ᠪᠤᠠᠠᠳᠠᠠᠭᠤᠯᠠ ᠰᠤᠮᠤ ᠶᠢᠨ ᠬᠤᠪᠢᠰᠬᠠᠯ ᠤᠨ ᠪᠠᠬᠢᠯᠡᠯᠲᠡ ᠶᠢᠨ ᠡᠷᠦᠬᠡ ᠶᠢᠨ ︽ᠬᠠᠯᠠᠭᠤᠨ ᠰᠡᠳᠬᠢᠯᠭᠡ᠂ ᠵᠦᠪ ᠡᠨᠧᠷᠬᠢ᠂ ᠡᠭᠡᠯ ᠪᠣᠷᠣᠭᠵᠢᠭᠤᠨ︾ ᠭᠤᠤᠯ ᠰᠡᠳᠦᠪᠲᠦ ᠡᠪᠦᠯ ᠤᠨ ᠤᠯᠠᠷᠢᠯ ᠤᠨ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ ᠤᠶᠤᠨ ᠰᠠᠨᠠᠭᠠᠨ ᠤ ᠬᠡᠪ ᠲᠦᠷᠬᠦ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2019/12/25
      ᠵᠢᠯ ᠤᠨ ᠡᠴᠦᠰ ᠪᠣᠯᠬᠤ ᠳᠤ᠂ ᠥᠩᠭᠡᠷᠡᠭᠰᠡᠨ ᠨᠢᠭᠡ ᠵᠢᠯ ᠤᠨ ᠣᠯᠤᠯᠲᠠ ᠪᠠᠨ ᠳ᠋ᠦᠩᠨᠡᠵᠦ᠂ ᠰᠢᠨ᠎ᠡ ᠵᠢᠯ ᠤᠨ ᠥᠷᠢᠰᠥᠯᠳᠦᠭᠡᠨ ᠢ ᠤᠭᠲᠤᠬᠤ ᠶᠢᠨ ᠬᠠᠮᠲᠤ᠂ ᠭᠠᠴᠠᠭᠠᠨ ᠤ ᠮᠠᠯᠴᠢᠳ ᠤᠨ ᠰᠣᠶᠣᠯ ᠲᠠᠮᠢᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠥᠷᠭᠡᠨ ᠣᠯᠠᠨ ᠮᠠᠯᠴᠢᠳ ᠤᠨ ᠪᠦᠯᠬᠦᠮᠳᠡᠨ ᠲᠡᠮᠡᠴᠡᠬᠦ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠵᠣᠷᠢᠭᠵᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ ᠲᠤ᠂ ᠪᠤᠠᠠᠳᠠᠠᠭᠤᠯᠠ ᠰᠤᠮᠤ  ᠶᠢᠨ ᠭᠠᠩᠭᠠᠳᠤ ᠭᠠᠴᠠᠭᠠᠨ ᠤ ᠭᠤᠷᠪᠠᠨ ᠬᠤᠪᠢᠰᠬᠠᠯ ᠤᠨ ᠪᠠᠬᠢᠯᠡᠯᠲᠡ ᠶᠢᠨ ᠡᠷᠦᠬᠡ ︽ᠬᠠᠯᠠᠭᠤᠨ ᠰᠡᠳᠬᠢᠯᠭᠡ᠂ ᠵᠦᠪ ᠡᠨᠧᠷᠬᠢ᠂ ᠡᠬᠡᠯ ᠪᠤᠷᠤᠭᠵᠢᠭᠤᠨ︾ ᠭᠤᠤᠯ ᠰᠡᠳᠦᠪᠲᠦ ᠡᠪᠦᠯ ᠤᠨ ᠤᠯᠠᠷᠢᠯ ᠤᠨ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃
       ᠲᠠᠯ᠎ᠠ ᠨᠤᠲᠤᠭ ᠤᠨ ᠡᠪᠦᠯ ᠤᠨ ᠤᠯᠠᠷᠢᠯ ᠳᠤ᠂ ᠮᠢᠩᠭ᠎ᠠ ᠲᠦᠮᠡᠨ ᠭᠠᠵᠠᠷ ᠮᠦᠰᠦ ᠴᠡᠰᠦᠨ ᠳᠤ ᠬᠤᠴᠢᠭᠳᠠᠵᠤ᠂ ᠥᠷᠭᠡᠨ ᠠᠭᠤᠳᠠᠮ ᠳᠠᠯ᠎ᠠ ᠨᠤᠲᠤᠭ ᠤᠨ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠪᠠᠶᠢᠭᠰᠠᠨ ᠴᠤ ᠮᠠᠯᠴᠢᠳ ᠤᠨ ᠬᠠᠯᠠᠭᠤᠨ ᠰᠡᠳᠬᠢᠯᠭᠡ ᠳᠠᠷᠤᠭᠳᠠᠰᠢ ᠦᠬᠡᠢ ᠶᠤᠮ᠂ ᠠᠵᠢᠯᠯᠠᠭ᠎ᠠ ᠶᠢᠨ ᠲᠤᠬᠠᠶ ᠶᠢᠨ ᠡᠳᠦᠷ ᠲᠤ᠂ ᠭᠠᠴᠠᠭᠠᠨ ᠤ ᠮᠠᠯᠴᠢᠳ ᠪᠠᠶᠠᠷ ᠬᠥᠷ ᠲᠠᠢ ᠪᠠᠷ ᠴᠤᠭᠯᠠᠷᠠᠨ᠂ ᠱᠠᠭ᠎ᠠ ᠶᠢᠨ ᠤᠷᠤᠯᠳᠤᠭᠠᠨ᠂ ᠦᠬᠡᠷ ᠤᠨ ᠨᠢᠷᠤᠭᠤᠨ ᠶᠠᠰᠦ ᠬᠤᠭᠤᠯᠬᠤ ᠤᠷᠤᠯᠳᠤᠭᠠᠨ᠂ ᠬᠤᠨᠢᠨ ᠬᠠᠰᠢᠶ᠎ᠠ ᠴᠡᠪᠡᠷᠯᠡᠬᠦ ᠤᠷᠤᠯᠳᠤᠭᠠᠨ᠂ ᠴᠠᠰᠤᠨ ᠬᠠᠰᠢᠶ᠎ᠠ ᠪᠤᠰᠬᠠᠬᠤ ᠤᠷᠤᠯᠳᠤᠭᠠᠨ ᠥᠷᠨᠢᠭᠦᠯᠪᠡ᠃ ᠤᠷᠤᠯᠳᠤᠭᠠᠨ ᠨᠢ ᠲᠤᠶᠢᠯ ᠤᠨ ᠬᠤᠷᠴᠠ ᠰᠢᠷᠦᠭᠦᠨ ᠶᠠᠪᠤᠭᠳᠠᠵᠦ᠂ ᠦᠵᠡᠭᠴᠢ ᠤᠯᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠠᠰᠬᠢᠷᠤᠯᠳᠤᠨ ᠬᠦᠭᠡᠷᠦᠯᠳᠦᠵᠦ᠂ ᠪᠠᠶᠠᠯᠢᠭ ᠰᠠᠶᠢᠬᠠᠨ ᠰᠢᠷᠢᠰ ᠠᠵᠢᠯᠯᠠᠭ᠎ᠠ ᠨᠢ ᠥᠷᠭᠡᠨ ᠣᠯᠠᠨ ᠮᠠᠯᠴᠢᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠦᠭᠰᠡᠨ ᠪᠥᠭᠡᠳ ᠠᠬᠤᠶ ᠲᠠᠯᠠᠪᠠᠢ ᠶᠢ ᠨᠠᠩ ᠠᠮᠢᠵᠢᠷᠠᠯ ᠤᠨ ᠬᠦᠴᠦᠨ ᠲᠠᠢ ᠪᠣᠯᠭᠠᠵᠠᠶ᠃
       ᠲᠤᠰ ᠠᠵᠢᠯᠯᠠᠭ᠎ᠠ ᠨᠢ ᠥᠷᠭᠡᠨ ᠠᠭᠤᠳᠠᠮ ᠲᠠᠯ᠎ᠠ ᠨᠤᠲᠤᠭ ᠲᠤ ᠬᠥᠷ ᠨᠠᠷᠭᠢᠶᠠᠨ ᠢᠶᠠᠷ ᠪᠢᠯᠬᠠᠭᠤᠯᠵᠦ᠂ ᠭᠠᠩᠭᠠᠳᠦ ᠭᠠᠴᠠᠭᠠᠨ ᠤ ᠮᠠᠯᠴᠢᠳ ᠥᠪᠡᠷ ᠤᠨ ᠠᠷᠭ᠎ᠠ ᠮᠠᠶ᠋ᠢᠭ ᠢᠶᠠᠷ ᠦᠭᠡᠳᠡᠷᠭᠡᠭ ᠳᠠᠪᠰᠢᠩᠭᠤᠢ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ ᠰᠠᠶᠢᠨ ᠰᠠᠶᠢᠬᠠᠨ ᠤᠶᠤᠨ ᠰᠠᠨᠠᠭᠠᠨ ᠤ ᠬᠡᠪ ᠲᠦᠷᠬᠦ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃
                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号