ᠭᠡᠷ ᠪᠦᠯᠢ ᠶᠢᠨ ᠢᠳᠡᠪᠬᠢ ᠡᠨᠧᠷᠬᠢ ᠭᠡᠭᠴᠢ ᠶᠠᠭᠤ ᠪᠤᠢ︖
ᠨᠡᠶᠢᠲᠡᠯᠡᠭᠰᠡᠨ ᠴᠠᠭ᠄
2019/10/10
     ᠬᠦᠮᠦᠨ ᠨᠢᠭᠡᠪᠦᠷᠢ ᠵᠠᠪᠠᠯ ᠨᠢᠭᠡᠨ ᠤᠶᠠᠨ ᠳᠤᠯᠠᠭᠠᠨ ᠭᠡᠷ ᠪᠦᠯᠢ ᠲᠠᠢ ᠪᠠᠶᠢᠬᠤ ᠬᠡᠷᠡᠭᠲᠡᠢ᠃ ᠭᠡᠪᠡᠴᠦ ᠵᠠᠷᠢᠮ ᠬᠦᠮᠦᠨ ᠭᠡᠷ ᠪᠦᠯᠢ ᠳᠡᠭᠡᠨ ᠬᠤᠷᠭᠤᠳᠤᠨ ᠲᠠᠲᠠᠭᠳᠠᠵᠤ ᠪᠠᠶᠢᠬᠤ ᠳᠤ᠂ ᠪᠠᠰᠠ ᠵᠠᠷᠢᠮ ᠬᠦᠮᠦᠨ ᠨᠢ ᠭᠡᠷ ᠪᠦᠯᠢ ᠠᠴᠠ  ᠪᠠᠨ ᠬᠤᠯᠠ ᠶᠠᠪᠤᠬᠤ ᠶᠢ ᠴᠦ ᠪᠤᠳᠤᠳᠠᠭ᠃ ᠭᠡᠶ᠎ᠡ ᠭᠡᠷ ᠪᠦᠯᠢ ᠶᠢᠨ ᠤᠯᠠᠨ ᠭᠡᠰᠢᠭᠦᠨ ᠢ ᠬᠠᠮᠲᠤᠷᠠᠭᠤᠯᠤᠨ ᠦᠭᠡᠳᠡ ᠳᠠᠲᠠᠵᠤ ᠶᠠᠪᠤᠳᠠᠭ ᠬᠦᠮᠦᠨ ᠪᠤᠯ ᠵᠢᠩᠬᠢᠨᠢ ᠭᠡᠷ ᠪᠦᠯᠢ ᠶᠢᠨ ᠡᠵᠡᠨ ᠨᠢ ᠪᠠᠶᠢᠳᠠᠭ ᠶᠤᠮ᠃      ᠤᠳᠤ ᠶᠢᠨ ᠨᠡᠶᠢᠬᠡᠮ ᠳᠤ ᠭᠡᠷ ᠪᠦᠯᠢ ᠶᠢᠨ ᠭᠡᠰᠢᠭᠦᠨ ᠨᠢᠭᠡᠪᠦᠷᠢ ᠵᠠᠪᠠᠯ ᠬᠠᠮᠲᠤ ᠶᠢᠨ ᠨᠢᠭᠡᠳᠦᠭᠰᠡᠨ ᠭᠡᠷ ᠪᠦᠯᠢ  ᠶᠢᠨ ᠬᠠᠮᠢᠶᠠᠷᠤᠯᠲᠠ ᠶᠢᠨ ᠦᠨᠳᠦᠰᠦᠨ ᠴᠢᠳᠠᠪᠤᠷᠢ ᠲᠠᠢ ᠪᠠᠶᠢᠪᠠᠯ ᠰᠠᠶ᠋ᠢ ᠡᠨᠡᠬᠦ ᠭᠡᠷ ᠪᠦᠯᠢ ᠪᠠᠨ ᠦᠨᠡᠨᠬᠦ ᠤᠶᠠᠨ ᠲᠤᠯᠠᠭᠠᠨ ᠬᠠᠪᠤ ᠴᠡᠩᠬᠡᠯ ᠲᠠᠢ ᠵᠢᠷᠭᠠᠯᠲᠤ ᠭᠡᠷ ᠪᠦᠯᠢ ᠪᠤᠯᠭᠠᠨ ᠠᠪᠴᠤ ᠶᠠᠪᠤᠳᠠᠭ ᠶᠤᠮ᠃
          ᠭᠡᠷ ᠪᠦᠯᠢ ᠶᠢᠨ ᠨᠢᠭᠡᠳᠦᠭᠰᠡᠨ ᠵᠤᠷᠢᠭ ᠰᠠᠨᠠᠭ᠎ᠠ ᠨᠢ ᠳᠡᠳᠡᠭᠡᠷ ᠴᠢᠰᠦᠨ ᠲᠦᠷᠦᠯ ᠤᠨ ᠬᠤᠯᠪᠤᠭᠳᠠᠯ ᠲᠠᠢ ᠭᠡᠰᠢᠭᠦᠨ ᠨᠢᠭᠡᠪᠦᠷᠢ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠵᠤ ᠪᠡᠶᠡᠯᠡᠭᠳᠡᠳᠡᠭ ᠪᠦᠭᠡᠳ ᠮᠦᠨᠴᠦ ᠭᠡᠰᠢᠭᠦᠨ ᠨᠢᠭᠡᠪᠦᠷᠢ ᠶᠢᠨ ᠪᠡᠶ᠎ᠡ ᠰᠡᠳᠬᠢᠴᠡ ᠶᠢᠨ ᠪᠤᠯᠪᠠᠰᠤᠷᠠᠯ᠂ ᠡᠷᠳᠡᠮ ᠰᠤᠶᠤᠯ ᠤᠨ ᠪᠤᠯᠪᠠᠰᠤᠷᠠᠯ ᠢᠶᠠᠷ ᠳᠠᠮᠵᠢᠨ ᠦᠷ᠎ᠡ ᠪᠦᠲᠦᠭᠡᠯ ᠤᠯᠳᠠᠭ ᠶᠤᠮ᠃ ᠡᠳᠡᠭᠡᠷ ᠰᠤᠶᠤᠯ ᠪᠤᠯᠪᠠᠰᠤᠷᠠᠯ ᠬᠢᠭᠡᠳ ᠡᠷᠳᠡᠮ ᠮᠡᠳᠡᠯᠭᠡ ᠨᠢ ᠬᠦᠶᠦᠬᠡᠨ ᠠᠴᠠ ᠭᠦᠨ ᠲᠡᠰᠢ᠂ ᠪᠠᠭ᠎ᠠ ᠠᠴᠠ ᠶᠡᠭᠡ ᠲᠡᠰᠢ ᠱᠠᠭᠠᠷᠳᠠᠯᠭ᠎ᠠ ᠶᠤᠰᠤᠭᠠᠷ᠂ ᠬᠦᠭᠵᠢᠯᠲᠡ ᠶᠢᠨ ᠵᠢᠮ᠎ᠡ ᠶᠤᠰᠤᠭᠠᠷ ᠭᠡᠷ ᠪᠦᠯᠢ ᠶᠢᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠲᠤ ᠶᠢᠨ ᠤᠶᠤᠨ ᠤᠬᠠᠭᠠᠨ ᠤ ᠦᠷ᠎ᠡ ᠪᠦᠲᠦᠭᠡᠯ ᠪᠤᠯᠳᠠᠭ ᠨᠢ ᠶᠠᠷᠢᠶᠠᠨ ᠦᠭᠡᠢ ᠶᠤᠮ᠃ ᠭᠡᠷ ᠪᠦᠯᠢ ᠪᠠᠨ ᠲᠦᠪᠬᠢᠨᠨᠡᠭᠦᠯᠬᠦ ᠤᠷ᠎ᠠ ᠮᠡᠷᠭᠡᠵᠢᠯ ᠲᠠᠢ ᠬᠠᠮᠢᠶᠠᠷᠤᠭᠴᠢ ᠠᠴᠠ ᠡᠯ᠎ᠡ ᠭᠡᠰᠢᠭᠦᠨ ᠤ ᠰᠠᠨᠠᠭᠠᠨ ᠳᠤ ᠲᠤᠬᠢᠷᠠᠭᠰᠠᠨ ᠰᠠᠶᠢᠨ ᠰᠠᠶᠢᠬᠠᠨ ᠤᠷᠤᠨ ᠰᠠᠭᠤᠴᠠ ᠲᠠᠢ᠂ ᠭᠡᠰᠢᠭᠦᠨ ᠨᠢᠭᠡᠪᠦᠷᠢ ᠶᠢᠨ ᠰᠡᠳᠬᠢᠯ ᠲᠠᠯᠪᠢᠭᠤ ᠪᠠᠶᠢᠬᠤ ᠤᠷᠴᠢᠨ ᠲᠤᠭᠤᠷᠢᠨ ᠨᠢ ᠭᠤᠶᠤ ᠪᠠᠶᠢᠬᠤ ᠭᠡᠷ ᠪᠦᠯᠢ ᠶᠢ ᠦᠭᠡᠳᠡ ᠲᠠᠲᠠᠬᠤ ᠨᠢ ᠵᠠᠶᠢᠯᠠᠰᠢ ᠦᠭᠡᠢ᠃ ᠡᠨᠡᠬᠦ ᠲᠤᠬᠢᠯᠢᠭ ᠰᠠᠶᠢᠬᠠᠨ ᠪᠠᠶᠢᠭᠤᠯᠤᠭᠰᠠᠨ ᠭᠡᠷ ᠪᠦᠯᠢ ᠶᠢᠨ ᠬᠠᠮᠲᠤᠷᠠᠯ ᠨᠢ ᠯᠠᠪᠲᠠᠢ ᠭᠡᠰᠢᠭᠦᠨ ᠨᠢᠭᠡᠪᠦᠷᠢ ᠶᠢᠨ ᠲᠤᠲᠤᠭᠠᠲᠤ ᠰᠡᠳᠬᠢᠯ ᠤᠨ ᠦᠭᠡᠳᠡᠷᠭᠡᠭ ᠪᠠᠶᠢᠬᠤ ᠶᠢ ᠲᠤᠰᠬᠠᠨ ᠬᠠᠷᠠᠭᠤᠯᠵᠤ᠂ ᠪᠠᠰᠠ ᠭᠡᠰᠢᠭᠦᠨ ᠨᠢᠭᠡᠪᠦᠷᠢ ᠶᠢᠨ ᠭᠡᠷ ᠪᠦᠯᠢ ᠶᠢᠨ ᠢᠳᠡᠵᠦ ᠡᠮᠦᠰᠬᠦ᠂ ᠶᠠᠪᠤᠵᠤ ᠰᠠᠭᠤᠬᠤ᠂ ᠬᠡᠷᠡᠭᠯᠡᠭᠦᠨ᠂ ᠤᠷᠤᠯᠭ᠎ᠠ ᠭᠠᠷᠤᠯᠭ᠎ᠠ᠂ ᠰᠤᠶᠤᠯ  ᠤᠨ ᠠᠮᠢᠳᠤᠷᠠᠯ᠂ ᠵᠢᠭᠠᠨ ᠰᠤᠷᠭᠠᠬᠤ ᠳᠠᠳᠬᠠᠯ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠵᠡᠷᠭᠡ ᠶᠢ ᠳᠡᠭᠡᠳᠦ ᠬᠡᠮᠵᠢᠶᠡᠨ ᠤ ᠬᠤᠷᠢᠶᠠᠩᠭᠤᠢ ᠪᠠᠷ ᠲᠤᠰᠬᠠᠨ ᠬᠠᠷᠠᠭᠤᠯᠵᠤ ᠪᠠᠶᠢᠳᠠᠭ᠃ ᠶᠡᠷᠦᠩᠬᠡᠢ ᠳᠤᠨᠢ ᠠᠪᠴᠤ ᠬᠡᠯᠡᠪᠡᠯ ᠭᠡᠷ ᠪᠦᠯᠢ ᠶᠢᠨ ᠡᠯ᠎ᠡ ᠵᠦᠢᠯ ᠤᠨ ᠠᠵᠤ ᠠᠮᠢᠳᠤᠷᠠᠯ ᠤᠨ ᠶᠠᠪᠤᠴᠠ ᠨᠢ ᠪᠦᠷ ᠭᠡᠷ ᠪᠦᠯᠢ ᠶᠢᠨ ᠭᠡᠰᠢᠭᠦᠨ ᠨᠢᠭᠡᠪᠦᠷᠢ ᠶᠢᠨ ᠬᠠᠮᠲᠤ ᠶᠢᠨ ᠠᠵᠢᠯᠯᠠᠭ᠎ᠠ ᠪᠠᠷ ᠳᠠᠮᠵᠢᠨ ᠪᠦᠲᠦᠳᠡᠭ ᠶᠤᠮ᠃ ᠬᠡᠯᠡᠯᠭᠡᠨ ᠦᠭᠡᠢ ᠲᠤᠭᠲᠠᠭᠰᠠᠨ ᠬᠡᠮᠵᠢᠶᠡᠨ ᠤ ᠭᠡᠷ ᠤᠨ ᠶᠠᠪᠤᠳᠠᠯ ᠤᠨ ᠤᠬᠠᠭᠠᠨ ᠤ ᠮᠡᠳᠡᠯᠭᠡ ᠦᠭᠡᠢ ᠶᠤᠮ ᠪᠤᠯ ᠭᠡᠷ ᠪᠦᠯᠢ ᠶᠢ ᠦᠭᠡᠳᠡᠷᠭᠡᠭ ᠪᠤᠯᠭᠠᠬᠤ ᠳᠡᠭᠡᠷᠡᠬᠢ ᠮᠡᠲᠦ ᠶᠢᠨ ᠤᠯᠠᠨ ᠶᠠᠪᠤᠳᠠᠯ ᠢ ᠬᠢᠵᠦ ᠴᠢᠳᠠᠬᠤ ᠦᠭᠡᠢ ᠶᠤᠮ᠃
           ᠡᠨᠡ ᠨᠢ ᠳᠠᠷᠤᠢ ᠠᠷᠠᠳ ᠤᠯᠠᠨ ᠤ ᠶᠡᠷᠦ ᠳᠡᠭᠡᠨ ᠬᠡᠯᠡᠳᠡᠭ ︽ᠪᠡᠶ᠎ᠡ ᠪᠠᠨ ᠵᠠᠰᠠᠵᠤ ᠴᠢᠳᠠᠬᠤ ᠦᠭᠡᠢ ᠬᠦᠮᠦᠨ ᠭᠡᠷ ᠢᠶᠠᠨ ᠵᠠᠰᠠᠵᠤ ᠴᠢᠳᠠᠬᠤ ᠦᠭᠡᠢ᠂ ᠭᠡᠷ ᠢᠶᠠᠨ ᠵᠠᠰᠠᠵᠤ ᠴᠢᠳᠠᠬᠤ ᠦᠭᠡᠢ ᠬᠦᠮᠦᠨ ᠤᠯᠤᠰ ᠢ ᠵᠠᠰᠠᠵᠤ ᠴᠢᠳᠠᠬᠤ  ᠦᠭᠡᠢ ᠶᠤᠮ︾ ᠭᠡᠳᠡᠭ ᠲᠠᠢ ᠨᠡᠶᠢᠴᠡᠬᠦ ᠦᠨ᠎ᠡ ᠦᠷᠲᠡᠭ ᠲᠠᠢ ᠦᠭᠡ ᠶᠤᠮ᠃  
 
ᠢᠷᠡᠯᠲᠡ᠄ ᠬᠤᠯᠪᠤᠭ᠎ᠠ ᠰᠦᠯᠵᠢᠶᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号