12 ᠰᠠᠷ᠎ᠠ ᠶᠢᠨ 4 ᠤ ᠡᠳᠦᠷ᠂ ᠵᠢᠷᠭᠤᠳᠤᠭᠠᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ | ᠢᠷᠡᠬᠦ ᠲᠠᠰᠢᠷᠠᠮ ᠢᠶᠠᠷ᠂ ᠰᠢᠨ᠎ᠡ ᠪᠠᠷᠭᠤ ᠪᠠᠷᠠᠭᠤᠨ ᠬᠤᠰᠢᠭᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠨ ᠬᠠᠤᠯᠢ ᠶᠢ ᠲᠥᠪᠯᠡᠷᠡᠭᠦᠯᠦᠨ ᠤᠬᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠸᠠᠩ ᠳ᠋ᠦᠩ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠠᠯᠲᠠᠨᠪᠠᠭᠠᠨ᠎ᠠ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠮᠠᠨᠳᠠ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠯᠮᠠᠰ᠂ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠮᠤᠷ ᠲᠦᠪᠰᠢᠨ ᠤ ᠳᠤᠪᠴᠢᠶ᠎ᠠ ᠶᠢᠨ ᠭᠤᠤᠯ | ᠬᠠᠷᠢᠭᠤᠴᠠᠯᠭᠠᠳᠠᠳ ᠵᠢᠴᠢ ᠪᠦᠬᠦ ᠬᠤᠰᠢᠭᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | 73 ᠪᠦᠷᠢᠯᠳᠦᠬᠦᠨ ᠨᠢᠭᠡᠴᠡ ᠶᠢᠨ 500 ᠭᠠᠷᠤᠶ ᠠᠵᠢᠯᠳᠠᠨ ᠠᠵᠢᠯᠯᠠᠭ᠎ᠠ ᠳᠤ ᠣᠷᠣᠯᠴᠠᠪᠠ᠃ | | | | | ᠳᠤᠰ ᠠᠵᠢᠯᠯᠠᠭ᠎ᠠ ᠳᠤ᠂ ᠸᠠᠩ ᠳ᠋ᠦᠩ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ | ᠠᠵᠢᠯᠯᠠᠭ᠎ᠠ ᠳᠤ ᠳᠥᠷᠪᠡᠨ ᠳᠠᠯ᠎ᠠ ᠶᠢᠨ ᠱᠠᠭᠠᠷᠳᠠᠯᠭ᠎ᠠ ᠳᠤᠷᠠᠳᠤᠭᠰᠠᠨ ᠨᠢ᠄ ᠨᠢᠭᠡ ᠳᠤ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ | ᠨᠡᠶᠢᠬᠡᠮ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ ᠬᠡᠷᠡᠭᠲᠡᠶ᠃ ᠭᠤᠷᠪᠠ ᠳᠤ᠂ ᠨᠠᠮ ᠵᠠᠰᠠᠭ ᠤᠨ ᠰᠠᠯᠠᠭ᠎ᠠ ᠮᠥᠴᠢᠷ ᠤᠨ ᠬᠠᠤᠯᠢ ᠶᠢ ᠰᠤᠷᠴᠤ ᠬᠠᠤᠯᠢ ᠶᠢ | ᠬᠡᠷᠡᠭᠯᠡᠬᠦ ᠠᠵᠢᠯᠯᠠᠭ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠤᠳᠤᠷᠢᠳᠬᠤ ᠺᠠᠳ᠋ᠷᠴᠤᠳ ᠤᠨ ᠬᠠᠤᠯᠢ | ᠴᠠᠭᠠᠵᠠ ᠶᠢᠨ ᠤᠬᠠᠮᠰᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠳᠥᠷᠪᠡ ᠳᠤ᠂ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠠᠤᠯᠢ ᠲᠦᠭᠡᠮᠡᠯᠵᠢᠭᠦᠯᠬᠦ ᠠᠵᠢᠯ ᠤᠨ | ᠤᠳᠤᠷᠢᠳᠬᠤ ᠲᠣᠭᠲᠠᠴᠠ ᠪᠠ ᠠᠵᠢᠯ ᠤᠨ ᠠᠷᠭ᠎ᠠ ᠬᠡᠯᠪᠡᠷᠢ ᠶᠢ ᠰᠢᠨᠡᠴᠢᠯᠡᠬᠦ ᠭᠡᠷᠡᠭᠳᠡᠢ ᠭᠡᠵᠡᠢ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠪᠦᠬᠦ ᠠᠵᠢᠯᠲᠠᠳ ᠦᠨᠳᠦᠰᠦᠨ ᠬᠠᠤᠯᠢ ᠳᠤ ᠲᠠᠩᠭᠠᠷᠢᠭᠯᠠᠵᠤ᠂ | ᠦᠨᠳᠦᠰᠦᠨ ᠬᠠᠤᠯᠢ ᠶᠢ ᠡᠷᠬᠢᠮᠯᠡᠬᠦ᠂ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠬᠤ᠂ ᠦᠨᠳᠦᠰᠦᠨ | ᠬᠠᠤᠯᠢ ᠶᠢ ᠬᠠᠶᠢᠷᠠᠯᠠᠬᠤ᠂ ᠦᠨᠳᠦᠰᠦᠨ ᠬᠠᠤᠯᠢ ᠶᠢ ᠵᠢᠷᠤᠮᠯᠠᠬᠤ ᠡᠷᠡᠰ ᠪᠠᠲᠤ ᠵᠣᠷᠢᠭ ᠢᠶᠠᠨ ᠬᠠᠮᠲᠤ ᠪᠠᠷ ᠢᠯᠡᠳᠬᠡᠪᠡ᠃ | ᠲᠤᠰ ᠤᠬᠠᠭᠤᠯᠭ᠎ᠠ ᠶᠢᠨ ᠠᠵᠢᠯᠯᠠᠭ᠎ᠠ ᠳᠤ᠂ ᠬᠠᠤᠯᠢ ᠪᠠᠷ ᠵᠠᠰᠠᠬᠤ ᠤᠯᠠᠭᠠᠨᠮᠥ᠋ᠴᠢᠷ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠢ᠃ | | | | | ᠤᠷᠴᠢᠭᠤᠯᠤᠭᠴᠢ᠄ ᠴᠡᠴᠡᠭ |