ᠤᠶᠢᠷ᠎ᠠ ᠶᠢᠨ ᠡᠳᠤᠷ᠂ ᠬᠤᠰᠢᠭᠤᠨ ᠤ ᠵᠠᠰᠠᠭ ᠤᠨ ᠤᠷᠳᠤᠨ ᠤ ᠲᠡᠳ᠋ ᠬᠤᠰᠢᠭᠤᠨ ᠲᠠᠷᠤᠭ᠎ᠠ ᠮᠠᠤ ᠢᠦᠢ | ᠲᠥᠩ ᠪᠠᠷᠠᠭᠤᠨ ᠦᠵᠦᠭᠦᠷ ᠰᠤᠮᠤᠨ ᠤ ᠶᠢᠨ ᠵᠢᠶᠤᠤ ᠮᠤᠩᠭᠤᠯ ᠶᠤᠸᠠᠨ ᠤ ᠰᠤᠶᠤᠯ ᠤᠨ ᠵᠤᠰᠠᠯᠠᠩ ᠳᠤ | ᠭᠦᠨᠵᠡᠭᠡᠶᠢᠷᠡᠵᠦ ᠰᠤᠷᠤᠭᠴᠢ ᠶᠢᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠬᠤᠰᠢᠭᠤᠨ ᠤ ᠰᠤᠷᠭᠠᠨ ᠬᠦᠮᠦᠵᠢᠯ | ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠤᠪᠴᠢᠶᠠᠨ ᠲᠠᠷᠤᠭ᠎ᠠ ᠤᠷᠲᠦ᠂ ᠪᠠᠷᠠᠭᠤᠨ ᠦᠵᠦᠭᠦᠷ ᠰᠤᠮᠤ ᠶᠢᠨ | ᠵᠠᠰᠠᠭ ᠤᠨ ᠤᠷᠳᠤᠨ ᠤ ᠰᠤᠮᠤᠨ ᠲᠠᠷᠤᠭ᠎ᠠ ᠬᠠᠰᠮᠡᠨᠲᠤ ᠪᠠᠷ᠎ᠠ ᠪᠣᠯᠪᠠ᠃ | ᠮᠠᠥ ᠬᠤᠰᠢᠭᠤᠨ ᠲᠠᠷᠤᠭ᠎ᠠ ᠶᠢᠨ ᠵᠢᠶᠤᠤ ᠮᠤᠩᠭᠤᠯ ᠶᠤᠸᠠᠨ ᠤ ᠰᠤᠶᠤᠯ ᠤᠨ ᠠᠵᠢᠯᠲᠠᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠤᠨᠤᠰᠴᠦ᠂ ᠵᠤᠰᠠᠯᠠᠩ ᠤᠨ ᠰᠤᠷᠤᠭᠴᠢᠳ ᠤᠨ ᠬᠤᠨᠤᠵᠤ ᠰᠠᠭᠤᠬᠤ᠂ ᠢᠳᠡᠭᠡᠨ | ᠤᠮᠳᠠᠭᠠᠨ᠂ ᠡᠳᠤᠷ ᠲᠤᠳᠤᠮ ᠤᠨ ᠬᠦᠳᠡᠯᠭᠡᠭᠡᠨ ᠵᠡᠷᠭᠡ ᠦᠨᠳᠦᠰᠦᠨ ᠪᠠᠶᠢᠳᠠᠯ ᠢ ᠨᠠᠷᠢᠯᠢᠭ ᠤᠶᠢᠯᠠᠭᠠᠪᠠ᠂ ᠡᠭᠦᠨ ᠤ | ᠬᠠᠮᠲᠤ ᠬᠤᠯᠪᠤᠭᠳᠠᠯ ᠪᠦᠬᠦᠢ ᠠᠵᠢᠯᠲᠠᠨ ᠢ ᠵᠤᠰᠠᠯᠠᠩ ᠤᠨ ᠬᠤᠭᠤᠴᠠᠭᠠᠨ ᠳᠤ ᠰᠤᠷᠤᠭᠴᠢᠳ ᠤᠨ ᠬᠤᠨᠤᠵᠦ ᠰᠠᠭᠤᠬᠤ | ᠂ ᠢᠳᠡᠭᠡᠨ ᠤᠮᠳᠠᠭᠠᠨ᠂ ᠡᠳᠤᠷ ᠲᠤᠳᠤᠮ ᠤᠨ ᠬᠦᠳᠡᠯᠭᠡᠭᠡᠨ ᠵᠡᠷᠭᠡ ᠡᠯ᠎ᠡ ᠭᠤᠭᠴᠤᠭ᠎ᠠ ᠳᠤ ᠡᠷᠡᠰ ᠴᠢᠩᠭ᠎ᠠ | ᠡᠵᠡᠮᠳᠡᠵᠦ᠂ ᠠᠯᠭᠤᠮ ᠠᠭᠠᠵᠢᠮ ᠢᠶᠠᠷ᠂ ᠰᠢᠰᠲ᠋ᠧᠮ ᠲᠠᠢ ᠪᠠᠷ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠵᠤ᠂ | ᠲᠤᠰ ᠤᠳᠠᠭᠠᠨ ᠤ ᠵᠤᠰᠠᠯᠠᠩ ᠤᠨ ᠬᠦᠳᠡᠯᠭᠡᠭᠡᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠭᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ | ᠵᠤᠰᠠᠯᠠᠩ ᠤᠨ ᠰᠤᠷᠤᠭᠴᠢᠳ ᠠᠴᠠ ᠤᠷ᠎ᠠ ᠠᠪᠢᠶᠠᠰ ᠢᠶᠠᠨ ᠤᠯᠠᠨ ᠳᠤ ᠭᠠᠶᠢᠬᠠᠭᠤᠯᠵᠤ᠂ ᠮᠠᠤ ᠬᠤᠰᠢᠭᠤᠨ | ᠳᠠᠷᠤᠭ᠎ᠠ ᠨᠠᠷ ᠲᠤᠭᠯᠠᠯᠲᠠ ᠶᠢ ᠰᠤᠨᠢᠷᠬᠠᠨ ᠰᠤᠷᠤᠭᠴᠢᠳ ᠢ ᠵᠤᠰᠠᠯᠠᠩ ᠳᠤ ᠪᠠᠶᠢᠭ᠎ᠠ ᠬᠤᠭᠤᠴᠠᠭᠠᠨ ᠳᠤ | ᠢᠳᠡᠪᠬᠢᠲᠡᠢ ᠪᠠᠷ ᠬᠦᠳᠡᠯᠭᠡᠭᠡᠨ ᠳᠤ ᠤᠷᠤᠯᠴᠠᠬᠤ ᠶᠢ ᠵᠤᠷᠢᠭᠵᠢᠭᠤᠯᠵᠤ᠂ ᠲᠤᠰ ᠤᠳᠠᠭᠠᠨ ᠤ ᠬᠦᠳᠡᠯᠭᠡᠭᠡᠨ ᠢᠶᠠᠷ | ᠳᠠᠮᠵᠢᠨ ᠬᠦᠷᠳᠡᠭᠰᠡᠨ ᠵᠦᠪ ᠦᠵᠡᠯ ᠰᠠᠨᠠᠭ᠎ᠠ ᠂ ᠰᠢᠯᠢᠳᠡᠭ ᠤᠯᠠᠮᠵᠢᠯᠠᠯ᠂ ᠬᠠᠳᠠᠨ ᠵᠤᠷᠢᠭ ᠰᠠᠨᠠᠭ᠎ᠠ ᠪᠠᠨ | ᠬᠤᠶᠢᠰᠢᠳᠠ ᠶᠢᠨ ᠰᠤᠷᠤᠯᠭ᠎ᠠ ᠪᠠ ᠠᠮᠢᠳᠤᠷᠠᠯ ᠳᠤᠮᠳᠠ ᠪᠠᠨ ᠦᠢᠯᠡᠳᠦᠯᠭᠡᠵᠢᠭᠦᠯᠵᠦ᠂ ᠲᠡᠳᠡᠨ ᠢ ᠡᠷᠡᠭᠦᠯ ᠢᠶᠠᠷ ᠪᠠᠶᠠᠷ | ᠬᠥᠷ ᠲᠠᠢ ᠦᠰᠦᠨ ᠪᠤᠶᠢᠵᠢᠬᠤ ᠶᠢ ᠬᠦᠰᠡᠭᠰᠡᠨ ᠪᠠᠶᠢᠨ᠎ᠠ᠃ |