ᠵᠢᠶᠠᠩ ᠬᠤᠨᠭ᠌ ᠬᠤᠳᠠ ᠶᠢᠨ ᠲᠠᠷᠤᠭ᠎ᠠ ᠬᠠᠭᠤᠴᠢᠨ ᠪᠠᠷᠭᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018/8/2
     7 ᠰᠠᠷ᠎ᠠ ᠶᠢᠨ 30 ᠤ ᠡᠳᠤᠷ᠂ ᠬᠦᠯᠤᠨ ᠪᠦᠢᠷ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠵᠢᠶᠠᠩ ᠬᠤᠨᠭ᠌᠂ ᠲᠡᠳ᠋ ᠬᠤᠳᠠ ᠶᠢᠨ ᠲᠠᠷᠤᠭ᠎ᠠ ᠷᠧᠨ ᠢᠦᠢ ᠵᠢᠶᠠᠩ᠂ ᠵᠠᠰᠠᠭ ᠤᠨ ᠤᠷᠳᠤᠨ ᠤ ᠲᠡᠳ᠋ ᠨᠠᠷᠢᠨ ᠪᠢᠴᠢᠭ ᠤᠨ ᠲᠠᠷᠤᠭ᠎ᠠ ᠭᠤᠣ ᠸᠧᠨ ᠱᠧᠩ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠲᠠᠷᠤᠭ᠎ᠠ ᠲᠡᠮᠤᠷᠬᠦᠤ᠂ ᠲᠡᠳ᠋ ᠬᠤᠰᠢᠭᠤᠨ ᠲᠠᠷᠤᠭ᠎ᠠ ᠸᠠᠩ ᠺᠦᠨ ᠫᠧᠩ ᠤᠨ ᠪᠠᠷ᠎ᠠ ᠪᠤᠯᠤᠯᠭ᠎ᠠ ᠪᠠᠷ ᠪᠠᠶᠢᠴᠠᠭᠠᠨ ᠰᠤᠳᠤᠯᠪᠠ᠃      ᠵᠢᠶᠠᠩ ᠬᠤᠨᠭ᠌ ᠵᠡᠷᠭᠡ ᠤᠳᠤᠷᠢᠳᠤᠯᠭ᠎ᠠ ᠨᠠᠷ ᠡᠸᠡᠩᠬᠢ ᠰᠤᠮᠤ ᠶᠢᠨ ᠮᠦᠩᠬᠦᠨᠨᠠᠭᠤᠷ ᠭᠠᠴᠠᠭ᠎ᠠ ᠶᠢᠨ ᠮᠠᠯᠴᠢᠨ ᠠᠶᠢᠯ ᠪᠠᠭᠠᠳᠤᠷ ᠤᠨ ᠳᠤ ᠬᠦᠷᠴᠦ ᠪᠠᠶᠢᠴᠠᠭᠠᠨ ᠦᠵᠡᠪᠡ᠂ ᠪᠠᠭᠠᠳᠤᠷ ᠤᠨ ᠵᠤᠰᠠᠯᠠᠩ ᠲᠤ ᠲᠡᠳᠡᠨᠤᠰ ᠤᠨ ᠦᠢᠯᠡᠤᠨᠪᠤᠷᠢᠯᠠᠯ ᠠᠮᠢᠳᠤᠷᠠᠯ᠂ ᠰᠡᠯᠬᠦᠨ ᠮᠠᠯᠵᠢᠭᠰᠠᠨ ᠪᠠᠶᠢᠳᠠᠯ ᠪᠠ ᠪᠦᠬᠦ ᠬᠡᠷ ᠪᠦᠯᠢ ᠶᠢᠨ ᠤᠷᠤᠯᠭ᠎ᠠ ᠶᠢᠨ ᠪᠠᠶᠢᠳᠠᠯ ᠢ ᠨᠠᠷᠢᠯᠢᠭ ᠦᠢᠯᠠᠭᠠᠪᠠ᠃ ᠵᠢᠶᠠᠩ ᠬᠤᠨᠭ᠌ ᠱᠠᠭᠠᠷᠳᠠᠭᠰᠠᠨ ᠨᠢ᠄ ᠨᠢᠭᠡ ᠳᠤ ᠤᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭᠠᠳᠤ ᠰᠡᠤᠨᠬᠢᠯᠬᠡ᠂ ᠡᠬᠦᠷᠭᠡᠯᠡᠬᠦ ᠰᠡᠤᠨᠬᠢᠯᠭᠡ ᠶᠢ ᠨᠢ ᠦᠨᠡᠨᠬᠦ ᠨᠡᠮᠡᠭᠳᠡᠬᠦᠯᠵᠦ᠂ ᠬᠦᠬᠡᠮᠳᠤᠭ᠌ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠡ ᠮᠦᠨ ᠭᠡᠬᠦ ᠬᠦᠭᠵᠢᠯᠳᠡ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠨ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠭᠡᠵᠢᠶᠡᠳᠡ ᠴᠢᠩᠭ᠎ᠠ ᠠᠤᠨᠬᠤᠵᠤ᠂ ᠤᠷᠴᠢᠨ ᠲᠤᠭᠤᠷᠢᠨ ᠤ ᠶᠠᠰᠤ ᠴᠢᠨᠠᠷ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠡ᠃ ᠬᠤᠶᠡᠷ ᠲᠤ ᠰᠢᠨ᠎ᠡ ᠬᠦᠭᠵᠢᠯᠳᠡ ᠶᠢᠨ ᠦᠢᠯᠠᠭᠠᠭᠳᠠᠬᠤᠨ ᠢᠶᠠᠷ ᠲᠠᠶᠢᠴᠢᠯᠠᠬᠤ ᠶᠢ ᠪᠠᠷᠢᠮᠳᠠᠯᠠᠨ᠂ ᠲᠤᠰ ᠭᠠᠵᠠᠷ ᠤᠷᠤᠨ ᠤ ᠡᠬᠢ ᠰᠤᠷᠪᠤᠯᠵᠢ ᠶᠢᠨ ᠲᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠭᠳᠤ ᠠᠵᠤ ᠦᠢᠯᠡᠰ ᠢ ᠲᠦᠪᠯᠡᠷᠡᠬᠦᠯᠤᠨ ᠬᠦᠭᠵᠢᠬᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠤᠨᠬᠦᠬᠦ ᠡᠨᠡᠬᠦ ᠶᠡᠭᠡ ᠲᠦᠯᠤᠪᠯᠡᠭᠡ ᠪᠠᠨ ᠰᠠᠶᠢᠳᠤᠷ ᠬᠢᠨ᠎ᠡ᠃ ᠭᠤᠷᠪᠠ ᠳᠤ ᠵᠤᠭᠠᠴᠠᠯ ᠤᠨ ᠡᠬᠢ ᠰᠤᠷᠪᠤᠯᠵᠢ ᠶᠢ ᠬᠦᠢᠴᠡᠤᠨ ᠠᠰᠢᠭᠯᠠᠨ᠂ ᠵᠤᠭᠠᠴᠠᠯ ᠤᠨ ᠲᠦᠯᠤᠪᠵᠢᠬᠦᠯᠭᠡ ᠶᠢ ᠰᠠᠶᠢᠳᠤᠷ ᠬᠢᠨ᠎ᠡ᠃ ᠵᠠᠮ ᠬᠠᠷᠢᠯᠴᠠᠭ᠎ᠠ ᠲᠦᠬᠦᠮ᠂ ᠤᠯᠠᠮᠵᠢᠯᠠᠯᠳᠤ ᠨᠡᠬᠦᠳᠡᠯ ᠮᠠᠯᠴᠢᠨ ᠠᠶᠢᠯ᠂ ᠦᠵᠡᠰᠬᠦᠯᠡᠩᠳᠤ ᠰᠠᠶᠢᠬᠠᠨ ᠪᠠᠶᠢᠭᠠᠯᠢᠯᠢᠭ ᠦᠩᠭᠡ ᠦᠵᠡᠮᠵᠢ ᠵᠡᠷᠭᠡ ᠲᠠᠪᠠᠭᠤᠯᠢᠭ ᠲᠠᠭᠠᠨ ᠲᠦᠰᠢᠭᠯᠡᠨ ᠵᠢᠭᠤᠯᠴᠢᠯᠠᠯ ᠤᠨ ᠵᠠᠮ ᠱᠤᠭᠤᠮ ᠢ ᠨᠠᠷᠢᠯᠢᠭ ᠰᠠᠶᠢᠳᠤᠷ ᠬᠢᠵᠤ᠂ ᠵᠤᠭᠠᠴᠠᠯ ᠤᠨ ᠨᠡᠷᠡᠳᠤ ᠲᠡᠮᠳᠡᠭᠲᠦ ᠶᠢ ᠪᠤᠵᠠᠭᠠᠶᠢᠷᠠᠭᠤᠯᠤᠨ ᠬᠦᠴᠤᠷᠬᠡᠭᠵᠢᠬᠦᠯᠵᠤ᠂ ᠵᠤᠭᠠᠴᠠᠯ ᠤᠨ ᠵᠠᠬ᠎ᠠ ᠲᠡᠯᠭᠡᠬᠦᠷ ᠤᠨ ᠬᠠᠮᠢᠶᠠᠷᠤᠯᠳᠠ ᠶᠢ ᠲᠦᠷᠢᠮᠵᠢᠬᠦᠯᠬᠦ ᠪᠠ ᠵᠤᠭᠠᠴᠠᠯ ᠤᠨ ᠤᠷᠴᠢᠨ ᠲᠤᠭᠤᠷᠢᠨ ᠢ ᠴᠡᠭᠴᠡᠯᠡᠬᠦ ᠪᠠᠨ ᠦᠷᠬᠦᠯᠵᠢᠯᠡᠨ ᠴᠢᠩᠭᠠᠤᠨᠬᠠᠵᠤ᠂ ᠵᠤᠭᠠᠴᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠵᠤᠭᠠᠴᠠᠯ ᠤᠨ ᠠᠵᠤ ᠦᠢᠯᠡᠰ ᠤᠨ ᠡᠷᠡᠬᠦᠯ ᠢᠶᠠᠷ᠂ ᠦᠷᠬᠦᠯᠵᠢᠯᠡᠨ ᠬᠦᠭᠵᠢᠬᠦ ᠶᠢ ᠪᠠᠳᠤᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号