ᠴᠠᠩ ᠴᠢᠩ ᠲᠤᠭᠤᠶᠢᠯᠠᠩ ᠲᠠᠭᠠᠭᠤᠯᠵᠦ ᠰᠢᠨ᠎ᠡ ᠪᠠᠷᠭᠤ ᠵᠡᠭᠦᠨ ᠬᠤᠰᠢᠭᠤᠨ ᠤ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠳᠤ ᠵᠢᠯᠤᠭᠤᠳᠤᠯᠭ᠎ᠠ ᠶᠠᠪᠤᠭᠤᠯᠤᠭᠰᠠᠨ
ᠨᠡᠶᠢᠲᠡᠯᠡᠭᠰᠡᠨ ᠴᠠᠭ᠄
2018/8/6
     8 ᠳ᠋ᠤᠭᠠᠷ ᠰᠠᠷᠠᠶᠢᠨ 1 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠬᠤᠳᠠ ᠶᠢᠨ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠲᠠᠷᠤᠭ᠎ᠠ ᠴᠠᠩ ᠴᠢᠩ ᠤᠳᠤᠷᠢᠳᠬᠤ ᠪᠠᠭ᠎ᠠ ᠲᠤᠭᠤᠶᠢᠯᠠᠩ ᠤᠨ ᠬᠡᠰᠢᠬᠦᠳ ᠢ ᠲᠠᠭᠠᠭᠤᠯᠵᠦ᠂ ᠮᠠᠨ ᠤ ᠬᠤᠰᠢᠭᠤᠨ ᠳᠤ ᠢᠷᠡᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠳᠤ ᠪᠠᠶᠢᠴᠠᠭᠠᠨ ᠵᠢᠯᠤᠭᠤᠳᠤᠯᠭ᠎ᠠ ᠶᠠᠪᠤᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠪᠠᠶᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠳᠡᠳ᠋ ᠬᠤᠰᠢᠭᠤᠨ ᠲᠠᠷᠤᠭ᠎ᠠ ᠶᠠᠩ ᠰᠢᠶᠤᠤ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠭᠧᠩ ᠬᠤᠤ ᠵᠢᠴᠢ ᠬᠤᠰᠢᠭᠤᠨ ᠤ ᠵᠢᠭᠤᠯᠴᠢᠯᠠᠯ᠂ ᠤᠷᠴᠢᠨ ᠲᠤᠭᠤᠷᠢᠨ ᠤ ᠬᠠᠮᠠᠭᠠᠯᠠᠯᠳᠠ᠂ ᠲᠠᠯ᠎ᠠ ᠨᠤᠲᠤᠭ ᠤᠨ ᠬᠢᠨᠠᠯᠳᠠ ᠬᠠᠮᠢᠶᠠᠷᠤᠯᠳᠠ᠂ ᠤᠰᠤᠨ ᠤ ᠶᠠᠪᠤᠳᠠᠯ ᠤᠨ ᠲᠤᠪᠴᠢᠶ᠎ᠠ ᠵᠡᠷᠬᠡ ᠬᠠᠮᠢᠶᠠᠳᠠᠢ ᠬᠠᠷᠢᠭᠤᠴᠠᠯᠭᠠᠳᠠᠳ ᠪᠠᠷ᠎ᠠ ᠪᠤᠯᠤᠯᠴᠠᠪᠠ᠃      ᠬᠢᠨᠠᠨ ᠪᠠᠶᠢᠴᠠᠭᠠᠯᠳᠠ ᠲᠤᠮᠳᠠ᠂ ᠴᠠᠩ ᠴᠢᠩ ᠵᠡᠷᠬᠡ ᠤᠳᠤᠷᠢᠳᠤᠯᠭ᠎ᠠ ᠴᠠᠭᠠᠨ ᠪᠠᠯᠭᠠᠰᠤ ᠪᠠᠷ ᠬᠦᠨᠵᠡᠬᠡᠶᠢᠷᠡᠵᠦ ᠤᠷᠢᠳ ᠬᠤᠵᠢᠳ ᠰᠢᠨ᠎ᠡ ᠪᠠᠷᠭᠤ ᠵᠡᠬᠦᠨ ᠬᠤᠰᠢᠭᠤᠨ ᠤ ᠬᠠᠷᠢᠶᠠᠨ ᠳᠠᠬᠢ ᠭᠤᠤᠯᠳᠠᠯᠠᠭᠠᠳᠠᠢ ᠵᠢᠭᠤᠯᠴᠢᠯᠠᠯ ᠤᠨ ᠵᠠᠮ ᠱᠤᠭᠤᠮ ᠲᠠᠭᠠᠤ ᠪᠠᠶᠢᠷᠢᠯᠠᠵᠦ ᠪᠠᠶᠢᠭ᠎ᠠ ᠲᠤᠶᠠᠭ᠎ᠠ ᠮᠤᠩᠭᠤᠯ ᠬᠡᠷ ᠤᠨ ᠵᠢᠭᠤᠯᠴᠢᠯᠠᠯ ᠤᠨ ᠴᠢᠭ᠂ ᠪᠠᠷᠭᠤ ᠮᠤᠩᠭᠤᠯ ᠠᠶᠢᠯ ᠵᠡᠷᠬᠡ ᠦᠵᠡᠮᠵᠢ ᠶᠢᠨ ᠤᠷᠤᠨ ᠦᠵᠡᠮᠵᠢ ᠶᠢᠨ ᠴᠢᠭ ᠢᠶᠠᠷ ᠬᠦᠷᠴᠦ᠂ ᠬᠤᠰᠢᠭᠤᠨ ᠤ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠦᠷᠨᠢᠯᠳᠡ ᠶᠢᠨ ᠪᠠᠶᠢᠳᠠᠯ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠳᠠ ᠬᠢᠵᠡᠢ᠃ ᠦᠢᠯᠠᠭᠠᠭᠰᠠᠨ ᠢᠶᠠᠷ᠂ ᠪᠦᠬᠦ ᠬᠤᠳᠠ ᠶᠢᠨ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠰᠠᠨ ᠤ ᠲᠠᠷᠠᠭ᠎ᠠ᠂ ᠮᠠᠨ ᠤ ᠬᠤᠰᠢᠭᠤ ᠨᠢ ᠲᠤᠰ ᠤᠳᠠᠭᠠᠨ ᠤ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠪᠤᠯ ᠪᠦᠬᠦ ᠬᠤᠳᠠ ᠶᠢᠨ ᠵᠢᠭᠤᠯᠴᠢᠯᠠᠯ ᠤᠨ ᠬᠦᠭᠵᠢᠯᠳᠡ ᠶᠢᠨ ᠤᠷᠴᠢᠨ ᠲᠤᠭᠤᠷᠢᠨ ᠶᠢ ᠰᠢᠯᠢᠳᠡᠭᠵᠢᠬᠦᠯᠵᠦ᠂ ᠵᠢᠭᠤᠯᠴᠢᠯᠠᠯ ᠤᠨ ᠦᠢᠯᠡᠰ ᠤᠨ ᠡᠷᠡᠬᠦᠯ ᠲᠤᠭᠳᠠᠭᠤᠨ ᠬᠦᠭᠵᠢᠯᠳᠡ ᠶᠢ ᠪᠠᠳᠤᠯᠠᠬᠤ ᠠᠵᠢᠯ ᠤᠨ ᠬᠡᠷᠡᠭᠴᠡᠭᠡ ᠶᠢ ᠬᠦᠢᠴᠡᠳ ᠲᠠᠨᠢᠵᠦ᠂ ᠵᠤᠬᠢᠶᠠᠨ ᠪᠠᠶᠢᠭᠤᠯᠤᠯᠳᠠ ᠶᠢᠨ ᠲᠤᠭᠳᠠᠴᠠ ᠶᠢ ᠪᠦᠷᠢᠯᠳᠦᠬᠦᠯᠵᠦ᠂ ᠬᠡᠷᠡᠭᠵᠢᠬᠦᠯᠬᠦ ᠲᠦᠰᠦᠪ ᠲᠤᠭᠳᠠᠭᠠᠨ᠂ ᠪᠠᠶᠢᠴᠠᠭᠠᠯᠳᠠ ᠶᠢ ᠴᠢᠩᠭᠠᠳᠬᠠᠵᠦ᠂ ᠴᠡᠭᠴᠡᠯᠡᠨ ᠴᠡᠪᠡᠷᠯᠡᠬᠦ ᠭᠤᠤᠯᠳᠠᠯᠠᠭ᠎ᠠ ᠶᠢ ᠲᠤᠭᠳᠠᠭᠠᠨ᠂ ᠬᠠᠤᠯᠢ ᠶᠤᠰᠤᠭᠠᠷ ᠵᠠᠰᠠᠭ ᠵᠠᠬᠢᠷᠭ᠎ᠠ ᠶᠠᠪᠤᠭᠤᠯᠵᠦ᠃ ᠤᠳᠤᠬᠠᠨ ᠪᠤᠯᠳᠠᠯ᠎ᠠ᠂ 80 ᠭᠠᠷᠤᠢ ᠬᠦᠮᠦᠨ ᠤᠳᠠᠭᠠᠨ ᠤ ᠬᠠᠮᠳᠤᠷᠠᠨ ᠪᠠᠶᠢᠴᠠᠭᠠᠯᠳᠠ ᠶᠠᠪᠤᠭᠤᠯᠵᠦ᠂ 127 ᠤᠳᠠᠭ᠎ᠠ ᠲᠤᠬᠠᠢ ᠶᠢᠨ ᠲᠠᠯᠠᠪᠤᠷ ᠲᠤ ᠬᠠᠮᠳᠤᠷᠠᠭᠰᠠᠨ ᠪᠠᠶᠢᠴᠠᠭᠠᠯᠳᠠ ᠶᠠᠪᠤᠭᠤᠯᠵᠦ᠂ ᠤᠯᠠᠨ ᠡᠷᠦᠬᠡ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠪᠡᠷᠯᠡᠨ ᠴᠡᠭᠴᠡᠯᠡᠵᠦ᠂ ᠱᠠᠳᠤᠴᠢ ᠴᠢᠨᠠᠷᠳᠠᠢ ᠦᠷ᠎ᠡ ᠪᠦᠳᠦᠮᠵᠢ ᠤᠯᠤᠭᠰᠠᠨ ᠪᠠᠶᠢᠨ᠎ᠠ᠃ ᠲᠤᠬᠠᠢ ᠶᠢᠨ ᠲᠠᠯᠠᠪᠤᠷ ᠲᠤ ᠴᠠᠩ ᠴᠢᠩ ᠠᠴᠠ ᠮᠠᠨ ᠤ ᠬᠤᠰᠢᠭᠤᠨ ᠤ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠳᠤ ᠬᠦᠢᠴᠡᠳ ᠦᠨᠡᠯᠡᠯᠳᠡ ᠦᠭᠴᠦ᠂ ᠵᠢᠭᠠᠬᠤ ᠳᠠᠭᠠᠨ᠄ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠰ ᠲᠦᠷᠦᠯ ᠤᠨ ᠠᠵᠢᠯ ᠢ ᠶᠡᠬᠡᠳᠡ ᠴᠢᠬᠤᠯᠠᠴᠢᠯᠠᠨ ᠦᠵᠡᠵᠦ᠂ ᠰᠢᠨ᠎ᠡ ᠪᠠᠷᠭᠤ ᠵᠡᠬᠦᠨ ᠬᠤᠰᠢᠭᠤᠨ ᠤ ᠡᠯ᠎ᠡ ᠱᠠᠳᠤᠨ ᠤ ᠡᠯ᠎ᠡ ᠬᠠᠮᠢᠶᠠᠳᠠᠢ ᠰᠠᠯᠠᠭ᠎ᠠ ᠮᠦᠴᠢᠷ ᠨᠢ ᠦᠵᠡᠯ ᠤᠬᠠᠮᠰᠡᠷ ᠢᠶᠠᠷ ᠨᠢᠬᠡᠳᠬᠡᠨ᠂ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠴᠢᠬᠤᠯᠠ ᠴᠢᠨᠠᠷ ᠤᠨ ᠲᠠᠨᠢᠯᠳᠠ ᠪᠠᠨ ᠨᠡᠮᠡᠭᠳᠡᠬᠦᠯᠦᠨ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠢ ᠰᠠᠶᠢᠳᠤᠷ ᠬᠢᠵᠦ᠂ ᠠᠵᠢᠯ ᠤᠨ ᠪᠤᠲᠠᠲᠠᠢ ᠦᠷ᠎ᠡ ᠠᠰᠢᠭ ᠤᠯᠬᠤ ᠶᠢ ᠪᠠᠳᠤᠯᠠᠬᠤ ᠬᠡᠷᠡᠭᠳᠡᠢ ᠬᠡᠪᠡ᠃ ᠲᠠᠷᠠᠭ᠎ᠠ ᠠᠯᠬᠤᠮ ᠤᠨ ᠠᠵᠢᠯ ᠤᠨ ᠲᠠᠯ᠎ᠠ ᠪᠠᠷ ᠴᠠᠩ ᠴᠢᠩ ᠱᠠᠭᠠᠷᠳᠠᠬᠤ ᠳᠠᠭᠠᠨ᠄ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠢ ᠲᠦᠯᠦᠪᠵᠢᠬᠦᠯᠬᠡ ᠲᠠᠢ ᠠᠬᠢᠭᠤᠯᠬᠤ ᠬᠡᠷᠡᠭᠳᠡᠢ᠃ ᠤᠷᠤᠨ ᠨᠤᠲᠤᠭ ᠤᠨ ᠪᠠᠶᠢᠳᠠᠯ ᠲᠠᠢ ᠤᠶᠠᠯᠳᠤᠭᠤᠯᠤᠨ᠂ ᠦᠨᠡᠨ ᠠᠴᠠ ᠵᠦᠪ ᠢ ᠡᠷᠢᠵᠦ᠂ ᠬᠠᠮᠢᠶᠠᠳᠠᠢ ᠬᠠᠤᠯᠢ ᠲᠦᠷᠢᠮ ᠶᠤᠰᠤᠭᠠᠷ᠂ ᠵᠤᠬᠢᠰᠳᠠᠢ ᠬᠦᠷᠢᠶ᠎ᠡ ᠬᠡᠪᠴᠢᠶᠡᠨ ᠲᠤᠳᠤᠷ᠎ᠠ᠂ ᠴᠡᠭᠴᠡᠯᠡᠨ ᠴᠡᠪᠡᠷᠯᠡᠬᠦ ᠬᠡᠮᠵᠢᠶ᠎ᠡ ᠶᠢ ᠰᠠᠶᠢᠳᠤᠷ ᠠᠳᠬᠤᠬᠤ ᠬᠡᠷᠡᠭᠳᠡᠢ᠃ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠬᠠᠮᠳᠤ ᠶᠢᠨ ᠬᠦᠴᠦᠨ ᠶᠢ ᠪᠦᠷᠢᠯᠳᠦᠬᠦᠯᠵᠦ᠂ ᠬᠠᠮᠳᠤᠷᠠᠨ ᠬᠠᠤᠯᠢ ᠬᠡᠷᠡᠭᠵᠢᠬᠦᠯᠬᠦ ᠠᠵᠢᠯ ᠤᠨ ᠬᠦᠴᠦᠯᠡᠴᠡ ᠶᠢ ᠴᠢᠩᠭᠠᠳᠬᠠᠬᠤ ᠬᠡᠷᠡᠭᠳᠡᠢ᠃ ᠬᠠᠮᠢᠶᠠᠳᠠᠢ ᠲᠦᠷᠢᠮ ᠲᠤᠭᠳᠠᠭᠠᠯ ᠢ ᠲᠡᠬᠦᠯᠳᠡᠷᠵᠢᠬᠦᠯᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠤᠷᠳᠤ ᠬᠤᠭᠤᠴᠠᠭᠠᠳᠤ ᠲᠤᠭᠳᠠᠴᠠ ᠶᠢ ᠪᠦᠷᠢᠨᠰᠢᠬᠦᠯᠬᠦ ᠬᠡᠷᠡᠭᠳᠡᠢ᠃ ᠤᠬᠠᠭᠤᠯᠭ᠎ᠠ ᠲᠠᠶᠢᠴᠢᠯᠠᠯᠳᠠ ᠪᠠᠨ ᠴᠢᠩᠭᠠᠳᠬᠠᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠬᠦᠨ ᠵᠤᠵᠠᠭᠠᠨ ᠠᠭᠤᠷ ᠠᠮᠢᠰᠬᠤᠯ ᠢ ᠡᠬᠦᠳᠦᠨ ᠪᠠᠶᠢᠭᠤᠯᠬᠤ ᠬᠡᠷᠡᠭᠳᠡᠢ ᠬᠡᠪᠡ᠃ ᠪᠦᠷᠢᠨᠪᠠᠶᠠᠷ ᠢᠯᠡᠷᠬᠡᠶᠢᠯᠡᠬᠦ ᠳᠡᠭᠡᠨ᠄ ᠮᠠᠨ ᠤ ᠬᠤᠰᠢᠭᠤ ᠨᠢ ᠲᠤᠰ ᠤᠳᠠᠭᠠᠨ ᠤ ᠬᠢᠨᠠᠨ ᠪᠠᠶᠢᠴᠠᠭᠠᠯᠳᠠ ᠪᠠᠷ ᠠᠨᠢᠰᠤ ᠪᠤᠯᠭᠠᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠠᠵᠢᠯ ᠤᠨ ᠲᠤᠭᠤᠶᠢᠯᠠᠩ ᠤᠨ ᠲᠤᠷᠠᠳᠤᠭᠰᠠᠨ ᠰᠢᠨ᠎ᠡ ᠱᠠᠭᠠᠷᠳᠠᠯᠭ᠎ᠠ ᠲᠠᠢ ᠬᠠᠷᠭᠤᠭᠤᠯᠤᠨ᠂ ᠲᠠᠷᠦ᠋ᠢᠬᠠᠨ ᠬᠦᠳᠡᠯᠦᠯᠴᠡᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠪᠤᠲᠠᠲᠠᠢ ᠠᠵᠢᠯ ᠤᠨ ᠡᠬᠦᠷᠬᠡ ᠶᠢ ᠲᠦᠷᠦᠯ ᠲᠠᠷᠠᠭᠠᠯᠠᠨ ᠨᠠᠶᠢᠳᠠᠪᠤᠷᠢᠵᠢᠭᠤᠯᠵᠦ᠂ ᠪᠦᠬᠦ ᠬᠤᠳᠠ ᠶᠢᠨ ᠲᠠᠯ᠎ᠠ ᠨᠤᠲ ᠤᠭ ᠤᠨ ᠠᠮᠢ ᠠᠬᠤᠢ ᠶᠢᠨ ᠰᠠᠶᠢᠵᠢᠷᠠᠭᠤᠯᠤᠯᠳᠠ ᠳᠤ ᠨᠡᠩ ᠶᠡᠭᠡ ᠬᠤᠪᠢ ᠨᠡᠮᠡᠷᠢ ᠦᠵᠡᠬᠦᠯᠦᠨ᠎ᠡ ᠬᠡᠵᠡᠢ᠃      ᠵᠠᠯᠭᠠᠭᠠᠳ ᠰᠠᠭᠤᠳᠠᠯ ᠤᠨ ᠬᠤᠷᠠᠯ ᠬᠤᠷᠠᠯᠳᠤᠭᠤᠯᠵᠦ᠂ ᠬᠤᠳᠠ ᠶᠢᠨ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠴᠡᠭᠴᠡᠯᠡᠨ ᠴᠡᠪᠡᠷᠯᠡᠬᠦ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠬᠡᠰᠢᠬᠦᠳ ᠪᠠᠰᠠ ᠮᠠᠨ ᠤ ᠬᠤᠰᠢᠭᠤᠨ ᠤ ᠡᠯ᠎ᠡ ᠬᠠᠮᠢᠶᠠᠳᠠᠢ ᠰᠠᠯᠠᠭ᠎ᠠ ᠮᠦᠴᠢᠷ ᠤᠨ ᠬᠤᠪᠢᠳᠠᠨ ᠬᠠᠮᠢᠶᠠᠷᠴᠦ ᠪᠠᠶᠢᠭ᠎ᠠ ᠠᠵᠢᠯ ᠤᠨ ᠠᠬᠢᠭᠤᠯᠤᠨ ᠲᠤᠤᠱᠯᠠᠭᠤᠯᠤᠭᠰᠠᠨ ᠪᠠᠶᠢᠳᠠᠯ ᠪᠠ ᠲᠠᠷᠠᠭ᠎ᠠ ᠠᠯᠬᠤᠮ ᠤᠨ ᠠᠵᠢᠯ ᠤᠨ ᠪᠠᠶᠢᠷᠢᠯᠠᠭᠤᠯᠤᠯᠳᠠ ᠶᠢ ᠰᠤᠨᠤᠰᠴᠦ᠂ ᠮᠠᠨ ᠤ ᠬᠤᠰᠢᠭᠤᠨ ᠤ ᠬᠠᠤᠯᠢ ᠲᠦᠷᠢᠮ ᠶᠤᠰᠤᠭᠠᠷ ᠠᠵᠢᠯ ᠬᠢᠬᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ᠂ ᠠᠵᠢᠯ ᠤᠨ ᠲᠦᠰᠦᠪ ᠢ ᠲᠡᠬᠦᠯᠳᠡᠷᠵᠢᠬᠦᠯᠬᠦ᠂ ᠲᠡᠬᠡᠷ᠎ᠡ ᠱᠠᠤᠨ ᠤ ᠵᠤᠬᠢᠴᠠᠯᠳᠤᠭ᠎ᠠ ᠶᠢ ᠴᠢᠩᠭᠠᠳᠬᠠᠬᠤ ᠵᠡᠷᠬᠡ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠬᠦ ᠲᠠᠯ᠎ᠠ ᠪᠠᠷ ᠵᠢᠯᠤᠭᠤᠳᠤᠯᠭᠠᠳᠤ ᠴᠢᠨᠠᠷᠳᠠᠢ ᠰᠠᠨᠠᠯ ᠲᠤᠷᠠᠳᠤᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠵᠡᠬᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号