ᠭᠡᠷ ᠪᠠᠶᠢᠰᠢᠩ ᠢ ᠢᠩᠬᠢᠵᠦ ᠠᠷᠠᠯᠵᠢᠶᠠᠯᠠᠪᠠᠯ ᠬᠠᠤᠯᠢ ᠰᠠᠬᠢᠯᠭ᠎ᠠ ᠶᠢ ᠵᠦᠷᠢᠴᠡᠨ᠎ᠠ
ᠨᠡᠶᠢᠲᠡᠯᠡᠭᠰᠡᠨ ᠴᠠᠭ᠄
2019/10/10
     ᠤᠢᠢᠷ᠎ᠠ ᠶᠢᠨ ᠵᠢᠯ ᠳᠤ ᠪᠠᠶᠢᠴᠠᠭᠠᠨ ᠢᠯᠡᠷᠡᠬᠦᠯᠦᠭᠰᠡᠨ ᠤᠳᠤᠷᠢᠳᠬᠤ ᠺᠠᠳ᠋ᠷ ᠤᠨ ᠬᠠᠤᠯᠢ ᠰᠠᠬᠢᠯᠭ᠎ᠠ ᠶᠢ ᠵᠦᠷᠢᠴᠡᠭᠰᠡᠨ ᠭᠡᠷᠡᠭ ᠠᠴᠠ ᠠᠵᠢᠬᠯᠠᠪᠠᠯ᠂ ᠭᠡᠷ ᠭᠠᠵᠠᠷ ᠬᠦᠷᠦᠩᠬᠡ ᠶᠢᠨ ᠬᠠᠮᠢᠶᠠᠳᠠᠢ ᠠᠰᠠᠭᠤᠳᠠᠯ ᠤᠯᠠᠨ ᠭᠠᠷᠴᠤ  ᠪᠠᠶᠢᠯ᠎ᠠ᠃ ᠳᠤᠤᠷᠠᠬᠢ ᠭᠡᠳᠦᠨ ᠲᠠᠯ᠎ᠠ ᠳᠤ ᠠᠩᠬᠠᠷᠤᠯ ᠢᠶᠠᠨ ᠬᠠᠨᠳᠤᠭᠤᠯᠵᠦ᠂ ᠭᠡᠷ ᠪᠠᠶᠢᠰᠢᠩ ᠢ ᠢᠩᠬᠢᠵᠦ ᠠᠷᠠᠯᠵᠢᠶᠠᠯᠠᠵᠦ ᠪᠤᠯᠬᠤ ᠦᠬᠡᠢ ᠭᠡᠳᠡᠭ ᠢ ᠰᠠᠨᠠᠭᠤᠯᠤᠶ᠎ᠠ︕        1.ᠦᠪᠡᠷ ᠤᠨ ᠢᠶᠠᠨ ᠬᠠᠮᠢᠶᠠᠷᠴᠤ ᠪᠠᠶᠢᠭ᠎ᠠ ᠪᠤᠶᠤ ᠦᠢᠯᠡᠴᠢᠯᠡᠵᠦ ᠪᠠᠶᠢᠭ᠎ᠠ ᠡᠳᠡᠭᠡᠳ ᠤᠨ ᠬᠦᠷᠭᠡᠭᠰᠡᠨ ᠭᠡᠷ ᠪᠠᠶᠢᠰᠢᠩ ᠵᠢᠴᠢ ᠭᠡᠷ ᠪᠠᠶᠢᠰᠢᠩ ᠬᠤᠳᠠᠯᠳᠤᠨ ᠠᠪᠬᠤ ᠮᠦᠩᠬᠦ ᠶᠢ ᠬᠤᠷᠢᠶᠠᠵᠦ ᠪᠤᠯᠬᠤ ᠦᠬᠡᠢ᠃          2.ᠵᠠᠬ᠎ᠠ ᠲᠡᠯᠭᠡᠭᠦᠷ ᠤᠨ ᠦᠨ᠎ᠠ ᠠᠴᠠ ᠢᠯᠡᠷᠬᠡᠢ ᠳᠣᠣᠷ᠎ᠠ ᠦᠨ᠎ᠠ ᠪᠠᠷ ᠭᠡᠷ ᠪᠠᠶᠢᠰᠢᠩ ᠬᠤᠳᠠᠯᠳᠤᠨ ᠠᠪᠬᠤ ᠪᠤᠶᠤ ᠵᠠᠬ᠎ᠠ ᠲᠡᠯᠭᠡᠭᠦᠷ ᠤᠨ ᠦᠨ᠎ᠠ ᠠᠴᠠ ᠢᠯᠡᠷᠬᠡᠢ ᠦᠨᠳᠦᠷ ᠦᠨ᠎ᠠ ᠪᠠᠷ ᠭᠡᠷ ᠪᠠᠶᠢᠰᠢᠩ ᠢᠶᠠᠨ ᠬᠤᠳᠠᠯᠳᠤᠬᠤ᠃          3.ᠭᠡᠷ ᠭᠠᠵᠠᠷ ᠬᠦᠷᠦᠩᠬᠡ ᠶᠢᠨ ᠨᠡᠬᠡᠬᠡᠯᠳᠡ ᠬᠢᠬᠦ ᠪᠤᠶᠤ ᠠᠷᠠᠯᠵᠢᠶᠠᠯᠠᠬᠤ ᠶᠠᠪᠤᠴᠠ ᠳᠤ ᠳᠦᠷᠢᠮ ᠠᠴᠠ ᠵᠦᠷᠢᠴᠡᠨ ᠠᠰᠢᠬ ᠤᠯᠬᠤ ᠠᠵᠢᠯᠯᠠᠭ᠎ᠠ ᠦᠷᠨᠢᠬᠦᠯᠬᠦ᠃ ᠵᠢᠱᠢᠶᠡᠯᠡᠪᠡᠯ ᠭᠡᠷ ᠭᠠᠵᠠᠷ ᠬᠦᠷᠦᠩᠬᠡ ᠶᠢᠨ ᠺᠤᠮᠫᠠᠨᠢ ᠳᠤ ᠬᠤᠪᠢ ᠤᠷᠤᠭᠤᠯᠬᠤ᠂ ᠳᠦᠷᠦᠯ ᠵᠦᠢᠯ ᠤᠨ ᠳᠦᠯᠦᠪᠵᠢᠬᠦᠯᠬᠡ᠂ ᠭᠠᠷᠳᠠᠮ ᠬᠦᠢᠴᠡᠳᠭᠡᠯ ᠵᠡᠷᠭᠡ ᠶᠢ ᠬᠢᠵᠦ ᠦᠭᠬᠦ ᠳᠡᠭᠡᠨ ᠭᠠᠷ ᠴᠠᠶᠢᠯᠭᠠᠬᠤ ᠮᠦᠩᠬᠦ ᠬᠤᠷᠢᠶᠠᠬᠤ ᠵᠡᠷᠭᠡ᠃          4.ᠳᠦᠷᠢᠮ ᠳᠤᠭᠳᠠᠭᠠᠯ ᠢ ᠵᠦᠷᠢᠴᠡᠵᠦ ᠢᠯᠡᠬᠦᠦ ᠭᠡᠷ ᠪᠠᠶᠢᠰᠢᠩ ᠡᠵᠡᠯᠡᠬᠦ᠂ ᠠᠯᠪᠠᠨ ᠤ ᠭᠡᠷ ᠪᠠᠶᠢᠰᠢᠩ ᠢ ᠡᠵᠡᠯᠡᠨ ᠭᠡᠷᠡᠭᠯᠡᠬᠦ᠃          5.ᠳᠦᠷᠢᠮ ᠳᠤᠭᠳᠠᠭᠠᠯ ᠢ ᠵᠦᠷᠢᠴᠡᠵᠦ᠂ ᠳᠦᠷᠦ ᠶᠢᠨ ᠪᠤᠳᠤᠯᠭ᠎ᠠ ᠶᠢᠨ ᠴᠢᠨᠠᠷᠳᠠᠢ ᠭᠡᠷ ᠪᠠᠶᠢᠰᠢᠩ ᠪᠤᠶᠤ ᠠᠰᠠᠷᠠᠮᠵᠢ ᠶᠢᠨ ᠴᠢᠨᠠᠷᠳᠠᠢ ᠭᠡᠷ ᠪᠠᠶᠢᠰᠢᠩ ᠬᠤᠳᠠᠯᠳᠤᠨ ᠠᠪᠬᠤ᠃            6.ᠳᠦᠷᠢᠮ ᠠᠴᠠ ᠵᠦᠷᠢᠴᠡᠵᠦ ᠭᠡᠷ ᠪᠠᠶᠢᠰᠢᠩ ᠠᠷᠠᠯᠵᠢᠶᠠᠯᠠᠬᠤ ᠪᠤᠶᠤ ︽ᠭᠡᠷ ᠪᠠᠶᠢᠰᠢᠩ ᠤᠨ ᠨᠤᠮᠧᠷ︾᠂ ︽ᠭᠡᠷ ᠪᠠᠶᠢᠰᠢᠩ ᠤᠨ ᠪᠢᠯᠧᠲ︾ ᠡᠷᠬᠢᠯᠳᠦᠬᠦᠯᠬᠦ᠃        7.ᠬᠤᠳᠠ ᠬᠦᠳᠡᠭᠡ ᠶᠢᠨ ᠭᠡᠷ ᠪᠠᠶᠢᠰᠢᠩ ᠢ ᠳᠠᠳᠠᠪᠤᠷᠢᠯᠠᠬᠤ ᠪᠤᠶᠤ ᠨᠡᠬᠦᠯᠬᠡᠨ ᠳᠦᠪᠬᠢᠨᠡᠬᠦᠯᠬᠦ ᠶᠠᠪᠤᠴᠠ ᠳᠤ ᠲᠦᠷᠦ ᠶᠢᠨ ᠪᠤᠳᠤᠯᠭ᠎ᠠ ᠳᠦᠷᠢᠮ ᠳᠤᠭᠳᠠᠭᠠᠯ ᠢ ᠵᠦᠷᠢᠴᠡᠵᠤ᠂ ᠤᠯᠤᠰ ᠤᠨ ᠪᠠ ᠬᠠᠮᠳᠤ ᠨᠡᠶᠢᠳᠡ ᠶᠢᠨ ᠪᠤᠶᠤ ᠪᠤᠰᠤᠳ ᠤᠨ ᠡᠷᠭᠡ ᠠᠰᠢᠭ ᠢ ᠬᠤᠬᠢᠷᠠᠭᠤᠯᠬᠤ ᠵᠡᠷᠭᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号