ᠬᠤᠰᠢᠭᠤᠨ ᠤ ᠤᠳᠤᠷᠢᠳᠤᠯᠭ᠎ᠠ ᠠᠷᠣᠬᠠᠰᠢᠶᠠᠳᠦ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019/12/30
      ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠼᠠᠩ ᠠᠷᠣᠬᠠᠰᠢᠶᠠᠳᠦ ᠪᠠᠯᠭᠠᠰᠤᠨ ᠳᠤ ᠭᠦᠨᠵᠡᠭᠡᠶᠢᠷᠡᠵᠦ᠂ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃
      ᠶᠠᠷᠢᠯᠴᠠᠬᠤ ᠬᠤᠷᠠᠯ ᠳᠤ᠂ ᠶᠢᠨ ᠼᠠᠩ ᠠᠷᠤᠬᠠᠰᠢᠶᠠᠳᠦ ᠪᠠᠯᠭᠠᠰᠤ ᠶᠢᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠦᠷᠨᠢᠭᠦᠯᠦᠭᠰᠡᠨ ᠪᠠᠶᠢᠳᠡᠯ ᠢ ᠬᠦᠯᠢᠶᠡᠨ ᠰᠣᠨᠣᠰᠴᠤ᠂ ᠣᠳᠣᠬᠠᠨ ᠤ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠯᠢᠭ ᠣᠶᠢᠯᠠᠭᠠᠪᠠ᠃ ᠨᠠᠮ ᠤᠨ ᠭᠡᠰᠢᠭᠦᠨ ᠤ ᠲᠥᠯᠥᠭᠡᠯᠡᠭᠴᠢ ᠭᠤᠤᠯ ᠰᠡᠳᠦᠪᠲᠦ ᠬᠥᠮᠦᠵᠢᠯ ᠤᠨ ᠳᠥᠷᠪᠡᠨ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠥᠪᠡᠷ ᠤᠨ ᠪᠣᠳᠠᠲᠤ ᠪᠠᠶᠢᠳᠡᠯ ᠲᠠᠢ ᠪᠠᠨ ᠤᠶᠠᠯᠳᠤᠭᠤᠯᠵᠤ᠂ ᠣᠶᠢᠯᠠᠭᠠᠯᠲᠠ᠂ ᠣᠯᠤᠯᠲᠠ ᠪᠠ ᠰᠡᠩᠬᠡᠷᠡᠭᠦᠯᠦᠯ ᠢᠶᠠᠨ ᠶᠠᠷᠢᠯᠴᠠᠪᠠ᠃       ᠶᠢᠨ ᠼᠠᠩ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠠᠶᠣᠯᠬᠦᠢ ᠦᠢᠯᠡᠳᠪᠦᠷᠢᠯᠡᠯ᠂ ᠵᠠᠬᠢᠳᠠᠯ ᠰᠣᠷᠪᠣᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠳᠠ᠂ ᠭᠤᠷᠪᠠᠨ ᠶᠠᠪᠤᠳᠠᠯ ᠢ ᠢᠯᠠ ᠪᠣᠯᠭᠠᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠮᠠᠯᠵᠢᠬᠤ ᠣᠷᠣᠨ ᠤ ᠣᠳᠣᠬᠢᠴᠢᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠣᠨᠣᠭᠠᠨ ᠤ ᠡᠪᠦᠯ ᠬᠠᠪᠣᠷ ᠤᠨ ᠮᠠᠨᠳᠦ ᠣᠨᠳᠤᠷᠣᠯᠳᠠ ᠵᠡᠷᠭᠡ ᠠᠵᠢᠯ ᠳᠤ ᠪᠣᠳᠠᠲᠠᠶ ᠰᠠᠨᠠᠯ ᠱᠠᠭᠠᠷᠳᠠᠯᠭ᠎ᠠ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠳᠠᠯ ᠥᠬᠡᠶ ᠬᠤᠷᠠᠯᠳᠤᠭᠤᠯᠬᠤ ᠪᠠᠷ ᠪᠠᠶᠢᠭ᠎ᠠ ︽ᠬᠤᠶᠠᠷ ᠬᠤᠷᠠᠯ︾ ᠳᠤ ᠴᠢᠭᠯᠡᠭᠦᠯᠦᠨ ᠰᠠᠨᠠᠯ ᠰᠠᠨᠠᠭᠤᠯᠭ᠎ᠠ ᠬᠤᠷᠢᠶᠠᠪᠠ᠃       ᠬᠤᠷᠠᠯ ᠳᠤ ᠪᠠᠰᠠ ᠠᠷᠣᠬᠠᠰᠢᠶᠠᠳᠦ ᠪᠠᠯᠭᠠᠰᠦ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠬᠡᠮᠵᠢᠶᠡᠯᠡᠨ ᠦᠨᠡᠯᠡᠯᠳᠡ ᠥᠭᠪᠡ᠃
      ᠳᠠᠷᠠᠭ᠎ᠠ ᠳᠤᠨᠢ᠂ ᠶᠢᠨ ᠼᠠᠩ ᠮᠠᠯᠵᠢᠬᠤ ᠡᠷᠣᠭᠡ ᠳᠤ ᠭᠦᠨᠵᠡᠭᠡᠶᠢᠷᠡᠵᠦ᠂ ᠦᠢᠯᠡᠳᠪᠦᠷᠢᠯᠡᠯ ᠠᠮᠢᠳᠤᠷᠠᠯ ᠤᠨ ᠪᠠᠶᠢᠳᠡᠯ ᠪᠣᠯᠤᠨ ᠣᠷᠣᠰᠢᠵᠤ ᠪᠠᠶᠢᠬᠤ ᠬᠦᠴᠢᠷᠳᠡᠯ ᠢ ᠨᠠᠷᠢᠯᠢᠭ ᠣᠶᠢᠯᠠᠭᠠᠨ᠂ ᠲᠣᠰ ᠪᠠᠯᠭᠠᠰᠦ ᠶᠢᠨ ᠤᠳᠤᠷᠢᠳᠬᠤ ᠪᠠᠭ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠶᠤᠯᠭᠦᠶ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢᠨ ᠮᠡᠳᠡᠯᠭᠡ ᠶᠢᠨ ᠤᠬᠠᠭᠤᠯᠭ᠎ᠠ ᠶᠢ ᠴᠢᠨᠠᠭᠰᠢᠳᠠ ᠰᠠᠶᠢᠲᠤᠷ ᠬᠢᠬᠦ ᠬᠡᠷᠡᠭᠲᠡᠶ᠃ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ ᠦᠭᠴᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠬᠦ ᠭᠡᠷᠡᠭᠳᠡᠢ ᠬᠡᠵᠡᠢ᠃                      ᠣᠷᠴᠢᠭᠤᠯᠤᠭᠴᠢ᠄ ᠣᠳᠣᠨᠬᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号