ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠪᠥᠬᠦ ᠬᠤᠳᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠠᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2018/8/7
     ᠨᠠᠢᠮᠠᠳᠤᠭᠠᠷ ᠰᠠᠷ᠎ᠠ ᠶᠢᠨ ᠬᠤᠶᠠᠷᠠᠨ ᠳᠤ᠂ ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠪᠥᠬᠦ ᠬᠤᠳᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠠᠨ ᠬᠤᠷᠠᠯᠳᠤᠭᠤᠯᠵᠤ᠂ ᠭᠤᠷᠪᠠᠨ ᠲᠤᠮᠤ ᠪᠠᠬᠢᠯᠠᠯᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠶᠢᠨ ᠲᠤᠭᠤᠷᠢᠨ ᠳᠤ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠳᠠ ᠶᠢ ᠠᠬᠢᠭᠤᠯᠤᠨ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠢᠨᠵᠢᠵᠤ᠂ ᠳᠠᠭᠡᠳᠤ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠳ᠋ᠥᠩᠨᠠᠵᠤ᠂ ᠲᠤᠤᠷ᠎ᠠ ᠬᠠᠭᠠᠰ ᠵᠢᠯ ᠤᠨ ᠠᠵᠢᠯ ᠢ ᠪᠠᠶᠢᠷᠢᠯᠠᠭᠤᠯᠪᠠ᠃      ᠬᠤᠳᠠ ᠶᠢᠨ ᠨᠠᠮ ᠤᠨ ᠬᠤᠷᠢᠶᠠᠨ ᠤ ᠳᠠᠳ᠋ ᠱᠥᠵᠢ᠂ ᠬᠤᠳᠠ ᠶᠢᠨ ᠳᠠᠷᠤᠭ᠎ᠠ ᠵᠢᠶᠠᠩ ᠬᠤᠩ ᠶᠠᠷᠢᠶ᠎ᠠ ᠳᠠᠯᠪᠢᠵᠤ᠂ ᠬᠤᠳᠠ ᠶᠢᠨ ᠤᠳᠤᠷᠢᠳᠤᠯᠭ᠎ᠠ ᠸᠠᠩ ᠬᠠᠢ ᠲᠤᠤ᠂ ᠯᠢ ᠼᠠᠢ᠂ ᠴᠠᠩ ᠴᠢᠩ ᠬᠤᠷᠠᠯ ᠳᠤ ᠤᠷᠤᠯᠴᠠᠵᠠᠢ᠃
     ᠢᠤᠢ ᠯᠢ ᠰᠢᠨ ᠵᠢᠭᠠᠵᠤ ᠭᠠᠷᠭᠠᠭᠰᠠᠨ ᠨᠢ᠄ ᠵᠢᠯ ᠤᠨ ᠡᠬᠢᠨ ᠠᠴᠠ ᠨᠠᠰᠢ᠂ ᠪᠥᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ ᠶᠢ ᠰᠤᠷᠤᠯᠴᠠᠨ ᠲᠤᠤᠱᠠᠯᠠᠭᠤᠯᠵᠤ᠂ ᠳᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠠᠷᠤᠩᠭᠡᠢ ᠠᠶᠢᠵᠠᠮ ᠢ ᠪᠠᠷᠢᠮᠳᠠᠯᠠᠨ᠂ ᠠᠵᠤ ᠠᠬᠤᠢ ᠶᠢᠨ ᠬᠥᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠳᠠᠭᠡᠭᠰᠢᠯᠠᠭᠦᠯᠬᠦ ᠪᠠᠷ ᠭᠤᠤᠯ ᠪᠤᠯᠭᠠᠵᠤ᠂ ᠨᠠᠮᠡᠭᠳᠠᠯ ᠢ ᠲᠤᠭᠳᠠᠪᠤᠷᠢᠵᠢᠭᠤᠯᠬᠤ᠂ ᠦᠭᠡᠷᠠᠴᠢᠯᠠᠯᠳᠠ ᠶᠢ ᠠᠬᠢᠭᠤᠯᠬᠤ᠂ ᠪᠥᠳᠤᠴᠠ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠥᠭᠰᠢᠬᠦᠷᠢ ᠶᠢ ᠰᠠᠷᠭᠡᠶᠢᠯᠠᠬᠦ ᠠᠵᠢᠯ ᠢ ᠨᠢᠭᠡᠳᠤᠯᠳᠠᠢ ᠲᠥᠯᠤᠪᠵᠢᠭᠦᠯᠤᠨ ᠨᠠᠶᠢᠳᠠᠮ ᠠᠬᠢᠭᠤᠯᠤᠭᠰᠠᠨ ᠢᠶᠠᠷ ᠠᠵᠤ ᠠᠬᠤᠢ ᠨᠠᠶᠢᠭᠡᠮ ᠤᠨ ᠳᠤᠭᠳᠠᠭᠤᠨ ᠬᠥᠭᠵᠢᠯᠳᠠ ᠶᠢ ᠪᠠᠳᠤᠯᠠᠭᠰᠠᠨ ᠪᠠᠶᠢᠨ᠎ᠠ ᠬᠡᠵᠡᠢ᠃ ᠢᠤᠢ ᠯᠢ ᠰᠢᠨ ᠱᠠᠭᠠᠷᠳᠠᠭᠰᠠᠨ ᠨᠢ᠄ ᠤᠳᠤᠬᠠᠨ ᠳᠤ ᠮᠠᠨ ᠤ ᠬᠤᠳᠠ ᠶᠠᠭ ᠰᠠᠶ᠋ᠢᠬᠠᠨ ᠬᠥᠭᠵᠢᠯᠳᠠ ᠶᠢᠨ ᠬᠡᠯᠪᠠᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠥᠳᠤᠴᠠ ᠶᠢ ᠰᠢᠯᠢᠳᠡᠭᠵᠢᠭᠦᠯᠬᠦ᠂ ᠨᠠᠮᠡᠭᠳᠠᠯ ᠤᠨ ᠬᠥᠳᠠᠯᠭᠡᠭᠴᠢ ᠬᠥᠴᠤᠨ ᠢ ᠬᠤᠪᠢᠷᠠᠭᠤᠯᠬᠤ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠭ᠎ᠠ ᠪᠤᠯᠬᠤᠷ ᠪᠥᠬᠦ ᠬᠤᠳᠠ ᠪᠠᠷ  ᠢᠶᠠᠨ ᠡᠷᠭᠡᠪᠰᠢ ᠴᠠᠭ ᠤᠨ ᠪᠠᠶᠢᠳᠠᠯ ᠢ ᠳᠤᠳᠤᠷᠬᠠᠢ ᠳᠠᠨᠢᠨ᠂ ᠢᠳᠠᠭᠡᠯ ᠵᠤᠷᠢᠭ ᠢᠶᠠᠨ ᠪᠠᠳᠤᠳᠬᠠᠵᠤ᠂ ᠠᠮᠢ ᠠᠬᠤᠢ  ᠶᠢᠨ ᠬᠠᠮᠠᠭᠠᠯᠠᠯᠳᠠ ᠶᠢ ᠳᠠᠷᠢᠭᠦᠨ ᠳᠤ ᠳᠠᠯᠪᠢᠬᠤ᠂ ᠪᠤᠬᠢᠷᠳᠤᠯ ᠦᠭᠡᠢ ᠬᠥᠭᠵᠢᠯᠳᠠ ᠶᠢᠨ ᠵᠠᠮ ᠢᠶᠠᠷ ᠵᠠᠮᠨᠠᠬᠤ ᠶᠢ ᠪᠠᠷᠢᠮᠳᠠᠯᠬᠠᠤ ᠬᠡᠷᠡᠭᠳᠠᠢ᠃ ᠦᠵᠠᠯ ᠰᠠᠨᠠᠭ᠎ᠠ ᠪᠠᠨ ᠨᠢᠭᠡᠳᠭᠡᠵᠤ᠂ ᠬᠥᠴᠤᠨ ᠴᠢᠳᠠᠯ ᠢᠶᠠᠨ ᠬᠤᠷᠠᠮᠳᠤᠭᠤᠯᠤᠨ᠂ ᠦᠵᠠᠯ ᠰᠠᠨᠠᠭ᠎ᠠ ᠪᠠᠨ ᠬᠤᠪᠢᠷᠠᠭᠤᠯᠬᠤ᠂ ᠠᠵᠤ ᠠᠬᠤᠢ ᠶᠢᠨ ᠬᠡᠯᠪᠠᠷᠢ ᠶᠢ ᠬᠤᠪᠢᠷᠠᠭᠤᠯᠬᠤ᠂ ᠬᠥᠴᠢᠷ ᠪᠠᠷᠭᠡ ᠶᠢ ᠲᠤᠭᠤᠯᠬᠤ᠂ ᠤᠪᠤᠷ ᠰᠤᠷᠳᠠᠯ ᠢᠶᠠᠨ ᠰᠠᠶᠢᠵᠢᠷᠠᠭᠤᠯᠬᠤ ᠲᠠᠯ᠎ᠠ ᠪᠠᠷ ᠬᠥᠴᠤ ᠳᠠᠯᠪᠢᠨ᠂ ᠤᠯᠠᠮᠵᠢᠯᠠᠯᠳᠤ ᠰᠠᠳᠬᠢᠬᠦᠢ ᠶᠢ ᠡᠪᠳᠠᠨ᠂ ᠦᠵᠠᠯ ᠰᠠᠨᠠᠭ᠎ᠠ ᠪᠠᠨ ᠰᠢᠨ᠎ᠠ ᠴᠠᠭ ᠦᠶ᠎ᠠ ᠶᠢᠨ ᠰᠢᠨ᠎ᠠ ᠦᠵᠠᠯ ᠰᠠᠨᠠᠭ᠎ᠠ ᠰᠢᠨ᠎ᠠ ᠤᠶᠢᠯᠭᠠᠭᠳᠠᠬᠤᠨ ᠲᠠᠢ ᠦᠨᠠᠨᠬᠦ ᠨᠢᠭᠡᠳᠭᠡᠬᠦ ᠬᠡᠷᠡᠭᠳᠠᠢ᠃ ᠤᠯᠠᠮᠵᠢᠯᠯᠠᠳᠤ ᠬᠥᠭᠵᠢᠯᠳᠠ ᠶᠢᠨ ᠠᠷᠭ᠎ᠠ ᠵᠠᠮ ᠢ ᠳᠠᠪᠴᠢᠵᠤ᠂ ᠤᠯᠤᠰ ᠲᠥᠷᠤ ᠶᠢᠨ ᠦᠨᠳᠤᠷᠴᠠ ᠪᠤᠯᠤᠨ ᠦᠷ᠎ᠠ ᠬᠤᠶᠢᠴᠢᠰ ᠲᠡᠭᠡᠨ ᠦᠪ ᠬᠥᠷᠤᠩᠭᠡ ᠦᠯᠠᠳᠠᠭᠡᠨ ᠦᠷᠭᠦᠯᠵᠢᠯᠠᠨ ᠬᠥᠭᠵᠢᠬᠦᠯᠬᠦ ᠠᠯᠤᠰ ᠤᠨ ᠬᠠᠷᠠᠴᠠ ᠪᠠᠷ᠂ ᠶᠠᠰᠤ ᠴᠢᠨᠠᠷ ᠤᠨ ᠬᠤᠪᠢᠷᠠᠯᠳᠠ᠂ ᠦᠷ᠎ᠠ ᠪᠥᠳᠤᠮᠵᠢ ᠶᠢᠨ ᠬᠤᠪᠢᠷᠠᠯᠳᠠ᠂ ᠬᠥᠳᠠᠯᠭᠡᠭᠴᠢ ᠬᠥᠴᠤᠨ ᠤ ᠬᠤᠪᠢᠷᠠᠯᠳᠠ ᠶᠢᠨ ᠬᠠᠷᠠᠭᠠᠰᠤ ᠠᠴᠠ ᠬᠥᠯᠤᠨ ᠪᠤᠶᠢᠷ ᠤᠨ ᠬᠥᠭᠵᠢᠯᠳᠠ ᠶᠢ ᠰᠥᠪᠡᠭᠴᠢᠯᠠᠬᠦ ᠬᠡᠷᠡᠭᠳᠠᠢ᠃ ᠨᠠᠷ᠎ᠠ ᠳᠠᠮᠳᠡᠭ ᠤᠨ ᠪᠠᠶᠢᠯᠳᠤᠬᠤ ᠪᠤᠳᠤᠯᠭ᠎ᠠ ᠶᠢ ᠰᠠᠶᠢᠳᠤᠷ ᠬᠡᠷᠡᠭᠵᠢᠭᠦᠯᠤᠨ ᠮᠠᠷᠭᠡᠵᠢᠯ ᠤᠨ ᠰᠢᠨᠠᠴᠢᠯᠠᠯᠳᠠ ᠪᠠ ᠬᠥᠷᠢᠶᠠᠯᠠᠩ ᠲᠤᠭᠤᠷᠢᠭ ᠤᠨ ᠬᠡᠯᠪᠠᠷᠢ ᠶᠢᠨ ᠬᠤᠪᠢᠷᠠᠯᠳᠠ ᠶᠢ ᠲᠥᠷᠭᠡᠳᠭᠡᠵᠤ᠂ ᠰᠢᠨ᠎ᠠ ᠬᠡᠯᠪᠠᠷᠢ ᠶᠢᠨ ᠤᠶᠢᠯᠠᠴᠢᠯᠠᠭᠡᠨ ᠤ ᠤᠶᠢᠯᠠᠰ ᠢ ᠪᠤᠶᠢᠵᠢᠭᠤᠯᠤᠨ᠂ ᠬᠠᠩᠭᠠᠯᠭ᠎ᠠ ᠶᠢᠨ ᠪᠥᠳᠤᠴᠠ ᠶᠢᠨ ᠴᠢᠨᠠᠷᠳᠠᠢ ᠦᠭᠡᠷᠠᠴᠢᠯᠠᠯᠳᠠ ᠶᠢ ᠬᠥᠨᠵᠠᠭᠡᠶᠢᠷᠠᠭᠦᠯᠵᠤ᠂ ᠠᠵᠤ ᠠᠬᠤᠢ ᠶᠢᠨ ᠬᠡᠯᠪᠠᠷᠢ ᠶᠢ ᠬᠤᠪᠢᠷᠠᠭᠤᠯᠤᠨ ᠬᠥᠭᠵᠢᠭᠦᠯᠬᠦ ᠬᠡᠷᠡᠭᠳᠠᠢ᠃ ᠭᠤᠷᠪᠠᠨ ᠲᠤᠮᠤ ᠪᠠᠬᠢᠯᠠᠯᠳᠠ ᠰᠢᠪᠳᠤᠯᠬᠤ ᠳᠠᠶᠢᠯᠠᠯᠳᠤᠭᠠᠨ ᠤ ᠬᠠᠷᠠᠯᠳᠠ ᠡᠬᠦᠷᠭᠡ ᠶᠢᠨ ᠲᠤᠭᠤᠷᠢᠨ ᠳᠤ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠵᠤ᠂ ᠪᠠᠬᠢᠯᠠᠯᠳᠠ ᠰᠢᠪᠳᠤᠯᠬᠤ ᠠᠵᠢᠯ ᠤᠨ ᠡᠬᠦᠷᠭᠡ ᠪᠤᠯᠤᠨ ᠡᠳᠤᠷ ᠳᠤᠳᠤᠮ ᠤᠨ ᠠᠵᠢᠯ ᠢ ᠨᠢᠭᠡᠳᠤᠯᠳᠠᠢ ᠲᠥᠯᠤᠪᠵᠢᠭᠦᠯᠤᠨ ᠪᠥᠳᠤᠮᠵᠢ ᠲᠠᠢ ᠵᠤᠬᠢᠴᠠᠭᠤᠯᠵᠤ᠂ ᠡᠯ᠎ᠠ ᠲᠥᠷᠤᠯ ᠤᠨ ᠠᠵᠢᠯ ᠤᠨ ᠡᠮᠬᠢ ᠴᠡᠭᠴᠠᠳᠠᠢ ᠶᠠᠪᠤᠭᠳᠠᠬᠤ ᠶᠢ ᠪᠠᠳᠤᠯᠠᠬᠤ ᠬᠡᠷᠡᠭᠳᠠᠢ᠃ ᠤᠪᠤᠷ ᠰᠤᠷᠳᠠᠯ ᠤᠨ ᠪᠠᠶᠢᠭᠤᠯᠤᠯᠳᠠ ᠶᠢᠨ ᠠᠵᠢᠯᠯᠠᠭᠠᠨ ᠢ ᠬᠥᠨᠵᠠᠭᠡᠢ ᠦᠷᠨᠢᠭᠦᠯᠵᠤ᠂ ᠲᠤᠪᠤᠶᠢᠮ᠎ᠠ ᠠᠰᠠᠭᠤᠳᠠᠯ ᠢ ᠬᠥᠨᠵᠠᠭᠡᠢ ᠪᠠᠶᠢᠴᠠᠭᠠᠨ ᠢᠯᠠᠷᠠᠭᠦᠯᠵᠤ᠂ ᠪᠠᠶᠢᠳᠠᠯ ᠢ ᠨᠢ ᠦᠨᠳᠤᠰᠤᠯᠠᠵᠤ ᠪᠥᠳᠤᠮᠵᠢ ᠲᠠᠢ ᠰᠢᠢᠳᠪᠤᠷᠢᠯᠠᠨ᠂ ᠠᠵᠢᠯ ᠤᠨ ᠤᠪᠤᠷ ᠰᠤᠷᠳᠠᠯ ᠢᠶᠠᠨ ᠰᠠᠶᠢᠵᠢᠷᠠᠭᠤᠯᠤᠨ᠂ ᠠᠵᠢᠯ ᠤᠨ ᠦᠷ᠎ᠠ ᠪᠥᠳᠤᠮᠵᠢ ᠶᠢ ᠳᠠᠭᠡᠭᠰᠢᠯᠠᠭᠦᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠳᠠ ᠶᠢ ᠠᠬᠢᠭᠤᠯᠬᠤ ᠬᠥᠴᠤᠷᠭᠡᠭ ᠶᠡᠭᠡ ᠬᠠᠮᠳᠤᠷᠠᠯ ᠤᠨ ᠬᠥᠴᠤᠨ ᠢ ᠪᠥᠷᠢᠯᠳᠤᠭᠦᠯᠬᠦ ᠬᠡᠷᠡᠭᠳᠠᠢ ᠭᠡᠪᠠ᠃
     ᠢᠤᠢ ᠯᠢ ᠰᠢᠨ ᠵᠢᠭᠠᠵᠤ ᠭᠠᠷᠭᠠᠭᠰᠠᠨ ᠨᠢ᠄ ᠵᠢᠯ ᠤᠨ ᠡᠬᠢᠨ ᠠᠴᠠ ᠨᠠᠰᠢ᠂ ᠪᠥᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠢᠤᠢ ᠯᠢ ᠰᠢᠨ ᠴᠢᠬᠤᠯᠠᠴᠢᠯᠠᠭᠰᠠᠨ ᠨᠢ᠄ ᠨᠠᠮ ᠤᠨ ᠪᠠᠶᠢᠭᠤᠯᠤᠯᠳᠠ ᠶᠢ ᠬᠥᠴᠤᠯᠠᠨ ᠴᠢᠩᠭᠠᠳᠬᠠᠵᠤ᠂ ᠬᠥᠮᠤᠨ ᠬᠡᠷᠡᠭᠯᠠᠬᠦ ᠤᠳᠤᠷᠢᠳᠤᠮᠵᠢ ᠶᠢ ᠴᠢᠩᠭᠠᠳᠬᠠᠨ᠂ ᠰᠢᠨᠵᠢᠯᠡᠭᠡ ᠮᠠᠷᠭᠡᠵᠢᠯ ᠤᠨ ᠰᠢᠨᠠᠴᠢᠯᠠᠯᠳᠠ ᠶᠢ ᠠᠬᠢᠭᠤᠯᠤᠨ᠂ ᠬᠤᠳᠠᠯᠳᠤᠭ᠎ᠠ ᠡᠷᠬᠢᠯᠠᠬᠦ ᠤᠷᠴᠢᠨ ᠢ ᠰᠢᠯᠢᠳᠡᠭᠵᠢᠭᠦᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠶᠠᠰᠤ ᠴᠢᠨᠠᠷ ᠢ ᠦᠨᠠᠨᠬᠦ ᠳᠠᠭᠡᠭᠰᠢᠯᠠᠭᠦᠯᠤᠨ᠂ ᠪᠤᠬᠢᠷᠳᠤᠯ ᠦᠭᠡᠢ ᠬᠥᠭᠵᠢᠯᠳᠠ ᠶᠢ ᠪᠠᠶᠠᠯᠠᠭᠦᠯᠬᠦ ᠳᠤ ᠬᠥᠴᠤᠳᠠᠢ ᠪᠠᠳᠤᠯᠠᠭ᠎ᠠ ᠬᠠᠩᠭᠠᠬᠤ ᠬᠡᠷᠡᠭᠳᠠᠢ ᠭᠡᠪᠠ᠃ ᠵᠢᠶᠠᠩ ᠬᠤᠩ ᠴᠢᠬᠤᠯᠠᠴᠢᠯᠠᠬᠤ ᠳᠠᠭᠠᠨ᠂ ᠪᠥᠬᠦ ᠬᠤᠳᠠ ᠶᠢᠨ ᠡᠯ᠎ᠠ ᠱᠠᠳᠤᠨ ᠤ ᠬᠢᠨ ᠤᠷᠤᠰᠢᠵᠤ ᠪᠠᠶᠢᠬᠤ ᠠᠰᠠᠭᠤᠳᠠᠯ ᠳᠤ ᠵᠥᠪ ᠢᠶᠠᠷ ᠬᠠᠨᠳᠤᠨ᠂ ᠢᠳᠠᠭᠡᠯ ᠵᠤᠷᠢᠭ ᠢᠶᠠᠨ ᠬᠥᠪᠴᠢᠯᠠᠵᠤ᠂ ᠴᠢᠨᠠᠷᠳᠠᠢ ᠰᠠᠶᠢᠳᠠᠢ ᠬᠥᠭᠵᠢᠯᠳᠠ ᠶᠢᠨ ᠱᠠᠭᠠᠷᠳᠠᠯᠭ᠎ᠠ ᠶᠢ ᠡᠷᠠᠰ ᠳᠠᠰᠤᠷᠬᠠᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠠᠢ᠃ ᠭᠤᠤᠯᠳᠠᠯᠭ᠎ᠠ ᠪᠠᠨ ᠲᠤᠪᠤᠶᠢᠯᠭᠠᠵᠤ᠂ ᠬᠠᠮᠳᠤ ᠪᠠᠷ ᠴᠢᠷᠮᠠᠶᠢᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠡᠨᠠ ᠵᠢᠯ ᠤᠨ ᠡᠯ᠎ᠠ ᠲᠥᠷᠤᠯ ᠤᠨ ᠡᠬᠦᠷᠭᠡ ᠶᠢ ᠴᠢᠷᠮᠠᠶᠢᠨ ᠪᠠᠶᠠᠯᠠᠭᠦᠯᠬᠦ ᠬᠡᠷᠡᠭᠳᠠᠢ ᠭᠡᠵᠠᠢ᠃
     ᠬᠤᠷᠠᠯ ᠳᠠᠭᠡᠷ᠎ᠠ᠂ ᠬᠤᠳᠠ ᠶᠢᠨ ᠰᠢᠭᠤᠳ ᠬᠠᠷᠢᠶ᠎ᠠ ᠬᠠᠮᠢᠶᠠᠳᠠᠢ ᠰᠠᠯᠠᠭ᠎ᠠ ᠮᠥᠴᠢᠷ ᠪᠤᠯᠤᠨ ᠬᠤᠯᠪᠤᠬᠳᠠᠯ ᠪᠦᠬᠦᠢ ᠬᠤᠰᠢᠭᠤ ᠬᠤᠳᠠ ᠲᠤᠭᠤᠷᠢᠭ ᠤᠨ ᠬᠢᠨ ᠠᠵᠢᠯ ᠤᠨ ᠬᠠᠷᠢᠭᠤ ᠮᠠᠳᠠᠭᠦᠯᠤᠯᠳᠠ ᠬᠢᠪᠠ᠃                           ᠰᠣᠷᠪᠤᠯᠵᠢᠯᠠᠭᠴᠢ᠄ ᡁᠢ ᠭᠠᠩ
 
ᠢᠷᠡᠯᠲᠡ᠄ ᠬᠦᠯᠤᠨ ᠪᠤᠶᠢᠷ ᠤᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号