ᠡᠷᠬᠦᠨ᠎ᠡ ᠬᠤᠳᠠ ᠶᠢᠨ ᠮᠤᠩᠭᠤᠯ ᠰᠢᠭᠤᠢ ᠰᠤᠮᠤ ᠶᠢᠨ ᠬᠤᠶᠠᠳᠤᠭᠠᠷ ᠤᠳᠠᠭᠠᠨ ᠤ ︽ᠮᠤᠩᠭᠤᠯ ᠤᠨ ᠡᠬᠦᠰᠦᠯ ᠰᠤᠶᠤᠯ ᠤᠨ ᠨᠠᠶᠢᠷ︾ ᠦᠪᠡᠳᠡᠭᠰᠢ ᠶᠡᠭᠡ ᠪᠠᠷ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2018/7/24
     ᠲᠤᠯᠤᠳᠤᠭᠠᠷ ᠰᠠᠷ᠎ᠠ ᠶᠢᠨ ᠠᠷᠪᠠᠨ ᠨᠠᠢᠮᠠᠨ ᠤ ᠡᠳᠦᠷ᠂ ᠡᠷᠬᠦᠨ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠮᠤᠩᠭᠤᠯ ᠰᠢᠭᠤᠢ ᠰᠤᠮᠤ ᠶᠢᠨ ᠠᠷᠠᠳ ᠤᠨ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠭᠰᠡᠨ ᠡᠷᠬᠦᠨ᠎ᠡ ᠬᠤᠳᠠ ᠶᠢᠨ ᠮᠤᠩᠭᠤᠯ ᠰᠢᠭᠤᠢ ᠰᠤᠮᠤ ᠶᠢᠨ ᠬᠤᠶᠠᠳᠤᠭᠠᠷ ᠤᠳᠠᠭᠠᠨ ᠤ ︽ᠮᠤᠩᠭᠤᠯ ᠤᠨ ᠡᠬᠦᠰᠦᠯ ᠰᠤᠶᠤᠯ ᠤᠨ ᠨᠠᠶᠢᠷ︾ ᠦᠪᠡᠳᠡᠭᠰᠢ ᠶᠡᠭᠡ ᠪᠠᠷ ᠶᠠᠪᠤᠭᠳᠠᠭᠰᠠᠨ ᠪᠠᠶᠢᠨ᠎ᠠ᠃      ᠵᠠᠭᠤᠨ ᠵᠠᠭᠤᠨ ᠣᠨ ᠤ ᠳᠡᠤᠬᠡ ᠰᠤᠶᠤᠯ ᠢ ᠳᠡᠭᠡᠳᠤᠯᠡᠵᠤ ᠢᠷᠡᠭᠰᠡᠨ ᠲᠤᠮᠤᠭᠳᠤ ᠡᠷᠬᠦᠨ᠎ᠡ ᠶᠢᠨ ᠰᠠᠶᠢᠬᠠᠨ ᠨᠤᠳᠤᠭ᠂ ᠦᠨᠳᠦᠰᠦᠳᠡᠨ ᠤ ᠪᠠᠨ ᠤᠯᠠᠮᠵᠢᠯᠠᠯᠳᠤ ᠰᠠᠶᠢᠬᠠᠨ ᠵᠠᠩ ᠵᠡᠩᠰᠢᠯ᠂ ᠦᠪᠡᠷᠮᠢᠴᠡ ᠰᠤᠶᠤᠯ ᠤᠨ ᠠᠭᠤᠯᠤᠭᠳᠠᠬᠤᠨ ᠢᠶᠠᠨ ᠤᠯᠠᠮᠵᠢᠯᠠᠨ ᠳᠡᠭᠡᠳᠤᠯᠡᠵᠤ᠂ ᠮᠤᠩᠭᠤᠯ ᠦᠨᠳᠦᠰᠦᠳᠡᠨ ᠤ ᠪᠠᠨ ᠳᠡᠤᠬᠡ ᠰᠤᠶᠤᠯ ᠢ ᠤᠯᠠᠮᠵᠢᠯᠠᠨ ᠪᠠᠳᠠᠷᠠᠭᠤᠯᠵᠤ᠂ ᠡᠬᠦᠨ ᠤ ᠤᠯᠠᠮ ᠢᠶᠠᠷ ᠨᠠᠩ ᠤᠯᠠᠨ ᠬᠦᠮᠦᠰ ᠲᠤ ᠮᠤᠩᠭᠤᠯ ᠰᠢᠭᠤᠢ ᠰᠤᠮᠤ ᠪᠠᠨ ᠲᠠᠨᠢᠭᠤᠯᠵᠤ ᠮᠡᠳᠡᠬᠦᠯᠬᠦ ᠶᠢᠨ ᠲᠤᠯᠠᠳᠠ ︽ᠮᠤᠩᠭᠤᠯ ᠤᠨ ᠡᠬᠦᠰᠦᠯ ᠰᠤᠶᠤᠯ ᠤᠨ ᠨᠠᠶᠢᠷ︾ ᠢᠶᠠᠨ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ ᠪᠠᠶᠢᠨ᠎ᠠ᠃ ᠡᠷᠬᠦᠨ᠎ᠡ ᠬᠤᠳᠠ ᠶᠢᠨ ᠮᠤᠩᠭᠤᠯ ᠰᠢᠭᠤᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ ᠳᠠᠪᠬᠤᠷᠪᠠᠶᠠᠷ᠄      ᠲᠤᠰ ᠤᠳᠠᠭᠠᠨ ᠤ ︽ᠮᠤᠩᠭᠤᠯ ᠤᠨ ᠡᠬᠦᠰᠦᠯ ᠰᠤᠶᠤᠯ ᠤᠨ ᠨᠠᠶᠢᠷ︾ ᠨᠢ ᠤᠷᠠᠨ ᠰᠠᠶᠢᠬᠠᠨ ᠤ ᠲᠤᠭᠯᠠᠯᠳᠠ ᠪᠠᠷ ᠡᠬᠢᠯᠡᠯᠳᠡ ᠶᠢᠨ ᠬᠦᠰᠢᠭᠡ ᠪᠠᠨ ᠰᠡᠬᠦᠵᠤ᠂ ᠡᠷ᠎ᠠ ᠶᠢᠨ ᠭᠤᠷᠪᠠᠨ ᠨᠠᠭᠠᠳᠤᠮ᠂ ᠰᠢᠭᠤᠶᠢᠳᠤ ᠤᠷᠤᠨ᠂ ᠠᠩᠴᠢᠨ ᠠᠶᠢᠮᠠᠭ᠂ ᠡᠯ᠎ᠡ ᠶᠠᠰᠤᠳᠠᠨ ᠤ ᠤᠯᠠᠮᠵᠢᠯᠠᠯᠳᠤ ᠰᠠᠶᠢᠬᠠᠨ ᠨᠠᠭᠠᠳᠤᠮ ᠢᠶᠠᠷ ᠢᠶᠠᠨ ᠬᠦᠷᠦᠯᠴᠡᠨ ᠢᠷᠡᠭᠰᠡᠨ ᠭᠡᠶᠢᠴᠢᠳ ᠵᠤᠴᠢᠳ ᠤᠨ ᠢᠶᠠᠨ ᠰᠡᠳᠬᠢᠯ ᠢ ᠰᠡᠷᠭᠦᠭᠡᠵᠤ᠂ ᠡᠬᠦᠨ ᠤ ᠳᠠᠭᠠᠤ ᠪᠠᠰᠠ ᠠᠷᠪᠠᠨ ᠨᠠᠢᠮᠠᠨ ᠤ ᠡᠳᠣᠷ ᠤᠨ ᠤᠷᠤᠢ ᠲᠦᠳᠡᠭ ᠭᠠᠯ ᠤᠨ ᠦᠳᠡᠰᠢᠯᠡᠭᠡ ᠶᠠᠪᠤᠭᠳᠠᠭᠤᠯᠬᠤ ᠪᠤᠯᠤᠨ᠎ᠠ᠃      ᠤᠶᠢᠯᠠᠭᠠᠭᠰᠠᠨ ᠢᠶᠠᠷ᠂ ᠮᠤᠩᠭᠤᠯ ᠰᠢᠭᠤᠢ ᠨᠢ ᠤᠨᠴᠠᠯᠢᠭᠳᠤ ᠤᠷᠤᠰ ᠦᠨᠳᠦᠰᠦᠳᠡᠨ ᠤ ᠵᠡᠩ ᠦᠢᠯᠡ ᠪᠠ ᠭᠤᠴᠤ ᠰᠠᠶᠢᠬᠠᠨ ᠪᠠᠶᠢᠭᠠᠯᠢ ᠶᠢᠨ ᠦᠵᠡᠮᠵᠢ ᠪᠠᠷ ᠢᠶᠠᠨ 2005 ᠤᠨ ᠳᠤ᠂ ︽ᠲᠤᠮᠳᠠᠳᠤ ᠤᠯᠤᠰ ᠤᠨ ᠠᠷᠪᠠᠨ ᠰᠢᠯᠢᠳᠡᠭ ᠳᠠᠳᠠᠬᠤ ᠬᠦᠴᠦᠨ ᠲᠠᠢ ᠨᠠᠷᠠᠳᠤ ᠪᠠᠯᠭᠠᠰᠤ︾ ᠪᠠᠷ ᠦᠨᠡᠯᠡᠭᠳᠡᠵᠤ᠂ ᠶᠡᠭᠡ ᠬᠡᠮᠵᠢᠶᠠᠨ ᠤ ᠵᠤᠭᠠᠴᠠᠭᠰᠠᠳ ᠢ ᠬᠦᠯᠢᠶᠠᠨ ᠠᠪᠤᠭᠰᠠᠨ ᠪᠠᠶᠢᠨ᠎ᠠ᠃ ᠮᠦᠨ ᠴᠦ 2017 ᠤᠨ ᠤ ᠠᠩᠬᠠᠳᠤᠭᠠᠷ ᠤᠳᠠᠭᠠᠨ ᠤ ︽ᠮᠤᠩᠭᠤᠯ ᠤᠨ ᠡᠭᠦᠰᠦᠯ ᠰᠤᠶᠤᠯ ᠤᠨ ᠨᠠᠶᠢᠷ︾ ᠨᠢ ᠬᠦᠮᠦᠰ ᠤᠨ ᠮᠤᠩᠭᠤᠯ ᠰᠢᠭᠤᠢ ᠰᠤᠮᠤ ᠳᠠᠬᠢ ᠳᠠᠨᠢᠯᠳᠠ ᠶᠢ ᠬᠤᠪᠢᠷᠠᠭᠤᠯᠵᠤ᠂ ᠭᠠᠵᠠᠷ ᠵᠦᠢ ᠳᠡᠤᠬᠡ ᠰᠤᠶᠤᠯ ᠤᠨ ᠳᠠᠪᠠᠭᠤᠯᠢᠭ ᠵᠢᠴᠢ ︽ᠮᠤᠩᠭᠤᠯ ᠤᠨ ᠡᠭᠦᠰᠦᠯ ᠰᠤᠶᠤᠯ ᠤᠨ ᠨᠠᠶᠢᠷ︾ ᠤᠨ ᠢᠶᠠᠨ ᠤᠷᠤᠯᠳᠤᠭᠠᠨ ᠳᠡᠮᠡᠴᠡᠭᠡᠨ ᠢᠶᠠᠷ ᠢᠶᠠᠨ ᠡᠷᠬᠦᠨ᠎ᠠ ᠬᠤᠳᠠ ᠶᠢᠨ ᠮᠤᠩᠭᠤᠯ ᠰᠢᠭᠤᠢ ᠨᠢ ᠤᠯᠠᠨ ᠳᠤ ᠮᠡᠳᠡᠷᠡᠭᠳᠡᠭᠰᠡᠨ ᠪᠠᠶᠢᠨ᠎ᠠ᠃ ᠵᠤᠭᠠᠴᠠᠯ ᠬᠢᠭᠡᠳ ᠰᠤᠶᠤᠯ ᠢ ᠤᠶᠠᠯᠳᠤᠭᠤᠯᠵᠤ᠂ ᠵᠤᠭᠠᠴᠠᠯ ᠤᠨ ᠬᠦᠭᠵᠢᠯᠳᠡ ᠶᠢ ᠠᠬᠢᠭᠤᠯᠬᠤ ᠪᠠ ᠠᠷᠠᠳ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠶᠢᠨ ᠲᠦᠯᠦᠬᠡ᠂ ᠡᠷᠬᠦᠨ᠎ᠡ ᠬᠤᠳᠠ ᠶᠢᠨ ᠮᠤᠩᠭᠤᠯ ᠰᠢᠭᠤᠢ ᠰᠤᠮᠤ ᠨᠢ ᠰᠤᠶᠤᠯ ᠵᠤᠭᠠᠴᠠᠯ ᠢ ᠤᠶᠠᠯᠳᠤᠭᠤᠯᠬᠤ ᠬᠡᠯᠪᠡᠷᠢ ᠶᠢ ᠬᠦᠨᠳᠤᠳᠭᠡᠨ᠂ ᠮᠦᠨᠴᠤ ︽ᠮᠤᠩᠭᠤᠯ ᠤᠨ ᠡᠭᠦᠰᠦᠯ ᠰᠤᠶᠤᠯ ᠤᠨ ᠨᠠᠶᠢᠷ︾ ᠢᠶᠠᠷ ᠢᠶᠠᠨ ᠳᠠᠮᠵᠢᠨ ᠵᠤᠭᠠᠴᠠᠯ ᠤᠨ ᠦᠢᠯᠡᠰ ᠤᠨ ᠤᠬᠠᠭᠤᠯᠭ᠎ᠠ ᠶᠢᠨ ᠠᠵᠢᠯ ᠢᠶᠠᠨ ᠡᠷᠴᠢᠮᠵᠢᠬᠦᠯᠵᠤ ᠪᠠᠶᠢᠨ᠎ᠠ᠃     ᠲᠤᠰ ᠤᠳᠠᠭᠠᠨ ᠤ ︽ᠮᠤᠩᠭᠤᠯ ᠤᠨ ᠡᠬᠦᠰᠦᠯ ᠰᠤᠶᠤᠯ ᠤᠨ ᠨᠠᠶᠢᠷ︾ ᠨᠢ ᠲᠤᠯᠤᠳᠤᠭᠠᠷ ᠰᠠᠷ᠎ᠠ ᠶᠢᠨ ᠠᠷᠪᠠᠨ ᠨᠠᠢᠮᠠᠨ ᠠᠴᠠ ᠠᠷᠪᠠ ᠶᠢᠰᠦᠨ ᠤ ᠡᠳᠦᠷ ᠪᠤᠯᠳᠠᠯ᠎ᠠ ᠶᠠᠪᠤᠭᠳᠠᠬᠤ ᠪᠤᠯᠤᠨ᠎ᠠ᠃                                                                           ᠰᠤᠷᠪᠤᠯᠵᠢᠯᠠᠭᠴᠢ ᠭᠠᠨᠳᠠᠷᠢ
 
ᠢᠷᠡᠯᠲᠡ᠄ ᠬᠦᠯᠤᠨ ᠪᠤᠶᠢᠷ ᠤᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号