ᠬᠦᠯᠦᠨ ᠪᠤᠶᠢᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠵᠢᠨ‌ᠬᠤᠷᠢᠶᠠᠨ ᠤ ᠪᠠᠶᠢᠴᠠᠭᠠᠨ ᠰᠣᠳᠣᠯᠬᠤ ᠲᠣᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠳᠤ ᠢᠷᠡᠭᠰᠡᠨ
ᠨᠡᠶᠢᠲᠡᠯᠡᠭᠰᠡᠨ ᠴᠠᠭ᠄
2018/8/2
     7 ᠳ᠋ᠣᠭᠠᠷ ᠰᠠᠷ᠎ᠠ ᠶᠢᠨ 25 ᠤ ᠡᠳᠣᠷ᠂ ᠬᠦᠯᠦᠨ ᠪᠤᠶᠢᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠴᠠᠭᠠᠨ ᠰᠣᠳᠣᠯᠬᠤ ᠲᠣᠭᠤᠶᠢᠯᠠᠩ ᠮᠠᠨ ᠤ ᠬᠤᠰᠢᠭᠤᠨ ᠳᠤ ᠢᠷᠡᠵᠦ᠂ ᠮᠣᠩᠭᠤᠯ ᠭᠡᠯᠡ ᠦᠰᠦᠭ ᠪᠢᠴᠢᠭ ᠤᠨ ᠭᠡᠷᠡᠭᠯᠡᠯᠳᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠡ ᠬᠢᠵᠡᠢ᠃      ᠮᠠᠨ ᠤ ᠬᠤᠰᠢᠭᠤ ᠬᠠᠷᠢᠭᠤ ᠮᠡᠳᠡᠭᠦᠯᠦᠯᠳᠡ ᠶᠢᠨ ᠬᠤᠷᠠᠯ ᠡᠷᠭᠢᠯᠡᠨ ᠬᠤᠷᠠᠯᠳᠣᠭᠤᠯᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠢᠶᠠᠩ ᠶᠥᠩ ᠯᠢᠨ᠂ ᠬᠤᠰᠢᠭᠤ ᠵᠠᠰᠠᠭ ᠤᠨ ᠣᠷᠳᠣᠨ ᠤ ᠲᠡᠳ᠋ ᠬᠤᠰᠢᠭᠤᠨ ᠲᠠᠷᠤᠭ᠎ᠠ ᠪᠠᠢ ᠵᠧᠨ ᠰᠢᠶᠠᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ ᠪᠠᠢ ᠵᠧᠨ ᠰᠢᠶᠠᠨ ᠠᠴᠠ ᠮᠣᠩᠭᠤᠯ ᠭᠡᠯᠡ ᠦᠰᠦᠭ ᠪᠢᠴᠢᠭ ᠤᠨ ᠪᠠᠷᠢᠮᠵᠢᠶᠠᠵᠢᠭᠰᠡᠨ ᠭᠡᠷᠡᠭᠯᠡᠭᠡ᠂ ᠮᠣᠩᠭᠤᠯ ᠭᠡᠯᠡ ᠦᠰᠦᠭ ᠪᠢᠴᠢᠭ ᠤᠨ ᠠᠵᠢᠯ ᠤᠨ ᠪᠠᠶᠢᠳᠠᠯ ᠪᠠ ᠣᠷᠣᠰᠢᠵᠦ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠬᠠᠷᠢᠭᠤ ᠮᠡᠳᠡᠬᠦᠯᠦᠯᠳᠡ ᠬᠢᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠦᠪᠡᠷᠰᠡᠳ ᠤᠨ ᠢᠶᠠᠨ ᠠᠵᠢᠯ ᠤᠨ ᠲᠣᠭᠤᠷᠢᠨ ᠳᠤ ᠨᠦᠬᠦᠨ ᠲᠠᠶᠢᠯᠠᠪᠣᠷᠢᠯᠡᠯᠳᠡ ᠬᠢᠵᠡᠢ᠃      ᠬᠠᠷᠢᠭᠤ ᠮᠡᠳᠡᠬᠦᠯᠦᠯᠳᠡ ᠶᠢᠨ ᠲᠣᠭᠤᠶᠢᠯᠠᠩ ᠠᠴᠠ᠂ ᠰᠢᠨ᠎ᠡ ᠪᠠᠷᠭᠤ ᠵᠡᠬᠦᠨ ᠬᠤᠰᠢᠭᠤ ᠨᠢ ᠴᠦᠭᠡᠨ ᠲᠣᠭᠠᠳᠦ ᠦᠨᠳᠦᠰᠦᠳᠡᠨ ᠤ ᠬᠤᠰᠢᠭᠤ ᠪᠣᠯᠣᠭᠰᠡᠨ ᠤ ᠬᠤᠪᠢ ᠳᠤ ᠮᠣᠩᠭᠤᠯ ᠦᠭᠡ ᠭᠡᠯᠡ ᠦᠰᠦᠭ ᠪᠢᠴᠢᠭ ᠤᠨ ᠪᠠᠷᠢᠮᠵᠢᠶᠠᠭᠰᠡᠨ ᠭᠡᠷᠡᠭᠯᠡᠭᠡᠨ ᠤ ᠠᠵᠢᠯ ᠢ ᠦᠨᠳᠦᠷ ᠭᠡᠮᠵᠢᠶᠡᠨ ᠳᠤ ᠴᠢᠬᠤᠯᠴᠢᠯᠠᠨ ᠦᠵᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠴᠦ ᠡᠳ᠋ ᠤᠨ ᠵᠠᠰᠠᠭ ᠤᠨ ᠪᠡᠯᠡ ᠣᠷᠣᠭᠤᠯᠳᠡ ᠪᠠᠨ ᠲᠠᠰᠣᠷᠠᠯᠳᠡ ᠦᠭᠡᠢ ᠶᠡᠭᠡᠰᠭᠡᠨ᠂ ᠮᠣᠩᠭᠤᠯ ᠢᠶᠠᠷ ᠬᠢᠴᠢᠶᠡᠯᠯᠡᠬᠦ ᠰᠣᠷᠣᠭᠴᠢᠳ ᠤᠨ ᠰᠣᠷᠣᠯᠭ᠎ᠠ ᠶᠢᠨ ᠰᠣᠯᠠ ᠵᠠᠷᠣᠳᠠᠯ ᠪᠠ ᠬᠦᠮᠦᠵᠢᠬᠦᠯᠬᠦ ᠶᠢ ᠪᠠᠳᠣᠯᠬᠤ ᠬᠠᠮᠢᠶᠠᠷᠣᠯᠳᠡ ᠶᠢᠨ ᠰᠦᠢᠳᠭᠡᠯ ᠵᠡᠷᠭᠡ ᠶᠢ ᠭᠦᠡᠭᠭᠡᠷᠡᠭᠦᠯᠦᠨ᠂ ᠰᠣᠷᠭᠠᠨ ᠬᠦᠮᠦᠵᠢᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠰᠣᠷᠭᠠᠭᠤᠯᠢ ᠡᠷᠭᠢᠯᠡᠬᠦ ᠨᠦᠭᠦᠴᠡᠯ ᠢ ᠰᠠᠶᠢᠵᠢᠷᠠᠭᠤᠯᠣᠨ᠂ ᠰᠣᠷᠣᠯᠭ᠎ᠠ ᠶᠢᠨ ᠶᠠᠰᠦ ᠴᠢᠨᠠᠷ ᠢ ᠦᠨᠡᠨᠬᠦ ᠲᠡᠭᠡᠭᠰᠢᠯᠡᠬᠦᠯᠦᠭᠰᠡᠨ ᠪᠠᠶᠢᠨ᠎ᠠ᠃ ᠡᠭᠦᠨ ᠤ ᠬᠠᠮᠳᠦ ᠪᠦᠬᠦ ᠬᠤᠰᠢᠭᠤᠨ ᠤ ᠮᠣᠩᠭᠤᠯ ᠭᠡᠯᠡᠨ ᠤ ᠴᠢᠳᠠᠪᠣᠷᠢᠳᠡᠨ ᠤ ᠡᠬᠢ ᠰᠣᠷᠪᠣᠯᠵᠢ ᠶᠢ ᠨᠢᠭᠡᠳᠭᠡᠨ᠂ ᠣᠷᠴᠢᠭᠤᠯᠬᠤ ᠨᠡᠶᠢᠭᠡᠮᠯᠢᠭ ᠢ ᠰᠡᠳᠦᠨ ᠪᠠᠶᠢᠭᠤᠯᠵᠦ᠂ ᠣᠷᠴᠢᠭᠤᠯᠣᠭᠴᠢ ᠶᠢᠨ ᠡᠩᠨᠡᠭᠡ ᠶᠢ ᠲᠡᠭᠦᠯᠳᠡᠷᠵᠢᠬᠦᠯᠦᠨ᠂ ᠨᠡᠶᠢᠭᠡᠮ ᠤᠨ ᠡᠯ᠎ᠡ ᠵᠦᠢᠯ ᠤᠨ ᠫᠠᠶᠢᠰᠠ ᠲᠡᠮᠳᠡᠭ ᠤᠨ ᠮᠣᠩᠭᠤᠯ ᠦᠰᠦᠭ ᠪᠢᠴᠢᠭ ᠢ ᠲᠦᠷᠢᠮᠵᠢᠬᠦᠯᠬᠦ ᠪᠠ ᠵᠦᠪᠰᠢᠷᠡᠭᠦᠯᠬᠦ ᠠᠵᠢᠯ ᠢ ᠴᠢᠩᠭ᠎ᠠ ᠠᠳᠬᠤᠵᠦ᠂ ᠪᠦᠬᠦ ᠨᠡᠶᠢᠭᠡᠮ ᠤᠨ ᠭᠡᠪᠴᠢᠶᠠᠨ ᠳᠤ ᠵᠦᠪ ᠭᠡᠯᠡ ᠲᠠᠢ᠂ ᠵᠦᠪ ᠦᠰᠦᠭ ᠪᠢᠴᠢᠭ ᠲᠠᠢ ᠠᠭᠤᠷ ᠠᠮᠢᠰᠬᠤᠯ ᠢ ᠪᠣᠢ ᠪᠣᠯᠭᠠᠭᠰᠡᠨ ᠢᠶᠠᠷ ᠪᠠᠷᠠᠬᠤ ᠦᠭᠡᠢ ᠰᠢᠨ᠎ᠡ ᠪᠠᠷᠭᠤ ᠵᠡᠬᠦᠨ ᠬᠤᠰᠢᠭᠤ ᠨᠢ ᠬᠠᠮᠢᠶ᠎ᠠ ᠪᠦᠬᠦᠢ ᠲᠦᠷᠢᠮ ᠲᠣᠭᠳᠠᠭᠠᠯ ᠭᠠᠷᠭᠠᠵᠦ᠂ ᠮᠣᠩᠭᠤᠯ ᠭᠡᠯᠡ ᠦᠰᠦᠭ ᠪᠢᠴᠢᠭ ᠤᠨ ᠠᠵᠢᠯ ᠤᠨ ᠨᠡᠩ ᠪᠡᠷᠢᠮᠵᠢᠶᠠᠭᠰᠡᠨ᠂ ᠲᠦᠷᠢᠮᠵᠢᠭᠰᠡᠨ ᠭᠦᠭᠵᠢᠯᠳᠡ ᠶᠢ ᠠᠬᠢᠭᠤᠯᠵᠦ ᠪᠠᠶᠢᠨ᠎ᠠ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号