᠎ᠠ᠃ ᠲᠤᠰ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ᠂ ᠨᠠᠮ ᠤᠨ ᠬᠤᠷᠢᠶᠠᠨ ᠤ ᠪᠠᠶᠢᠭᠤᠯᠭ᠎ᠠ ᠨᠢᠭᠡᠴᠡ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠨᠠᠮ ᠤᠨ ᠬᠡᠰᠢᠭᠦᠨ ᠺᠠᠳ᠋ᠷ ᠠᠵᠢᠯᠲᠠᠨ ᠵᠢᠴᠢ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠭᠢᠯᠠᠬᠦ ᠲᠤᠪᠴ᠊ ᠵᠶ᠎ᠡ ᠶᠢᠨ ᠪᠦᠬᠦ ᠺᠠᠳ᠋ᠷ ᠠᠵᠢᠯᠲᠠᠨ ᠵᠠᠭᠤ ᠵᠢᠷᠠ ᠭᠠᠷᠤᠢ ᠬᠦᠮᠤᠨ ᠠᠵᠢᠯᠯᠠᠭ᠎ᠠ ᠳᠤ ᠤᠷᠤᠯᠴᠠᠵᠠᠢ᠃      ᠲᠤᠰ ᠤᠳᠠᠭᠠᠨ ᠤ ᠠᠵᠢᠯᠯᠠᠭ᠎ᠠ ᠨᠢ ᠰᠡᠳᠤᠪ ᠬᠠᠷᠢᠭᠤᠯᠬᠤ ᠬᠡᠯᠪᠡᠷᠢ ᠪᠠᠷ ᠶᠠᠪᠤᠭᠳᠠᠵᠤ᠂ ᠰᠢᠯᠭᠠᠯᠲᠠ ᠶᠢᠨ ᠠᠭᠤᠯᠭ᠎ᠠ ᠨᠢ ᠦᠪᠡᠷᠲᠡᠬᠡᠨ ᠵᠠᠰᠠᠬᠤ ᠬᠤᠰᠢᠭᠤᠨ ᠤ ᠪᠠᠶᠢᠳᠠᠯ᠂ ᠨᠠᠮ ᠪᠤᠯᠤᠨ ᠤᠯᠤᠰ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠤ ᠶᠢᠨ ᠪᠤᠳᠤᠯᠭ᠎ᠠ ᠬᠠᠤᠯᠢ ᠲᠦᠷᠢᠮ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠶᠡᠷᠤᠩᠬᠡᠢ ᠱᠦᠵᠢ ᠶᠢᠨ ᠦᠪᠤᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠶᠡᠷᠤᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠤᠷ ᠮᠤᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠠ‌‍ᠶᠢᠨ ᠵᠤᠷᠢᠭ ᠰᠠᠨᠠᠭ᠎ᠠ᠂ ᠦᠨᠳᠦᠰᠦᠲᠡᠨ ᠤ ᠪᠦᠯᠭᠦᠮᠳᠡᠯ ᠳᠠᠪᠰᠢᠯᠲᠡ ᠶᠢᠨ ᠮᠡᠳᠡᠯᠭᠡ ᠵᠡᠷᠭᠡ ᠠᠭᠤᠯᠭ᠎ᠠ ᠪᠠᠷ ᠭᠤᠤᠯᠯᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ ᠺᠠᠳ᠋ᠷᠴᠣᠣᠨ ᠤᠨ ᠰᠢ ᠶᠢᠨ ᠫᠢᠩ ᠶᠡᠷᠤᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠴᠢᠬᠤᠯᠠ ᠦᠭᠦᠯᠡᠯᠳᠡ ᠪᠤᠯᠤᠨ ᠲᠦᠪ ᠤᠨ ᠦᠨᠳᠤᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠤ ᠪᠦᠯᠭᠦᠮᠳᠡᠯ ᠳᠠᠪᠰᠢᠯᠲᠡ ᠶᠢᠨ ᠠᠵᠢᠯ ᠤᠨ ᠰᠢᠨ᠎ᠡ ᠳᠦᠷᠢ ᠪᠠᠶᠢᠳᠠᠯ ᠢ ᠲᠠᠰᠤᠷᠠᠯᠲᠠ ᠦᠭᠡᠢ ᠡᠭᠦᠳᠤᠨ ᠪᠠᠶᠢᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠬᠦᠯᠤᠨ ᠪᠤᠶᠢᠷ ᠤᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号