2019 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠨᠢᠬᠡ︶
ᠨᠡᠶᠢᠲᠡᠯᠡᠭᠰᠡᠨ ᠴᠠᠭ᠄
2019/2/20
ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠎ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠵᠢᠷᠭᠤᠭ᠎ᠠ︶                   ᠵᠠᠰᠠᠭ ᠤᠨ ᠤᠷᠳᠤᠨ ᠤ ᠠᠵᠢᠯ ᠤᠨ ᠢᠯᠡᠳᠭᠡᠯ                                                              — — 2019 ᠣᠨ ᠤ 2 ᠰᠠᠷ᠎ᠠ ᠶᠢᠨ 14᠎ ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠳᠡᠭᠡᠷ᠎ᠡ                                       ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ                                                ᠪᠦᠬᠡᠪᠠᠶᠠᠷᠲᠦᠯᠦᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃      ᠨᠢᠬᠡ᠂ 2018 ᠤᠨ ᠤ ᠠᠵᠢᠯ ᠤᠨ ᠡᠷᠬᠢᠴᠡᠬᠦᠯᠤᠯ      2018 ᠤᠨ ᠳᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠥᠱᠯᠠᠭᠤᠯᠤᠨ ᠨᠡᠶᠢᠳᠡᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠥᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠥᠯᠢ ᠴᠠᠭᠠᠵᠠ ᠶᠢᠨ ᠬᠢᠨᠠᠯᠳᠠ ᠪᠠ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠵᠤ᠂ ᠪᠦᠬᠦ ᠬᠤᠰᠢᠭᠤᠨ ᠤ ᠦᠨᠳᠤᠰᠤᠳᠠᠨ ᠨᠦᠭᠦᠳ ᠤᠨ ᠠᠷᠠᠳ ᠲᠦᠮᠡᠨ ᠢ ᠪᠦᠯᠬᠦᠮᠳᠠᠬᠦᠯᠤᠨ ᠲᠠᠭᠠᠭᠤᠯᠵᠤ᠂ ᠪᠠᠴᠢᠮ ᠲᠤᠯᠭᠠᠮ᠎ᠠ ᠰᠡᠳᠬᠢᠯᠭᠡ᠂ ᠵᠤᠷᠢᠭᠳᠠᠢ ᠬᠠᠷᠢᠭᠤᠴᠠᠬᠤ ᠤᠪᠤᠷ ᠪᠠ ᠪᠤᠴᠠᠰᠢ ᠦᠭᠡᠢ ᠡᠷᠡᠰ ᠬᠠᠳᠠᠨ ᠵᠤᠷᠢᠭ ᠢᠶᠠᠷ᠂ ᠴᠢᠨᠠᠷᠯᠢᠭ ᠬᠦᠭᠵᠢᠯᠳᠠ ᠶᠢᠨ ᠱᠠᠭᠠᠷᠳᠠᠯᠭ᠎ᠠ ᠎ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠠᠴᠢᠯᠠᠯᠳᠠ ᠶᠢ ᠠᠬᠢᠭᠤᠯᠬᠤ᠂ ᠪᠦᠳᠤᠴᠠ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ ᠪᠠ ᠲᠦᠭᠰᠢᠬᠦᠷᠢ ᠶᠢ ᠰᠡᠷᠭᠡᠶᠢᠯᠠᠨ ᠨᠡᠮᠳᠡᠭᠤᠯᠬᠤ ᠵᠡᠷᠭᠡ ᠡᠯ᠎ᠠ ᠲᠦᠷᠤᠯ ᠤᠨ ᠠᠵᠢᠯ ᠢ ᠨᠢᠭᠡᠳᠤᠯᠳᠡᠢ ᠲᠦᠯᠤᠪᠵᠢᠬᠦᠯᠤᠨ ᠠᠬᠢᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠤ᠂ ᠡᠷᠡᠮᠡᠭᠡᠶᠢᠯᠠᠨ ᠤᠷᠤᠭᠰᠢᠯᠠᠵᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠴᠠ ᠲᠤᠭᠳᠠᠭᠠᠭᠰᠠᠨ ᠭᠤᠥᠯ ᠬᠠᠷᠠᠯᠳᠠ ᠡᠬᠦᠷᠭᠡ ᠶᠢ ᠨᠠᠯᠢᠶᠠᠳ ᠰᠠᠶᠢᠨ ᠪᠠᠶᠠᠯᠡᠬᠦᠯᠪᠠ᠃      ︵ᠨᠢᠭᠡ︶ ᠶᠡᠷᠦᠩᠬᠡᠶᠢᠯᠡᠭᠰᠡᠨ ᠪᠣᠳᠠᠳᠣ ᠬᠦᠴᠦᠨ ᠲᠤᠭᠳᠠᠭᠤᠨ ᠢᠶᠠᠷ ᠨᠡᠮᠡᠭᠳᠡᠪᠠ᠃ ᠬᠦᠭᠵᠢᠯᠳᠠ ᠪᠤᠯ ᠲᠠᠷᠢᠬᠦᠨ ᠴᠢᠬᠤᠯᠠ ᠡᠬᠦᠷᠭᠡ ᠪᠤᠯᠬᠤ ᠶᠢ ᠢᠮᠠᠭᠳᠠ ᠪᠠᠷᠢᠮᠳᠠᠯᠠᠵᠤ᠂ ᠠᠵᠤ ᠠᠬᠤᠢ ᠶᠢᠨ ᠵᠢᠮ᠎ᠠ ᠶᠤᠰᠤ ᠶᠢ ᠵᠢᠷᠤᠮᠯᠠᠨ᠂ ᠲᠦᠷᠤᠯ ᠵᠤᠶᠢᠯ ᠤᠨ ᠪᠦᠲᠦᠭᠡᠨ ᠪᠠᠶᠢᠭᠤᠯᠤᠯᠳᠠ ᠶᠢ ᠲᠤᠪᠤᠶᠢᠮ᠎ᠠ ᠠᠳᠬᠤᠵᠤ᠂ ᠠᠵᠤ ᠠᠬᠤᠢ ᠶᠢᠨ ᠬᠦᠢᠴᠡᠳᠭᠡᠯ ᠲᠤᠭ᠎ᠠ ᠲᠤᠭᠳᠠᠭᠤᠨ ᠢᠶᠠᠷ ᠨᠡᠮᠡᠭᠳᠡᠵᠤ᠂ ᠠᠵᠤ ᠠᠬᠤᠢ ᠶᠢᠨ ᠪᠦᠳᠤᠴᠠ ᠦᠷᠬᠦᠯᠵᠢᠯᠠᠨ ᠰᠢᠯᠢᠳᠡᠭᠵᠢᠪᠠ᠃ 2018 ᠣᠨ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 58.2 ᠳ᠋ᠦᠩᠰᠢᠭᠤᠷ ᠲᠦᠬᠦᠷᠢᠭ ᠪᠠᠶᠠᠯᠡᠬᠦᠯᠪᠠ︔ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 8.7 ᠳ᠋ᠦᠩᠰᠢᠭᠤᠷ ᠲᠦᠬᠦᠷᠢᠭ ᠪᠠᠶᠠᠯᠡᠬᠦᠯᠪᠠ︔ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 4.4 ᠳ᠋ᠦᠩᠰᠢᠭᠤᠷ ᠲᠦᠬᠦᠷᠢᠭ ᠪᠠᠶᠠᠯᠡᠬᠦᠯᠪᠠ︔ ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 7.5 ᠳ᠋ᠦᠩᠰᠢᠭᠤᠷ ᠲᠦᠬᠦᠷᠢᠭ ᠪᠠᠶᠠᠯᠡᠬᠦᠯᠪᠠ︔ ᠬᠤᠳᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠦ ᠪᠣᠯᠬᠤ ᠣᠷᠣᠯᠭ᠎ᠠ ᠶᠢ 30,694 ᠲᠦᠬᠦᠷᠢᠭ ᠪᠠᠶᠠᠯᠡᠬᠦᠯᠪᠠ︔ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠦ ᠪᠣᠯᠬᠤ ᠣᠷᠣᠯᠭ᠎ᠠ ᠶᠢ 21,596 ᠲᠦᠬᠦᠷᠢᠭ ᠪᠠᠶᠠᠯᠡᠬᠦᠯᠪᠠ᠃ ᠪᠦᠬᠦ ᠵᠢᠯ ᠤᠨ ᠡᠨᠧᠷᠬᠢ ᠶᠢ ᠠᠷᠪᠢᠯᠠᠵᠤ ᠬᠤᠷᠤᠭᠳᠠᠯ ᠢ ᠪᠠᠭᠠᠰᠬᠠᠬᠤ ᠵᠡᠷᠭᠡ ᠬᠢᠵᠠᠭᠠᠷᠳᠠᠮᠠᠯ ᠴᠢᠨᠠᠷᠳᠠᠢ ᠬᠦᠢᠴᠡᠳᠭᠡᠯ ᠲᠤᠭ᠎ᠠ ᠶᠢᠨ ᠡᠭᠦᠷᠭᠡ ᠶᠢ ᠪᠠᠶᠠᠯᠡᠬᠦᠯᠪᠠ᠃      ︵ᠬᠤᠶᠠᠷ︶ ︽ᠭᠤᠷᠪᠠᠨ ᠶᠡᠭᠡ ᠪᠠᠬᠢᠯᠠᠯᠳᠠ ᠰᠢᠪᠳᠤᠯᠬᠤ ᠲᠠᠶᠢᠯᠠᠯᠳᠤᠭᠠᠨ︾ ᠠᠩᠬ᠎ᠠ ᠠᠯᠬᠤᠮ ᠤᠨ ᠢᠯᠠᠯᠳᠠ ᠶᠢ ᠤᠯᠪᠠ᠃ ᠬᠠᠷᠢᠭᠤᠴᠠᠯᠭᠠᠳᠤ ᠤᠬᠠᠮᠰᠠᠷ ᠪᠠ ᠲᠦᠭᠰᠢᠬᠦᠷᠢ ᠶᠢᠨ ᠤᠬᠠᠮᠰᠠᠷ ᠢ ᠴᠢᠩᠭᠠᠳᠬᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠪᠠ ᠪᠤᠬᠢᠷᠳᠤᠯ ᠢ ᠰᠡᠷᠭᠡᠶᠢᠯᠠᠨ ᠵᠠᠰᠠᠬᠤ ︽ᠭᠤᠷᠪᠠᠨ ᠶᠡᠭᠡ ᠪᠠᠬᠢᠯᠠᠯᠳᠠ ᠰᠢᠪᠳᠤᠯᠬᠤ ᠲᠠᠶᠢᠯᠠᠯᠳᠤᠭᠠᠨ︾᠎ ᠢ ᠪᠦᠬᠦ ᠬᠦᠴᠤᠨ ᠢᠶᠠᠷ ᠠᠬᠢᠭᠤᠯᠵᠤ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠨᠠᠶᠢᠳᠠᠪᠤᠷᠢᠵᠢᠭᠤᠯᠪᠠ᠃ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ ᠠᠵᠢᠯ ᠢ ᠪᠠᠳᠤᠳᠠᠢ ᠬᠢᠪᠠ᠃ ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ ᠲᠤᠰᠬᠠᠢ ᠲᠦᠰᠤᠯ ᠢ ᠰᠤᠳᠤᠯᠤᠨ ᠲᠤᠭᠳᠠᠭᠠᠵᠤ᠂ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠨ᠂ ᠦᠭᠴᠡᠭᠡ ᠶᠢᠨ ᠬᠦᠷᠢᠶ᠎ᠠ ᠬᠡᠪᠴᠢᠶ᠎ᠠ ᠶᠢ ᠴᠢᠩᠭ᠎ᠠ ᠡᠵᠡᠮᠳᠡᠵᠤ᠂ ᠦᠭᠴᠡᠭᠡ ᠶᠢᠨ ᠬᠤᠷᠢᠭ᠎ᠠ ᠱᠤᠭᠤᠮ ᠢ ᠪᠠᠳᠤ ᠰᠠᠬᠢᠨ᠂ ᠲᠦᠰᠤᠪ ᠤᠨ ᠲᠤᠳᠤᠷᠠᠬᠢ ᠵᠠᠷᠤᠯᠭ᠎ᠠ ᠶᠢ ᠠᠷᠪᠢᠯᠠᠬᠤ᠂ ᠦᠯᠡᠳᠡᠭᠳᠡᠯ ᠪᠡᠯᠡ ᠮᠦᠡᠭᠬᠦ ᠶᠢ ᠬᠤᠷᠢᠶᠠᠨ ᠠᠪᠬᠤ ᠪᠠ ᠦᠯᠡᠳᠡᠭᠳᠡᠯ ᠡᠬᠢ ᠪᠠᠶᠠᠯᠢᠭ ᠢ ᠳᠠᠬᠢᠨ ᠠᠮᠢᠯᠠᠭᠤᠯᠬᠤ᠂ ᠰᠤᠯᠠ ᠡᠳ᠋ ᠬᠦᠷᠤᠩᠭᠡ ᠶᠢ ᠰᠢᠢᠳᠪᠤᠷᠢᠯᠡᠬᠦ ᠵᠡᠷᠭᠡ ᠠᠷᠭ᠎ᠠ ᠪᠠᠷᠢᠯ ᠢᠶᠠᠷ ᠲᠡᠮᠵᠢᠨ᠂ ᠵᠠᠰᠠᠭ ᠤᠨ ᠤᠷᠳᠤᠨ ᠤ ᠴᠢᠨᠠᠷᠳᠠᠢ ᠦᠭᠴᠡᠭᠡ ᠶᠢ 3.94 ᠳ᠋ᠦᠡᠭᠰᠢᠭᠤᠷ ᠲᠦᠬᠦᠷᠢᠭ ᠠᠷᠢᠯᠭᠠᠵᠤ᠂ ᠪᠦᠬᠦ ᠵᠢᠯ ᠤᠨ ᠡᠬᠦᠷᠭᠡ ᠪᠠᠨ 1.92 ᠵᠠᠭᠤᠨ ᠤ ᠬᠤᠪᠢ ᠶᠢᠨ ᠴᠡᠭ ᠢᠶᠠᠷ ᠲᠠᠪᠠᠭᠤᠯᠤᠨ ᠪᠠᠶᠠᠯᠡᠬᠦᠯᠪᠠ᠃ ᠮᠦᠡᠭᠬᠦᠨ ᠬᠦᠢᠯᠭᠡᠭᠡᠨ ᠤ ᠠᠶᠤᠯ ᠲᠦᠭᠰᠢᠬᠦᠷᠢ ᠶᠢ ᠰᠡᠷᠭᠡᠶᠢᠯᠠᠨ ᠡᠵᠡᠮᠳᠡᠬᠦ ᠶᠢ ᠴᠢᠩᠭᠠᠳᠬᠠᠵᠤ᠂ ᠮᠦᠡᠭᠬᠦᠨ ᠬᠦᠢᠯᠭᠡᠭᠡᠨ ᠤ ᠠᠶᠤᠯ ᠲᠦᠭᠰᠢᠬᠦᠷᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠠᠷᠠᠳ ᠤᠨ ᠲᠤᠮᠳᠡᠬᠢ ᠵᠢᠭᠡᠯᠡᠯᠭᠡ ᠶᠢᠨ ᠦᠢᠯᠡ ᠠᠵᠢᠯᠯᠠᠭ᠎ᠠ ᠶᠢ ᠲᠦᠷᠢᠮᠵᠢᠬᠦᠯᠤᠨ᠂ ᠠᠷᠠᠳ ᠤᠨ ᠲᠤᠮᠳᠡᠬᠢ ᠵᠢᠭᠡᠯᠡᠯᠭᠡ ᠶᠢ ᠡᠶᠡᠳᠡᠬᠦᠯᠤᠨ ᠰᠢᠢᠳᠪᠤᠷᠢᠯᠡᠬᠦ ᠲᠦᠪ ᠢ ᠪᠠᠶᠢᠭᠤᠯᠵᠤ᠂ 264 ᠡᠷᠤᠭᠡ᠂ 360 ᠬᠤᠪᠢ ᠵᠢᠭᠡᠯᠡᠯᠭᠡ᠂ 4,066 ᠲᠦᠮᠡᠨ ᠲᠦᠬᠦᠷᠢᠭ ᠤᠨ ᠠᠷᠠᠳ ᠤᠨ ᠲᠤᠮᠳᠡᠬᠢ ᠦᠨᠳᠤᠷ ᠬᠦᠥ ᠲᠠᠢ ᠵᠢᠭᠡᠯᠡᠯᠭᠡ ᠶᠢ ᠠᠷᠢᠯᠭᠠᠵᠤ᠂ ᠪᠦᠬᠦ ᠤᠷᠤᠨ ᠳᠤ ᠬᠠᠮᠤᠭ ᠠᠩᠬ᠎ᠠ ᠮᠠᠯᠵᠢᠬᠤ ᠤᠷᠤᠨ ᠤ ᠦᠨᠳᠤᠷ ᠬᠦᠥ ᠲᠠᠢ ᠵᠢᠭᠡᠯᠡᠯᠭᠡ ᠶᠢᠨ ᠦᠯᠡᠳᠡᠭᠳᠡᠯ ᠦᠭᠴᠡᠭᠡ ᠶᠢ ᠠᠷᠢᠯᠭᠠᠬᠤ ᠡᠬᠦᠷᠭᠡ ᠶᠢ ᠠᠮᠵᠢᠯᠳᠠᠳᠠᠢ ᠪᠠᠶᠠᠯᠡᠬᠦᠯᠦᠭᠰᠡᠨ ᠲᠤᠷᠰᠢᠯᠳᠠ ᠶᠢᠨ ᠴᠡᠭ ᠤᠨ ᠬᠤᠰᠢᠭᠤ ᠪᠤᠯᠪᠠ᠃ ᠤᠯᠠᠨ ᠲᠦᠮᠡᠨ ᠢ ᠬᠦᠳᠤᠯᠤᠨ ᠵᠢᠯᠤᠭᠤᠳᠴᠤ᠂ ᠵᠤᠭᠤᠰ ᠮᠦᠡᠭᠬᠦ ᠶᠢᠨ ᠬᠡᠷᠡᠭᠯᠡᠭᠡᠨ ᠤ ᠤᠬᠠᠮᠰᠠᠷ ᠢ ᠨᠡᠮᠡᠭᠳᠡᠬᠦᠯᠤᠨ᠂ ᠠᠷᠠᠳ ᠤᠯᠠᠨ ᠤ ᠬᠠᠥᠯᠢ ᠶᠤᠰᠤᠨ ᠤ ᠡᠷᠭᠡ ᠠᠰᠢᠭ ᠢ ᠪᠦᠳᠤᠮᠵᠢᠳᠠᠢ ᠬᠠᠮᠠᠭᠠᠯᠠᠪᠠ᠃ ᠬᠠᠥᠯᠢ ᠪᠤᠰᠤ ᠪᠠᠷ ᠪᠡᠯᠡ ᠬᠤᠷᠠᠮᠳᠤᠭᠤᠯᠬᠤ᠂ ᠡᠪᠰᠡᠯ ᠪᠦᠯᠦᠭ ᠤᠨ ᠮᠡᠭᠡᠯᠡᠯ ᠬᠢᠬᠦ᠂ ᠦᠷᠢ ᠦᠭᠴᠡᠭᠡ ᠨᠡᠭᠡᠬᠦ᠂ ᠬᠠᠥᠯᠢ ᠪᠤᠰᠤ ᠪᠠᠷ ᠬᠤᠷᠢᠬᠤ ᠵᠡᠷᠭᠡ ᠬᠠᠥᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠮᠦᠡᠭᠬᠦᠨ ᠬᠦᠢᠯᠭᠡᠭᠡᠨ ᠤ ᠠᠶᠤᠯ ᠲᠦᠭᠰᠢᠬᠦᠷᠢ ᠶᠢ ᠪᠦᠳᠤᠮᠵᠢᠳᠠᠢ ᠠᠷᠢᠯᠭᠠᠪᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠳᠤ ᠨᠠᠷᠢᠯᠢᠭ ᠤᠨᠤᠪᠴᠢᠳᠠᠢ ᠪᠠᠷ ᠬᠦᠴᠤᠯᠡᠪᠠ᠃ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠᠷᠢᠮᠵᠢᠶ᠎ᠠ ᠶᠢᠨ ᠲᠤᠭᠤᠷᠢᠨ ᠳᠤ᠂ ︽ᠲᠠᠪᠤ ᠶᠢ ᠪᠠᠷᠢᠮᠳᠠᠯᠠᠬᠤ᠂ ᠲᠠᠪᠤᠨ ᠨᠢᠭᠡ ᠪᠦᠯᠦᠭ᠂ ᠵᠢᠷᠭᠤᠭᠠᠨ ᠨᠠᠷᠢᠯᠢᠭ ᠤᠨᠤᠪᠴᠢᠳᠠᠢ︾ ᠦᠨᠳᠤᠰᠤᠨ ᠴᠢᠭᠯᠡᠯᠳᠠ ᠶᠢ ᠪᠦᠬᠦ ᠲᠠᠯ᠎ᠠ ᠪᠠᠷ ᠨᠡᠶᠢᠳᠡᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠵᠢᠯᠤᠭᠤᠳᠬᠤ ᠭᠠᠵᠠᠷ ᠢ ᠪᠠᠶᠢᠭᠤᠯᠵᠤ᠂ ᠰᠤᠷᠳᠠᠯ ᠤᠬᠠᠭᠤᠯᠭ᠎ᠠ ᠶᠢ ᠴᠢᠩᠭᠠᠳᠬᠠᠨ᠂ ᠪᠦᠬᠦᠨ ᠢ ᠬᠠᠮᠤᠷᠴᠤ᠂ ︽ᠨᠠᠷᠢᠯᠢᠭ ᠤᠨᠤᠪᠴᠢᠳᠠᠢ︾᠎ ᠪᠠᠷ ᠲᠡᠳᠬᠦᠨ ᠲᠡᠮᠵᠢᠪᠠ᠃ 1,208 ᠲᠦᠮᠡᠨ ᠲᠦᠬᠦᠷᠢᠭ ᠤᠨ ᠪᠡᠯᠠ ᠤᠷᠤᠭᠤᠯᠵᠤ᠂ ᠶᠠᠳᠠᠭᠤ ᠶᠢ ᠲᠡᠳᠬᠦᠬᠦ ᠬᠡᠪᠴᠢᠶᠡᠨ ᠳᠠᠬᠢ 6 ᠭᠤᠥᠯᠳᠠᠯᠭ᠎ᠠ ᠲᠠᠢ ᠲᠦᠷᠤᠯ ᠵᠤᠶᠢᠯ ᠢ ᠬᠡᠷᠡᠭᠵᠢᠬᠦᠯᠪᠠ᠃ ᠶᠠᠳᠠᠭᠤ ᠶᠢ ᠲᠡᠳᠬᠦᠬᠦ ᠲᠦᠷᠤᠯ ᠵᠤᠶᠢᠯ ᠤᠨ ᠬᠦᠮᠤᠷᠭᠡ ᠪᠠᠶᠢᠭᠤᠯᠵᠤ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ 200 ᠲᠦᠷᠤᠯ ᠵᠤᠶᠢᠯ ᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠪᠠ᠃ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠤᠨ ᠪᠠᠳᠤᠯᠠᠭ᠎ᠠ ᠪᠠᠷ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠲᠦᠷᠤ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠵᠤ᠂ 67 ᠨᠡᠷᠡᠰ ᠲᠡᠩᠰᠠᠯᠠᠵᠤ ᠺᠠᠲᠷᠯᠠᠭᠰᠠᠨ ᠶᠠᠳᠠᠭᠤ ᠬᠦᠴᠢᠷᠳᠡᠯᠳᠡᠢ ᠰᠤᠷᠤᠭᠴᠢ ᠳᠤ 4.6 ᠲᠦᠮᠡᠨ ᠲᠦᠬᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠦᠡᠭᠬᠦ ᠲᠠᠷᠬᠠᠭᠠᠵᠤ᠂ 1061 ᠶᠠᠳᠠᠭᠤ ᠬᠦᠴᠢᠷᠳᠡᠯᠳᠡᠢ ᠬᠦᠮᠤᠨ ᠠᠮᠠ ᠳᠤ ᠦᠨ᠎ᠠ ᠲᠦᠯᠤᠪᠤᠷᠢ ᠦᠭᠡᠢ ᠪᠠᠶ᠎ᠠ ᠶᠢᠨ ᠪᠠᠶᠢᠴᠠᠭᠠᠯᠳᠠ ᠬᠢᠵᠤ᠂ 55.7 ᠲᠦᠮᠡᠨ ᠲᠦᠬᠦᠷᠢᠭ ᠤᠨ ᠪᠡᠯᠡ ᠮᠦᠡᠭᠬᠦ ᠵᠠᠷᠤᠴᠠᠭᠤᠯᠵᠤ᠂ ᠡᠬᠦᠳᠠᠨ ᠡᠮᠨᠡᠯᠭᠡ ᠶᠢᠨ ᠡᠮᠨᠡᠯᠭᠡ ᠳᠤ ᠰᠠᠭᠤᠵᠤ ᠡᠮᠴᠢᠯᠡᠬᠦᠯᠬᠦ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠰᠠᠭᠤᠷᠢ ᠮᠦᠡᠭᠬᠦ ᠶᠢ ᠪᠠᠶᠢᠭᠤᠯᠪᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠠᠪᠴᠠᠩ ᠢ ᠪᠠᠶᠢᠭᠤᠯᠵᠤ᠂ ᠨᠡᠶᠢᠳᠠ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠢ ᠬᠦᠳᠤᠯᠤᠨ ᠵᠢᠯᠤᠭᠤᠳᠴᠤ᠂ ᠶᠠᠳᠠᠭᠤ ᠬᠦᠴᠢᠷᠳᠡᠯᠳᠡᠢ ᠬᠦᠮᠤᠨ ᠠᠮᠠ ᠳᠤ 70 ᠠᠵᠢᠯ ᠤᠨ ᠪᠠᠶᠢᠷᠢ ᠬᠠᠨᠭ᠍ᠭᠠᠪᠠ᠃ ᠠᠰᠠᠭᠤᠳᠠᠯ ᠢᠶᠠᠷ ᠵᠢᠯᠤᠭᠤᠳᠤᠮᠵᠢ  ᠪᠤᠯᠭᠠᠬᠤ ᠶᠢ ᠪᠠᠷᠢᠮᠳᠠᠯᠠᠨ᠂ ᠶᠠᠳᠠᠭᠤ ᠶᠢ ᠲᠡᠳᠬᠦᠬᠦ ᠲᠤᠭ᠎ᠠ ᠪᠠᠷᠢᠮᠳᠠ ᠶᠢ ᠴᠡᠭᠴᠡᠯᠠᠵᠤ᠂ 26 ᠡᠷᠤᠭᠡ ᠶᠢᠨ 72 ᠬᠦᠮᠤᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠠᠵᠢᠯ ᠵᠠᠩᠬᠢᠯᠠᠭ᠎ᠠ ᠶᠢᠨ ᠴᠢᠨᠠᠷᠳᠠᠢ ᠰᠢᠪᠳᠤᠯᠤᠯᠳᠠ ᠲᠠᠢ ᠪᠣᠯᠪᠠ᠃ ᠪᠤᠬᠢᠷᠳᠤᠯ ᠢ ᠰᠡᠷᠭᠡᠶᠢᠯᠠᠨ ᠵᠠᠰᠠᠬᠤ ᠶᠢ ᠦᠷᠬᠦᠯᠵᠢᠯᠠᠨ ᠬᠦᠴᠤᠯᠡᠪᠠ᠃ ︽ᠴᠡᠯᠮᠡᠭ ᠲᠡᠭᠷᠢ᠂ ᠴᠡᠩᠭᠡᠭ ᠤᠰᠤ᠂ ᠴᠡᠪᠡᠷ ᠬᠦᠷᠤᠰᠤ︾᠎ ᠶᠢ ᠬᠠᠮᠠᠭᠠᠯᠠᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠬᠦᠯᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠬᠦ ︽ᠵᠠᠭᠤᠨ ᠡᠳᠤᠷ ᠤᠨ ᠲᠠᠶᠢᠯᠠᠯᠳᠤᠭᠠᠨ︾᠎ ᠤ ᠠᠵᠢᠯᠯᠠᠭ᠎ᠠ ᠶᠢ ᠦᠷᠨᠢᠬᠦᠯᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠪᠠᠳᠠᠨ ᠪᠠᠶᠢᠴᠠᠭᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠨᠡᠶᠢᠳᠡᠪᠤᠷᠢᠵᠢᠭᠤᠯᠵᠤ᠂ ᠠᠯᠳ᠋ᠬᠠᠮᠡᠭᠡᠯ ᠪᠠᠯᠭᠠᠰᠤ ᠶᠢᠨ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠤ ᠵᠠᠰᠠᠨ ᠰᠢᠨᠡᠳᠬᠡᠬᠦ᠂ ᠨᠤᠳᠤᠭ ᠪᠡᠯᠴᠢᠭᠡᠷ ᠢ ᠲᠠᠳᠠᠪᠤᠷᠢᠯᠠᠨ ᠬᠡᠷᠡᠭᠯᠠᠵᠤ ᠪᠠᠶᠢᠭ᠎ᠠ ᠬᠡᠰᠡᠭ ᠲᠦᠷᠤᠯ ᠵᠤᠶᠢᠯ ᠤᠨ ᠭᠠᠷ ᠬᠦᠢᠴᠡᠳᠭᠡᠯ ᠲᠠᠭᠤᠰᠤᠭ᠎ᠠ ᠦᠭᠡᠢ 2 ᠲᠦᠷᠤᠯ ᠵᠤᠶᠢᠯ ᠢ ᠵᠠᠰᠠᠨ ᠰᠠᠶᠢᠵᠢᠷᠠᠭᠤᠯᠬᠤ ᠵᠢᠯ ᠤᠨ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠪᠠᠶᠠᠯᠡᠬᠦᠯᠪᠠ᠃ 861 ᠲᠦᠮᠡᠨ ᠲᠦᠬᠦᠷᠢᠭ ᠤᠨ ᠪᠡᠯᠡ ᠤᠷᠤᠭᠤᠯᠵᠤ᠂ 4 ᠭᠠᠵᠠᠷ ᠲᠤ ᠲᠦᠪᠯᠡᠷᠡᠩᠬᠦᠢ ᠬᠡᠯᠪᠡᠷᠢ ᠶᠢᠨ ᠤᠥᠭᠤᠬᠤ ᠤᠰᠤᠨ ᠤ ᠰᠤᠷᠪᠤᠯᠵᠢ ᠶᠢ ᠪᠠᠶᠢᠭᠤᠯᠵᠤ᠂ ᠤᠰᠤᠨ ᠤ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠵᠠᠭᠠᠭ ᠲᠤᠭᠳᠠᠭᠠᠵᠤ ᠪᠢᠳᠡᠬᠦᠮᠵᠢᠯᠡᠬᠦ ᠦᠷ᠎ᠠ ᠪᠦᠳᠤᠭᠡᠯ ᠢ ᠪᠠᠬᠢᠵᠢᠬᠦᠯᠵᠤ᠂ ᠤᠰᠤᠨ ᠤ ᠴᠢᠨᠠᠷ ᠤᠨ ᠪᠠᠶᠢᠳᠠᠯ ᠢ ᠨᠡᠶᠢᠭᠡᠮ ᠨᠡᠶᠢᠳᠠ ᠳᠤ ᠢᠯᠠ ᠨᠡᠶᠢᠳᠡᠯᠠᠵᠤ᠂ ᠤᠰᠤᠨ ᠤᠮᠳᠠ ᠶᠢᠨ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠶᠢ ᠪᠠᠳᠤᠯᠠᠪᠠ᠃ 832 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠢᠶᠠᠨ ᠳ᠋ᠠ᠂ ᠲᠠᠯ᠎ᠠ ᠨᠤᠳᠤᠭ ᠤᠨ ᠠᠶᠠᠯᠠᠯ ᠵᠡᠷᠭᠡ 5 ᠭᠤᠥᠯᠳᠠᠯᠭ᠎ᠠ ᠲᠠᠢ ᠮᠢᠬᠠᠨ ᠤ ᠲᠦᠷᠤᠯ ᠤᠨ ᠡᠳ᠋ᠰᠢᠯᠡᠬᠦᠯᠤᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠤᠵᠠᠷ ᠤᠰᠤ ᠶᠢ ᠰᠢᠢᠳᠪᠤᠷᠢᠯᠡᠬᠦ ᠲᠤᠨᠤᠭ ᠲᠦᠬᠦᠭᠡᠷᠤᠮᠵᠢ ᠶᠢ ᠵᠠᠰᠠᠨ ᠰᠢᠨᠡᠳᠬᠡᠵᠦ᠂ ᠪᠦᠬᠦ ᠬᠤᠰᠢᠭᠤᠨ ᠤ ᠪᠤᠵᠠᠷ ᠤᠰᠤ ᠶᠢ ᠰᠢᠢᠳᠪᠤᠷᠢᠯᠡᠬᠦ ᠰᠢᠰᠲ᠋ᠧᠮ ᠳᠤ ᠤᠷᠤᠭᠤᠯᠪᠠ᠃ 330 ᠲᠦᠮᠡᠨ ᠲᠦᠬᠦᠷᠢᠭ ᠤᠨ ᠪᠡᠯᠡ ᠤᠷᠤᠭᠤᠯᠵᠤ᠂ 22 ᠲᠤᠰᠤ ᠨᠡᠮᠡᠬᠦ ᠦᠷᠳᠡᠭᠡ ᠶᠢᠨ ᠭᠠᠵᠠᠷ ᠲᠤᠥᠷᠠᠬᠢ ᠬᠤᠥᠰ ᠲᠠᠪᠬᠤᠷᠭᠠᠳᠤ ᠨᠡᠪᠴᠢᠯᠳᠠ ᠶᠢ ᠰᠡᠷᠭᠡᠶᠢᠯᠡᠬᠦ ᠶᠢ ᠵᠠᠰᠠᠨ ᠰᠠᠶᠢᠵᠢᠷᠠᠭᠤᠯᠬᠤ ᠵᠢᠯ ᠤᠨ ᠡᠬᠦᠷᠭᠡ ᠪᠠᠨ ᠪᠠᠶᠠᠯᠡᠬᠦᠯᠪᠠ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠠᠨ ᠵᠠᠰᠠᠬᠤ ᠲᠦᠯᠤᠪᠯᠡᠭᠡ ᠶᠢ ᠨᠡᠶᠢᠳᠡᠪᠤᠷᠢᠵᠢᠭᠤᠯᠵᠤ᠂ ᠬᠤᠳᠠ ᠪᠠᠯᠭᠠᠰᠤ ᠶᠢᠨ ᠪᠠᠷᠢᠯᠭ᠎ᠠ ᠶᠢᠨ ᠲᠤᠭᠤᠷᠢᠭ ᠲᠤ ᠦᠨᠳᠤᠷ ᠪᠤᠬᠢᠷᠳᠤᠯ ᠲᠠᠢ ᠰᠢᠳᠠᠭᠠᠯᠭ᠎ᠠ ᠶᠢᠨ ᠮᠠᠲ᠋ᠧᠷᠢᠶᠠᠯ ᠢ ᠰᠢᠳᠠᠭᠠᠬᠤ ᠶᠢ ᠴᠠᠭᠠᠵᠠᠯᠠᠬᠤ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠪᠠ᠃ ᠠᠭᠠᠷ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠦ᠋ᠲᠴᠢᠯᠠᠭᠰᠠᠨ ᠦᠷᠳᠡᠭᠡ ᠶᠢ ᠪᠠᠶᠢᠭᠤᠯᠵᠤ᠂ ᠬᠤᠳᠠ ᠶᠢᠨ ᠠᠭᠠᠷ ᠎ ᠤᠨ ᠴᠡᠪᠡᠷᠴᠠ ᠶᠢᠨ ᠰᠢᠯᠢᠳᠡᠭ ᠡᠳᠤᠷ ᠤᠨ ᠬᠠᠷᠢᠴᠠᠯ 98%᠎ ᠳᠤ ᠬᠦᠷᠪᠠ᠃ ᠬᠦᠷᠤᠰᠤ ᠰᠢᠷᠤᠢ ᠶᠢᠨ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠲᠤᠮᠳᠠᠳᠤ ᠤᠯᠤᠰ ᠤᠨ ᠬᠤᠸᠠᠩ ᠶᠢᠨ ᠪᠦᠯᠦᠭᠯᠠᠯ ᠤᠨ ᠠᠭᠤᠷᠬᠠᠢ ᠶᠢᠨ ᠦᠢᠯᠡᠰ᠂ ᠳ᠋ᠠᠴᠢᠩ ᠤᠨ ᠴᠢᠯᠠᠭᠤᠨ ᠲᠤᠰᠤ᠂ ᠶᠢᠨ ᠱᠠᠨ ᠠᠭᠤᠷᠬᠠᠢ ᠵᠡᠷᠭᠡ ᠭᠤᠥᠯᠳᠠᠯᠭ᠎ᠠ ᠲᠠᠢ ᠠᠵᠤ ᠠᠬᠤᠶᠢᠯᠠᠯ ᠤᠨ ᠬᠦᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠠᠨ ᠵᠠᠰᠠᠬᠤ ᠪᠠᠶᠢᠴᠠᠭᠠᠯᠳᠠ ᠶᠢ ᠲᠠᠭᠤᠰᠬᠠᠪᠠ᠃ ᠡᠨᠧᠷᠬᠢ ᠶᠢ ᠠᠷᠪᠢᠯᠠᠵᠤ ᠪᠤᠬᠢᠷᠳᠤᠯ ᠢ ᠪᠠᠭᠠᠰᠬᠠᠬᠤ ᠬᠦᠴᠤᠯᠡᠴᠡ ᠶᠢ ᠴᠢᠩᠭᠠᠳᠬᠠᠵᠤ᠂ ᠡᠨᠧᠷᠬᠢ ᠶᠢᠨ ᠰᠤᠷᠪᠤᠯᠵᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠵᠤ᠂ ᠬᠤᠴᠤᠷᠤᠩᠭᠤᠢ ᠦᠢᠯᠡᠳᠪᠤᠷᠢᠯᠠᠯ ᠤᠨ ᠴᠢᠳᠠᠪᠬᠢ ᠶᠢ ᠰᠢᠯᠢᠵᠤ ᠭᠠᠷᠭᠠᠪᠠ᠃     ︵ᠭᠤᠷᠪᠠ︶ ᠠᠮᠢ ᠠᠬᠤᠢ ᠶᠢᠨ ᠶᠠᠰᠤ ᠴᠢᠨᠠᠷ ᠦᠨᠳᠤᠰᠤᠨ ᠳᠤ ᠪᠠᠨ‌‍ᠰᠠᠶᠢᠵᠢᠷᠠᠪᠠ᠃ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠪᠠ᠃ ᠬᠦᠯᠤᠨ ᠨᠠᠭᠤᠷ ᠤᠨ ᠤᠷᠤᠰᠬᠠᠯ ᠤᠨ ᠤᠷᠤᠨ ᠢ ᠵᠠᠰᠠᠬᠤ ᠠᠵᠢᠯ ᠢᠯᠡᠳᠳᠠ ᠦᠷ᠎ᠠ ᠪᠦᠳᠤᠮᠵᠢ ᠤᠯᠪᠠ᠃ 1.97 ᠳ᠋ᠦᠡᠭᠰᠢᠭᠤᠷ ᠲᠦᠬᠦᠷᠢᠭ ᠤᠨ ᠪᠡᠯᠡ ᠣᠷᠤᠭᠤᠯᠵᠤ᠂ ᠬᠦᠯᠤᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠎ ᠶᠢ ᠶᠡᠷᠤᠩᠭᠡᠶᠢᠯᠠᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠤᠨ ᠠᠮᠢ ᠠᠬᠤᠢ ᠶᠢᠨ ᠨᠡᠬᠦᠳᠠᠯ ᠠᠷᠠᠳ ᠢ 228 ᠡᠷᠤᠭᠡ ᠨᠡᠬᠦᠯᠭᠡᠵᠤ᠂ ᠨᠠᠭᠤᠷ ᠢ ᠲᠤᠭᠤᠷᠢᠭᠰᠠᠨ 18 ᠲᠦᠮᠡᠨ ᠮᠤ᠋ ᠡᠯᠡᠰᠤᠷᠭᠡᠭ ᠭᠠᠵᠠᠷ ᠢ ᠵᠠᠰᠠᠨ᠂ 232 ᠭᠠᠵᠠᠷ ᠲᠤ ᠠᠮᠤᠷ ᠲᠦᠪᠰᠢᠨ ᠤᠰᠤ ᠤᠮᠳᠠ ᠶᠢᠨ ᠢᠨᠵᠧᠨᠧᠷᠢᠩ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ 1᠂ ᠬᠤᠭ ᠨᠣᠪᠰᠢ ᠶᠢ ᠬᠦᠳᠡᠷᠵᠢᠬᠦᠯᠦᠨ ᠰᠢᠳᠠᠭᠠᠬᠤ ᠵᠣᠤᠬ᠎ᠠ ᠶᠢ 9 ᠪᠠᠶᠢᠭᠤᠯᠬᠤ ᠡᠬᠦᠷᠭᠡ ᠶᠢ ᠪᠠᠶᠠᠯᠡᠬᠦᠯᠪᠠ᠃ ᠬᠦᠯᠤᠨ ᠨᠠᠭᠤᠷ ᠎ ᠤᠨ ᠤᠷᠤᠰᠬᠠᠯ ᠤᠨ ᠤᠷᠤᠨ ᠤ ᠠᠮᠢ ᠠᠬᠤᠢ ᠶᠢ ᠶᠡᠷᠤᠩᠭᠡᠶᠢᠯᠠᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠵᠤ᠂ 4,300 ᠲᠦᠮᠡᠨ ᠲᠦᠬᠦᠷᠢᠭ ᠤᠨ ᠪᠡᠯᠡ ᠣᠷᠤᠭᠤᠯᠵᠤ᠂ 19 ᠦᠵᠡᠮᠵᠢ ᠶᠢᠨ ᠤᠷᠤᠨ ᠤ ᠡᠵᠡᠩᠨᠠᠯᠳᠠ ᠶᠢᠨ ᠴᠡᠭ ᠢ ᠨᠤᠷᠠᠭᠠᠬᠤ ᠡᠬᠦᠷᠭᠡ ᠶᠢ ᠤᠷᠢᠳᠴᠢᠯᠠᠨ ᠠᠮᠵᠢᠯᠳᠠᠳᠠᠢ ᠪᠠᠶᠠᠯᠡᠬᠦᠯᠪᠠ᠃ ᠭᠤᠥᠯ ᠨᠠᠭᠤᠷ ᠤᠨ ᠲᠠᠷᠤᠭ᠎ᠠ ᠶᠢᠨ ᠲᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠡᠯ᠎ᠠ ᠱᠠᠳᠤᠨ ᠤ ᠭᠤᠥᠯ ᠨᠠᠭᠤᠷ ᠤᠨ ᠲᠠᠷᠤᠭ᠎ᠠ ᠨᠡᠶᠢᠳᠠ 366 ᠤᠳᠠᠭ᠎ᠠ ᠭᠤᠥᠯ ᠨᠠᠭᠤᠷ ᠢ ᠲᠤᠭᠤᠷᠢᠨ ᠪᠠᠶᠢᠴᠠᠭᠠᠪᠠ᠃ ︽ᠬᠤᠶᠠᠷ ᠨᠠᠭᠤᠷ᠂ ᠬᠤᠶᠠᠷ ᠭᠤᠥᠯ︾᠎ ᠤᠨ ᠡᠷᠬᠢᠨ ᠲᠤᠭᠤᠷᠢᠨ ᠤ ᠲᠠᠯᠠᠪᠠᠢ ᠶᠢᠨ ᠰᠤᠷᠪᠤᠯᠵᠢ ᠶᠢᠨ ᠪᠤᠬᠢᠷᠳᠤᠯ ᠢ ᠵᠠᠰᠠᠬᠤ ᠶᠢ ᠴᠢᠩᠭᠠᠳᠬᠠᠵᠤ᠂ ᠭᠤᠥᠯ ᠨᠠᠭᠤᠷ ᠵᠢᠴᠢ ᠡᠷᠬᠢᠨ ᠲᠤᠭᠤᠷᠢᠨ ᠤ ᠬᠤᠭ ᠨᠤᠪᠰᠢ ᠶᠢ 4.96 ᠲᠦᠮᠡᠨ ᠲᠤᠨ ᠴᠡᠪᠡᠷᠯᠠᠵᠤ᠂ ᠬᠦᠯᠤᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠬᠤ ᠢᠯᠡᠷᠠᠪᠠ᠃ ᠠᠮᠢ ᠠᠬᠤᠢ ᠤᠷᠴᠢᠨ ᠲᠤᠭᠤᠷᠢᠨ ᠪᠦᠳᠤᠮᠵᠢᠳᠠᠢ ᠰᠠᠶᠢᠵᠢᠷᠠᠪᠠ᠃ 3,229 ᠲᠦᠮᠡᠨ ᠲᠦᠬᠦᠷᠢᠭ ᠤᠨ ᠪᠡᠯᠡ ᠤᠷᠤᠭᠤᠯᠵᠤ᠂ 35 ᠲᠦᠮᠡᠨ ᠮᠤ᠋ ᠪᠡᠯᠴᠢᠭᠡᠷ ᠲᠤ ᠤᠯᠠᠷᠢᠯ ᠤᠨ ᠴᠢᠨᠠᠷᠳᠠᠢ ᠰᠡᠯᠬᠦᠨ ᠮᠠᠯᠵᠢᠵᠤ᠂ 44 ᠲᠦᠮᠡᠨ ᠮᠤ᠋ ᠪᠡᠯᠴᠢᠭᠡᠷ ᠲᠤ ᠲᠤᠭᠤᠷᠢᠭ ᠬᠤᠪᠢᠶᠠᠨ ᠡᠭᠡᠯᠵᠢᠯᠠᠨ ᠮᠠᠯᠵᠢᠵᠤ᠂ 20 ᠲᠦᠮᠡᠨ ᠮᠤ᠋ ᠪᠡᠯᠴᠢᠭᠡᠷ ᠢ ᠰᠠᠶᠢᠵᠢᠷᠠᠭᠤᠯᠤᠨ᠂ 17 ᠲᠦᠮᠡᠨ ᠮᠤ᠋ ᠡᠯᠡᠰᠤᠷᠭᠡᠭ ᠭᠠᠵᠠᠷ ᠢ ᠰᠡᠷᠭᠡᠶᠢᠯᠠᠨ ᠵᠠᠰᠠᠪᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠵᠤ᠂ 1.93 ᠳ᠋ᠦᠩᠰᠢᠭᠤᠷ ᠲᠦᠬᠦᠷᠢᠭ ᠤᠨ ᠱᠠᠩᠨᠠᠯ ᠨᠦᠬᠦᠪᠤᠷᠢ ᠶᠢᠨ ᠮᠦᠡᠭᠬᠦ ᠳᠠᠷᠬᠠᠭᠠᠵᠦ᠂ 3413 ᠲᠦᠮᠡᠨ ᠮᠤ᠋ ᠲᠠᠯᠠᠪᠠᠢ ᠨᠤᠳᠤᠭ ᠪᠡᠯᠴᠢᠭᠡᠷ ᠲᠤ ᠱᠠᠩᠨᠠᠯ ᠨᠦᠬᠦᠪᠦᠷᠢ ᠬᠦᠷᠲᠡᠭᠡᠵᠦ᠂ 12743 ᠮᠠᠯᠴᠢᠨ ᠠᠰᠢᠭ ᠬᠦᠷᠲᠡᠪᠡ᠃ 233 ᠲᠦᠮᠡᠨ ᠲᠦᠬᠦᠷᠢᠭ ᠤᠨ ᠪᠡᠯᠡ ᠤᠷᠤᠭᠤᠯᠵᠤ᠂ 2 ᠲᠦᠮᠡᠨ ᠮᠤ᠋ ᠬᠠᠯᠬᠠᠪᠴᠢ ᠤᠢ ᠶᠢ ᠪᠢᠳᠡᠬᠦᠮᠵᠢᠯᠡᠨ ᠤᠶᠢᠵᠢᠭᠤᠯᠵᠤ᠂ 5 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠲᠠᠷᠢᠵᠤ᠂ ᠭᠤᠣᠯᠳᠠᠯᠭ᠎ᠠ ᠲᠠᠢ ᠣᠷᠣᠨ ᠢ 530 ᠮᠦ ᠨᠤᠭᠤᠭᠠᠷᠠᠭᠤᠯᠪᠠ᠃ ᠭᠠᠯ ᠢ ᠰᠡᠷᠭᠡᠶᠢᠯᠠᠨ ᠤᠨᠳᠠᠷᠠᠭᠠᠬᠤ ᠰᠢᠰᠲ᠋ᠧᠮ ᠢ ᠪᠦᠷᠢᠨᠰᠢᠬᠦᠯᠵᠤ᠂ 5 ᠤᠳᠠᠭ᠎ᠠ ᠶᠢᠨ ᠬᠢᠯᠢ ᠶᠢᠨ ᠭᠠᠳᠡᠨᠡᠬᠢ ᠭᠠᠯ ᠢ ᠠᠮᠵᠢᠯᠳᠠᠳᠠᠢ ᠬᠤᠷᠢᠭᠯᠠᠵᠤ᠂ ᠪᠦᠬᠦ ᠵᠢᠯ ᠳᠤ ᠬᠦᠨᠳᠦ ᠶᠡᠭᠡ ᠲᠠᠯ᠎ᠠ ᠨᠤᠳᠤᠭ ᠤᠨ ᠭᠠᠯ ᠤᠨ ᠠᠶᠤᠯ ᠡᠭᠦᠰᠦᠭᠰᠡᠨ ᠦᠭᠡᠢ᠃ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠳᠤ ᠰᠠᠬᠢᠵᠤ᠂ ︽ᠲᠠᠷᠢᠶᠠᠨ ᠭᠠᠵᠠᠷ ᠢ ᠨᠠᠷ᠎ᠠ ᠪᠤᠷᠤᠭᠤᠯᠠᠵᠤ ᠡᠵᠡᠯᠡᠭᠰᠡᠨ ᠬᠠᠥᠯᠢ ᠪᠤᠰᠤ ᠪᠠᠷᠢᠯᠭ᠎ᠠ︾᠎ ᠶᠢᠨ ᠠᠰᠠᠭᠤᠳᠠᠯ ᠢ ᠲᠤᠰᠬᠠᠢ ᠲᠦᠷᠤᠯ ᠢᠶᠠᠷ ᠴᠡᠪᠡᠷᠯᠠᠨ ᠴᠡᠭᠴᠡᠯᠡᠬᠦ ᠠᠵᠢᠯ ᠢ ᠦᠷᠨᠢᠬᠦᠯᠵᠤ᠂ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ 158 ᠤᠳᠠᠭ᠎ᠠ ᠬᠠᠥᠯᠢ ᠬᠡᠷᠡᠭᠵᠢᠬᠦᠯᠬᠦ ᠪᠠᠶᠢᠴᠠᠭᠠᠯᠳᠠ ᠶᠠᠪᠤᠭᠤᠯᠪᠠ᠃ ᠬᠡᠭᠡᠷ᠎ᠠ ᠶᠢᠨ ᠡᠮᠳᠤ ᠤᠷᠭᠤᠮᠠᠯ ᠢ ᠲᠤᠷ᠎ᠠ ᠪᠠᠷ ᠮᠠᠯᠳᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠠᠥᠯᠢ ᠶᠢ ᠵᠦᠷᠢᠴᠡᠭᠰᠡᠨ 61 ᠬᠡᠷᠡᠭ ᠢ ᠪᠠᠶᠢᠴᠠᠭᠠᠨ ᠭᠠᠷᠭᠠᠵᠤ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠪᠦᠳᠤᠮᠵᠢᠳᠠᠢ ᠬᠠᠮᠠᠭᠠᠯᠠᠪᠠ᠃      ︵ᠲᠦᠷᠪᠡ︶ ᠠᠵᠤ ᠦᠢᠯᠡᠰ ᠤᠨ ᠬᠦᠭᠵᠢᠯᠳᠠ ᠶᠢᠨ ᠬᠦᠳᠡᠯᠭᠡᠭᠴᠢ ᠬᠦᠴᠤᠨ ᠪᠠᠬᠢᠵᠢᠪᠠ᠃ ᠠᠵᠤ ᠦᠢᠯᠡᠰ ᠤᠨ ᠪᠦᠳᠤᠴᠠ ᠶᠢ ᠰᠢᠯᠢᠳᠡᠭᠵᠢᠬᠦᠯᠬᠦ ᠶᠢ ᠪᠠᠷᠢᠮᠳᠠᠯᠠᠨ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠨ ᠠᠬᠢᠭᠤᠯᠪᠠ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠤᠷᠳᠤᠴᠠ ᠶᠢ ᠲᠡᠭᠡᠭᠰᠢᠯᠡᠬᠦᠯᠵᠤ ᠦᠷ᠎ᠠ ᠠᠰᠢᠭ ᠢ ᠨᠡᠮᠡᠭᠳᠡᠬᠦᠯᠪᠠ᠃ ᠮᠠᠯᠵᠢᠬᠤ ᠤᠷᠤᠨ ᠤ ᠲᠠᠯ᠎ᠠ ᠨᠤᠳᠤᠭ ᠤᠨ ᠮᠠᠯᠵᠢᠬᠤ ᠦᠢᠯᠡᠰ ᠤᠨ ᠬᠦᠭᠵᠢᠯᠳᠠ ᠶᠢᠨ ᠠᠷᠭ᠎ᠠ ᠵᠠᠮ ᠪᠠ ᠠᠵᠤ ᠦᠢᠯᠡᠰ ᠤᠨ ᠤᠳᠤᠬᠢᠴᠢᠯᠠᠭᠰᠠᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠬᠢᠭᠤᠯᠵᠤ᠂ ᠦᠢᠯᠡᠳᠪᠤᠷᠢᠯᠠᠯ᠂ ᠠᠮᠢᠳᠤᠷᠠᠯ᠂ ᠠᠮᠢ ᠠᠬᠤᠢ ᠪᠠ ᠰᠤᠶᠤᠯ ᠤᠨ ᠤᠯᠠᠮᠵᠢᠯᠠᠯ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠪᠠ᠃ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢ ᠴᠢᠩᠭᠠᠳᠬᠠᠵᠤ᠂ 4,003 ᠲᠦᠮᠡᠨ ᠲᠦᠬᠦᠷᠢᠭ ᠤᠨ ᠪᠡᠯᠡ ᠤᠷᠤᠭᠤᠯᠵᠤ᠂ 643 ᠬᠠᠰᠢᠶ᠎ᠡ ᠰᠠᠷᠠᠪᠴᠢ᠂ 20 ᠳᠡᠵᠢᠬᠡᠯ ᠪᠣᠷᠳᠤᠭ᠎ᠠ ᠬᠠᠳᠠᠭᠠᠯᠠᠬᠤ ᠬᠦᠮᠦᠷᠭᠡ᠂ 140 ᠮᠠᠰᠢᠨ ᠬᠤᠳᠳᠤᠭ᠂ 19 ᠰᠠᠭᠤᠷᠢ ᠤᠰᠤ ᠬᠠᠳᠠᠭᠠᠯᠠᠬᠤ ᠵᠤᠥᠷᠢ᠂ 3 ᠦᠷ᠎ᠠ ᠶᠢᠨ ᠮᠠᠯ ᠲᠡᠵᠢᠭᠡᠨ ᠦᠷᠠᠵᠢᠬᠦᠯᠬᠦ ᠲᠠᠯᠠᠪᠠᠢ᠂ ᠰᠠᠭᠠᠯᠢ ᠶᠢᠨ ᠦᠨᠢᠶ᠎ᠠ ᠲᠡᠵᠢᠭᠡᠨ ᠦᠷᠠᠵᠢᠬᠦᠯᠬᠦ ᠰᠠᠭᠤᠷᠢᠨ ᠭᠠᠵᠠᠷ ᠢ 1 ᠪᠠᠶᠢᠭᠤᠯᠵᠤ᠂ ᠲᠦᠬᠦᠮ ᠲᠦᠳᠠ ᠤᠰᠤ ᠲᠠᠳᠠᠬᠤ ᠲᠦᠬᠦᠭᠡᠷᠤᠮᠵᠢ ᠶᠢ 37 ᠪᠠ ᠰᠠᠯᠬᠢᠨ ᠨᠠᠷᠠᠨ ᠤ ᠡᠨᠧᠷᠬᠢ ᠶᠢ ᠬᠠᠷᠢᠯᠴᠠᠨ ᠨᠦᠬᠦᠪᠦᠷᠢᠯᠡᠨ ᠴᠠᠬᠢᠯᠭᠠᠨ ᠭᠠᠷᠭᠠᠬᠤ ᠲᠦᠬᠦᠭᠡᠷᠤᠮᠵᠢ ᠶᠢ 392 ᠲᠠᠷᠬᠠᠭᠠᠪᠠ︔ ᠲᠦᠯ ᠮᠠᠯ ᠢ ᠮᠡᠨᠳᠤ ᠪᠤᠶᠢᠵᠢᠭᠤᠯᠬᠤ ᠠᠵᠢᠯ ᠢ ᠠᠮᠵᠢᠯᠳᠠᠳᠠᠢ ᠪᠠᠶᠠᠯᠡᠬᠦᠯᠤᠨ᠂ 19.1 ᠲᠦᠮᠡᠨ ᠲᠤᠨ ᠪᠤᠷᠳᠤᠭ᠎ᠠ ᠬᠠᠳᠤᠵᠤ ᠬᠠᠳᠠᠭᠠᠯᠠᠨ᠂ ᠮᠠᠯᠵᠢᠯ ᠤᠨ ᠤᠨ ᠤ ᠮᠠᠯ ᠤᠨ ᠲᠤᠭ᠎ᠠ ᠲᠣᠯᠣᠭᠠᠢ 213 ᠲᠦᠮᠡ ᠶᠢ ᠪᠠᠷᠢᠮᠳᠠᠯᠠᠵᠤ᠂ ᠣᠳᠤ ᠪᠠᠶᠢᠭ᠎ᠠ ᠮᠠᠯ 126 ᠲᠦᠮᠡᠨ ᠲᠤᠯᠤᠭᠠᠢ ᠳᠤ ᠬᠦᠷᠪᠡ᠃ ᠮᠣᠩᠭᠤᠯ ᠤᠯᠤᠰ ᠠᠴᠠ ᠬᠤᠴᠠ ᠣᠷᠤᠭᠤᠯᠵᠤ᠂ ᠮᠠᠯ ᠤᠨ ᠡᠬᠦᠯᠳᠡᠷ ᠤᠨ ᠪᠦᠳᠤᠴᠠ ᠶᠢ ᠲᠠᠰᠤᠷᠠᠯᠳᠠ ᠦᠭᠡᠢ ᠰᠠᠶᠢᠵᠢᠷᠠᠭᠤᠯᠪᠠ᠃ ᠰᠤᠯᠠ ᠬᠦᠷᠤᠩᠭᠡ ᠶᠢ ᠳᠠᠬᠢᠨ ᠠᠮᠢᠯᠠᠭᠤᠯᠵᠤ᠂ ︽ᠲᠠᠷᠭᠤᠨ ᠬᠤᠷᠠᠭᠠᠨ ᠤ ᠮᠢᠬ᠎ᠠ︾᠎ ᠶᠢᠨ ᠪᠠᠷᠠᠭᠤᠨ ᠬᠤᠰᠢᠭᠤᠨ ᠤ ᠬᠤᠨᠢᠨ ᠤ ᠮᠢᠬᠠᠨ ᠤ ᠬᠢᠵᠠᠭᠠᠷᠳᠤ ᠺᠤᠮᠫᠠᠨᠢ ᠶᠢᠨ ᠦᠢᠯᠡᠳᠪᠤᠷᠢᠯᠠᠯ ᠠᠰᠢᠭᠯᠠᠯᠳᠠ ᠎ ᠳᠤ ᠤᠷᠤᠪᠠ᠃ ᠠᠮᠢᠳᠠᠨ ᠤ ᠬᠢᠵᠢᠭ ᠤᠨ ᠬᠠᠮᠢᠶᠠᠷᠤᠯᠳᠠ ᠶᠢ ᠴᠢᠩᠭᠠᠳᠬᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠦᠨᠳᠤ ᠶᠡᠭᠡ ᠬᠢᠵᠢᠭ ᠡᠪᠡᠳᠴᠢᠨ ᠤ ᠬᠠᠯᠳᠠᠪᠤᠷᠢᠯᠠᠨ ᠣᠷᠣᠬᠤ ᠶᠢ ᠴᠢᠩᠭ᠎ᠠ ᠬᠢᠵᠠᠭᠠᠷᠯᠠᠨ ᠬᠤᠷᠢᠭᠯᠠᠪᠠ᠃ ᠨᠤᠳᠤᠭ ᠪᠡᠯᠴᠢᠭᠡᠷ ᠤᠨ ᠡᠷᠭᠡ ᠶᠢ ᠲᠤᠳᠤᠷᠬᠠᠶᠢᠯᠠᠬᠤ ᠠᠵᠢᠯ ᠢ ᠲᠡᠬᠦᠯᠳᠡᠷᠵᠢᠬᠦᠯᠵᠤ᠂ 3639 ᠲᠡᠪᠳᠡᠷ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠭᠡ ᠶᠢᠨ ᠦᠨᠠᠮᠯᠠᠯ ᠢ ᠲᠠᠷᠬᠠᠭᠠᠪᠠ᠃ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠬᠦᠨᠳᠠᠯᠠᠨ ᠠᠴᠠ ᠲᠠᠰᠤᠯᠬᠤ ᠵᠦᠪᠯᠠᠯ ᠢ ᠪᠠᠶᠢᠭᠤᠯᠵᠤ᠂ ᠲᠡᠥᠭᠡᠨ ᠠᠴᠠ ᠦᠯᠡᠳᠡᠭᠳᠡᠵᠤ ᠢᠷᠡᠭᠰᠡᠨ ᠨᠤᠳᠤᠭ ᠪᠡᠯᠴᠢᠭᠡᠷ ᠤᠨ ᠡᠷᠭᠡ ᠶᠢᠨ ᠬᠠᠷᠢᠶᠠᠯᠠᠯ ᠳᠤ ᠬᠤᠯᠪᠤᠭᠳᠠᠬᠤ 11 ᠠᠰᠠᠭᠤᠳᠠᠯ ᠎ ᠢ ᠰᠢᠢᠳᠪᠤᠷᠢᠯᠡᠪᠠ᠃ ᠬᠤᠰᠢᠭᠤᠨ ᠤ ᠬᠤᠶᠢᠳᠤ ᠬᠡᠰᠡᠭ ᠤᠨ ᠤᠯᠤᠰ ᠤᠨ ᠦᠮᠴᠢᠯᠡᠯᠳᠤ ᠨᠤᠳᠤᠭ ᠪᠡᠯᠴᠢᠭᠡᠷ ᠢ ᠬᠦᠴᠦᠯᠡᠨ ᠴᠡᠭᠴᠡᠯᠠᠵᠤ᠂ ᠬᠠᠮᠠᠭᠠᠯᠠᠯᠳᠠ ᠶᠢᠨ ᠴᠢᠨᠠᠷᠳᠠᠢ ᠪᠢᠳᠡᠬᠦᠮᠵᠢᠯᠠᠬᠦ ᠢᠨᠵᠧᠨᠧᠷᠢᠩ ᠢ ᠬᠡᠷᠡᠭᠵᠢᠭᠦᠯᠦᠨ᠂ ᠭᠠᠮᠰᠢᠭ ᠢ ᠰᠡᠷᠭᠡᠶᠢᠯᠠᠨ ᠡᠰᠡᠷᠬᠦᠴᠡᠬᠦ ᠳᠤ ᠪᠠᠳᠤ ᠪᠠᠬᠢ ᠰᠠᠭᠤᠷᠢ ᠶᠢ ᠲᠠᠯᠪᠢᠪᠠ᠃ ︽ᠮᠠᠯ ᠠᠵᠤ ᠠᠬᠤᠢ + ᠰᠤᠶᠤᠯ︾᠎ ᠤᠨ ᠠᠵᠤ ᠦᠢᠯᠡᠰ ᠠᠭᠤᠰᠤᠯᠴᠠᠨ ᠬᠦᠭᠵᠢᠬᠦ ᠶᠢ ᠰᠦᠪᠡᠭᠴᠢᠯᠠᠵᠤ᠂ ᠠᠩᠬᠠᠳᠤᠭᠠᠷ ᠬᠤᠭᠤᠴᠠᠭᠠᠨ ᠤ ︽ᠪᠦᠬᠦ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠳᠠ ᠎ ᠶᠢᠨ ᠪᠠᠶᠠᠷ︾᠎ ᠲᠤ ᠤᠷᠤᠯᠴᠠᠵᠤ᠂ ᠪᠤᠭᠳᠠᠠᠭᠤᠯᠠ ᠶᠢᠨ ᠤᠯᠠᠨ ᠤᠯᠤᠰ ᠤᠨ ᠵᠠᠩ ᠦᠢᠯᠠ ᠶᠢᠨ ᠰᠤᠶᠤᠯ ᠵᠤᠭᠠᠴᠠᠯ ᠤᠨ ᠨᠠᠶᠢᠷ ᠤᠨ ᠬᠤᠭᠤᠴᠠᠭᠠᠨ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠬᠤᠨᠢ ᠰᠢᠯᠭᠠᠷᠠᠭᠤᠯᠬᠤ ᠤᠷᠤᠯᠳᠤᠭᠠᠨ ᠵᠢᠴᠢ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢ ᠠᠮᠳᠠᠯᠠᠨ ᠲᠠᠨᠢᠯᠴᠠᠭᠤᠯᠬᠤ ᠠᠵᠢᠯᠯᠠᠭ᠎ᠠ ᠶᠢ ᠠᠮᠵᠢᠯᠳᠠᠳᠠᠢ ᠡᠷᠬᠢᠯᠠᠵᠤ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢᠨ ᠲᠦᠷᠤᠯ ᠲᠡᠮᠳᠡᠭ ᠤᠨ ᠦᠷ᠎ᠠ ᠠᠰᠢᠭ ᠢ ᠪᠦᠳᠤᠮᠵᠢᠳᠠᠢ ᠲᠡᠭᠡᠭᠰᠢᠯᠡᠭᠦᠯᠤᠨ᠂ ᠵᠠᠬ᠎ᠠ ᠲᠡᠯᠭᠡᠭᠦᠷ ᠤᠨ ᠬᠤᠪᠢ ᠶᠢᠨ ᠵᠢᠩ ᠢ ᠤᠯᠠᠮ ᠴᠢᠨᠠᠭᠰᠢᠳᠠ ᠦᠷᠭᠡᠳᠭᠡᠵᠤ᠂ ᠪᠦᠳᠤᠭᠡᠭᠳᠡᠬᠦᠨ ᠤ ᠦᠨ᠎ᠠ ᠬᠠᠨᠭ᠍ᠰᠢ ᠲᠠᠰᠤᠷᠠᠯᠳᠠ ᠦᠭᠡᠢ ᠨᠡᠮᠡᠭᠳᠡᠵᠤ᠂ ᠮᠠᠯᠴᠢᠳ ᠤᠨ ᠤᠷᠤᠯᠭ᠎ᠠ ᠶᠡᠬᠡᠪᠡᠷ ᠨᠡᠮᠡᠭᠳᠡᠪᠡ᠃ ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ ᠬᠡᠮᠵᠢᠶ᠎ᠠ ᠎ ᠶᠢ ᠦᠷᠭᠡᠳᠭᠡᠪᠠ᠃ ᠦᠡᠭᠭᠡᠳᠤ ᠲᠡᠮᠦᠷᠯᠢᠭ᠂ ᠴᠢᠯᠠᠭᠤᠨ ᠲᠤᠰᠤ᠂ ᠨᠡᠬᠦᠷᠠᠰᠤ ᠵᠡᠷᠭᠡ ᠡᠬᠢ ᠪᠠᠶᠠᠯᠢᠭ ᠤᠨ ᠲᠠᠪᠠᠭᠤᠯᠢᠭ ᠢᠶᠠᠷ ᠲᠦᠰᠢᠭ ᠪᠤᠯᠭᠠᠨ᠂ ᠤᠳᠤᠬᠢᠴᠢᠯᠠᠭᠰᠠᠨ ᠠᠵᠤ ᠦᠢᠯᠡᠳᠪᠤᠷᠢ ᠶᠢᠨ ᠬᠦᠭᠵᠢᠯᠳᠠ ᠶᠢᠨ ᠠᠬᠢᠴᠠ ᠶᠢ ᠲᠦᠷᠭᠡᠳᠭᠡᠪᠠ᠃ 2.9 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠲᠠᠬᠢ ᠡᠬᠢ ᠪᠠᠶᠠᠯᠢᠭ ᠤᠨ ᠮᠡᠷᠭᠡᠵᠢᠯ ᠢᠶᠠᠨ ᠰᠠᠶᠢᠵᠢᠷᠠᠭᠤᠯᠬᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠣᠰᠣᠳᠣ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢᠶᠠᠨ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠳᠣᠰᠣᠨ ᠤ ᠦᠷᠬᠦᠯᠵᠢᠯᠡᠯ ᠴᠢᠨᠠᠷ ᠲᠠᠢ ᠨᠡᠬᠡᠬᠡᠨ ᠠᠰᠢᠭᠯᠠᠬᠤ ᠵᠡᠷᠭᠡ ᠭᠤᠥᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠤᠯ ᠵᠤᠶᠢᠯ ᠢ ᠬᠡᠷᠡᠭᠵᠢᠬᠦᠯᠪᠠ᠃ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠵᠤ᠂ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠳᠣᠣᠷ᠎ᠠ ᠠᠭᠤᠯᠤᠭᠳᠠᠴᠠ ᠲᠠᠢ ᠬᠠᠶᠠᠭᠳᠠᠮᠠᠯ ᠵᠡᠰ ᠤᠨ ᠬᠦᠳᠡᠷ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠠᠬᠦ ᠵᠢᠴᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ᠂ ᠴᠣᠤ ᠹᠠᠨ ᠠᠭᠤᠷᠬᠠᠢ ᠶᠢᠨ ᠦᠢᠯᠡᠰ ᠤᠨ ᠬᠠᠶᠢᠷᠬᠠᠨ ᠤ ᠲᠤᠭᠤᠯᠠᠭ᠎ᠠ ᠴᠠᠶᠢᠷ ᠤᠨ ᠠᠭᠤᠷᠬᠠᠢ ᠶᠢ ᠰᠤᠩᠭᠤᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠤᠨ ᠢᠶᠠᠷ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠰᠢᠨ᠎ᠡ ᠠᠷᠭ᠎ᠠ ᠵᠠᠮ ᠢ ᠨᠡᠭᠡᠭᠡᠵᠤ᠂ ᠱᠠᠩᠬᠠᠢ ᠶᠢᠨ ᠳ᠋ᠦᠩ ᠹᠠᠩ ᠯᠦᠩ ᠬᠤᠳᠠᠯᠳᠤᠭᠠᠨ ᠤ ᠶᠠᠪᠤᠳᠠᠯ ᠤᠨ ᠺᠤᠮᠫᠠᠨᠢ ᠲᠠᠢ ︽ᠨᠡᠶᠢᠳᠠᠯᠭ᠎ᠠ ᠪᠠᠷ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ᠭᠠᠳᠠᠭᠠᠳᠤ ᠳᠠᠬᠢ ᠮᠡᠳᠡᠷᠡᠮᠵᠢ ᠶᠢᠨ ᠬᠡᠮᠵᠢᠶ᠎ᠠ ᠪᠠ ᠨᠦᠯᠤᠭᠡᠯᠡᠬᠦ ᠬᠦᠴᠤᠨ ᠢ ᠲᠡᠭᠡᠭᠰᠢᠯᠡᠬᠦᠯᠵᠤ᠂ 60 ᠲᠦᠷᠤᠯ ᠵᠤᠶᠢᠯ ᠎ ᠢ ᠲᠦᠯᠤᠪᠵᠢᠬᠦᠯᠤᠨ ᠬᠦᠮᠤᠷᠭᠡᠯᠠᠵᠤ ᠬᠡᠷᠡᠭᠵᠢᠬᠦᠯᠤᠨ᠂ ᠲᠠᠳᠠᠨ ᠤᠷᠤᠭᠤᠯᠤᠭᠰᠠᠨ ᠪᠡᠯᠡ ᠮᠦᠡᠭᠬᠦ ᠨᠡᠶᠢᠳᠠ 1.77 ᠳ᠋ᠦᠡᠭᠰᠢᠭᠤᠷ ᠲᠦᠬᠦᠷᠢᠭ ᠲᠤ ᠬᠦᠷᠪᠠ᠃ ᠠᠵᠤ ᠦᠢᠯᠡᠳᠪᠤᠷᠢ ᠶᠢᠨ ᠬᠦᠷᠢᠶᠠᠯᠠᠩ ᠤᠨ ︽ᠨᠢᠭᠡ ᠲᠦᠪ᠂ ᠬᠤᠶᠠᠷ ᠰᠠᠭᠤᠷᠢᠨ ᠭᠠᠵᠠᠷ︾᠎ ᠤᠨ ᠬᠦᠭᠵᠢᠯᠳᠠ ᠶᠢᠨ ᠠᠷᠭ᠎ᠠ ᠮᠠᠶ᠋ᠢᠭ ᠢ ᠲᠡᠭᠦᠯᠳᠡᠷᠵᠢᠬᠦᠯᠵᠤ᠂ ᠬᠦᠷᠢᠶᠠᠯᠠᠩ ᠤᠨ ᠬᠦᠭᠵᠢᠯᠳᠠ ᠶᠢᠨ ᠶᠡᠷᠤᠩᠭᠡᠢ ᠲᠦᠯᠤᠪᠵᠢᠬᠦᠯᠭᠡ ᠶᠢ ᠵᠠᠰᠠᠨ ᠨᠠᠶᠢᠷᠠᠭᠤᠯᠵᠤ᠂ ᠰᠢᠩ ᠪᠠᠨᠭ᠌᠂ ᠯᠦᠡᠭ ᠲᠸᠡᠭ᠂ ᠲᠢᠶᠠᠨ ᠺᠠᠨᠭ᠌ ᠵᠡᠷᠭᠡ ᠲᠡᠬᠢᠨ ᠠᠰᠢᠭᠯᠠᠵᠤ ᠪᠤᠯᠬᠤ ᠡᠨᠧᠷᠬᠢ ᠎ ᠶᠢᠨ ᠲᠦᠷᠤᠯ ᠵᠤᠶᠢᠯ ᠤᠨ ᠪᠤᠳᠠᠳᠤ ᠴᠢᠨᠠᠷᠳᠠᠢ ᠠᠬᠢᠴᠠ ᠶᠢ ᠲᠦᠷᠭᠡᠳᠭᠡᠪᠠ᠃ ᠵᠤᠭᠠᠴᠠᠯ ᠠᠷᠠᠯᠵᠢᠶᠠᠨ ᠤ ᠴᠢᠨᠠᠷ ᠢ ᠲᠡᠭᠡᠭᠰᠢᠯᠡᠬᠦᠯᠵᠤ ᠲᠡᠰ ᠲᠡᠪᠰᠢᠬᠦᠯᠪᠠ᠃ ᠪᠦᠬᠦ ᠣᠷᠣᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢᠶᠠᠷ ᠡᠬᠢᠯᠠᠯᠳᠠ ᠶᠢᠨ ᠴᠡᠭ ᠪᠣᠯᠭᠠᠨ᠂ ᠬᠦᠯᠤᠨ ᠪᠤᠶᠢᠷ ᠤᠨ ᠰᠤᠶᠤᠯ ᠠᠮᠢ ᠠᠬᠤᠢ ᠵᠤᠭᠠᠴᠠᠯ ᠰᠡᠯᠡᠬᠦᠴᠡᠯ ᠰᠤᠪᠢᠯᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠶᠠᠷᠤᠩᠭᠡᠢ ᠬᠠᠷᠠᠯᠳᠠ ᠶᠢᠨ ᠲᠤᠭᠤᠷᠢᠨ ᠳᠤ᠂ ᠦᠨᠳᠤᠷ ᠡᠬᠢᠯᠠᠯᠳᠠ᠂ ᠦᠨᠳᠤᠷ ᠪᠠᠷᠢᠮᠵᠢᠶ᠎ᠠ ᠪᠠᠷ ᠪᠦᠬᠦ ᠬᠤᠰᠢᠭᠤᠨ ᠤ ᠵᠤᠭᠠᠴᠠᠯ ᠤᠨ ᠬᠦᠭᠵᠢᠯᠳᠠ ᠶᠢᠨ ᠶᠡᠷᠤᠩᠭᠡᠢ ᠲᠦᠯᠤᠪᠵᠢᠬᠦᠯᠭᠡ ᠶᠢ ᠨᠠᠶᠢᠷᠠᠭᠤᠯᠪᠠ᠃ ︽ᠵᠤᠭᠠᠴᠠᠯ + ᠰᠤᠶᠤᠯ + ᠪᠠᠶ᠎ᠠ ᠶᠢᠨ ᠲᠠᠮᠢᠷ︾᠎ ᠤᠨ ᠬᠦᠭᠵᠢᠯᠳᠠ ᠶᠢᠨ ᠠᠷᠭ᠎ᠠ ᠮᠠᠶ᠋ᠢᠭ ᠢ ᠰᠦᠪᠡᠭᠴᠢᠯᠠᠵᠤ᠂ ︽ᠪᠣᠭᠳᠠᠠᠭᠤᠯᠠ ᠶᠢᠨ ᠣᠯᠠᠨ ᠤᠯᠤᠰ ᠤᠨ ᠵᠠᠩ ᠦᠢᠯᠡ ᠶᠢᠨ ᠰᠣᠶᠣᠯ ᠵᠤᠭᠠᠴᠠᠯ ᠤᠨ ᠨᠠᠶᠢᠷ︾᠂ ︽ᠲᠠᠯ᠎ᠠ ᠨᠤᠳᠤᠭ ᠤᠨ ᠠᠶᠠᠯᠭᠤ ᠲᠠᠭᠤᠥ︾᠂ ︽ᠮᠦᠰᠤ ᠴᠠᠰᠤᠨ ᠤ ᠵᠠᠮ︾ ᠬᠡᠭᠡᠷᠠᠯᠠᠨ ᠤᠷᠤᠯᠳᠤᠬᠤ ᠲᠡᠮᠡᠴᠡᠭᠡᠨ ᠵᠡᠷᠭᠡ ᠰᠢᠷᠢᠰ ᠠᠵᠢᠯᠯᠠᠭ᠎ᠠ ᠶᠢ ᠠᠮᠵᠢᠯᠳᠠᠳᠠᠢ ᠡᠷᠬᠢᠯᠡᠵᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠳᠤ ᠠᠶᠢᠯᠴᠢᠯᠠᠵᠤ᠂ ᠬᠦᠯᠤᠨ ᠪᠤᠶᠢᠷ ᠤᠨ ᠦᠵᠡᠮᠵᠢ ᠶᠢ ᠰᠤᠨᠢᠷᠬᠠᠬᠤ︾ ᠭᠡᠭᠡᠨᠴᠢᠷ ᠨᠡᠷ᠎ᠠ ᠶᠢᠨ ᠬᠠᠭᠤᠳᠠᠰᠤ ᠶᠢ ᠡᠭᠦᠳᠪᠠ᠃ ᠵᠤᠭᠠᠴᠠᠯ ᠤᠨ ᠨᠡᠷ᠎ᠠ ᠠᠯᠳᠠᠷᠰᠢᠯ ᠤᠨ ᠬᠡᠮᠵᠢᠶ᠎ᠠ ᠶᠢ ᠲᠡᠭᠡᠭᠰᠢᠯᠡᠬᠦᠯᠵᠤ᠂ ︽ᠬᠦᠯᠤᠨ ᠪᠤᠶᠢᠷ ᠬᠤᠳᠠ ᠶᠢᠨ 2018 ᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠵᠤᠭᠠᠴᠠᠯ ᠤᠨ ᠪᠦᠳᠤᠭᠡᠭᠳᠡᠬᠦᠨ ᠢ ᠲᠠᠨᠢᠯᠴᠠᠭᠤᠯᠬᠤ ᠬᠤᠷᠠᠯ︾᠎ ᠢ ᠡᠷᠬᠢᠯᠡᠵᠤ᠂ ︽ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠵᠤᠭᠠᠴᠠᠯ ︵ᠪᠡᠭᠡᠵᠢᠩ︶ ᠎ ᠤᠨ ᠲᠠᠨᠢᠯᠴᠠᠭᠤᠯᠭ᠎ᠠ ᠶᠢᠨ ᠬᠤᠷᠠᠯ︾᠎ ᠳᠤ ᠤᠷᠤᠯᠴᠠᠪᠠ᠃ ᠤᠯᠠᠮᠵᠢᠯᠠᠯᠳᠤ ᠵᠤᠭᠠᠴᠠᠯ ᠤᠨ ᠡᠯᠧᠮᠧᠨ᠋ᠲ ᠤᠨ ᠡᠮᠵᠡᠭ ᠲᠠᠯ᠎ᠠ ᠶᠢ ᠰᠢᠪᠳᠤᠯᠵᠤ᠂ ︽ᠯᠧ ᠯᠢᠩ ᠨᠤᠲᠤᠭ ᠵᠤᠰᠠᠯᠠᠩ︾ — ᠲᠠᠯ᠎ᠠ ᠨᠤᠳᠤᠭ ᠤᠨ ᠬᠦᠨ ᠢᠶᠠᠷ ᠠᠶᠠᠯᠠᠬᠤ ᠲᠡᠭᠡᠳᠤ ᠲᠡᠰ ᠤᠨ ᠲᠦᠷᠤᠯ ᠵᠤᠶᠢᠯ ᠢ ᠡᠬᠦᠳᠴᠤ᠂ ︽ᠠᠯᠳᠠᠨ ᠤᠷᠤᠭ ᠤᠨ ᠰᠢᠵᠢᠮ ᠢ ᠵᠠᠩᠭᠢᠳᠤᠭᠰᠠᠨ ᠲᠠᠯ᠎ᠠ ᠨᠤᠳᠤᠭ︾ ᠭᠡᠬᠦ ᠵᠠᠩ ᠦᠢᠯᠠ ᠶᠢᠨ ᠰᠤᠶᠤᠯ ᠤᠨ ᠠᠵᠤ ᠦᠢᠯᠡᠰ ᠤᠨ ᠬᠦᠷᠢᠶᠠᠯᠡᠩ ᠤᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠤᠶᠢᠯ ᠢ ᠬᠡᠷᠡᠭᠵᠢᠬᠦᠯᠪᠠ ᠃ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠢ 55 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠠᠳᠠᠯᠢ ᠬᠤᠭᠤᠴᠠᠭᠠᠨ ᠤ ᠎ ᠬᠢ ᠠᠴᠠ 3.4%᠎ ᠪᠠᠷ ᠨᠡᠮᠡᠭᠳᠡᠵᠤ᠂ ᠵᠤᠭᠠᠴᠠᠯ ᠤᠨ ᠤᠷᠤᠯᠭ᠎ᠠ ᠶᠢ 4.4 ᠳ᠋ᠦᠡᠭᠰᠢᠭᠤᠷ ᠲᠦᠬᠦᠷᠢᠭ ᠪᠠᠶᠠᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 3.5% ᠎ ᠪᠠᠷ ᠨᠡᠮᠡᠭᠳᠡᠪᠠ᠃ ᠲᠤᠮᠳᠠᠳᠤ ᠤᠷᠤᠰ ᠮᠤᠩᠭᠤᠯ ᠤᠨ ᠬᠠᠮᠳᠤᠷᠠᠯᠴᠠᠭᠠᠨ ᠤ ᠬᠤᠰᠢᠭᠤᠴᠢ ᠤᠷᠤᠨ ᠤ ᠪᠠᠶᠢᠭᠤᠯᠤᠯᠳᠠ ᠳᠤ ᠢᠳᠡᠪᠬᠢᠳᠠᠢ ᠠᠭᠤᠰᠤᠯᠴᠠᠵᠤ᠂ ᠠᠷᠤᠬᠠᠰᠢᠶᠠᠳᠤ ᠪᠤᠭᠤᠮᠳᠠ ᠶᠢᠨ ᠬᠠᠷᠢᠯᠴᠠᠨ ᠨᠡᠪᠳᠡᠷᠡᠯᠴᠡᠬᠦ ᠬᠦᠬᠦᠷᠭᠡ ᠬᠤᠯᠪᠤᠭᠠᠰᠤ ᠶᠢᠨ ᠲᠠᠪᠠᠭᠤᠯᠢᠭ ᠢ ᠪᠠᠳᠠᠷᠠᠭᠤᠯᠤᠨ᠂ ᠪᠤᠭᠤᠮᠳᠠ ᠶᠢᠨ ᠵᠢᠯ ᠲᠣᠷᠰᠢᠳᠠ ᠨᠡᠭᠡᠭᠡᠬᠦ ᠠᠬᠢᠴᠠ ᠶᠢ ᠲᠦᠷᠭᠡᠳᠭᠡᠪᠠ᠃ ᠨᠡᠶᠢᠳᠠ 7,900 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠤᠭᠤᠮᠳᠠ ᠪᠠᠷ ᠨᠡᠪᠲᠡᠷᠡᠬᠦ ᠵᠤᠭᠠᠴᠠᠭᠰᠠᠳ ᠢ ᠪᠠᠶᠢᠴᠠᠭᠠᠬᠤ ᠲᠤᠮᠤ ᠠᠰᠠᠷ᠂ ᠪᠠᠷᠠᠭ᠎ᠠ ᠪᠠᠶᠢᠴᠠᠭᠠᠬᠤ ᠲᠤᠮᠤ ᠠᠰᠠᠷ᠂ ᠪᠤᠭᠤᠮᠳᠠ ᠨᠡᠪᠳᠡᠷᠡᠬᠦ ᠶᠢ ᠰᠢᠯᠭᠠᠨ ᠪᠠᠶᠢᠴᠠᠭᠠᠬᠤ ᠲᠤᠭᠤᠷᠢᠭ ᠤᠨ ᠪᠠᠷᠠᠭᠠᠨ ᠤ ᠲᠠᠯᠠᠪᠠᠢ ᠶᠢᠨ ᠬᠠᠳᠠᠷᠠᠭᠤᠯᠤᠯᠳᠠ᠂ ᠰᠢᠯᠭᠠᠨ ᠪᠠᠶᠢᠴᠠᠭᠠᠬᠤ ᠲᠠᠰᠤᠭ᠂ ᠢᠯᠴᠢ ᠬᠠᠨᠭ᠍ᠭᠠᠬᠤ ᠢᠨᠵᠧᠨᠧᠷᠢᠩ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠪᠠᠶᠠᠯᠡᠬᠦᠯᠵᠤ᠂ ᠪᠤᠭᠤᠮᠳᠠ ᠪᠠᠷ ᠤᠷᠤᠵᠤ ᠭᠠᠷᠬᠤ ᠶᠢ ᠰᠠᠯᠭᠠᠨ ᠪᠠᠶᠢᠴᠠᠭᠠᠬᠤ᠂ ᠬᠦᠮᠤᠨ ᠪᠠ ᠪᠠᠷᠠᠭ᠎ᠠ ᠶᠢ ᠰᠠᠯᠭᠠᠨ ᠪᠠᠶᠢᠴᠠᠭᠠᠬᠤ᠂ ᠬᠦᠮᠤᠨ ᠪᠠ ᠲᠡᠷᠭᠡ ᠶᠢ ᠰᠠᠯᠭᠠᠨ ᠪᠠᠶᠢᠴᠠᠭᠠᠬᠤ᠂ ᠪᠤᠭᠤᠮᠳᠠ ᠨᠡᠪᠳᠡᠷᠡᠬᠦ ᠴᠢᠳᠠᠪᠤᠷᠢ ︽ᠴᠢᠨᠠᠷ︾᠎ ᠤᠨ ᠦᠰᠦᠷᠤᠯᠳᠠ ᠶᠢ ᠪᠠᠶᠠᠯᠡᠬᠦᠯᠪᠠ᠃ ᠬᠢᠯᠢ ᠶᠢᠨ ᠠᠷᠠᠳ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠦᠯᠤᠭᠡᠯᠡᠬᠦ ᠴᠢᠨᠠᠷᠳᠠᠢ ᠲᠤᠭᠤᠷᠢᠭ ᠢ ᠪᠠᠶᠢᠭᠤᠯᠵᠤ᠂ ᠬᠦᠯᠤᠨ ᠪᠤᠶᠢᠷ ᠤᠨ ᠵᠤᠭᠠᠴᠠᠯ ᠤᠨ ᠪᠦᠯᠦᠭᠯᠠᠯ ᠲᠠᠢ ᠬᠠᠮᠳᠤᠷᠠᠵᠤ᠂ ᠵᠠᠬ᠎ᠠ ᠶᠢᠨ ᠠᠷᠠᠯᠵᠢᠶᠠᠨ ᠤ ᠲᠤᠭᠤᠷᠢᠭ ᠢ ᠪᠠᠶᠢᠭᠤᠯᠪᠠ᠃ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠠᠵᠤ ᠠᠬᠤᠶᠢᠯᠠᠯ ᠢ ᠵᠤᠬᠢᠶᠠᠨ ᠪᠠᠶᠢᠭᠤᠯᠤᠨ ︽2018 ᠤᠯᠠᠭᠠᠨᠪᠠᠭᠠᠳᠤᠷ· ᠲᠤᠮᠳᠠᠳᠤ ᠤᠯᠤᠰ ᠦᠪᠤᠷ ᠮᠤᠩᠭᠤᠯ ᠤᠨ ᠲᠠᠸᠠᠷ ᠤᠨ ᠲᠡᠯᠭᠡᠨ ᠦᠵᠡᠬᠦᠯᠤᠯᠭᠡ ᠶᠢᠨ ᠬᠤᠷᠠᠯ︾᠂ ︽ᠠᠷᠪᠠᠨ ᠲᠦᠷᠪᠡᠳᠤᠭᠡᠷ ᠬᠤᠭᠤᠴᠠᠭᠠᠨ ᠤ ᠲᠤᠮᠳᠠᠳᠤ ᠤᠷᠤᠰ ᠮᠤᠩᠭᠤᠯ ᠤᠨ ᠠᠵᠤ ᠠᠬᠤᠢ ᠠᠷᠠᠯᠵᠢᠶ᠎ᠠ ᠶᠢᠨ ᠵᠦᠪᠳᠡᠯᠴᠡᠭᠡᠷ ᠵᠢᠴᠢ ᠲᠠᠸᠠᠷ ᠤᠨ ᠲᠡᠯᠭᠡᠨ ᠪᠤᠷᠤᠯᠠᠭᠤᠯᠭ᠎ᠠ ᠶᠢᠨ ᠬᠤᠷᠠᠯ︾ ᠵᠡᠷᠭᠡ ᠴᠢᠬᠤᠯᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠦᠪᠳᠡᠯᠴᠡᠭᠡᠨ ᠤ ᠬᠤᠷᠠᠯ ᠳᠤ ᠤᠷᠤᠯᠴᠠᠭᠤᠯᠵᠤ᠂ ᠬᠡᠷ᠎ᠠ ᠲᠤᠭᠳᠠᠭᠰᠠᠨ ᠨᠤᠷᠮ᠎ᠠ 8,600 ᠲᠦᠮᠡᠨ ᠲᠦᠬᠦᠷᠢᠭ ᠲᠤ ᠬᠦᠷᠪᠠ᠃ ᠪᠤᠭᠤᠮᠳᠠ ᠨᠡᠪᠳᠡᠷᠡᠬᠦ ᠲᠤᠭᠳᠠᠴᠠ ᠶᠢ ᠲᠡᠭᠦᠯᠳᠡᠷᠵᠢᠬᠦᠯᠵᠤ᠂ ᠠᠷᠤᠬᠠᠰᠢᠶᠠᠳᠤ — ᠬᠠᠪᠢᠷᠭ᠎ᠠ᠂ ᠪᠠᠶᠠᠨᠬᠤᠰᠢᠭᠤ — ᠡᠪᠤᠳᠦᠭ ᠪᠤᠭᠤᠮᠳᠠ ᠶᠢᠨ ᠠᠩᠬᠠᠳᠤᠭᠠᠷ ᠤᠳᠠᠭᠠᠨ ᠤ ᠠᠵᠢᠯ ᠤᠨ ᠵᠦᠪᠳᠡᠯᠴᠡᠭᠡᠨ ᠤ ᠬᠤᠷᠠᠯ ᠢ ᠠᠮᠵᠢᠯᠳᠠᠳᠠᠢ ᠡᠷᠬᠢᠯᠡᠪᠠ᠃ ᠭᠠᠳᠠᠭᠠᠳᠤ ᠠᠴᠠ ᠲᠠᠳᠠᠨ ᠤᠷᠤᠭᠤᠯᠵᠤ ᠲᠤᠳᠤᠭᠠᠳᠤ ᠲᠠᠢ ᠬᠤᠯᠪᠤᠭᠠᠯᠠᠬᠤ ᠭᠠᠳᠠᠭᠠᠳᠤ ᠠᠷᠠᠯᠵᠢᠶ᠎ᠠ ᠶᠢᠨ ᠰᠢᠪᠳᠤᠯᠤᠯᠳᠠ ᠶᠢᠨ ᠴᠡᠭ ᠢ ᠡᠷᠢᠯᠬᠢᠯᠠᠵᠤ᠂ ᠬᠤᠰᠢᠭᠤᠨ ᠤ ᠢᠡᠭ ᠯᠢ ᠪᠣᠭᠤᠮᠲᠠ ᠪᠠᠷ ᠤᠷᠤᠭᠤᠯᠵᠤ ᠭᠠᠷᠭᠠᠬᠤ ᠠᠷᠠᠯᠵᠢᠶ᠎ᠠ ᠶᠢᠨ ᠺᠤᠮᠫᠠᠨᠢ ᠮᠤᠩᠭᠤᠯ ᠤᠯᠤᠰ ᠤᠨ ᠲᠤᠷᠤᠨᠠᠳᠤ ᠠᠶᠢᠮᠠᠭ ᠲᠤ ᠨᠤᠳᠤᠭᠰᠢᠵᠤ᠂ ᠬᠠᠶᠢᠯᠤᠭᠤᠷ ᠵᠤᠩᠰᠢ ᠶᠢᠨ ᠠᠭᠤᠷᠬᠠᠢ ᠶᠢ ᠨᠡᠭᠡᠭᠡᠨ ᠠᠰᠢᠭᠯᠠᠵᠤ᠂ 1466 ᠲᠤᠨ ᠬᠠᠶᠢᠯᠤᠭᠤᠷ ᠵᠤᠩᠰᠢ ᠶᠢᠨ ᠪᠣᠷᠣ ᠮᠠᠲ᠋ᠧᠷᠢᠶᠠᠯ ᠢ ᠪᠤᠭᠤᠮᠳᠠ ᠪᠠᠷ ᠤᠷᠤᠭᠤᠯᠪᠠ᠃ ᠪᠦᠬᠦ ᠵᠢᠯ ᠳᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠠ 3.4 ᠲᠦᠮᠡᠨ ᠲᠤᠨ ᠳᠤ ᠬᠦᠷᠴᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠠᠷᠠᠯᠵᠢᠶ᠎ᠠ ᠪᠦᠳᠦᠭᠰᠡᠨ ᠬᠡᠮᠵᠢᠶ᠎ᠠ 1756 ᠲᠦᠮᠡᠨ ᠳ᠋ᠤᠯᠯᠠᠷ ᠢ ᠪᠠᠶᠠᠯᠡᠬᠦᠯᠵᠤ᠂ ᠬᠢᠯᠢ ᠪᠠᠷ ᠤᠷᠤᠵᠤ ᠭᠠᠷᠤᠭᠰᠠᠨ ᠵᠠᠮ ᠬᠠᠷᠢᠯᠴᠠᠭᠠᠨ ᠲᠡᠭᠡᠭᠡᠪᠤᠷᠢ ᠶᠢᠨ ᠮᠠᠰᠢᠨ ᠲᠡᠷᠭᠡ 2.2 ᠲᠦᠮᠡᠨ ᠲᠡᠷᠭᠡ ᠤᠳᠠᠭ᠎ᠠ ᠳᠤ ᠬᠦᠷᠴᠤ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠢ ᠵᠦᠭᠡᠭᠡᠪᠦᠷᠢᠯᠡᠭᠰᠡᠨ ᠬᠡᠮᠵᠢᠶ᠎ᠠ ᠦᠷᠬᠦᠯᠵᠢᠯᠠᠨ ᠭᠤᠷᠪᠠᠨ ᠵᠢᠯ ᠳᠤ 10 ᠲᠦᠮᠡᠨ ᠬᠦᠮᠤᠨ ᠤᠳᠠᠭ᠎ᠠ ᠶᠢ ᠲᠠᠪᠠᠪᠠ᠃ ᠭᠠᠳᠠᠭᠠᠳᠤ ᠯᠤᠭ᠎ᠠ ᠶᠢᠨ ᠨᠦᠬᠦᠷᠰᠡᠭ ᠰᠤᠯᠢᠯᠴᠠᠭ᠎ᠠ ᠶᠢ ᠴᠢᠩᠭᠠᠳᠬᠠᠵᠤ᠂ ᠮᠤᠩᠭᠤᠯ ᠤᠯᠤᠰ ᠤᠨ ᠲᠤᠷᠤᠨᠠᠳᠤ ᠠᠶᠢᠮᠠᠭ ᠲᠠᠢ ︽ᠠᠷᠪᠠᠨ ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠰᠢᠨ᠎ᠡ ᠪᠠᠷᠭᠤ ᠪᠠᠷᠠᠭᠤᠨ ᠬᠤᠰᠢᠭᠤ — ᠮᠤᠩᠭᠤᠯ ᠤᠯᠤᠰ ᠤᠨ ᠲᠤᠷᠤᠨᠠᠳᠤ ᠠᠶᠢᠮᠠᠭ ᠤᠨ ᠰᠢᠨ᠎ᠡ ᠵᠢᠯ ᠢᠶᠠᠨ ᠤᠭᠳᠤᠬᠤ ᠨᠦᠬᠦᠷᠯᠠᠯ ᠤᠨ ᠦᠳᠡᠰᠢᠯᠡᠭᠡ︾᠎ ᠶᠢ ᠬᠠᠮᠳᠤᠷᠠᠨ ᠡᠷᠬᠢᠯᠡᠵᠤ᠂ ᠪᠦᠬᠦ ᠵᠢᠯ ᠳᠤ ᠮᠤᠩᠭᠤᠯ ᠤᠯᠤᠰ ᠤᠨ 19 ᠠᠶᠢᠯᠴᠢᠯᠠᠯᠳᠠ ᠶᠢᠨ ᠪᠦᠯᠬᠦᠮ ᠢ 290 ᠬᠦᠮᠤᠨ ᠤᠳᠠᠭ᠎ᠠ ᠬᠦᠯᠢᠶᠠᠨ ᠵᠤᠴᠢᠯᠠᠪᠠ᠃ ︽ᠳᠡᠯᠡᠬᠡᠢ ᠶᠢᠨ ᠡᠩᠬᠡ ᠲᠠᠶᠢᠪᠤᠩ ᠤᠨ ᠭᠦᠶᠦᠯᠲᠡ︾ ᠤᠯᠠᠨ ᠤᠯᠤᠰ ᠤᠨ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠳᠤ ᠤᠷᠤᠯᠴᠠᠵᠤ᠂ ᠲᠤᠮᠳᠠᠳᠤ ᠤᠯᠤᠰ ᠤᠨ ᠬᠡᠰᠡᠭ ᠲᠠᠬᠢ ᠭᠠᠯ ᠪᠠᠮᠪᠠᠷ ᠲᠠᠮᠵᠢᠭᠤᠯᠬᠤ ᠡᠬᠦᠷᠭᠡ ᠶᠢ ᠠᠮᠵᠢᠯᠳᠠᠳᠠᠢ ᠪᠠᠶᠠᠯᠡᠬᠦᠯᠪᠠ᠃_menksoft_page_break_tag_      ︵ᠲᠠᠪᠤ︶ ᠬᠤᠳᠠ ᠬᠦᠳᠡᠭᠡ ᠶᠢᠨ ᠲᠦᠷᠰᠤ ᠪᠠᠶᠢᠳᠠᠯ ᠶᠡᠭᠡᠭᠡᠨ ᠬᠤᠪᠢᠷᠠᠯᠳᠠ ᠲᠠᠢ ᠪᠤᠯᠪᠠ᠃ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠬᠦᠴᠤᠯᠠᠨ ᠲᠡᠭᠡᠭᠰᠢᠯᠡᠬᠦᠯᠵᠤ᠂ ᠤᠯᠠᠨ ᠵᠤᠶᠢᠯ ᠤᠨ ᠠᠷᠭ᠎ᠠ ᠬᠡᠮᠵᠢᠶ᠎ᠠ ᠠᠪᠴᠤ ᠬᠦᠭᠵᠢᠯᠳᠠ ᠶᠢᠨ ᠲᠤᠳᠠᠭᠳᠠᠯ ᠢᠶᠠᠨ ᠨᠦᠬᠦᠪᠤᠷᠢᠯᠠᠪᠠ᠃ ᠰᠠᠭᠤᠷᠢ ᠲᠦᠬᠦᠭᠡᠷᠤᠮᠵᠢ ᠲᠠᠰᠤᠷᠠᠯᠳᠠ ᠦᠭᠡᠢ ᠲᠡᠬᠦᠯᠳᠡᠷᠵᠢᠪᠠ᠃ ᠵᠠᠮ ᠬᠠᠷᠢᠯᠴᠠᠭᠠᠨ ᠤ ᠳᠣᠣᠷ ᠤᠨ ᠪᠠᠶᠢᠭᠤᠯᠤᠯᠳᠠ ᠶᠢ ᠴᠢᠩᠭᠠᠳᠬᠠᠨ᠂ 1.68 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠠᠯᠳ᠋ᠬᠠᠮᠡᠭᠡᠯ ᠠᠴᠠ ᠬᠡᠷᠤᠯᠤᠨ ᠬᠦᠷᠬᠦ ᠵᠠᠰᠠᠮᠠᠯ ᠵᠠᠮ ᠤᠨ ᠪᠠᠷᠢᠯᠭ᠎ᠠ ᠶᠢ ᠠᠵᠢᠯ ᠡᠬᠢᠯᠡᠬᠦᠯᠪᠠ᠃ 950 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠣᠭᠳᠠᠠᠭᠤᠯᠠ ᠰᠣᠮᠣ ᠠᠴᠠ ᠪᠧᠳᠢᠠᠭᠤᠯᠠ ᠭᠠᠴᠠᠭ᠎ᠠ ᠬᠦᠷᠬᠦ᠂ ᠪᠠᠶᠠᠨ ᠬᠤᠭᠤᠯᠠᠢ ᠠᠴᠠ ᠬᠡᠷᠤᠯᠤᠨ ᠬᠦᠷᠬᠦ ᠵᠡᠷᠭᠡ 8 ᠵᠤᠷᠪᠤᠰ ᠬᠦᠳᠡᠭᠡ ᠲᠤᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ 200 ᠬᠡᠰᠡᠭ ᠲᠤ ᠫᠠᠶᠢᠰᠠ ᠲᠡᠮᠳᠡᠭ ᠲᠤᠬᠢᠷᠠᠭᠤᠯᠪᠠ᠃ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠪᠣᠭᠳᠠᠠᠭᠤᠯᠠ ᠰᠣᠮᠣ ᠠᠴᠠ ᠪᠣᠶᠢᠷ ᠰᠣᠮᠣ ᠬᠦᠷᠬᠦ ᠵᠠᠰᠠᠮᠠᠯ ᠵᠠᠮ ᠪᠠᠷᠢᠯᠭ᠎ᠠ ᠲᠠᠭᠤᠰᠴᠤ ᠲᠡᠷᠭᠡ ᠨᠡᠪᠳᠠᠷᠠᠨ᠂ ᠪᠠᠯᠭᠠᠰᠤᠨ ᠤ ᠲᠤᠭᠤᠷᠢᠭ ᠤᠨ 203 ᠮᠤᠵᠢ ᠶᠢᠨ ᠵᠠᠮ ᠎ ᠤᠨ ᠮᠠᠨᠵᠤᠥᠷ ᠠᠴᠠ ᠠᠯᠳ᠋ᠬᠠᠮᠡᠭᠡᠯ ᠬᠦᠷᠬᠦ ᠬᠡᠰᠡᠭ ᠤᠨ ᠨᠢᠭᠡᠳᠤᠭᠡᠷ ᠲᠡᠰ ᠤᠨ ᠵᠠᠰᠠᠮᠠᠯ ᠵᠠᠮ ᠤᠨ ᠵᠡᠬᠦᠨ ᠭᠠᠷᠬᠤ ᠡᠬᠦᠳᠠ᠂ ᠬᠤᠶᠢᠨ᠎ᠠ ᠭᠠᠷᠬᠤ ᠡᠬᠦᠳᠠ ᠶᠢᠨ ᠵᠠᠰᠠᠮᠠᠯ ᠵᠠᠮ ᠤᠨ 9.7 ᠺᠢᠯᠤᠮᠧᠲᠷ ᠦᠭᠡᠷᠠᠴᠢᠯᠠᠨ ᠵᠠᠰᠠᠪᠠ︔ ᠪᠣᠭᠳᠠᠠᠭᠤᠯᠠ ᠨᠡᠶᠢᠳᠠᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠲᠠᠭᠠᠯᠳᠠ ᠴᠢᠳᠡᠮᠵᠢ ᠶᠢ ᠲᠡᠬᠦᠯᠳᠡᠷᠵᠢᠬᠦᠯᠵᠤ᠂ ᠪᠦᠬᠦ ᠵᠢᠯ ᠳᠤ 220 ᠡᠭᠡᠯᠵᠢ ᠤᠳᠠᠭ᠎ᠠ ᠨᠢᠰᠭᠡᠯ ᠨᠢᠰᠴᠤ ᠪᠠᠭᠤᠪᠠ᠃ ᠴᠠᠬᠢᠯᠭᠠᠨ ᠲᠤᠥᠷ ᠤᠨ ᠪᠦᠳᠤᠴᠠ ᠶᠢ ᠲᠡᠭᠦᠯᠳᠡᠷᠵᠢᠭᠦᠯᠵᠦ᠂ 8,657 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠠᠯᠳ᠋ᠬᠠᠮᠡᠭᠡᠯ ᠠᠴᠠ ᠵᠢᠶᠠ ᠠᠭᠤᠯᠠ᠂ ᠴᠠᠭᠠᠨ ᠬᠦᠷᠬᠦ 110 ᠺᠢᠯᠤᠸᠤᠯᠲ ᠤᠨ ᠱᠤᠭᠤᠮ᠂ ᠠᠯᠳ᠋ᠬᠠᠮᠡᠭᠡᠯ ᠠᠴᠠ ᠰᠠᠶᠢᠬᠠᠨ ᠬᠦᠷᠬᠦ 35 ᠺᠢᠯᠤᠸᠤᠯᠲ ᠤᠨ ᠱᠤᠭᠤᠮ᠂ ᠰᠠᠶᠢᠬᠠᠨ ᠤ 35 ᠺᠢᠯᠤᠸᠤᠯᠲ ᠤᠨ ᠴᠠᠬᠢᠯᠭᠠᠨ ᠤ ᠬᠦᠴᠤᠳᠠᠯ ᠦᠭᠡᠷᠠᠴᠢᠯᠠᠬᠦ ᠦᠷᠲᠡᠭᠡ ᠵᠡᠷᠭᠡ ᠢᠨᠵᠧᠨᠧᠷᠢᠩ ᠢ ᠬᠡᠷᠡᠭᠵᠢᠬᠦᠯᠪᠠ᠃ ᠬᠤᠳᠠ ᠶᠢᠨ ᠴᠢᠳᠠᠮᠵᠢ ᠶᠡᠷᠤᠩᠭᠡᠶᠢᠯᠠᠨ ᠲᠡᠭᠡᠭᠰᠢᠯᠡᠪᠠ᠃ ᠲᠦᠯᠤᠪᠵᠢᠬᠦᠯᠭᠡ ᠶᠢ ᠬᠦᠳᠤᠯᠤᠨ ᠵᠢᠯᠤᠭᠤᠳᠬᠤ ᠶᠢ ᠲᠤᠪᠤᠶᠢᠯᠭᠠᠵᠤ᠂ ᠦᠪᠡᠷᠮᠢᠴᠠ ᠤᠨᠴᠠᠯᠢᠭ ᠲᠠᠢ ᠬᠤᠳᠠ ᠪᠠᠯᠭᠠᠰᠤ ᠶᠢ ᠪᠦᠳᠤᠭᠡᠨ ᠪᠠᠶᠢᠭᠤᠯᠵᠤ᠂ ︽ᠠᠯᠳ᠋ᠬᠠᠮᠠᠭᠡᠯ ᠪᠠᠯᠭᠠᠰᠤ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠤᠪᠵᠢᠬᠦᠯᠭᠡ︾᠎ ᠶᠢ ᠵᠠᠰᠠᠨ ᠨᠠᠶᠢᠷᠠᠭᠤᠯᠪᠠ᠃ 1,191 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠠᠭᠤᠭᠠᠯᠢ ᠠᠷᠠᠳ ᠤᠨ ᠪᠠᠭ᠎ᠠ ᠲᠤᠭᠤᠷᠢᠭ ᠤᠨ ᠬᠡᠷ ᠤᠨ ᠤᠷᠤᠢ᠂ ᠭᠠᠵᠠᠷ ᠤᠨ ᠭᠠᠳᠠᠷᠭᠤ ᠎ ᠶᠢ ᠰᠠᠯᠪᠢᠨ ᠵᠠᠰᠠᠬᠤ᠂ ᠤᠰᠤ ᠬᠠᠨᠭ᠍ᠭᠠᠨ ᠭᠠᠳᠠᠭᠰᠢᠯᠠᠭᠤᠯᠬᠤ ᠲᠦᠬᠦᠭᠡᠷᠤᠮᠵᠢ᠂ ᠴᠡᠴᠡᠷᠯᠢᠭ ᠤᠨ ᠨᠤᠭᠤᠭᠠᠷᠠᠭᠤᠯᠤᠯᠳᠠ᠂ ᠢᠯᠴᠢ ᠲᠤᠯᠠᠭᠠᠯᠠᠭ᠎ᠠ ᠵᠡᠷᠭᠡ ᠬᠤᠳᠠ ᠶᠢᠨ ᠶᠠᠪᠤᠳᠠᠯ ᠤᠨ 28 ᠲᠦᠷᠤᠯ ᠵᠤᠶᠢᠯ ᠢ ᠬᠡᠷᠡᠭᠵᠢᠬᠦᠯᠪᠠ᠃ 4,561 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠦᠨᠳᠤᠰᠤᠳᠠᠨ ᠤ ᠰᠤᠶᠤᠯ ᠤᠨ ᠲᠦᠪ᠂ ᠡᠷᠤᠭᠡ ᠎ ᠶᠢᠨ ᠴᠡᠷᠢᠭ ᠤᠨ ᠪᠤᠯᠪᠠᠰᠤᠷᠠᠯ ᠤᠨ ᠰᠠᠭᠤᠷᠢᠨ ᠭᠠᠵᠠᠷ ᠵᠡᠷᠭᠡ ︽ᠲᠤᠳᠠᠭᠤ ᠳᠣᠷᠭᠤᠨ︾ ᠪᠠᠶᠢᠭᠤᠯᠤᠭᠰᠠᠨ ᠢᠨᠵᠧᠨᠧᠷᠢᠩ ᠢ ᠦᠷᠬᠦᠯᠵᠢᠯᠠᠨ ᠪᠦᠲᠦᠭᠡᠨ ᠪᠠᠶᠢᠭᠤᠯᠪᠠ᠃ 500 ᠡᠷᠤᠭᠡ ᠶᠢᠨ ᠲᠦᠬᠦᠮ ᠪᠦᠳᠤᠴᠠᠳᠤ ᠤᠷᠤᠨ ᠰᠠᠭᠤᠴᠠ ᠶᠢ ᠦᠭᠡᠷᠠᠴᠢᠯᠠᠨ ᠵᠠᠰᠠᠵᠤ᠂ 6 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠨᠤᠷᠠᠬᠤ ᠠᠶᠤᠯᠳᠠᠢ ᠰᠠᠭᠤᠬᠤ ᠬᠡᠷ ᠢ ᠦᠭᠡᠷᠠᠴᠢᠯᠠᠨ ᠵᠠᠰᠠᠪᠠ᠃ ᠰᠠᠭᠤᠭᠠᠯᠢ ᠠᠷᠠᠳ ᠤᠨ ᠪᠠᠭ᠎ᠠ ᠲᠤᠭᠤᠷᠢᠭ ᠤᠨ ᠦᠮᠴᠢᠳᠠᠨ ᠤ ᠵᠦᠪᠯᠠᠯ ᠢ ᠰᠤᠩᠭᠤᠨ ᠪᠠᠶᠢᠭᠤᠯᠵᠤ᠂ ᠠᠷᠠᠳ ᠎ ᠲᠤ ᠦᠢᠯᠡᠴᠢᠯᠡᠬᠦ ᠠᠷᠭ᠎ᠠ ᠵᠠᠮ ᠢ ᠰᠢᠯᠤᠭᠤᠳᠬᠠᠵᠤ᠂ ᠬᠡᠷ ᠠᠬᠤᠢ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠪᠠ᠃ ᠵᠠᠰᠠᠭ ᠤᠨ ᠤᠷᠳᠤᠨ ᠪᠠ ᠨᠡᠶᠢᠭᠡᠮ ᠤᠨ ᠬᠦᠷᠤᠩᠭᠡ ᠮᠦᠡᠭᠬᠦ ᠶᠢ ᠬᠠᠮᠳᠤᠷᠠᠭᠤᠯᠬᠤ ᠠᠷᠭ᠎ᠠ ᠮᠠᠶ᠋ᠢᠭ ᠢᠶᠠᠷ ᠠᠯᠳ᠋ᠬᠠᠮᠡᠭᠡᠯ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠳᠤᠯᠠᠭᠠᠯᠠᠭ᠎ᠠ ᠶᠢᠨ ᠰᠤᠷᠪᠤᠯᠵᠢ ᠎ ᠶᠢᠨ ᠲᠦᠷᠤᠯ ᠵᠤᠶᠢᠯ ᠢ ᠠᠬᠢᠭᠤᠯᠵᠤ᠂ ᠡᠮᠤᠨᠡᠬᠢ ᠬᠤᠭᠤᠴᠠᠭᠠᠨ ᠤ ᠠᠵᠢᠯ ᠪᠤᠳᠠᠳᠤ ᠴᠢᠨᠠᠷᠳᠠᠢ ᠠᠬᠢᠴᠠ ᠲᠠᠢ ᠪᠤᠯᠪᠠ᠃      ︵ᠵᠢᠷᠭᠤᠭ᠎ᠠ︶ ᠨᠡᠶᠢᠭᠡᠮ ᠤᠨ ᠠᠷᠠᠳ ᠤᠨ ᠠᠮᠢᠳᠤᠷᠠᠯ ᠢ ᠲᠦᠭᠡᠮᠡᠯ ᠬᠠᠷᠠᠭᠠᠯᠵᠠᠯ ᠲᠠᠢ ᠪᠦᠭᠡᠳ ᠲᠡᠩᠴᠡᠭᠦᠷᠢᠲᠡᠢ ᠬᠦᠭᠵᠢᠭᠦᠯᠪᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠡᠯ᠎ᠡ ᠵᠦᠢᠯ ᠤᠨ ᠠᠵᠢᠯ ᠤᠨ ᠡᠬᠢᠯᠡᠯᠲᠡ ᠶᠢᠨ ᠴᠡᠭ ᠪᠠ ᠲᠡᠭᠦᠰᠬᠡᠯ ᠤᠨ ᠴᠡᠭ ᠪᠣᠯᠭᠠᠨ᠂ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢ ᠦᠷᠬᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ 10.6 ᠳ᠋ᠦᠩᠰᠢᠭᠤᠷ ᠲᠦᠬᠦᠷᠢᠭ ᠲᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 73%᠎ ᠶᠢ ᠡᠵᠡᠯᠡᠪᠡ᠃ ᠪᠠᠲᠤᠯᠠᠭ᠎ᠠ ᠶᠢᠨ ᠲᠣᠭᠲᠠᠴᠠ ᠨᠡᠩ ᠲᠡᠭᠦᠯᠳᠡᠷᠵᠢᠪᠡ᠃ ᠠᠵᠢᠯ ᠣᠯᠭᠤᠬᠤ ᠦᠢᠯᠡᠰ ᠪᠣᠰᠬᠠᠬᠤ ᠶᠢ ᠲᠣᠭᠲᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ 501 ᠬᠦᠮᠦᠨ ᠪᠣᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3.5% ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠬᠦᠲᠦᠯᠦᠨ ᠵᠢᠯᠣᠭᠤᠳᠴᠤ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠵᠦᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠳᠦᠷᠢᠮᠵᠢᠭᠦᠯᠦᠨ ᠬᠠᠮᠢᠶᠠᠷᠴᠤ᠂ ᠪᠠᠷᠢᠮᠵᠢᠶᠠᠨ ᠠᠴᠠ ᠬᠡᠲᠦᠷᠡᠭᠰᠡᠨ 430 ᠬᠦᠮᠦᠨ ᠢ ᠴᠡᠭᠴᠡᠯᠡᠨ ᠭᠠᠷᠭᠠᠵᠤ᠂ 247 ᠬᠦᠮᠦᠨ ᠳᠤ ᠪᠠᠲᠤᠯᠠᠭ᠎ᠠ ᠥᠭᠬᠦ ᠶᠢ ᠨᠢ ᠵᠣᠭᠰᠣᠭᠠᠪᠠ᠃ ᠬᠤᠰᠢᠭᠤᠨ ᠤ ᠴᠡᠷᠢᠭ ᠤᠨ ᠠᠯᠪᠠ ᠠᠴᠠ ᠪᠠᠭᠤᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠲᠤᠰᠬᠠᠢ ᠠᠩᠭᠢ ᠪᠠᠶᠢᠭᠤᠯᠵᠤ᠂ ᠴᠡᠷᠢᠭ ᠤᠨ ᠠᠯᠪᠠ ᠠᠴᠠ ᠪᠠᠭᠤᠭᠰᠠᠳ ᠢ ᠪᠠᠶᠢᠴᠠᠭᠠᠨ ᠪᠦᠷᠢᠳᠬᠡᠬᠦ ᠪᠠ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠬᠤ ᠡᠭᠦᠷᠭᠡ ᠶᠢ ᠪᠡᠶᠡᠯᠡᠭᠦᠯᠦᠨ᠂ ᠨᠦᠬᠦᠴᠡᠯ ᠳᠤ ᠲᠣᠬᠢᠷᠠᠭᠰᠠᠨ ᠴᠡᠷᠢᠭ ᠤᠨ ᠠᠯᠪᠠ ᠠᠴᠠ ᠪᠠᠭᠤᠭᠰᠠᠨ 8 ᠬᠦᠮᠦᠨ ᠢ ᠲᠦᠪᠬᠢᠨᠡᠭᠦᠯᠪᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠲᠦᠷᠬᠡᠤᠡᠬᠡᠨ᠂ ᠳᠠᠭᠠᠳᠬᠠᠯ ᠳᠤ ᠣᠷᠣᠯᠴᠠᠭᠰᠠᠨ 4000 ᠬᠦᠮᠦᠨ ᠤ ᠮᠡᠳᠡᠭᠡ ᠵᠠᠩᠭᠢ ᠶᠢ ᠴᠤᠭᠯᠠᠭᠤᠯᠤᠨ ᠳᠦᠷᠢᠮᠵᠢᠭᠦᠯᠪᠡ᠃ ᠰᠣᠶᠣᠯ ᠲᠠᠮᠢᠷ ᠤᠨ ᠦᠢᠯᠡᠰ ᠤᠯᠠᠮ ᠴᠡᠴᠡᠭᠯᠡᠨ ᠬᠦᠭᠵᠢᠪᠡ᠃ ᠤᠯᠠᠭᠠᠨᠮᠦ᠋ᠴᠢᠷ ᠤᠨ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠦ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠲᠠᠯ᠎ᠠ ᠨᠤᠲᠤᠭ ᠤᠨ ᠦᠬᠢᠳ ᠬᠦᠪᠡᠭᠦᠳ ᠤᠨ ᠰᠡᠳᠬᠢᠯ ᠨᠠᠮ ᠦᠭᠡᠳᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠶ᠎ᠡ︾ ᠭᠡᠬᠦ 2018 ᠣᠨ ᠤ ᠣᠯᠠᠨ ᠲᠦᠮᠡᠨ ᠤ ᠴᠠᠭᠠᠨ ᠰᠠᠷ᠎ᠠ ᠶᠢᠨ ᠦᠳᠡᠰᠢᠯᠡᠭᠡ᠂ ᠴᠠᠭᠠᠨ ᠰᠠᠷ᠎ᠠ ᠶᠢᠨ ᠰᠢᠨ᠎ᠡ ᠶᠢᠨ ᠠᠷᠪᠠᠨ ᠲᠠᠪᠤᠨ ᠤ ᠦᠯᠵᠡᠶᠢᠲᠦ ᠡᠳᠦᠷ ᠤᠨ ᠦᠬᠡᠷᠲᠦ ᠬᠦᠢᠲᠡᠨ ᠪᠠᠭᠠᠴᠤᠳ ᠬᠡᠦᠬᠡᠳ ᠤᠨ ᠤᠷᠠᠨ ᠰᠠᠶᠢᠬᠠᠨ ᠤ ᠲᠣᠭᠯᠠᠯᠲᠠ᠂ ︽ᠰᠣᠶᠣᠯ ᠪᠠ ᠪᠠᠶᠢᠭᠠᠯᠢ ᠶᠢᠨ ᠥᠪ ᠬᠦᠷᠦᠩᠭᠡ ᠶᠢᠨ ᠡᠳᠦᠷ︾ ᠭᠡᠬᠦ ᠪᠣᠳᠠᠰ ᠤᠨ ᠪᠣᠰᠤ ᠰᠣᠶᠣᠯ ᠤᠨ ᠥᠪ ᠤᠨ ᠳᠡᠯᠭᠡᠨ ᠦᠵᠡᠭᠦᠯᠦᠯᠭᠡ᠂ ︽ᠣᠯᠠᠨ ᠲᠦᠮᠡᠨ ᠤ ᠵᠠᠭᠤᠨ ᠡᠳᠦᠷ ᠤᠨ ᠲᠣᠭᠯᠠᠯᠲᠠ ᠶᠢᠨ ᠶᠡᠭᠡ ᠲᠠᠪᠴᠠᠩ︾ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠰᠣᠶᠣᠯ ᠤᠨ ᠠᠵᠢᠯᠯᠠᠭ᠎ᠠ ᠶᠢ ᠲᠡᠭᠦᠰ ᠠᠮᠵᠢᠯᠲᠠᠲᠠᠢ ᠡᠷᠬᠢᠯᠡᠪᠡ᠃ ᠲᠥᠪ ᠲᠧᠯᠸᠢᠰ ᠤᠨ ︽ᠬᠠᠶᠢᠨ ᠰᠦᠪᠡᠭᠴᠢᠯᠡᠬᠦ ᠠᠶᠠᠯᠠᠯ︾ ᠫᠷᠦᠭᠷᠡᠮ ᠪᠠ ᠬᠦᠯᠦᠨ ᠪᠣᠶᠢᠷ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠤᠷᠢᠵᠤ᠂ ᠪᠣᠭᠳᠠᠠᠭᠤᠯᠠ ᠶᠢᠨ ᠲᠠᠬᠢᠯᠭ᠎ᠠ ᠶᠢᠨ ᠬᠤᠭᠤᠴᠠᠭᠠᠨ ᠳᠤ ︽ᠦᠵᠡᠰᠬᠦᠯᠡᠩᠲᠦ ᠰᠠᠶᠢᠬᠠᠨ ᠭᠡᠷ ᠣᠷᠣᠨ︾ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠨᠵᠡᠭᠡᠶᠢᠷᠡᠬᠦ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠵᠢᠴᠢ ᠨᠠᠰᠤᠲᠠᠶᠢᠴᠤᠳ ᠤᠨ ᠤᠷᠠᠯᠢᠭ ᠤᠨ ᠳᠡᠯᠭᠡᠨ ᠦᠵᠡᠭᠦᠯᠦᠯᠭᠡ ᠶᠢᠨ ᠠᠵᠢᠯᠯᠠᠭ᠎ᠠ ᠶᠢ ᠶᠠᠪᠤᠭᠳᠠᠭᠤᠯᠪᠠ᠃ 2018 ᠣᠨ ᠤ ︽ᠰᠢᠨ᠎ᠡ ᠣᠨ ᠢᠶᠠᠨ ᠤᠭᠲᠤᠬᠤ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠮᠦᠰᠦᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠳᠤᠮᠳᠠᠳᠤ ᠣᠷᠣᠰ ᠮᠣᠩᠭᠤᠯ ᠤᠨ ᠵᠠᠯᠠᠭᠤᠴᠤᠳ ᠪᠠᠭᠠᠴᠤᠳ ᠤᠨ ᠵᠢᠣᠳᠤᠣ ᠪᠦᠬᠡ ᠶᠢᠨ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ᠂ ︽ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯᠣᠨ ᠤᠯᠤᠰ ᠤᠨ ᠪᠠᠶᠠᠷ ᠢ ᠤᠭᠲᠤᠶ᠎ᠠ︾ ᠭᠡᠬᠦ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠮᠵᠢᠯᠲᠠᠲᠠᠢ ᠡᠷᠬᠢᠯᠡᠨ ᠶᠠᠪᠤᠭᠳᠠᠭᠤᠯᠪᠠ᠃ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠪᠦᠬᠦ ᠣᠷᠣᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ︽ᠲᠠᠮᠢᠷ ᠤᠨ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠯᠢ ᠣᠯᠠᠨ ᠢᠷᠠᠭᠤ ᠠᠯᠳᠠᠷ ᠬᠦᠷᠲᠡᠪᠡ᠃ ᠰᠤᠷᠭᠠᠨ ᠬᠦᠮᠦᠵᠢᠯ ᠤᠨ ᠠᠵᠢᠯ ᠨᠡᠩ ᠦᠷᠨᠢᠭᠦᠨ ᠬᠦᠭᠵᠢᠪᠡ᠃ ︽ᠨᠢᠭᠡ ᠣᠷᠣᠨ ᠬᠤᠶᠠᠷ ᠰᠠᠭᠤᠷᠢᠨ ᠭᠠᠵᠠᠷ ᠳᠦᠷᠪᠡᠨ ᠰᠤᠷᠭᠠᠭᠤᠯᠢ ᠲᠠᠪᠤᠵᠢᠭᠤᠯᠬᠤ︾ ᠬᠤᠯᠪᠣᠭᠠᠯᠠᠨ ᠬᠦᠳᠡᠯᠦᠯᠴᠡᠬᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ 812 ᠲᠦᠮᠡᠨ ᠲᠦᠬᠦᠷᠢᠭ ᠤᠨ ᠪᠡᠯᠡ ᠣᠷᠤᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ 4 ᠰᠤᠷᠭᠠᠭᠤᠯᠢ ᠶᠢᠨ ᠭᠤᠮ ᠭᠦᠶᠦᠳᠡᠯ ᠤᠨ ᠲᠠᠯᠠᠪᠤᠷ᠂ ᠳᠤᠯᠠᠭᠠᠯᠠᠭ᠎ᠠ ᠪᠠ ᠪᠤᠵᠠᠷ ᠣᠰᠤᠨ ᠤ ᠬᠤᠭᠤᠯᠠᠢ ᠲᠣᠣᠷ ᠢ ᠳᠡᠰ ᠳᠡᠪᠰᠢᠭᠦᠯᠦᠨ ᠵᠠᠰᠠᠨ ᠰᠢᠨᠡᠳᠭᠡᠵᠦ᠂ 2 ᠬᠡᠦᠬᠡᠳ ᠤᠨ ᠴᠡᠴᠡᠷᠯᠢᠭ ᠲᠤ ᠠᠳᠠᠯᠢ ᠳᠠᠪᠲᠠᠮᠵᠢᠲᠤ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠭᠡᠷ ᠢ ᠰᠢᠨ᠎ᠡ ᠪᠠᠷ ᠪᠠᠶᠢᠭᠤᠯᠵᠤ ᠥᠭᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠷᠲᠤ ᠤᠳᠠᠭᠠᠨ ᠬᠦᠭᠵᠢᠯᠲᠡ ᠲᠠᠢ ᠪᠣᠯᠵᠤ᠂ ᠬᠤᠶᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠦᠯᠦᠨ ᠪᠠᠯᠭᠠᠰᠤ ᠶᠢᠨ ᠬᠡᠦᠬᠡᠳ ᠤᠨ ᠴᠡᠴᠡᠷᠯᠢᠭ ᠢ ᠣᠷᠣᠨ ᠪᠠ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢᠶᠠᠷ ᠭᠤᠶᠣᠴᠢᠯᠠᠨ ᠮᠡᠳᠡᠭᠦᠯᠵᠦ᠂ ᠭᠤᠷᠪᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠬᠦ ᠬᠡᠯᠪᠡᠷᠢ ᠪᠠᠷ ᠬᠤᠲᠠ ᠶᠢᠨ ᠳᠡᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠪᠣᠯᠭᠠᠨ ᠳᠡᠰ ᠳᠡᠪᠰᠢᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠰᠢᠯᠢᠳᠡᠭᠵᠢᠨ ᠬᠦᠭᠵᠢᠵᠦ᠂ ᠣᠷᠣᠨ ᠲᠣᠭᠤᠷᠢᠭ ᠬᠤᠪᠢᠶᠠᠨ ᠰᠤᠷᠤᠭᠴᠢ ᠡᠯᠰᠡᠬᠦ ᠶᠢ ᠪᠠᠷᠢᠮᠲᠠᠯᠠᠨ᠂ ᠪᠠᠭᠰᠢ ᠶᠢᠨ ᠮᠤᠷᠠᠯ ᠰᠤᠷᠲᠠᠯ ᠢ ᠴᠢᠩᠭ᠎ᠠ ᠠᠳᠬᠤᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠦᠭᠵᠢᠭᠦᠯᠬᠦ ᠦᠷ᠎ᠡ ᠪᠦᠲᠦᠭᠡᠯ ᠢ ᠪᠠᠬᠢᠵᠢᠭᠦᠯᠪᠡ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠲᠦᠷᠭᠡᠳᠬᠡᠨ ᠬᠦᠭᠵᠢᠭᠦᠯᠵᠦ᠂ ᠠᠷᠠᠰᠤᠨ ᠰᠡᠶᠢᠯᠦᠮᠡᠯ ᠤᠨ ᠭᠠᠷ ᠤᠷᠠᠯᠠᠯ ᠵᠡᠷᠭᠡ ᠦᠨᠳᠦᠰᠦᠲᠡᠨ ᠤ ᠵᠠᠩ ᠦᠢᠯᠡ ᠶᠢᠨ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠬᠦᠯᠦᠨ ᠪᠣᠶᠢᠷ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠮᠣᠩᠭᠤᠯ ᠠᠨᠠᠭᠠᠬᠤ ᠤᠬᠠᠭᠠᠨ ᠵᠡᠷᠭᠡ ᠰᠠᠭᠤᠷᠢ ᠲᠤᠰᠬᠠᠢ ᠮᠡᠷᠭᠡᠵᠢᠯ ᠢ ᠨᠡᠮᠡᠨ ᠲᠣᠬᠢᠷᠠᠭᠤᠯᠪᠠ᠃ ᠡᠷᠡᠭᠦᠯ ᠮᠡᠨᠳᠦ ᠶᠢᠨ ᠬᠢᠷᠢ ᠲᠦᠪᠰᠢᠨ ᠰᠢᠨ᠎ᠡ ᠳᠡᠭᠲᠡᠷ ᠲᠤ ᠭᠠᠷᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠤᠶᠠᠷ ᠢ ᠡᠭᠦᠳᠴᠦ ᠬᠤᠶᠠᠷ ᠢ ᠪᠠᠶᠢᠭᠤᠯᠬᠤ︾᠎ ᠶᠢ ᠦᠷᠬᠦᠯᠵᠢᠯᠡᠨ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠵᠢᠱᠢᠶ᠎ᠡ ᠦᠵᠡᠭᠦᠯᠬᠦ ᠳᠡᠯᠭᠡᠭᠦᠷ ᠢ 95᠂ ᠲᠠᠷᠢᠶᠠᠯᠠᠩ ᠠᠷᠠᠯᠵᠢᠶᠠᠨ ᠤ ᠵᠢᠱᠢᠶ᠎ᠡ ᠦᠵᠡᠭᠦᠯᠬᠦ ᠵᠠᠬ᠎ᠠ ᠳᠡᠯᠭᠡᠭᠦᠷ ᠢ 1 ᠪᠠᠶᠢᠭᠤᠯᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠪᠠ᠃ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠦᠷᠬᠦᠯᠵᠢᠯᠡᠨ ᠰᠠᠶᠢᠵᠢᠷᠠᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠪᠠ ᠡᠮ ᠨᠠᠶᠢᠷᠠᠭᠤᠯᠬᠤ ᠲᠠᠰᠤᠭ ᠢ ᠪᠦᠲᠦᠭᠡᠨ ᠪᠠᠶᠢᠭᠤᠯᠵᠤ ᠳᠠᠭᠤᠰᠬᠠᠪᠠ᠃ ᠦᠪᠡᠷᠲᠡᠭᠡᠨ ᠵᠠᠰᠠᠬᠤ ᠣᠷᠣᠨ ᠤ ᠳᠡᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠂ ᠡᠷᠡᠭᠦᠯ ᠮᠡᠨᠳᠦ ᠶᠢ ᠠᠦ᠋ᠲ᠋ᠦᠴᠢᠯᠠᠨ ᠪᠠᠶᠢᠴᠠᠭᠠᠬᠤ ᠴᠡᠭ ᠢ 20 ᠲᠣᠬᠢᠷᠠᠭᠤᠯᠪᠠ᠃ ᠡᠬᠡ ᠨᠢᠯᠬᠠᠰ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠢᠷᠮᠤᠰᠤᠨ ᠪᠦᠰᠡᠭᠦᠢ ᠪᠠ ᠬᠦᠩᠭᠡᠵᠢᠭᠰᠡᠨ ᠪᠦᠰᠡᠭᠦᠢ ᠵᠢᠴᠢ 3 ᠨᠠᠰᠤᠨ ᠠᠴᠠ ᠳᠣᠷᠣᠭᠰᠢᠬᠢ ᠬᠡᠦᠬᠡᠳ ᠢ ᠰᠢᠰᠲ᠋ᠧᠮᠴᠢᠯᠡᠨ ᠬᠠᠮᠢᠶᠠᠷᠬᠤ ᠨᠣᠷᠮ᠎ᠠ ᠲᠤᠰᠪᠦᠷᠢ 97.3% ᠪᠠ 98.2%᠎ ᠲᠤ ᠬᠦᠷᠪᠡ᠃ ᠨᠡᠶᠢᠭᠡᠮ ᠤᠨ ᠣᠷᠴᠢᠨ ᠲᠣᠭᠤᠷᠢᠨ ᠨᠡᠩ ᠡᠶ᠎ᠡ ᠵᠣᠬᠢᠴᠠᠩᠭᠤᠢ ᠬᠠᠨᠳᠤᠰᠢ ᠲᠠᠢ ᠪᠣᠯᠪᠠ᠃ ᠡᠬᠢ ᠠᠴᠠ ᠨᠢ ᠵᠠᠰᠠᠬᠤ ᠶᠢ ᠴᠢᠩᠭᠠᠳᠬᠠᠨ᠂ ᠳᠠᠯᠳᠠ ᠭᠡᠮ ᠰᠤᠭᠤᠭ ᠢ ᠪᠠᠶᠢᠴᠠᠭᠠᠨ ᠵᠠᠰᠠᠵᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠪᠠᠲᠤᠯᠠᠪᠠ᠃ ᠬᠠᠥᠯᠢ ᠶᠣᠰᠣᠭᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠳᠣᠯᠣᠳᠣᠭᠠᠷ ᠲᠠᠪᠤᠨ ᠵᠢᠯ︾᠎ ᠤᠨ ᠬᠠᠥᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠦᠷᠨᠢᠭᠦᠯᠪᠡ᠃ ︽ᠠᠮᠤᠷ ᠲᠣᠭᠲᠠᠭᠤᠨ ᠰᠢᠨ᠎ᠡ ᠪᠠᠷᠭᠤ ᠪᠠᠷᠠᠭᠤᠨ ᠬᠤᠰᠢᠭᠤ︾᠎ ᠶᠢ ᠪᠠᠶᠢᠭᠤᠯᠬᠤ ᠠᠵᠢᠯ ᠢ ᠡᠷᠴᠢᠮ ᠲᠠᠢ ᠠᠬᠢᠭᠤᠯᠵᠤ᠂ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠥᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠨᠢᠭᠡᠴᠡ︾᠂ ︽ᠪᠦᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠡᠷᠢᠭᠦᠨ ᠤ ᠭᠠᠵᠠᠷ ᠣᠷᠣᠨ︾᠂ ︽ᠪᠦᠬᠦ ᠬᠤᠲᠠ ᠶᠢᠨ ᠬᠤᠣᠷ ᠴᠠᠭᠠᠵᠠᠯᠠᠬᠤ ᠠᠵᠢᠯ ᠤᠨ ᠲᠡᠷᠢᠭᠦᠨ ᠤ ᠭᠠᠵᠠᠷ ᠣᠷᠣᠨ︾ ᠵᠡᠷᠭᠡ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠵᠦ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠣᠨ ᠪᠠ ᠬᠤᠲᠠ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠶᠡᠭᠡ ᠰᠤᠷᠤᠯᠴᠠᠯᠭ᠎ᠠ᠂ ᠶᠡᠭᠡ ᠳᠡᠭᠡᠭᠰᠢᠯᠡᠯᠲᠡ︾᠎ ᠶᠢᠨ ᠮᠦᠷᠦᠶᠢᠴᠡᠭᠡᠨ ᠳᠤ ᠦᠨᠳᠦᠷ ᠪᠦᠲᠦᠮᠵᠢ ᠣᠯᠵᠤ᠂ ᠪᠦᠬᠦ ᠬᠤᠲᠠ ᠶᠢᠨ ︽ᠰᠢᠷ᠎ᠠ ᠶᠢ ᠱᠦᠭᠦᠷᠳᠡᠨ ᠬᠠᠥᠯᠢ ᠪᠣᠰᠤ ᠠᠵᠢᠯᠯᠠᠭ᠎ᠠ ᠳᠤ ᠴᠣᠬᠢᠯᠲᠠ ᠥᠭᠬᠦ︾ ᠲᠡᠷᠢᠭᠦᠨ ᠤ ᠨᠢᠭᠡᠴᠡ ᠵᠡᠷᠭᠡ 7 ᠲᠦᠷᠦᠯ ᠤᠨ ᠢᠷᠠᠭᠤ ᠠᠯᠳᠠᠷ ᠢ ᠬᠦᠷᠲᠡᠵᠦ᠂ 18 ᠵᠢᠯ ᠳᠠᠷᠠᠭᠠᠯᠠᠨ ︽ᠭᠠᠵᠢᠭᠤ ᠨᠣᠮᠯᠠᠯ ᠦᠭᠡᠢ ᠬᠤᠰᠢᠭᠤ︾᠎ ᠶᠢᠨ ᠢᠷᠠᠭᠤ ᠠᠯᠳᠠᠷ ᠢ ᠪᠠᠲᠤᠯᠠᠪᠠ᠃ ︽ᠬᠤᠶᠠᠷ ᠢ ᠬᠦᠷᠢᠶᠡᠯᠡᠬᠦ︾ ᠪᠠ ᠬᠢᠯᠢ ᠶᠢᠨ ᠬᠠᠮᠠᠭᠠᠯᠠᠯᠲᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠬᠢᠵᠢᠭᠦᠯᠦᠨ᠂ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠬᠠᠥᠯᠢ ᠶᠢ ᠵᠦᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭ ᠲᠤ ᠬᠤᠯᠪᠣᠭᠳᠠᠭᠰᠠᠨ ᠵᠣᠭᠤᠰ ᠨᠢ 2 ᠳ᠋ᠦᠩᠰᠢᠭᠤᠷ ᠲᠦᠬᠦᠷᠢᠭ ᠢ ᠳᠠᠪᠠᠭᠰᠠᠨ ︽5 · 15︾᠎ ᠤ ᠬᠠᠷ᠎ᠠ ᠪᠦᠯᠦᠭᠲᠡᠨ ᠲᠠᠢ ᠬᠤᠯᠪᠣᠭᠳᠠᠬᠤ ᠮᠦᠷᠲᠡᠭᠡᠨ ᠮᠠᠯᠴᠢᠳ ᠲᠤ ᠬᠤᠯᠪᠣᠭᠳᠠᠬᠤ ᠣᠨᠴᠠ ᠶᠡᠭᠡ ᠦᠨᠳᠦᠷ ᠬᠦᠦ ᠲᠠᠢ ᠵᠢᠭᠡᠯᠡᠯᠭᠡ ᠶᠢᠨ ᠲᠤᠰᠬᠠᠢ ᠬᠡᠷᠡᠭ ᠢ ᠢᠯᠡᠷᠡᠭᠦᠯᠵᠦ᠂ ᠣᠯᠠᠨ ᠲᠦᠮᠡᠨ ᠤ ᠬᠠᠥᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠪᠡ᠃ ᠣᠯᠠᠨ ᠲᠦᠮᠡᠨ ᠤ ᠬᠠᠥᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠵᠦ᠂ ᠶᠡᠷᠡᠭᠡᠳ ᠣᠨ ᠳᠤ ᠳᠡᠭᠡᠳᠦ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ᠂ ᠴᠡᠷᠢᠭ ᠤᠨ ᠠᠯᠪᠠ ᠠᠴᠠ ᠪᠠᠭᠤᠭᠰᠠᠳ ᠲᠤ ᠠᠵᠢᠯ ᠣᠯᠭᠤᠬᠤ᠂ ᠴᠡᠷᠢᠭ ᠠᠴᠠ ᠠᠵᠢᠯ ᠰᠢᠯᠵᠢᠭᠰᠡᠨ ᠺᠠᠳ᠋ᠷᠴᠤᠳ ᠲᠤ ᠣᠷᠣᠨ ᠰᠠᠭᠤᠴᠠ ᠶᠢᠨ ᠨᠦᠬᠦᠪᠦᠷᠢ ᠥᠭᠬᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠭᠴᠢ ᠠᠵᠢᠯᠴᠢᠳ ᠲᠤ ᠨᠠᠰᠤᠵᠢᠯ ᠤᠨ ᠳᠠᠭᠠᠳᠬᠠᠯ ᠲᠤᠰᠢᠶᠠᠵᠤ ᠥᠭᠬᠦ ᠵᠡᠷᠭᠡ ᠲᠡᠦᠬᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠭᠦᠢᠴᠡᠳᠬᠡᠨ ᠳᠠᠭᠤᠰᠬᠠᠭᠰᠠᠨ ᠨᠤᠷᠮ᠎ᠠ 96%᠎ ᠳᠤ ᠬᠦᠷᠪᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠲᠤᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃     ︵ᠳᠣᠯᠤᠭ᠎ᠠ︶ ᠦᠭᠡᠷᠡᠴᠢᠯᠡᠯᠲᠡ ᠶᠢᠨ ᠠᠰᠢᠭ ᠲᠤᠰᠠ ᠶᠢ ᠦᠷᠬᠦᠯᠵᠢᠯᠡᠨ ᠬᠦᠭᠵᠢᠭᠡᠪᠡ᠃ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠤᠭᠳᠤᠬᠤ ᠪᠠᠷ ᠠᠵᠠ ᠳᠣᠬᠢᠶᠠᠯ ᠪᠣᠯᠭᠠᠨ᠂ ᠦᠭᠡᠷᠡᠴᠢᠯᠡᠯᠲᠡ ᠶᠢᠨ ᠠᠵᠠ ᠳᠣᠬᠢᠶᠠᠯ ᠢ ᠠᠮᠵᠢᠨ ᠠᠳᠬᠤᠵᠤ᠂ ᠠᠵᠤ ᠠᠬᠤᠢ᠂ ᠨᠡᠶᠢᠭᠡᠮ ᠪᠠ ᠰᠣᠶᠣᠯ ᠤᠨ ᠬᠡᠪᠴᠢᠶᠡᠨ ᠳᠠᠬᠢ ᠠᠯᠢ ᠣᠯᠠᠨ ᠦᠭᠡᠷᠡᠴᠢᠯᠡᠯᠲᠡ ᠶᠢᠨ ᠡᠭᠦᠷᠭᠡ ᠶᠢ ᠠᠮᠵᠢᠯᠲᠠᠲᠠᠢ ᠪᠡᠶᠡᠯᠡᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠡᠬᠢᠯᠡᠭᠦᠯᠵᠦ᠂ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠪᠡ᠃ ᠬᠦᠯᠦᠨ ᠪᠣᠶᠢᠷ ᠬᠤᠲᠠ ᠶᠢᠨ ᠠᠩᠬᠠᠳᠠᠭᠴᠢ ᠬᠤᠰᠢᠭᠤ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠠᠶᠢᠭᠤᠯᠵᠤ᠂ ᠵᠠᠭᠤᠴᠢᠯᠠᠭᠤᠷ ᠢ ᠦᠭᠡᠷᠡᠴᠢᠯᠡᠯᠲᠡ ᠬᠦᠭᠵᠢᠯᠲᠡ ᠯᠦᠭᠡ ᠠᠭᠤᠰᠤᠯᠴᠠᠭᠤᠯᠤᠨ ᠱᠠᠲᠤᠴᠢ ᠴᠢᠨᠠᠷ ᠲᠠᠢ ᠦᠷ᠎ᠡ ᠪᠦᠲᠦᠮᠵᠢ ᠣᠯᠪᠠ᠃ ︽ᠣᠯᠠᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠳᠤ ᠨᠢᠭᠡ ᠨᠤᠮᠧᠷ︾᠎ ᠲᠠᠢ ᠪᠠᠶᠢᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠦᠪᠰᠢᠶᠡᠷᠡᠬᠦ ᠪᠦᠬᠦ ᠶᠠᠪᠤᠴᠠ ᠶᠢ ᠡᠯᠧᠺᠲᠷᠤᠨᠴᠢᠯᠠᠬᠤ ᠪᠠ ᠰᠦᠯᠵᠢᠶᠡᠨ ᠳᠡᠭᠡᠷ᠎ᠡ ᠳᠠᠩᠰᠠᠯᠠᠭᠤᠯᠬᠤ ᠵᠡᠷᠭᠡ ᠳᠦᠷᠢᠮ ᠢ ᠬᠡᠷᠡᠭᠵᠢᠭᠦᠯᠵᠦ᠂ 24 ᠲᠦᠷᠦᠯ ᠢ ᠬᠢᠨᠠᠨ ᠲᠣᠭᠲᠠᠭᠠᠵᠤ ᠳᠠᠩᠰᠠᠯᠠᠭᠤᠯᠤᠨ᠂ 34 ᠲᠦᠷᠦᠯ ᠢ ᠬᠤᠪᠢᠷᠠᠭᠤᠯᠤᠨ ᠳᠠᠩᠰᠠᠯᠠᠪᠠ᠃ ᠬᠦᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾᠎ ᠶᠢ ᠨᠠᠶᠢᠷᠠᠭᠤᠯᠤᠨ ᠵᠣᠬᠢᠶᠠᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯ ᠤᠨ ᠨᠡᠮᠡᠯᠲᠡ ᠦᠨ᠎ᠡ ᠶᠢ ᠦᠭᠡᠶᠢᠰᠬᠡᠵᠦ᠂ ᠡᠮ ᠤᠨ ᠵᠦᠢᠯ ᠪᠠ ᠬᠤᠷᠣᠭᠳᠠᠯ ᠪᠣᠳᠠᠰ ᠢ ᠲᠦᠪᠯᠡᠷᠡᠩᠭᠦᠢ ᠬᠤᠳᠠᠯᠳᠤᠨ ᠠᠪᠬᠤ ᠲᠣᠭᠲᠠᠴᠠ ᠶᠢ ᠲᠡᠭᠦᠯᠳᠡᠷᠵᠢᠭᠦᠯᠦᠨ᠂ ︽ᠬᠤᠶᠠᠷ ᠪᠢᠯᠧᠲ ᠤᠨ ᠳᠦᠷᠢᠮ︾᠎ ᠤᠨ ᠪᠦᠷᠬᠦᠴᠡ ᠶᠢᠨ ᠨᠤᠷᠮ᠎ᠠ 100%᠎ ᠳᠤ ᠬᠦᠷᠪᠡ᠃ ᠶᠠᠳᠠᠭᠤ ᠬᠦᠴᠢᠷᠳᠡᠯᠲᠡᠢ ᠬᠦᠮᠦᠨ ᠠᠮᠠ ᠶᠠᠳᠠᠭᠤ ᠨᠡᠷᠡᠰ ᠠᠴᠠ ᠭᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠤᠭᠤᠯᠬᠤ ᠶᠢ ᠵᠦᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠨ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠠᠵᠢᠯ ᠢ ᠬᠢᠨᠠᠨ ᠰᠢᠯᠭᠠᠵᠤ ᠦᠨᠡᠯᠡᠨ ᠵᠢᠱᠢᠬᠦ ᠠᠷᠭ᠎ᠠ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠡᠷᠡᠭᠵᠢᠭᠦᠯᠬᠦ ᠲᠦᠰᠦᠯ ᠢ ᠨᠠᠶᠢᠷᠠᠭᠤᠯᠤᠨ ᠵᠣᠬᠢᠶᠠᠵᠤ᠂ 2017 ᠣᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠪᠡᠶᠡᠯᠡᠭᠦᠯᠪᠡ᠃      ︵ᠨᠠᠢᠮᠠ︶ ᠵᠠᠰᠠᠭ ᠤᠨ ᠣᠷᠳᠣᠨ ᠤ ᠡᠭᠦᠷᠭᠡ ᠴᠢᠳᠠᠪᠬᠢ ᠲᠠᠰᠤᠷᠠᠯᠲᠠ ᠦᠭᠡᠢ ᠳᠡᠭᠡᠭᠰᠢᠯᠡᠪᠡ᠃ ᠵᠠᠰᠠᠭ ᠤᠨ ᠣᠷᠳᠣᠨ ᠤ ᠬᠠᠥᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠥᠯᠢ ᠴᠠᠭᠠᠵᠠ ᠶᠢᠨ ᠵᠦᠪᠯᠡᠭᠴᠢ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠥᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠠᠮᠤᠷ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠦᠷᠢᠮ ᠲᠣᠭᠲᠠᠭᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠥᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷ ᠪᠠ ᠠᠯᠬᠤᠮ ᠳᠠᠷᠠᠭᠠᠯᠠᠯ ᠢᠶᠠᠷ ᠡᠷᠬᠡ ᠪᠠᠨ ᠴᠢᠩᠭ᠎ᠠ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡ᠃ ᠠᠷᠠᠳᠴᠢᠯᠠᠯ ᠲᠦᠪᠯᠡᠷᠡᠯ ᠤᠨ ᠳᠦᠷᠢᠮ ᠢ ᠪᠠᠷᠢᠮᠲᠠᠯᠠᠨ᠂ ᠨᠡᠶᠢᠭᠡᠮ ᠤᠨ ᠠᠮᠠᠯᠠᠯᠲᠠ ᠶᠢ ᠴᠢᠩᠭ᠎ᠠ ᠬᠡᠷᠡᠭᠵᠢᠭᠦᠯᠵᠦ᠂ ᠬᠡᠯᠡᠪᠡᠯ ᠦᠭᠡ ᠭᠢᠰᠬᠢᠪᠡᠯ ᠭᠠᠵᠠᠷ᠂ ᠵᠠᠰᠠᠭ ᠤᠨ ᠣᠷᠳᠣᠨ ᠤ ᠨᠡᠶᠢᠭᠡᠮ ᠤᠨ ᠢᠲᠡᠭᠡᠮᠵᠢ ᠶᠢᠨ ᠬᠦᠴᠦᠨ ᠪᠠ ᠭᠦᠢᠴᠡᠳᠬᠡᠬᠦ ᠬᠦᠴᠦᠨ ᠢ ᠴᠢᠷᠮᠠᠶᠢᠨ ᠳᠡᠭᠡᠭᠰᠢᠯᠡᠭᠦᠯᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠴᠢᠨᠠᠷᠲᠠᠢ 77 ᠬᠡᠷᠡᠭ ᠢ ᠬᠠᠥᠯᠢ ᠶᠣᠰᠣᠭᠠᠷ ᠨᠡᠶᠢᠭᠡᠮ ᠳᠤ ᠢᠯᠡ ᠨᠡᠶᠢᠲᠡᠯᠡᠪᠡ᠃ ᠠᠷᠠᠳ ᠤᠨ ᠲᠦᠯᠦᠭᠡᠯᠡᠭᠴᠢᠳ ᠤᠨ 68 ᠬᠤᠪᠢ ᠰᠠᠨᠠᠯ ᠵᠦᠪᠯᠡᠯᠭᠡ᠂ ᠤᠯᠤᠰ ᠲᠦᠷᠥ ᠶᠢᠨ ᠵᠦᠪᠯᠡᠯᠭᠡᠨ ᠤ ᠭᠡᠰᠢᠭᠦᠳ ᠤᠨ 152 ᠬᠤᠪᠢ ᠰᠠᠨᠠᠯ ᠳᠤᠷᠠᠳᠤᠯᠭ᠎ᠠ ᠶᠢ ᠦᠨᠳᠦᠷ ᠪᠦᠲᠦᠮᠵᠢᠲᠡᠢ ᠭᠦᠢᠴᠡᠳᠬᠡᠵᠦ᠂ ᠭᠦᠢᠴᠡᠳᠬᠡᠨ ᠳᠠᠭᠤᠰᠬᠠᠭᠰᠠᠨ ᠨᠤᠷᠮ᠎ᠠ 100%᠎ ᠳᠤ ᠬᠦᠷᠪᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠶᠠᠪᠤᠴᠠ ᠶᠢ ᠳᠦᠭᠦᠮᠴᠢᠯᠡᠵᠦ᠂ ᠡᠯ᠎ᠡ ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠬᠡᠷᠡᠭ ᠵᠦᠢᠯᠡᠰ ᠢ 63347 ᠬᠤᠪᠢ ᠭᠦᠢᠴᠡᠳᠬᠡᠪᠡ᠃ ᠠᠯᠪᠠᠨ ᠳᠤ ᠬᠡᠷᠡᠭᠯᠡᠬᠦ ᠲᠡᠷᠭᠡ ᠪᠠ ᠠᠯᠪᠠᠨ ᠤ ᠭᠡᠷ ᠤᠨ ᠬᠠᠮᠢᠶᠠᠷᠤᠯᠲᠠ ᠶᠢ ᠳᠦᠷᠢᠮᠵᠢᠭᠦᠯᠵᠦ᠂ ᠠᠯᠪᠠᠨ ᠳᠤ ᠬᠡᠷᠡᠭᠯᠡᠬᠦ ᠲᠡᠷᠭᠡᠨ ᠤ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠶᠢ ᠬᠦᠯᠢᠶᠡᠬᠦ ᠪᠦᠬᠦ ᠶᠠᠪᠤᠴᠠ ᠶᠢ ᠢᠯᠡ ᠪᠣᠯᠭᠠᠭᠰᠠᠨ ᠪᠦᠭᠡᠳ ᠡᠯᠧᠺᠲᠷᠤᠨᠴᠢᠯᠠᠪᠠ᠃ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢ ᠳᠣᠪᠣᠶᠢᠯᠠᠭᠠᠵᠤ᠂ ︽2017 — 2018 ᠣᠨ ᠤ ᠪᠦᠬᠦ ᠤᠯᠤᠰ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠡᠷᠢᠭᠦᠨ ᠤ ᠨᠢᠭᠡᠴᠡ︾᠎ ᠶᠢᠨ ᠢᠷᠠᠭᠤ ᠠᠯᠳᠠᠷ ᠢ ᠬᠦᠷᠲᠡᠪᠡ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠶᠢ ᠪᠠᠷᠢᠮᠲᠠᠯᠠᠨ᠂ ᠬᠠᠥᠯᠢ ᠴᠠᠭᠠᠵᠠ ᠰᠠᠬᠢᠯᠭ᠎ᠠ ᠪᠠᠲᠤ ᠠᠴᠠ ᠵᠦᠷᠢᠴᠡᠭᠰᠡᠨ᠂ ᠡᠰᠡᠷᠭᠦᠴᠡᠯᠳᠦᠨ ᠬᠡᠷᠡᠭ ᠦᠢᠯᠡᠳᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠣᠷᠢᠭᠲᠠᠢ ᠪᠠᠷ ᠡᠭᠦᠷᠭᠡᠯᠡᠳᠡᠭ ᠺᠠᠳ᠋ᠷ ᠤᠨ ᠡᠮᠦᠨ᠎ᠡ ᠠᠴᠠ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠲᠤ ᠬᠠᠷᠢᠭᠤᠴᠠᠨ᠂ ᠦᠷᠭᠡᠨ ᠣᠯᠠᠨ ᠺᠠᠳ᠋ᠷᠴᠤᠳ ᠤᠨ ᠵᠣᠷᠢᠭᠲᠠᠢ ᠪᠠᠷ ᠡᠭᠦᠷᠭᠡᠯᠡᠨ ᠳᠠᠷᠤᠭᠠᠰᠤ ᠪᠠᠨ ᠬᠦᠩᠭᠡᠯᠡᠨ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠪᠠ᠃ ︽ᠣᠪᠣᠷ ᠰᠤᠷᠲᠠᠯ ᠢᠶᠠᠨ ᠬᠤᠪᠢᠷᠠᠭᠤᠯᠤᠨ᠂ ᠬᠡᠪ ᠴᠢᠨᠠᠷ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠡᠭᠦᠷᠭᠡᠯᠡᠬᠦ︾ ᠭᠤᠣᠯ ᠰᠡᠳᠦᠪᠲᠦ ᠬᠦᠮᠦᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠱᠠᠯᠠᠪᠳᠠᠨ ᠪᠠᠶᠢᠴᠠᠭᠠᠬᠤ ᠶᠢ ᠴᠢᠩᠭᠠᠬᠳᠬᠠᠨ᠂ ᠪᠠᠶᠢᠭᠤᠯᠭ᠎ᠠ ᠶᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠺᠠᠳ᠋ᠷᠴᠤᠳ ᠤᠨ ᠣᠪᠣᠷ ᠰᠤᠷᠲᠠᠯ ᠢᠯᠡᠷᠬᠡᠢ ᠰᠠᠶᠢᠵᠢᠷᠠᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠤᠯᠠᠮ ᠴᠢᠨᠠᠭᠰᠢᠳᠠ ᠴᠢᠩᠭᠠᠷᠠᠪᠠ᠃      ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠳᠠᠩᠰᠠ ᠡᠪᠬᠡᠮᠡᠯ ᠲᠡᠦᠬᠡ ᠴᠠᠳᠢᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ᠂ ᠵᠡᠮᠳᠡᠭᠴᠦᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠬᠢᠨᠠᠨ ᠪᠣᠳᠣᠬᠤ᠂ ᠦᠨᠳᠦᠰᠦᠲᠡᠨ ᠱᠠᠰᠢᠨ ᠰᠤᠷᠲᠠᠬᠤᠨ᠂ ᠴᠠᠭ ᠠᠭᠤᠷ᠂ ᠴᠢᠯᠠᠭᠤᠨ ᠲᠣᠰᠣ᠂ ᠲᠠᠮᠠᠬᠢᠨ ᠤ ᠦᠢᠯᠡᠰ᠂ ᠰᠢᠤᠳᠠᠨ ᠶᠠᠪᠤᠳᠠᠯ᠂ ᠳᠠᠭᠠᠳᠬᠠᠯ᠂ ᠴᠢᠮᠡᠭᠡ ᠨᠡᠪᠲᠡᠷᠡᠭᠦᠯᠭᠡ ᠵᠡᠷᠭᠡ ᠡᠯ᠎ᠡ ᠲᠦᠷᠦᠯ ᠤᠨ ᠠᠵᠢᠯ ᠤᠨ ᠰᠢᠨ᠎ᠡ ᠦᠷ᠎ᠡ ᠪᠦᠲᠦᠮᠵᠢ ᠣᠯᠪᠠ᠃      ᠲᠦᠯᠦᠭᠡᠯᠡᠭᠴᠢᠳ ᠡ︕ ᠬᠦᠭᠵᠢᠯᠲᠡ ᠶᠢᠨ ᠵᠠᠮ ᠶᠡᠷᠦ ᠠᠴᠠ ᠰᠠᠷᠠᠭᠤᠯ ᠳᠠᠷᠲᠠᠩ ᠪᠢᠰᠢ ᠶᠤᠮ᠃ ᠥᠩᠭᠡᠷᠡᠭᠰᠡᠨ ᠨᠢᠭᠡ ᠵᠢᠯ ᠤᠨ ᠬᠦᠰᠡᠯᠡᠩ ᠢᠶᠠᠨ ᠬᠦᠭᠡᠭᠡᠴᠡᠯᠳᠦᠬᠦ ᠵᠠᠮ ᠳᠤ ᠣᠯᠣᠭᠰᠠᠨ ᠠᠮᠵᠢᠯᠲᠠ ᠪᠦᠲᠦᠮᠵᠢ ᠪᠠᠨ ᠡᠷᠭᠢᠴᠡᠭᠦᠯᠬᠦ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠥ ᠶᠢᠨ ᠵᠦᠪᠯᠡᠯᠭᠡᠨ ᠬᠦᠴᠦᠲᠡᠢ ᠳᠡᠮᠵᠢᠭᠰᠡᠨ ᠤ ᠰᠠᠶᠢᠨ ᠪᠠᠶᠢᠵᠤ᠂ ᠡᠭᠦᠨ ᠳᠤ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠠᠵᠢᠯᠲᠠᠳ ᠤᠨ ᠰᠢᠷᠭᠠᠭᠤ ᠴᠢᠷᠮᠠᠶᠢᠯᠭ᠎ᠠ ᠪᠠ ᠪᠦᠬᠦ ᠬᠤᠰᠢᠭᠤᠨ ᠤ ᠠᠷᠠᠳ ᠲᠦᠮᠡᠨ ᠤ ᠬᠦᠴᠦᠨ ᠵᠢᠳᠬᠦᠯ ᠢ ᠬᠤᠷᠠᠮᠳᠤᠭᠤᠯᠤᠭᠰᠠᠨ ᠪᠠᠶᠢᠨ᠎ᠠ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠤᠯᠤᠰ ᠲᠦᠷᠥ ᠶᠢᠨ ᠵᠦᠪᠯᠡᠯᠭᠡᠨ ᠤ ᠭᠡᠰᠢᠭᠦᠳ ᠪᠣᠯᠤᠨ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠶᠢᠨ ᠵᠢᠯᠣᠭᠤᠳᠣᠭᠴᠢ ᠪᠠᠶᠢᠯᠳᠤᠭᠴᠢ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠠᠶᠢᠵᠠ ᠨᠦᠬᠦᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠵᠣᠬᠢᠬᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠬᠤ ᠬᠡᠷᠡᠭᠲᠡᠢ ᠶᠤᠮ᠃ ᠡᠳᠡᠭᠡᠷ ᠨᠢ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠳᠠᠩ ᠴᠣᠯᠭᠤᠢ᠂ ᠳᠠᠪᠠᠭᠤᠯᠢᠭ ᠡᠬᠢ ᠪᠠᠶᠠᠯᠢᠭ ᠢ ᠭᠦᠢᠴᠡᠳ ᠪᠠᠳᠠᠷᠠᠭᠤᠯᠵᠤ ᠴᠢᠳᠠᠭ᠎ᠠ ᠦᠭᠡᠢ᠂ ᠴᠢᠬᠤᠯᠠ ᠶᠡᠭᠡ ᠲᠦᠷᠦᠯ ᠵᠦᠢᠯ ᠢ ᠳᠡᠮᠵᠢᠬᠦ ᠬᠦᠴᠦᠯᠡᠴᠡ ᠪᠠᠭᠤᠷᠠᠢ᠂ ᠰᠢᠨ᠎ᠡ ᠬᠠᠭᠤᠴᠢᠨ ᠬᠦᠳᠡᠯᠭᠡᠭᠴᠢ ᠬᠦᠴᠦᠨ ᠤ ᠰᠣᠯᠢᠭᠳᠠᠯ ᠢ ᠲᠦᠷᠭᠡᠳᠬᠡᠬᠦ ᠵᠡᠷᠭᠡ ᠲᠠᠯ᠎ᠠ ᠪᠠᠷ ᠠᠩᠬᠠᠷᠤᠭᠤᠰᠢᠲᠠᠢ ᠪᠠᠶᠢᠨ᠎ᠠ︔ ᠬᠤᠰᠢᠭᠤᠨ ᠤ ᠣᠷᠣᠨ ᠪᠦᠰᠡ ᠶᠢᠨ ᠬᠦᠭᠵᠢᠯᠲᠡ ᠶᠢᠨ ᠣᠷᠣᠨ ᠵᠠᠢ ᠬᠢᠵᠠᠭᠠᠷ ᠲᠠᠢ᠂ ᠠᠮᠢ ᠠᠬᠤᠢ ᠣᠷᠴᠢᠨ ᠲᠣᠭᠤᠷᠢᠨ ᠤ ᠬᠢᠵᠠᠭᠠᠷᠳᠠᠮᠠᠯ ᠴᠢᠨᠠᠷ ᠶᠡᠭᠡ᠂ ᠴᠢᠨᠠᠷᠯᠢᠭ ᠬᠦᠭᠵᠢᠯᠲᠡ ᠶᠢ ᠪᠡᠶᠡᠯᠡᠭᠦᠯᠬᠦ ᠳᠤ ᠨᠡᠩ ᠶᠡᠭᠡ ᠬᠦᠴᠦ ᠬᠦᠳᠡᠯᠮᠦᠷᠢ ᠵᠠᠷᠤᠴᠠᠭᠤᠯᠬᠤ ᠴᠢᠬᠤᠯᠠᠲᠠᠢ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠤᠳᠠᠭᠲᠠᠯ ᠣᠷᠣᠰᠢᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠳᠣᠣᠷ᠎ᠠ ᠪᠠᠶᠢᠵᠤ᠂ ᠶᠡᠭᠡ ᠬᠦᠴᠦ ᠵᠠᠷᠤᠴᠠᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠴᠦᠬᠡᠨ ᠲᠣᠭᠠᠨ ᠤ ᠺᠠᠳ᠋ᠷ ᠤᠨ ᠴᠢᠳᠠᠪᠤᠷᠢ ᠶᠢᠨ ᠬᠢᠷᠢ ᠲᠦᠪᠰᠢᠨ ᠨᠢ ᠰᠢᠨ᠎ᠡ ᠴᠠᠭ ᠦᠶ᠎ᠡ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠵᠣᠬᠢᠴᠠᠯᠳᠤᠬᠤ ᠦᠬᠡᠢ ᠪᠠᠶᠢᠵᠤ᠂ ᠪᠠᠶᠢᠭᠤᠯᠭ᠎ᠠ ᠶᠢᠨ ᠣᠪᠣᠷ ᠰᠤᠷᠲᠠᠯ ᠪᠠ ᠦᠷ᠎ᠡ ᠪᠦᠲᠦᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ ᠰᠢᠢᠳᠪᠦᠷᠢᠯᠡᠨ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠭᠦᠯᠬᠦ ᠦᠭᠡᠢ ᠪᠠᠶᠢᠬᠤ ᠶᠢ ᠬᠢᠴᠢᠶᠡᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ