ᠡᠮᠤᠨᠡᠭᠡᠨ᠂ ᠠᠷᠪᠠᠨ ᠲᠠᠪᠤᠳᠤᠭᠠᠷ ᠬᠤᠭᠤᠴᠠᠭᠠᠨ ᠤ ᠲᠤᠮᠳᠠᠳᠤ ᠤᠯᠤᠰ ︵ᠮᠠᠨᠵᠤᠤᠷ ᠬᠤᠳᠠ︶ ᠤᠨ | ᠤᠮᠠᠷᠠᠳᠤ ᠶᠢᠨ ᠤᠯᠠᠨ ᠤᠯᠤᠰ ᠤᠨ ᠰᠢᠨᠵᠢᠯᠡᠭᠡ ᠮᠡᠷᠬᠡᠵᠢᠯ ᠤᠨ ᠥᠵᠡᠰᠬᠦᠯᠡᠩ ᠤᠨ ᠬᠤᠷᠠᠯ ᠮᠠᠨᠵᠤᠤᠷ ᠬᠤᠳᠠ ᠳᠤ | ᠠᠮᠵᠢᠯᠳᠠ ᠲᠠᠢ ᠥᠨᠳᠥᠷᠯᠡᠪᠡ᠃ ᠲᠤᠰ ᠤᠳᠠᠭᠠᠨ ᠤ ᠥᠵᠡᠰᠬᠦᠯᠠᠩ ᠤᠨ ᠬᠤᠷᠠᠯ ᠳᠤ ᠨᠡᠶᠢᠳᠡ 67 ᠵᠦᠢᠯ ᠤᠨ | ᠬᠠᠮᠳᠤᠷᠠᠯᠴᠠᠬᠤ ᠲᠥᠷᠤᠯ ᠵᠦᠢᠯ ᠢ ᠭᠡᠯᠡᠯᠴᠠᠨ ᠲᠤᠬᠢᠷᠠᠯᠴᠠᠵᠤ᠂ 31 ᠵᠦᠢᠯ ᠤᠨ ᠬᠠᠮᠳᠤᠷᠠᠯᠴᠠᠭᠠᠨ ᠤ ᠬᠡᠷ᠎ᠡ | ᠲᠤᠭᠳᠠᠨ᠂ ᠬᠠᠮᠳᠤᠷᠠᠯᠴᠠᠭᠠᠨ ᠤ ᠶᠠᠷᠤᠩᠭᠡᠢ ᠥᠷᠳᠡᠭ 36.6 ᠳ᠋ᠥᠩᠰᠢᠭᠤᠷ ᠲᠥᠬᠦᠷᠢᠭ ᠲᠤ ᠬᠥᠷᠴᠠᠢ᠃ | ᠤᠢᠢᠯᠠᠭᠠᠭᠰᠠᠨ ᠢᠶᠠᠷ᠂ ᠲᠤᠰ ᠬᠤᠭᠤᠴᠠᠭᠠᠨ ᠤ ᠥᠵᠡᠬᠦᠯᠬᠡ ᠶᠢᠨ ᠲᠥᠷᠤᠯ ᠵᠦᠢᠯ ᠨᠢ ᠡᠯᠧᠺᠳ᠋ᠷᠤᠨ | ᠬᠤᠳᠠᠯᠳᠤᠭ᠎ᠠ᠂ ᠢᠳᠡᠬᠡᠨ ᠤ ᠡᠳ᠋ᠰᠢᠬᠦᠯᠤᠯᠳᠠ᠂ ︽ᠢᠨᠲ᠋ᠧᠷ ᠰᠥᠯᠵᠢᠶ᠎ᠡ +︾᠂ ᠬᠥᠨᠳᠤ ᠬᠡᠯᠪᠡᠷᠢ ᠶᠢᠨ ᠮᠠᠰᠢᠨ | ᠮᠧᠬᠠᠨᠢᠭ᠂ ᠮᠤᠳᠤᠨ ᠮᠠᠲ᠋ᠧᠷᠢᠶᠠᠯ ᠤᠨ ᠤᠢᠢᠯᠡᠳᠪᠤᠷᠢᠯᠠᠯᠳᠠ᠂ ᠪᠠᠷᠢᠯᠭ᠎ᠠ ᠶᠢᠨ ᠮᠠᠲ᠋ᠧᠷᠢᠶᠠᠯ᠂ ᠡᠨᠧᠷᠺᠢ ᠶᠢᠨ ᠰᠤᠷᠪᠤᠯᠵᠢ | ᠂ ᠠᠮᠢᠳᠤ ᠪᠤᠳᠠᠰ ᠤᠨ ᠮᠡᠷᠬᠡᠵᠢᠯ ᠵᠢᠴᠢ ᠡᠮ ᠡᠮᠨᠡᠯᠬᠡ᠂ ᠡᠯᠧᠺᠳ᠋ᠷᠤᠨ ᠮᠡᠳᠡᠭᠡ ᠵᠠᠩᠬᠢ᠂ ᠮᠠᠰᠢᠨ ᠲᠤᠨᠤᠭᠯᠠᠯ᠂ | ᠲᠠᠷᠢᠶᠠᠯᠠᠩ ᠤᠨ ᠪᠥᠳᠥᠬᠡᠭᠳᠡᠬᠦᠨ ᠤ ᠪᠤᠯᠪᠠᠰᠤᠷᠠᠭᠤᠯᠤᠯᠳᠠ ᠵᠡᠷᠬᠡ ᠤᠯᠠᠨ ᠲᠠᠯ᠎ᠠ ᠶᠢ ᠪᠠᠭᠳᠠᠭᠠᠵᠤ᠂ | ᠬᠠᠮᠳᠤᠷᠠᠯᠴᠠᠭᠠᠨ ᠤ ᠶᠠᠷᠤᠩᠭᠡᠢ ᠥᠷᠳᠡᠭ 36.6 ᠳ᠋ᠥᠩᠰᠢᠭᠤᠷ ᠲᠥᠬᠦᠷᠢᠭ ᠲᠤ ᠬᠥᠷᠴᠡᠢ᠃ ᠨᠢᠭᠤᠷᠳᠠᠨ ᠬᠠᠷᠢᠴᠠᠬᠤ | ᠰᠤᠯᠢᠯᠴᠠᠭᠠᠨ ᠤ ᠲᠠᠪᠴᠠᠩ ᠨᠢ ᠲᠤᠮᠳᠠᠳᠤ᠂ ᠤᠷᠤᠰ᠂ ᠮᠤᠩᠭᠤᠯ ᠭᠤᠷᠪᠠᠨ ᠤᠯᠤᠰ ᠤᠨ ᠭᠠᠵᠠᠷ ᠤᠷᠤᠨ ᠤ | ᠬᠤᠭᠤᠷᠤᠨᠳᠤᠬᠢ ᠰᠢᠨᠵᠢᠯᠡᠭᠡ ᠮᠡᠷᠬᠡᠵᠢᠯ ᠤᠨ ᠬᠠᠮᠳᠤᠷᠠᠯᠴᠠᠭ᠎ᠠ ᠪᠤᠯᠤᠨ ᠮᠡᠷᠭᠡᠵᠢᠯ ᠤᠨ ᠰᠢᠨ᠎ᠠ ᠡᠬᠦᠳᠤᠯᠳᠠ ᠶᠢ | ᠲᠥᠯᠬᠢᠨ ᠠᠬᠢᠭᠤᠯᠪᠠ᠃ | ᠪᠥᠷᠢᠳᠬᠡᠯ ᠢ ᠥᠨᠳᠥᠰᠥᠯᠡᠪᠡᠯ᠂ ᠲᠤᠰ ᠤᠳᠠᠭᠠᠨ ᠤ ᠥᠵᠡᠰᠬᠦᠯᠡᠩ ᠤᠨ ᠬᠤᠷᠠᠯ ᠳᠤ ᠲᠤᠮᠳᠠᠳᠤ᠂ ᠤᠷᠤᠰ᠂ | ᠮᠤᠩᠭᠤᠯ᠂ ᠫᠠᠺᠢᠰᠲ᠋ᠠᠨ᠂ ᠢᠰᠫᠠᠨᠢ ᠵᠡᠷᠬᠡ 15 ᠤᠯᠤᠰ ᠪᠤᠯᠤᠨ ᠭᠠᠵᠠᠷ ᠤᠷᠤᠨ ᠤ 500 ᠭᠠᠷᠤᠢ ᠠᠵᠤ | ᠠᠬᠤᠶᠢᠯᠠᠯ ᠤᠷᠤᠯᠴᠠᠪᠠ᠃ ᠥᠵᠡᠰᠬᠦᠯᠡᠩ ᠳᠤ ᠤᠷᠤᠯᠴᠠᠭᠰᠠᠨ ᠠᠷᠠᠯᠵᠢᠶᠠᠨ ᠤ ᠶᠠᠰᠤ ᠴᠢᠨᠠᠷ ᠪᠠ ᠲᠤᠭ᠎ᠠ | ᠭᠡᠮᠵᠢᠶ᠎ᠠ ᠨᠢ ᠲᠥᠰᠤᠪᠯᠡᠭᠰᠠᠨ ᠠᠴᠠ ᠲᠠᠪᠠᠵᠠᠢ᠃ ᠥᠵᠡᠰᠬᠦᠯᠠᠩ ᠢ ᠰᠤᠨᠢᠷᠬᠠᠭᠰᠠᠨ ᠪᠠ ᠭᠡᠯᠡᠯᠴᠡᠭᠡᠷ ᠲᠤ | ᠤᠷᠤᠯᠴᠠᠭᠰᠠᠨ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶᠠᠴᠢᠨ 5 ᠲᠥᠮᠠ ᠭᠠᠷᠤᠢ ᠬᠥᠮᠤᠨ | ᠤᠳᠠᠭ᠎ᠠ ᠳᠤ ᠬᠥᠷᠴᠠᠢ᠃ ᠲᠤᠰ ᠬᠤᠭᠤᠴᠠᠭᠠᠨ ᠤ ᠤᠮᠠᠷᠠᠳᠤ ᠶᠢᠨ ᠤᠯᠠᠨ ᠤᠯᠤᠰ ᠤᠨ ᠰᠢᠨᠵᠢᠯᠡᠭᠡ ᠮᠡᠷᠬᠡᠵᠢᠯ ᠤᠨ | ᠥᠵᠡᠰᠬᠦᠯᠡᠩ ᠤᠨ ᠬᠤᠷᠠᠯ ᠨᠢ ᠥᠡᠭᠭᠡᠷᠡᠭᠰᠠᠨ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠥᠵᠡᠰᠬᠦᠯᠠᠩ ᠳᠤ | ᠤᠷᠤᠯᠴᠠᠭᠰᠠᠨ ᠤᠯᠤᠰ᠂ ᠠᠵᠤ ᠠᠬᠤᠢᠢᠯᠠᠯ᠂ ᠰᠤᠯᠢᠯᠴᠠᠭᠠᠨᠤ ᠥᠷᠳᠡᠭ ᠵᠡᠷᠭᠡ ᠨᠢ ᠶᠡᠭᠡ ᠭᠡᠮᠵᠢᠶ᠎ᠠ ᠪᠠᠷ ᠨᠡᠮᠡᠭᠳᠠᠨ᠂ | ᠬᠡᠪᠴᠢᠶ᠎ᠡ ᠪᠠᠷ ᠨᠡᠩ ᠶᠡᠭᠡ᠂ ᠲᠠᠯᠠᠭᠡᠶᠢᠵᠢᠭᠰᠡᠨ ᠲᠤᠰᠬᠠᠢᠢᠵᠢᠭᠰᠠᠨ ᠬᠡᠮᠵᠢᠶ᠎ᠡ ᠪᠠᠷ ᠨᠡᠩ ᠥᠨᠳᠥᠷ ᠪᠠᠶᠢᠵᠤ᠂ | ᠥᠵᠡᠰᠬᠦᠯᠠᠩ ᠤᠨ ᠬᠤᠷᠠᠯ ᠤᠨ ᠠᠭᠤᠯᠭ᠎ᠠ ᠨᠢ ᠴᠤ ᠨᠡᠩ ᠲᠡᠭᠡᠳᠤ ᠲᠠᠰ ᠤᠨ ᠪᠤᠯᠤᠭᠰᠠᠨ ᠪᠠᠶᠢᠨ᠎ᠠ᠃ | |