ᠪᠦᠬᠦ ᠬᠤᠲᠠ ᠶᠢᠨ ᠡᠮᠡᠭᠲᠠᠶᠢᠴᠤᠳ ᠬᠡᠤᠬᠡᠳ ᠤᠨ ᠠᠵᠢᠯ ᠤᠨ ᠬᠠᠷᠠᠭᠠᠨ ᠲᠠᠪᠲᠠᠮᠵᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/7
     ᠨᠠᠢᠮᠠᠳᠤᠭᠠᠷ ᠰᠠᠷ᠎ᠠ ᠶᠢᠨ ᠬᠤᠶᠠᠷᠠᠨ ᠤ ᠡᠳᠣᠷ᠂ ᠪᠦᠬᠦ ᠬᠤᠲᠠ ᠶᠢᠨ ᠡᠮᠡᠭᠲᠠᠶᠢᠴᠤᠳ ᠬᠡᠤᠬᠡᠳ ᠤᠨ ᠠᠵᠢᠯ  ᠤᠨ ᠬᠠᠷᠠᠭᠠᠨ ᠲᠠᠪᠲᠠᠮᠵᠢ ᠶᠢᠨ ᠬᠤᠷᠠᠯ ᠬᠤᠷᠠᠯᠳᠤᠪᠠ᠃ ᠬᠤᠷᠠᠯ ᠠᠴᠠ ︽ᠬᠦᠯᠤᠨ ᠪᠤᠶᠢᠷ ᠬᠤᠲᠠ ᠶᠢᠨ ᠡᠮᠡᠭᠲᠠᠶᠢᠴᠤᠳ ᠤᠨ ᠬᠦᠭᠵᠢᠯᠲᠡ ᠶᠢᠨ ᠬᠤᠶᠠᠷ ᠮᠢᠩᠭ᠎ᠠ ᠠᠷᠪᠠᠨ ᠨᠢᠭᠡᠨ ᠤᠨ ᠠᠴᠠ ᠬᠤᠶᠠᠷ ᠮᠢᠩᠭ᠎ᠠ ᠬᠤᠷᠢᠨ ᠤᠨ ᠪᠤᠯᠲᠠᠯᠠᠬᠢ ᠬᠦᠲᠤᠯᠪᠤᠷᠢ︾ ᠪᠤᠯᠤᠨ ︽ᠬᠦᠯᠤᠨ ᠪᠤᠶᠢᠷ ᠬᠤᠲᠠ ᠶᠢᠨ ᠬᠡᠤᠭᠡᠳ ᠤᠨ ᠬᠦᠭᠵᠢᠯᠲᠡ ᠶᠢᠨ ᠬᠤᠶᠠᠷ ᠮᠢᠩᠭ᠎ᠠ ᠠᠷᠪᠠᠨ ᠨᠢᠭᠡᠨ ᠤᠨ ᠠᠴᠠ ᠬᠤᠶᠠᠷ ᠮᠢᠩᠭ᠎ᠠ ᠬᠤᠷᠢᠨ ᠤᠨ ᠪᠤᠯᠲᠠᠯᠠᠬᠢ ᠬᠦᠲᠤᠯᠪᠤᠷᠢ︾ ᠶᠢ ᠬᠡᠷᠡᠭᠵᠢᠬᠦᠯᠵᠤ ᠪᠠᠶᠢᠭ᠎ᠠ ᠪᠠᠶᠢᠳᠠᠯ ᠵᠢᠴᠢ ᠡᠮᠡᠭᠲᠠᠶᠢᠴᠤᠳ ᠬᠡᠤᠭᠡᠳ ᠤᠨ ᠦᠢᠯᠡᠰ ᠤᠨ ᠬᠦᠭᠵᠢᠯᠲᠡ ᠶᠢᠨ ᠤᠯᠤᠭᠰᠠᠨ ᠠᠮᠵᠢᠯᠲᠠ ᠪᠦᠲᠤᠮᠵᠢ ᠪᠤᠯᠤᠨ ᠲᠤᠷᠰᠢᠯᠭ᠎ᠠ ᠶᠢ ᠳ᠋ᠦᠩᠨᠡᠵᠤ᠂ ᠬᠤᠶᠢᠰᠢᠲᠠ ᠶᠢᠨ ᠬᠡᠰᠡᠭ ᠬᠤᠭᠤᠴᠠᠭᠠᠨ ᠤ ᠪᠦᠬᠦ ᠬᠤᠲᠠ ᠶᠢᠨ ᠡᠮᠡᠭᠲᠠᠶᠢᠴᠤᠳ ᠬᠡᠤᠭᠡᠳ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠨᠠᠢᠮᠠᠳᠤᠭᠠᠷ ᠰᠠᠷ᠎ᠠ ᠶᠢᠨ ᠬᠤᠶᠠᠷᠠᠨ ᠤ ᠡᠳᠣᠷ᠂ ᠪᠦᠬᠦ ᠬᠤᠲᠠ ᠶᠢᠨ ᠡᠮᠡᠭᠲᠠᠶᠢᠴᠤᠳ ᠬᠡᠤᠬᠡᠳ ᠤᠨ ᠠᠵᠢᠯ  ᠤᠨ ᠬᠠᠷᠠᠭᠠᠨ ᠲᠠᠪᠲᠠᠮᠵᠢ ᠶᠢᠨ ᠬᠤᠷᠠᠯ ᠬᠤᠷᠠᠯᠳᠤᠪᠠ᠃ ᠬᠤᠷᠠᠯ ᠠᠴᠠ ︽ᠬᠦᠯᠤᠨ ᠪᠤᠶᠢᠷ ᠬᠤᠲᠠ ᠶᠢᠨ ᠡᠮᠡᠭᠲᠠᠶᠢᠴᠤᠳ ᠤᠨ ᠬᠦᠭᠵᠢᠯᠲᠡ ᠶᠢᠨ ᠬᠤᠶᠠᠷ ᠮᠢᠩᠭ᠎ᠠ ᠠᠷᠪᠠᠨ ᠨᠢᠭᠡᠨ ᠤᠨ ᠠᠴᠠ ᠬᠤᠶᠠᠷ ᠮᠢᠩᠭ᠎ᠠ ᠬᠤᠷᠢᠨ ᠤᠨ ᠬᠤᠲᠠ ᠶᠢᠨ ᠲᠡᠳ᠋ ᠲᠠᠷᠤᠭ᠎ᠠ᠂ ᠬᠤᠲᠠ ᠶᠢᠨ ᠡᠮᠡᠭᠲᠠᠶᠢᠴᠤᠳ ᠬᠡᠤᠭᠡᠳ ᠤᠨ ᠠᠵᠢᠯ ᠤᠨ ᠵᠦᠪᠯᠡᠯ ᠤᠨ ᠡᠷᠬᠢᠯᠡᠭᠴᠢ ᠬᠤᠤ ᠬᠦᠢ ᠵᠢᠤᠸᠠᠨ ᠭᠤᠤᠯ ᠬᠤᠷᠠᠯ ᠤᠨ ᠲᠠᠯᠠᠪᠤᠷ ᠲᠤ ᠬᠤᠷᠠᠯ ᠳᠤ ᠤᠷᠤᠯᠴᠠᠵᠤ᠂ ᠡᠯ᠎ᠡ ᠬᠤᠰᠢᠭᠤ ᠬᠤᠲᠠ ᠲᠤᠭᠤᠷᠢᠭ ᠤᠨ ᠬᠤᠯᠪᠤᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠤᠷ  ᠲᠤ ᠬᠤᠷᠠᠯ ᠳᠤ ᠤᠷᠤᠯᠴᠠᠪᠠ᠃      ᠬᠤᠤ ᠬᠦᠢ ᠵᠢᠤᠸᠠᠨ ᠵᠢᠭᠠᠵᠤ ᠭᠠᠷᠭᠠᠭᠰᠠᠨ ᠨᠢ᠄ ︽ᠬᠤᠶᠠᠷ ᠬᠦᠲᠤᠯᠪᠤᠷᠢ︾ ᠬᠡᠷᠡᠭᠵᠢᠬᠦᠯᠤᠭ᠍ᠳᠡᠭᠰᠡᠨ ᠠᠴᠠ ᠨᠠᠰᠢ᠂ ᠮᠠᠨ ᠤ ᠬᠤᠲᠠ ᠶᠢᠨ ᠡᠮᠡᠭᠲᠠᠶᠢᠴᠤᠳ ᠬᠡᠤᠭᠡᠳ ᠤᠨ ᠡᠷᠡᠬᠦᠯ ᠮᠡᠨᠲᠤ ᠶᠢᠨ ᠪᠠᠲᠤᠯᠠᠭ᠎ᠠ ᠶᠢᠨ ᠬᠢᠷᠢ ᠲᠦᠪᠰᠢᠨ᠂ ᠡᠮᠡᠭᠲᠠᠶᠢᠴᠤᠳ ᠬᠡᠤᠭᠡᠳ ᠤᠨ ᠡᠷᠭᠡ ᠲᠡᠭᠰᠢ ᠪᠠᠷ ᠬᠦᠮᠤᠵᠢᠯ ᠬᠦᠷᠲᠡᠬᠦ ᠬᠡᠮᠵᠢᠶ᠎ᠡ ᠵᠢᠴᠢ ᠡᠮᠡᠭᠲᠠᠶᠢᠴᠤᠳ ᠤᠨ ᠵᠠᠰᠠᠭ  ᠤᠨ ᠶᠠᠪᠤᠳᠠᠯ ᠳᠤ ᠤᠷᠤᠯᠴᠠᠵᠤ ᠵᠠᠰᠠᠭ ᠤᠨ ᠶᠠᠪᠤᠳᠠᠯ ᠢ ᠵᠦᠪᠯᠡᠬᠦ ᠬᠠᠷᠢᠴᠠᠯ ᠪᠤᠯᠤᠨ ᠶᠠᠰᠤ ᠴᠢᠨᠠᠷ ᠪᠦᠷ ᠦᠷᠬᠦᠯᠵᠢᠯᠡᠨ ᠲᠡᠭᠡᠭᠰᠢᠯᠡᠵᠤ᠂ ᠡᠮᠡᠭᠲᠠᠶᠢᠴᠤᠳ ᠬᠡᠤᠭᠡᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠪᠤᠯᠤᠨ ᠡᠮᠡᠭᠲᠠᠶᠢᠴᠤᠳ ᠬᠡᠤᠭᠡᠳ ᠤᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠪᠦᠲᠤᠮᠵᠢᠲᠠᠢ ᠪᠠᠲᠤᠯᠠᠭᠳᠠᠪᠠ ᠬᠡᠵᠠᠢ᠃ ᠲᠡᠷᠡ ᠴᠢᠬᠤᠯᠠᠴᠢᠯᠠᠭᠰᠠᠨ ᠨᠢ᠄ ᠤᠯᠤᠰ ᠲᠦᠷᠤ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠰᠢᠨ᠎ᠡ ᠴᠠᠭ ᠦᠶ᠎ᠡ ᠶᠢᠨ ᠡᠮᠡᠭᠲᠠᠶᠢᠴᠤᠳ ᠬᠡᠤᠭᠡᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠤᠯᠤᠨ ᠡᠬᠦᠷᠭᠡᠲᠤ ᠰᠡᠳᠬᠢᠯᠬᠡ ᠪᠠᠨ ᠦᠨᠡᠨᠬᠦ ᠴᠢᠩᠭᠠᠷᠠᠭᠤᠯᠬᠤ ᠬᠡᠷᠡᠭᠲᠠᠢ᠃ ᠬᠠᠷᠠᠯᠲᠠ ᠡᠬᠦᠷᠭᠡ ᠪᠠᠨ ᠲᠤᠲᠤᠷᠬᠠᠶᠢᠯᠠᠵᠤ᠂ ᠡᠮᠡᠭᠲᠠᠶᠢᠴᠤᠳ ᠬᠡᠤᠭᠡᠳ ᠤᠨ ᠠᠵᠢᠯ ᠤᠨ ᠬᠦᠭᠵᠢᠯᠲᠡ ᠶᠢ ᠠᠬᠢᠭᠤᠯᠬᠤ ᠡᠯ᠎ᠡ ᠲᠦᠷᠤᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠠᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠤᠲᠠ ᠶᠢᠨ ᠡᠮᠡᠭᠲᠠᠶᠢᠴᠤᠳ ᠬᠡᠤᠭᠡᠳ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠬᠡᠢ ᠡᠬᠦᠳᠬᠦ ᠬᠡᠷᠡᠭᠲᠠᠢ ᠬᠡᠵᠠᠢ᠃      ᠬᠤᠤ ᠬᠦᠢ ᠵᠢᠤᠸᠠᠨ ᠵᠢᠭᠠᠵᠤ ᠭᠠᠷᠭᠠᠭᠰᠠᠨ ᠨᠢ᠄ ︽ᠬᠤᠶᠠᠷ ᠬᠦᠲᠤᠯᠪᠤᠷᠢ︾ ᠬᠡᠷᠡᠭᠵᠢᠬᠦᠯᠤᠭ᠍ᠳᠡᠭᠰᠡᠨ ᠠᠴᠠ ᠨᠠᠰᠢ᠂ ᠮᠠᠨ ᠤ ᠬᠤᠲᠠ ᠶᠢᠨ ᠡᠮᠡᠭᠲᠠᠶᠢᠴᠤᠳ ᠬᠡᠤᠭᠡᠳ ᠤᠨ ᠡᠷᠡᠬᠦᠯ ᠮᠡᠨᠲᠤ ᠶᠢᠨ ᠪᠠᠲᠤᠯᠠᠭ᠎ᠠ ᠶᠢᠨ ᠬᠢᠷᠢ ᠲᠦᠪᠰᠢᠨ᠂ ᠬᠤᠷᠠᠯ ᠲᠡᠭᠡᠷ᠎ᠡ᠂ ᠬᠤᠲᠠ ᠶᠢᠨ ᠡᠮᠡᠭᠲᠠᠶᠢᠴᠤᠳ ᠬᠡᠤᠭᠡᠳ ᠤᠨ ᠠᠵᠢᠯ ᠤᠨ ᠵᠦᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠬᠢᠭᠡᠳ ᠲᠦᠯᠤᠪᠯᠡᠭᠡᠲᠤ ᠦᠷᠡᠵᠢᠯ ᠤᠨ ᠲᠤᠪᠴᠢᠶ᠎ᠠ᠂ ᠬᠤᠲᠠ ᠶᠢᠨ ᠰᠤᠷᠭᠠᠨ ᠬᠦᠮᠤᠵᠢᠯ ᠤᠨ ᠲᠤᠪᠴᠢᠶ᠎ᠠ᠂ ᠠᠷᠤᠨ ᠬᠤᠰᠢᠭᠤ ᠪᠤᠯᠤᠨ ᠤᠷᠴᠤᠨ ᠤ ᠦᠪᠡᠷᠲᠡᠭᠡᠨ ᠵᠠᠰᠠᠬᠤ ᠬᠤᠰᠢᠭᠤ ᠲᠤᠰᠪᠤᠷᠢ ︽ᠬᠤᠶᠠᠷ ᠬᠦᠲᠤᠯᠪᠤᠷᠢ︾ ᠶᠢ ᠬᠡᠷᠡᠭᠵᠢᠬᠦᠯᠤᠭ᠍ᠰᠡᠨ ᠪᠠᠶᠢᠳᠠᠯ ᠵᠢᠴᠢ ᠦᠪᠡᠷᠰᠡᠳ ᠤᠨ ᠠᠵᠢᠯ ᠤᠨ ᠲᠤᠷᠰᠢᠯᠭ᠎ᠠ ᠪᠠᠨ ᠬᠠᠷᠢᠭᠤ ᠮᠡᠳᠡᠬᠦᠯᠪᠡ᠃                          ᠰᠤᠷᠪᠤᠯᠵᠢᠯᠠᠭᠴᠢ᠄ ᠪᠥᠬᠡᠥ᠋ᠨᠳᠥᠰᠥ
 
ᠢᠷᠡᠯᠲᠡ᠄ ᠬᠦᠯᠤᠨ ᠪᠤᠶᠢᠷ ᠤᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号