ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠤ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ 50% ᠠᠴᠠ ᠳᠡᠭᠡᠭᠰᠢᠬᠢ ᠶᠢ ᠲᠠᠩᠰᠠᠨ ᠠᠴᠠ ᠲᠠᠶᠢᠯᠵᠤ ᠨᠠᠰᠤᠲᠠᠶᠢᠴᠤᠳ ᠤᠨ ᠡᠷᠡᠭᠦᠯ ᠮᠡᠨᠳᠦ ᠨᠠᠰᠤᠵᠢᠯ ᠤᠨ ᠬᠡᠷᠡᠭᠴᠡᠭᠡ ᠶᠢ ᠨᠠᠩ ᠰᠠᠶᠢᠨ ᠬᠠᠨᠭ᠍ᠭᠠᠨ᠎ᠠ
ᠨᠡᠶᠢᠲᠡᠯᠡᠭᠰᠡᠨ ᠴᠠᠭ᠄
2019/10/23
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠹᠠᠩ᠂ ᠴᠢᠦᠶ ᠲᠢᠩ᠂ ᠲᠢᠶᠠᠨ ᠰᠢᠶᠣᠤ ᠬᠠᠩ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠳᠤ ᠣᠷᠣᠯᠴᠠᠭᠰᠠᠨ 3 ᠳ᠋ᠦᠩᠰᠢᠭᠤᠷ ᠭᠠᠷᠤᠶ ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠲᠦᠷᠦᠭᠦᠬᠡᠨ ︽ᠠᠰᠢᠬᠳᠠᠢ ᠴᠢᠮᠡᠭᠡ︾ ᠤᠯᠪᠠ᠄ ᠲᠡᠲᠡᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠤᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ ᠳᠠᠩᠰᠠᠠ ᠠᠴᠠ ᠲᠠᠶᠢᠯᠬᠤ ᠬᠠᠷᠢᠴᠠᠯ ᠢ 50% ᠠᠴᠠ ᠳᠡᠭᠡᠭᠰᠢ ᠪᠣᠯᠲᠠᠯ᠎ᠠ ᠲᠡᠭᠡᠭᠰᠢᠯᠡᠭᠦᠯᠪᠡ᠃ ᠡᠮᠦᠨᠡᠭᠡᠨ᠂ ᠮᠠᠨ ᠤ ᠤᠯᠤᠰ ᠤᠨ ᠣᠯᠠᠨ ᠭᠠᠵᠠᠷ ᠤᠨ ᠬᠢᠨ ᠡᠭᠦᠳᠡᠨ ᠡᠮᠨᠡᠯᠭᠡ ᠶᠢᠨ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠲᠣᠭᠲᠠᠴᠠ ᠪᠠᠷ ᠳᠠᠮᠵᠢᠭᠤᠯᠤᠨ᠂ ᠡᠪᠡᠳᠴᠢᠨ ᠤ ᠪᠠᠶᠢᠳᠠᠯ ᠨᠢ ᠬᠦᠨᠳᠦ ᠨᠣᠴᠢᠲᠠᠶ᠂ ᠵᠣᠬᠢᠬᠤ ᠡᠪᠡᠳᠴᠢᠨ ᠤ ᠪᠠᠶᠢᠳᠠᠯ ᠳᠤ ᠲᠣᠬᠢᠷᠠᠬᠤ ᠵᠠᠷᠢᠮ ᠴᠢᠰᠤᠨ ᠳᠠᠷᠤᠯᠲᠠ‌ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠤ ᠡᠪᠡᠳᠴᠢᠨ ᠤ ᠳᠠᠷᠤᠭᠠᠰᠤ ᠶᠢ ᠬᠥᠩᠭᠡᠷᠡᠭᠦᠯᠵᠡᠶ᠃ ᠭᠡᠪᠡᠴᠦ ᠡᠯ᠎ᠡ ᠭᠠᠵᠠᠷ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠬᠠᠨᠭ᠍ᠭᠠᠬᠤ ᠨᠥᠬᠦᠴᠡᠯ ᠨᠢ ᠨᠡᠶᠢᠳᠡᠮ ᠳᠡᠭᠡᠨ ᠨᠡᠯᠢᠶᠡᠳ ᠥᠨᠳᠥᠷ ᠪᠠᠶᠢᠵᠤ᠂ ᠡᠷᠴᠢᠮ ᠨᠢ ᠴᠦ ᠠᠳᠠᠯᠢ ᠥᠬᠡᠶ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠡᠮ ᠡᠮᠨᠡᠯᠭᠡ ᠶᠢᠨ ᠪᠠᠲᠤᠯᠠᠭ᠎ᠠ ᠶᠢᠨ ᠰᠤᠳᠤᠯᠭᠠᠨ ᠤ ᠲᠠᠰᠤᠭ ᠤᠨ ᠡᠷᠬᠢᠯᠡᠭᠴᠢ ᠭᠦ᠋ ᠰᠢᠤᠸᠠᠢ ᠹᠸᠢ ᠬᠡᠯᠡᠭᠦ ᠳᠡᠭᠡᠨ᠂ ᠮᠠᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠭᠡᠵᠦ ᠬᠤᠪᠢᠶᠠᠨ᠎ᠠ᠃ ᠡᠨᠡᠭᠦ ᠡᠮ ᠡᠮᠨᠡᠯᠭᠡ ᠶᠢᠨ ᠳᠠᠭᠠᠳᠬᠠᠯ ᠤᠨ ᠰᠢᠨ᠎ᠠ ᠠᠷᠭ᠎ᠠ ᠠᠪᠴᠠᠯ ᠨᠢ ᠠᠰᠢᠭ ᠬᠦᠷᠲᠡᠭᠰᠡᠳ ᠢ ︽ᠳᠡᠰ ᠳᠡᠪᠰᠢᠭᠦᠯᠵᠦ︾᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠠᠬᠢ ᠡᠩ ᠤᠨ ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠢ ᠬᠠᠮᠤᠷᠴᠠᠶ︔ ᠬᠤᠶᠠᠷ ᠶᠡᠭᠡ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ ᠶᠢᠨ ᠳᠠᠩᠰᠠᠨ ᠠᠴᠠ ᠲᠠᠶᠢᠯᠬᠤ ᠬᠠᠷᠢᠴᠠᠯ ᠢ ᠨᠡᠮᠡᠭᠳᠡᠭᠦᠯᠦᠭᠰᠡᠨ ᠨᠢ ᠬᠡᠳᠦᠨ ᠳ᠋ᠦᠩᠰᠢᠭᠤᠷ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠭᠦ ᠪᠤᠯᠤᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号