ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠵᠢᠷᠭᠤᠭ᠎ᠠ︶ | | ᠵᠠᠰᠠᠭ ᠤᠨ ᠤᠷᠳᠤᠨ ᠤ ᠠᠵᠢᠯ ᠤᠨ ᠢᠯᠡᠳᠭᠡᠯ | | — — 2019 ᠣᠨ ᠤ 2 ᠰᠠᠷ᠎ᠠ ᠶᠢᠨ 14 ᠤ ᠡᠳᠦᠷ ᠰᠢᠨ᠎ᠡ ᠪᠠᠷᠭᠤ | ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠭᠤᠷᠪᠠᠳᠤᠭᠠᠷ ᠣᠳᠠᠭᠠᠨ ᠤ ᠬᠤᠷᠠᠯ ᠳᠡᠭᠡᠷ᠎ᠡ | | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ | ᠪᠦᠬᠡᠪᠠᠶᠠᠷ | | | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠣᠯᠣᠨ ᠬᠤᠷᠠᠯ ᠳᠤ | ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃ | ᠨᠢᠬᠡ᠂ 2018 ᠤᠨ ᠤ ᠠᠵᠢᠯ ᠤᠨ ᠡᠷᠬᠢᠴᠡᠬᠦᠯᠤᠯ | 2018 ᠤᠨ ᠳᠤ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠰᠢ ᠶᠢᠨ ᠫᠢᠡᠭ ᠤᠨ ᠰᠢᠨ᠎ᠡ ᠴᠠᠭ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠥᠱᠯᠠᠭᠤᠯᠤᠨ | ᠨᠡᠶᠢᠳᠡᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠥᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ | ᠤᠨ ᠶᠡᠭᠡ ᠬᠤᠷᠠᠯ ᠤᠨ ᠬᠠᠥᠯᠢ ᠴᠠᠭᠠᠵᠠ ᠶᠢᠨ ᠬᠢᠨᠠᠯᠳᠠ ᠪᠠ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ | ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠵᠤ᠂ ᠪᠦᠬᠦ ᠬᠤᠰᠢᠭᠤᠨ ᠤ ᠦᠨᠳᠤᠰᠤᠳᠠᠨ | ᠨᠦᠭᠦᠳ ᠤᠨ ᠠᠷᠠᠳ ᠲᠦᠮᠡᠨ ᠢ ᠪᠦᠯᠬᠦᠮᠳᠠᠬᠦᠯᠤᠨ ᠲᠠᠭᠠᠭᠤᠯᠵᠤ᠂ ᠪᠠᠴᠢᠮ ᠲᠤᠯᠭᠠᠮ᠎ᠠ ᠰᠡᠳᠬᠢᠯᠭᠡ᠂ ᠵᠤᠷᠢᠭᠳᠠᠢ | ᠬᠠᠷᠢᠭᠤᠴᠠᠬᠤ ᠤᠪᠤᠷ ᠪᠠ ᠪᠤᠴᠠᠰᠢ ᠦᠭᠡᠢ ᠡᠷᠡᠰ ᠬᠠᠳᠠᠨ ᠵᠤᠷᠢᠭ ᠢᠶᠠᠷ᠂ ᠴᠢᠨᠠᠷᠯᠢᠭ ᠬᠦᠭᠵᠢᠯᠳᠠ ᠶᠢᠨ ᠱᠠᠭᠠᠷᠳᠠᠯᠭ᠎ᠠ | ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠠᠴᠢᠯᠠᠯᠳᠠ ᠶᠢ ᠠᠬᠢᠭᠤᠯᠬᠤ᠂ | ᠪᠦᠳᠤᠴᠠ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ ᠪᠠ ᠲᠦᠭᠰᠢᠬᠦᠷᠢ ᠶᠢ ᠰᠡᠷᠭᠡᠶᠢᠯᠠᠨ ᠨᠡᠮᠳᠡᠭᠤᠯᠬᠤ | ᠵᠡᠷᠭᠡ ᠡᠯ᠎ᠠ ᠲᠦᠷᠤᠯ ᠤᠨ ᠠᠵᠢᠯ ᠢ ᠨᠢᠭᠡᠳᠤᠯᠳᠡᠢ ᠲᠦᠯᠤᠪᠵᠢᠬᠦᠯᠤᠨ ᠠᠬᠢᠭᠤᠯᠵᠤ᠂ ᠵᠠᠮ ᠨᠡᠭᠡᠭᠡᠨ ᠰᠢᠨ᠎ᠡ ᠶᠢ | ᠡᠭᠦᠳᠴᠤ᠂ ᠡᠷᠡᠮᠡᠭᠡᠶᠢᠯᠠᠨ ᠤᠷᠤᠭᠰᠢᠯᠠᠵᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠠᠴᠠ ᠲᠤᠭᠳᠠᠭᠠᠭᠰᠠᠨ ᠭᠤᠥᠯ | ᠬᠠᠷᠠᠯᠳᠠ ᠡᠬᠦᠷᠭᠡ ᠶᠢ ᠨᠠᠯᠢᠶᠠᠳ ᠰᠠᠶᠢᠨ ᠪᠠᠶᠠᠯᠡᠬᠦᠯᠪᠠ᠃ | ︵ᠨᠢᠭᠡ︶ ᠶᠡᠷᠦᠩᠬᠡᠶᠢᠯᠡᠭᠰᠡᠨ ᠪᠣᠳᠠᠳᠣ ᠬᠦᠴᠦᠨ ᠲᠤᠭᠳᠠᠭᠤᠨ ᠢᠶᠠᠷ ᠨᠡᠮᠡᠭᠳᠡᠪᠠ᠃ ᠬᠦᠭᠵᠢᠯᠳᠠ ᠪᠤᠯ ᠲᠠᠷᠢᠬᠦᠨ | ᠴᠢᠬᠤᠯᠠ ᠡᠬᠦᠷᠭᠡ ᠪᠤᠯᠬᠤ ᠶᠢ ᠢᠮᠠᠭᠳᠠ ᠪᠠᠷᠢᠮᠳᠠᠯᠠᠵᠤ᠂ ᠠᠵᠤ ᠠᠬᠤᠢ ᠶᠢᠨ ᠵᠢᠮ᠎ᠠ ᠶᠤᠰᠤ ᠶᠢ ᠵᠢᠷᠤᠮᠯᠠᠨ᠂ ᠲᠦᠷᠤᠯ | ᠵᠤᠶᠢᠯ ᠤᠨ ᠪᠦᠲᠦᠭᠡᠨ ᠪᠠᠶᠢᠭᠤᠯᠤᠯᠳᠠ ᠶᠢ ᠲᠤᠪᠤᠶᠢᠮ᠎ᠠ ᠠᠳᠬᠤᠵᠤ᠂ ᠠᠵᠤ ᠠᠬᠤᠢ ᠶᠢᠨ ᠬᠦᠢᠴᠡᠳᠭᠡᠯ ᠲᠤᠭ᠎ᠠ | ᠲᠤᠭᠳᠠᠭᠤᠨ ᠢᠶᠠᠷ ᠨᠡᠮᠡᠭᠳᠡᠵᠤ᠂ ᠠᠵᠤ ᠠᠬᠤᠢ ᠶᠢᠨ ᠪᠦᠳᠤᠴᠠ ᠦᠷᠬᠦᠯᠵᠢᠯᠠᠨ ᠰᠢᠯᠢᠳᠡᠭᠵᠢᠪᠠ᠃ 2018 ᠣᠨ ᠳᠤ᠂ | ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 58.2 ᠳ᠋ᠦᠩᠰᠢᠭᠤᠷ ᠲᠦᠬᠦᠷᠢᠭ ᠪᠠᠶᠠᠯᠡᠬᠦᠯᠪᠠ︔ | ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 8.7 ᠳ᠋ᠦᠩᠰᠢᠭᠤᠷ ᠲᠦᠬᠦᠷᠢᠭ ᠪᠠᠶᠠᠯᠡᠬᠦᠯᠪᠠ︔ ᠡᠩ ᠤᠨ | ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 4.4 ᠳ᠋ᠦᠩᠰᠢᠭᠤᠷ ᠲᠦᠬᠦᠷᠢᠭ | ᠪᠠᠶᠠᠯᠡᠬᠦᠯᠪᠠ︔ ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 7.5 | ᠳ᠋ᠦᠩᠰᠢᠭᠤᠷ ᠲᠦᠬᠦᠷᠢᠭ ᠪᠠᠶᠠᠯᠡᠬᠦᠯᠪᠠ︔ ᠬᠤᠳᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠦᠮᠦᠨ ᠳᠣᠮᠳᠠᠴᠢ ᠡᠵᠡᠮᠳᠡᠵᠦ ᠪᠣᠯᠬᠤ ᠣᠷᠣᠯᠭ᠎ᠠ ᠶᠢ 30,694 ᠲᠦᠬᠦᠷᠢᠭ ᠪᠠᠶᠠᠯᠡᠬᠦᠯᠪᠠ︔ ᠮᠠᠯᠵᠢᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠦ ᠪᠣᠯᠬᠤ ᠣᠷᠣᠯᠭ᠎ᠠ ᠶᠢ 21,596 | ᠲᠦᠬᠦᠷᠢᠭ ᠪᠠᠶᠠᠯᠡᠬᠦᠯᠪᠠ᠃ ᠪᠦᠬᠦ ᠵᠢᠯ ᠤᠨ ᠡᠨᠧᠷᠬᠢ ᠶᠢ ᠠᠷᠪᠢᠯᠠᠵᠤ ᠬᠤᠷᠤᠭᠳᠠᠯ ᠢ ᠪᠠᠭᠠᠰᠬᠠᠬᠤ ᠵᠡᠷᠭᠡ ᠬᠢᠵᠠᠭᠠᠷᠳᠠᠮᠠᠯ | ᠴᠢᠨᠠᠷᠳᠠᠢ ᠬᠦᠢᠴᠡᠳᠭᠡᠯ ᠲᠤᠭ᠎ᠠ ᠶᠢᠨ ᠡᠭᠦᠷᠭᠡ ᠶᠢ ᠪᠠᠶᠠᠯᠡᠬᠦᠯᠪᠠ᠃ | ︵ᠬᠤᠶᠠᠷ︶ ︽ᠭᠤᠷᠪᠠᠨ ᠶᠡᠭᠡ ᠪᠠᠬᠢᠯᠠᠯᠳᠠ ᠰᠢᠪᠳᠤᠯᠬᠤ ᠲᠠᠶᠢᠯᠠᠯᠳᠤᠭᠠᠨ︾ ᠠᠩᠬ᠎ᠠ ᠠᠯᠬᠤᠮ ᠤᠨ ᠢᠯᠠᠯᠳᠠ ᠶᠢ | ᠤᠯᠪᠠ᠃ ᠬᠠᠷᠢᠭᠤᠴᠠᠯᠭᠠᠳᠤ ᠤᠬᠠᠮᠰᠠᠷ ᠪᠠ ᠲᠦᠭᠰᠢᠬᠦᠷᠢ ᠶᠢᠨ ᠤᠬᠠᠮᠰᠠᠷ ᠢ ᠴᠢᠩᠭᠠᠳᠬᠠᠵᠤ᠂ ᠬᠦᠨᠳᠤ ᠶᠡᠭᠡ ᠠᠶᠤᠯ | ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠪᠠ ᠪᠤᠬᠢᠷᠳᠤᠯ ᠢ | ᠰᠡᠷᠭᠡᠶᠢᠯᠠᠨ ᠵᠠᠰᠠᠬᠤ ︽ᠭᠤᠷᠪᠠᠨ ᠶᠡᠭᠡ ᠪᠠᠬᠢᠯᠠᠯᠳᠠ ᠰᠢᠪᠳᠤᠯᠬᠤ ᠲᠠᠶᠢᠯᠠᠯᠳᠤᠭᠠᠨ︾ ᠢ ᠪᠦᠬᠦ ᠬᠦᠴᠤᠨ ᠢᠶᠠᠷ | ᠠᠬᠢᠭᠤᠯᠵᠤ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ | ᠨᠠᠶᠢᠳᠠᠪᠤᠷᠢᠵᠢᠭᠤᠯᠪᠠ᠃ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ ᠠᠵᠢᠯ ᠢ ᠪᠠᠳᠤᠳᠠᠢ ᠬᠢᠪᠠ᠃ | ᠦᠭᠴᠡᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠠᠨ ᠨᠠᠮᠳᠠᠭᠤᠯᠬᠤ ᠲᠤᠰᠬᠠᠢ ᠲᠦᠰᠤᠯ ᠢ ᠰᠤᠳᠤᠯᠤᠨ | ᠲᠤᠭᠳᠠᠭᠠᠵᠤ᠂ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠨ᠂ ᠦᠭᠴᠡᠭᠡ ᠶᠢᠨ ᠬᠦᠷᠢᠶ᠎ᠠ ᠬᠡᠪᠴᠢᠶ᠎ᠠ ᠶᠢ ᠴᠢᠩᠭ᠎ᠠ | ᠡᠵᠡᠮᠳᠡᠵᠤ᠂ ᠦᠭᠴᠡᠭᠡ ᠶᠢᠨ ᠬᠤᠷᠢᠭ᠎ᠠ ᠱᠤᠭᠤᠮ ᠢ ᠪᠠᠳᠤ ᠰᠠᠬᠢᠨ᠂ ᠲᠦᠰᠤᠪ ᠤᠨ ᠲᠤᠳᠤᠷᠠᠬᠢ ᠵᠠᠷᠤᠯᠭ᠎ᠠ ᠶᠢ | ᠠᠷᠪᠢᠯᠠᠬᠤ᠂ ᠦᠯᠡᠳᠡᠭᠳᠡᠯ ᠪᠡᠯᠡ ᠮᠦᠡᠭᠬᠦ ᠶᠢ ᠬᠤᠷᠢᠶᠠᠨ ᠠᠪᠬᠤ ᠪᠠ ᠦᠯᠡᠳᠡᠭᠳᠡᠯ ᠡᠬᠢ ᠪᠠᠶᠠᠯᠢᠭ ᠢ ᠳᠠᠬᠢᠨ | ᠠᠮᠢᠯᠠᠭᠤᠯᠬᠤ᠂ ᠰᠤᠯᠠ ᠡᠳ᠋ ᠬᠦᠷᠤᠩᠭᠡ ᠶᠢ ᠰᠢᠢᠳᠪᠤᠷᠢᠯᠡᠬᠦ ᠵᠡᠷᠭᠡ ᠠᠷᠭ᠎ᠠ ᠪᠠᠷᠢᠯ ᠢᠶᠠᠷ ᠲᠡᠮᠵᠢᠨ᠂ ᠵᠠᠰᠠᠭ ᠤᠨ | ᠤᠷᠳᠤᠨ ᠤ ᠴᠢᠨᠠᠷᠳᠠᠢ ᠦᠭᠴᠡᠭᠡ ᠶᠢ 3.94 ᠳ᠋ᠦᠡᠭᠰᠢᠭᠤᠷ ᠲᠦᠬᠦᠷᠢᠭ ᠠᠷᠢᠯᠭᠠᠵᠤ᠂ ᠪᠦᠬᠦ ᠵᠢᠯ ᠤᠨ ᠡᠬᠦᠷᠭᠡ ᠪᠠᠨ | 1.92 ᠵᠠᠭᠤᠨ ᠤ ᠬᠤᠪᠢ ᠶᠢᠨ ᠴᠡᠭ ᠢᠶᠠᠷ ᠲᠠᠪᠠᠭᠤᠯᠤᠨ ᠪᠠᠶᠠᠯᠡᠬᠦᠯᠪᠠ᠃ ᠮᠦᠡᠭᠬᠦᠨ ᠬᠦᠢᠯᠭᠡᠭᠡᠨ ᠤ ᠠᠶᠤᠯ | ᠲᠦᠭᠰᠢᠬᠦᠷᠢ ᠶᠢ ᠰᠡᠷᠭᠡᠶᠢᠯᠠᠨ ᠡᠵᠡᠮᠳᠡᠬᠦ ᠶᠢ ᠴᠢᠩᠭᠠᠳᠬᠠᠵᠤ᠂ ᠮᠦᠡᠭᠬᠦᠨ ᠬᠦᠢᠯᠭᠡᠭᠡᠨ ᠤ ᠠᠶᠤᠯ ᠲᠦᠭᠰᠢᠬᠦᠷᠢ ᠶᠢᠨ | ᠬᠤᠷᠢᠭ᠎ᠠ ᠱᠤᠭᠤᠮ ᠢ ᠪᠠᠳᠤ ᠰᠠᠬᠢᠵᠤ᠂ ᠠᠷᠠᠳ ᠤᠨ ᠲᠤᠮᠳᠡᠬᠢ ᠵᠢᠭᠡᠯᠡᠯᠭᠡ ᠶᠢᠨ ᠦᠢᠯᠡ ᠠᠵᠢᠯᠯᠠᠭ᠎ᠠ ᠶᠢ | ᠲᠦᠷᠢᠮᠵᠢᠬᠦᠯᠤᠨ᠂ ᠠᠷᠠᠳ ᠤᠨ ᠲᠤᠮᠳᠡᠬᠢ ᠵᠢᠭᠡᠯᠡᠯᠭᠡ ᠶᠢ ᠡᠶᠡᠳᠡᠬᠦᠯᠤᠨ ᠰᠢᠢᠳᠪᠤᠷᠢᠯᠡᠬᠦ ᠲᠦᠪ ᠢ ᠪᠠᠶᠢᠭᠤᠯᠵᠤ᠂ 264 | ᠡᠷᠤᠭᠡ᠂ 360 ᠬᠤᠪᠢ ᠵᠢᠭᠡᠯᠡᠯᠭᠡ᠂ 4,066 ᠲᠦᠮᠡᠨ ᠲᠦᠬᠦᠷᠢᠭ ᠤᠨ ᠠᠷᠠᠳ ᠤᠨ ᠲᠤᠮᠳᠡᠬᠢ ᠦᠨᠳᠤᠷ ᠬᠦᠥ ᠲᠠᠢ | ᠵᠢᠭᠡᠯᠡᠯᠭᠡ ᠶᠢ ᠠᠷᠢᠯᠭᠠᠵᠤ᠂ ᠪᠦᠬᠦ ᠤᠷᠤᠨ ᠳᠤ ᠬᠠᠮᠤᠭ ᠠᠩᠬ᠎ᠠ ᠮᠠᠯᠵᠢᠬᠤ ᠤᠷᠤᠨ ᠤ ᠦᠨᠳᠤᠷ ᠬᠦᠥ ᠲᠠᠢ ᠵᠢᠭᠡᠯᠡᠯᠭᠡ | ᠶᠢᠨ ᠦᠯᠡᠳᠡᠭᠳᠡᠯ ᠦᠭᠴᠡᠭᠡ ᠶᠢ ᠠᠷᠢᠯᠭᠠᠬᠤ ᠡᠬᠦᠷᠭᠡ ᠶᠢ ᠠᠮᠵᠢᠯᠳᠠᠳᠠᠢ ᠪᠠᠶᠠᠯᠡᠬᠦᠯᠦᠭᠰᠡᠨ ᠲᠤᠷᠰᠢᠯᠳᠠ ᠶᠢᠨ ᠴᠡᠭ ᠤᠨ | ᠬᠤᠰᠢᠭᠤ ᠪᠤᠯᠪᠠ᠃ ᠤᠯᠠᠨ ᠲᠦᠮᠡᠨ ᠢ ᠬᠦᠳᠤᠯᠤᠨ ᠵᠢᠯᠤᠭᠤᠳᠴᠤ᠂ ᠵᠤᠭᠤᠰ ᠮᠦᠡᠭᠬᠦ ᠶᠢᠨ ᠬᠡᠷᠡᠭᠯᠡᠭᠡᠨ ᠤ ᠤᠬᠠᠮᠰᠠᠷ ᠢ | ᠨᠡᠮᠡᠭᠳᠡᠬᠦᠯᠤᠨ᠂ ᠠᠷᠠᠳ ᠤᠯᠠᠨ ᠤ ᠬᠠᠥᠯᠢ ᠶᠤᠰᠤᠨ ᠤ ᠡᠷᠭᠡ ᠠᠰᠢᠭ ᠢ ᠪᠦᠳᠤᠮᠵᠢᠳᠠᠢ ᠬᠠᠮᠠᠭᠠᠯᠠᠪᠠ᠃ ᠬᠠᠥᠯᠢ ᠪᠤᠰᠤ | ᠪᠠᠷ ᠪᠡᠯᠡ ᠬᠤᠷᠠᠮᠳᠤᠭᠤᠯᠬᠤ᠂ ᠡᠪᠰᠡᠯ ᠪᠦᠯᠦᠭ ᠤᠨ ᠮᠡᠭᠡᠯᠡᠯ ᠬᠢᠬᠦ᠂ ᠦᠷᠢ ᠦᠭᠴᠡᠭᠡ ᠨᠡᠭᠡᠬᠦ᠂ ᠬᠠᠥᠯᠢ ᠪᠤᠰᠤ ᠪᠠᠷ | ᠬᠤᠷᠢᠬᠤ ᠵᠡᠷᠭᠡ ᠬᠠᠥᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠮᠦᠡᠭᠬᠦᠨ | ᠬᠦᠢᠯᠭᠡᠭᠡᠨ ᠤ ᠠᠶᠤᠯ ᠲᠦᠭᠰᠢᠬᠦᠷᠢ ᠶᠢ ᠪᠦᠳᠤᠮᠵᠢᠳᠠᠢ ᠠᠷᠢᠯᠭᠠᠪᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ | ᠰᠢᠪᠳᠤᠯᠬᠤ ᠳᠤ ᠨᠠᠷᠢᠯᠢᠭ ᠤᠨᠤᠪᠴᠢᠳᠠᠢ ᠪᠠᠷ ᠬᠦᠴᠤᠯᠡᠪᠠ᠃ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ | ᠪᠠᠳᠤᠯᠠᠬᠤ︾ ᠪᠠᠷᠢᠮᠵᠢᠶ᠎ᠠ ᠶᠢᠨ ᠲᠤᠭᠤᠷᠢᠨ ᠳᠤ᠂ ︽ᠲᠠᠪᠤ ᠶᠢ ᠪᠠᠷᠢᠮᠳᠠᠯᠠᠬᠤ᠂ ᠲᠠᠪᠤᠨ ᠨᠢᠭᠡ ᠪᠦᠯᠦᠭ᠂ ᠵᠢᠷᠭᠤᠭᠠᠨ | ᠨᠠᠷᠢᠯᠢᠭ ᠤᠨᠤᠪᠴᠢᠳᠠᠢ︾ ᠦᠨᠳᠤᠰᠤᠨ ᠴᠢᠭᠯᠡᠯᠳᠠ ᠶᠢ ᠪᠦᠬᠦ ᠲᠠᠯ᠎ᠠ ᠪᠠᠷ ᠨᠡᠶᠢᠳᠡᠪᠤᠷᠢᠵᠢᠭᠤᠯᠵᠤ᠂ ᠶᠠᠳᠠᠭᠤ ᠠᠴᠠ | ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠵᠢᠯᠤᠭᠤᠳᠬᠤ ᠭᠠᠵᠠᠷ ᠢ ᠪᠠᠶᠢᠭᠤᠯᠵᠤ᠂ ᠰᠤᠷᠳᠠᠯ ᠤᠬᠠᠭᠤᠯᠭ᠎ᠠ ᠶᠢ | ᠴᠢᠩᠭᠠᠳᠬᠠᠨ᠂ ᠪᠦᠬᠦᠨ ᠢ ᠬᠠᠮᠤᠷᠴᠤ᠂ ︽ᠨᠠᠷᠢᠯᠢᠭ ᠤᠨᠤᠪᠴᠢᠳᠠᠢ︾ ᠪᠠᠷ ᠲᠡᠳᠬᠦᠨ ᠲᠡᠮᠵᠢᠪᠠ᠃ 1,208 ᠲᠦᠮᠡᠨ | ᠲᠦᠬᠦᠷᠢᠭ ᠤᠨ ᠪᠡᠯᠠ ᠤᠷᠤᠭᠤᠯᠵᠤ᠂ ᠶᠠᠳᠠᠭᠤ ᠶᠢ ᠲᠡᠳᠬᠦᠬᠦ ᠬᠡᠪᠴᠢᠶᠡᠨ ᠳᠠᠬᠢ 6 ᠭᠤᠥᠯᠳᠠᠯᠭ᠎ᠠ ᠲᠠᠢ ᠲᠦᠷᠤᠯ | ᠵᠤᠶᠢᠯ ᠢ ᠬᠡᠷᠡᠭᠵᠢᠬᠦᠯᠪᠠ᠃ ᠶᠠᠳᠠᠭᠤ ᠶᠢ ᠲᠡᠳᠬᠦᠬᠦ ᠲᠦᠷᠤᠯ ᠵᠤᠶᠢᠯ ᠤᠨ ᠬᠦᠮᠤᠷᠭᠡ ᠪᠠᠶᠢᠭᠤᠯᠵᠤ᠂ ᠨᠠᠷᠢᠯᠢᠭ | ᠤᠨᠤᠪᠴᠢᠳᠠᠢ ᠪᠠᠷ ᠶᠠᠳᠠᠭᠤ ᠶᠢ ᠲᠡᠳᠬᠦᠬᠦ 200 ᠲᠦᠷᠤᠯ ᠵᠤᠶᠢᠯ ᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠪᠠ | ᠃ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠤᠨ ᠪᠠᠳᠤᠯᠠᠭ᠎ᠠ ᠪᠠᠷ ᠪᠦᠬᠦᠨ ᠢ ᠶᠠᠳᠠᠭᠤ ᠠᠴᠠ | ᠠᠩᠬᠢᠵᠢᠷᠠᠭᠤᠯᠬᠤ ᠲᠦᠷᠤ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠵᠤ᠂ 67 ᠨᠡᠷᠡᠰ ᠲᠡᠩᠰᠠᠯᠠᠵᠤ ᠺᠠᠲᠷᠯᠠᠭᠰᠠᠨ | ᠶᠠᠳᠠᠭᠤ ᠬᠦᠴᠢᠷᠳᠡᠯᠳᠡᠢ ᠰᠤᠷᠤᠭᠴᠢ ᠳᠤ 4.6 ᠲᠦᠮᠡᠨ ᠲᠦᠬᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠦᠡᠭᠬᠦ | ᠲᠠᠷᠬᠠᠭᠠᠵᠤ᠂ 1061 ᠶᠠᠳᠠᠭᠤ ᠬᠦᠴᠢᠷᠳᠡᠯᠳᠡᠢ ᠬᠦᠮᠤᠨ ᠠᠮᠠ ᠳᠤ ᠦᠨ᠎ᠠ ᠲᠦᠯᠤᠪᠤᠷᠢ ᠦᠭᠡᠢ ᠪᠠᠶ᠎ᠠ ᠶᠢᠨ | ᠪᠠᠶᠢᠴᠠᠭᠠᠯᠳᠠ ᠬᠢᠵᠤ᠂ 55.7 ᠲᠦᠮᠡᠨ ᠲᠦᠬᠦᠷᠢᠭ ᠤᠨ ᠪᠡᠯᠡ ᠮᠦᠡᠭᠬᠦ ᠵᠠᠷᠤᠴᠠᠭᠤᠯᠵᠤ᠂ ᠡᠬᠦᠳᠠᠨ ᠡᠮᠨᠡᠯᠭᠡ ᠶᠢᠨ | ᠡᠮᠨᠡᠯᠭᠡ ᠳᠤ ᠰᠠᠭᠤᠵᠤ ᠡᠮᠴᠢᠯᠡᠬᠦᠯᠬᠦ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠰᠠᠭᠤᠷᠢ ᠮᠦᠡᠭᠬᠦ ᠶᠢ ᠪᠠᠶᠢᠭᠤᠯᠪᠠ᠃ | ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠠᠪᠴᠠᠩ ᠢ ᠪᠠᠶᠢᠭᠤᠯᠵᠤ᠂ ᠨᠡᠶᠢᠳᠠ ᠶᠢᠨ ᠦᠮᠴᠢᠯᠡᠯ ᠤᠨ ᠪᠤᠰᠤ | ᠠᠵᠤ ᠠᠬᠤᠶᠢᠯᠠᠯ ᠢ ᠬᠦᠳᠤᠯᠤᠨ ᠵᠢᠯᠤᠭᠤᠳᠴᠤ᠂ ᠶᠠᠳᠠᠭᠤ ᠬᠦᠴᠢᠷᠳᠡᠯᠳᠡᠢ ᠬᠦᠮᠤᠨ ᠠᠮᠠ ᠳᠤ 70 ᠠᠵᠢᠯ ᠤᠨ | ᠪᠠᠶᠢᠷᠢ ᠬᠠᠨᠭ᠍ᠭᠠᠪᠠ᠃ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠂ ᠶᠠᠳᠠᠭᠤ ᠶᠢ ᠲᠡᠳᠬᠦᠬᠦ ᠲᠤᠭ᠎ᠠ | ᠪᠠᠷᠢᠮᠳᠠ ᠶᠢ ᠴᠡᠭᠴᠡᠯᠠᠵᠤ᠂ 26 ᠡᠷᠤᠭᠡ ᠶᠢᠨ 72 ᠬᠦᠮᠤᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ | ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠠᠵᠢᠯ ᠵᠠᠩᠬᠢᠯᠠᠭ᠎ᠠ ᠶᠢᠨ ᠴᠢᠨᠠᠷᠳᠠᠢ ᠰᠢᠪᠳᠤᠯᠤᠯᠳᠠ ᠲᠠᠢ | ᠪᠣᠯᠪᠠ᠃ ᠪᠤᠬᠢᠷᠳᠤᠯ ᠢ ᠰᠡᠷᠭᠡᠶᠢᠯᠠᠨ ᠵᠠᠰᠠᠬᠤ ᠶᠢ ᠦᠷᠬᠦᠯᠵᠢᠯᠠᠨ ᠬᠦᠴᠤᠯᠡᠪᠠ᠃ ︽ᠴᠡᠯᠮᠡᠭ ᠲᠡᠭᠷᠢ᠂ ᠴᠡᠩᠭᠡᠭ ᠤᠰᠤ᠂ | ᠴᠡᠪᠡᠷ ᠬᠦᠷᠤᠰᠤ︾ ᠶᠢ ᠬᠠᠮᠠᠭᠠᠯᠠᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠬᠦᠯᠵᠤ᠂ ᠠᠮᠢ ᠠᠬᠤᠢ ᠤᠷᠴᠢᠨ | ᠲᠤᠭᠤᠷᠢᠨ ᠤ ᠲᠤᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠬᠦ ︽ᠵᠠᠭᠤᠨ ᠡᠳᠤᠷ ᠤᠨ | ᠲᠠᠶᠢᠯᠠᠯᠳᠤᠭᠠᠨ︾ ᠤ ᠠᠵᠢᠯᠯᠠᠭ᠎ᠠ ᠶᠢ ᠦᠷᠨᠢᠬᠦᠯᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠰᠢᠪᠠᠳᠠᠨ ᠪᠠᠶᠢᠴᠠᠭᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠨᠡᠶᠢᠳᠡᠪᠤᠷᠢᠵᠢᠭᠤᠯᠵᠤ᠂ | ᠠᠯᠳ᠋ᠬᠠᠮᠡᠭᠡᠯ ᠪᠠᠯᠭᠠᠰᠤ ᠶᠢᠨ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠤ | ᠵᠠᠰᠠᠨ ᠰᠢᠨᠡᠳᠬᠡᠬᠦ᠂ ᠨᠤᠳᠤᠭ ᠪᠡᠯᠴᠢᠭᠡᠷ ᠢ ᠲᠠᠳᠠᠪᠤᠷᠢᠯᠠᠨ ᠬᠡᠷᠡᠭᠯᠠᠵᠤ ᠪᠠᠶᠢᠭ᠎ᠠ ᠬᠡᠰᠡᠭ ᠲᠦᠷᠤᠯ ᠵᠤᠶᠢᠯ ᠤᠨ ᠭᠠᠷ | ᠬᠦᠢᠴᠡᠳᠭᠡᠯ ᠲᠠᠭᠤᠰᠤᠭ᠎ᠠ ᠦᠭᠡᠢ 2 ᠲᠦᠷᠤᠯ ᠵᠤᠶᠢᠯ ᠢ ᠵᠠᠰᠠᠨ ᠰᠠᠶᠢᠵᠢᠷᠠᠭᠤᠯᠬᠤ ᠵᠢᠯ ᠤᠨ ᠡᠭᠦᠷᠭᠡ ᠶᠢ | ᠲᠤᠭᠳᠠᠭᠰᠠᠨ ᠬᠤᠭᠤᠴᠠᠭᠠᠨ ᠳᠤ ᠪᠠᠶᠠᠯᠡᠬᠦᠯᠪᠠ᠃ 861 ᠲᠦᠮᠡᠨ ᠲᠦᠬᠦᠷᠢᠭ ᠤᠨ ᠪᠡᠯᠡ ᠤᠷᠤᠭᠤᠯᠵᠤ᠂ 4 ᠭᠠᠵᠠᠷ | ᠲᠤ ᠲᠦᠪᠯᠡᠷᠡᠩᠬᠦᠢ ᠬᠡᠯᠪᠡᠷᠢ ᠶᠢᠨ ᠤᠥᠭᠤᠬᠤ ᠤᠰᠤᠨ ᠤ ᠰᠤᠷᠪᠤᠯᠵᠢ ᠶᠢ ᠪᠠᠶᠢᠭᠤᠯᠵᠤ᠂ ᠤᠰᠤᠨ ᠤ ᠰᠤᠷᠪᠤᠯᠵᠢ ᠶᠢᠨ | ᠭᠠᠵᠠᠷ ᠤᠨ ᠬᠠᠮᠠᠭᠠᠯᠠᠯᠳᠠ ᠶᠢᠨ ᠤᠷᠤᠨ ᠢ ᠵᠠᠭᠠᠭ ᠲᠤᠭᠳᠠᠭᠠᠵᠤ ᠪᠢᠳᠡᠬᠦᠮᠵᠢᠯᠡᠬᠦ ᠦᠷ᠎ᠠ ᠪᠦᠳᠤᠭᠡᠯ ᠢ ᠪᠠᠬᠢᠵᠢᠬᠦᠯᠵᠤ᠂ | ᠤᠰᠤᠨ ᠤ ᠴᠢᠨᠠᠷ ᠤᠨ ᠪᠠᠶᠢᠳᠠᠯ ᠢ ᠨᠡᠶᠢᠭᠡᠮ ᠨᠡᠶᠢᠳᠠ ᠳᠤ ᠢᠯᠠ ᠨᠡᠶᠢᠳᠡᠯᠠᠵᠤ᠂ ᠤᠰᠤᠨ ᠤᠮᠳᠠ ᠶᠢᠨ ᠠᠮᠤᠷ | ᠲᠦᠪᠰᠢᠨ ᠤ ᠪᠠᠷᠢᠮᠵᠢᠶ᠎ᠠ ᠳᠤ ᠬᠦᠷᠬᠦ ᠶᠢ ᠪᠠᠳᠤᠯᠠᠪᠠ᠃ 832 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠢᠶᠠᠨ | ᠳ᠋ᠠ᠂ ᠲᠠᠯ᠎ᠠ ᠨᠤᠳᠤᠭ ᠤᠨ ᠠᠶᠠᠯᠠᠯ ᠵᠡᠷᠭᠡ 5 ᠭᠤᠥᠯᠳᠠᠯᠭ᠎ᠠ ᠲᠠᠢ ᠮᠢᠬᠠᠨ ᠤ ᠲᠦᠷᠤᠯ ᠤᠨ ᠡᠳ᠋ᠰᠢᠯᠡᠬᠦᠯᠤᠨ | ᠪᠤᠯᠪᠠᠰᠤᠷᠠᠭᠤᠯᠬᠤ ᠠᠵᠤ ᠠᠬᠤᠶᠢᠯᠠᠯ ᠤᠨ ᠪᠤᠵᠠᠷ ᠤᠰᠤ ᠶᠢ ᠰᠢᠢᠳᠪᠤᠷᠢᠯᠡᠬᠦ ᠲᠤᠨᠤᠭ ᠲᠦᠬᠦᠭᠡᠷᠤᠮᠵᠢ ᠶᠢ ᠵᠠᠰᠠᠨ | ᠰᠢᠨᠡᠳᠬᠡᠵᠦ᠂ ᠪᠦᠬᠦ ᠬᠤᠰᠢᠭᠤᠨ ᠤ ᠪᠤᠵᠠᠷ ᠤᠰᠤ ᠶᠢ ᠰᠢᠢᠳᠪᠤᠷᠢᠯᠡᠬᠦ ᠰᠢᠰᠲ᠋ᠧᠮ ᠳᠤ ᠤᠷᠤᠭᠤᠯᠪᠠ᠃ 330 ᠲᠦᠮᠡᠨ | ᠲᠦᠬᠦᠷᠢᠭ ᠤᠨ ᠪᠡᠯᠡ ᠤᠷᠤᠭᠤᠯᠵᠤ᠂ 22 ᠲᠤᠰᠤ ᠨᠡᠮᠡᠬᠦ ᠦᠷᠳᠡᠭᠡ ᠶᠢᠨ ᠭᠠᠵᠠᠷ ᠲᠤᠥᠷᠠᠬᠢ ᠬᠤᠥᠰ ᠲᠠᠪᠬᠤᠷᠭᠠᠳᠤ | ᠨᠡᠪᠴᠢᠯᠳᠠ ᠶᠢ ᠰᠡᠷᠭᠡᠶᠢᠯᠡᠬᠦ ᠶᠢ ᠵᠠᠰᠠᠨ ᠰᠠᠶᠢᠵᠢᠷᠠᠭᠤᠯᠬᠤ ᠵᠢᠯ ᠤᠨ ᠡᠬᠦᠷᠭᠡ ᠪᠠᠨ ᠪᠠᠶᠠᠯᠡᠬᠦᠯᠪᠠ᠃ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠠᠨ ᠵᠠᠰᠠᠬᠤ ᠲᠦᠯᠤᠪᠯᠡᠭᠡ ᠶᠢ ᠨᠡᠶᠢᠳᠡᠪᠤᠷᠢᠵᠢᠭᠤᠯᠵᠤ᠂ ᠬᠤᠳᠠ ᠪᠠᠯᠭᠠᠰᠤ ᠶᠢᠨ ᠪᠠᠷᠢᠯᠭ᠎ᠠ ᠶᠢᠨ | ᠲᠤᠭᠤᠷᠢᠭ ᠲᠤ ᠦᠨᠳᠤᠷ ᠪᠤᠬᠢᠷᠳᠤᠯ ᠲᠠᠢ ᠰᠢᠳᠠᠭᠠᠯᠭ᠎ᠠ ᠶᠢᠨ ᠮᠠᠲ᠋ᠧᠷᠢᠶᠠᠯ ᠢ ᠰᠢᠳᠠᠭᠠᠬᠤ ᠶᠢ ᠴᠠᠭᠠᠵᠠᠯᠠᠬᠤ ᠲᠤᠭᠤᠷᠢᠭ | ᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠪᠠ᠃ ᠠᠭᠠᠷ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠠᠦ᠋ᠲᠴᠢᠯᠠᠭᠰᠠᠨ ᠦᠷᠳᠡᠭᠡ ᠶᠢ ᠪᠠᠶᠢᠭᠤᠯᠵᠤ᠂ ᠬᠤᠳᠠ ᠶᠢᠨ ᠠᠭᠠᠷ ᠤᠨ ᠴᠡᠪᠡᠷᠴᠠ ᠶᠢᠨ ᠰᠢᠯᠢᠳᠡᠭ ᠡᠳᠤᠷ ᠤᠨ | ᠬᠠᠷᠢᠴᠠᠯ 98% ᠳᠤ ᠬᠦᠷᠪᠠ᠃ ᠬᠦᠷᠤᠰᠤ ᠰᠢᠷᠤᠢ ᠶᠢᠨ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠲᠤᠮᠳᠠᠳᠤ ᠤᠯᠤᠰ ᠤᠨ ᠬᠤᠸᠠᠩ ᠶᠢᠨ ᠪᠦᠯᠦᠭᠯᠠᠯ ᠤᠨ ᠠᠭᠤᠷᠬᠠᠢ ᠶᠢᠨ ᠦᠢᠯᠡᠰ᠂ ᠳ᠋ᠠᠴᠢᠩ ᠤᠨ | ᠴᠢᠯᠠᠭᠤᠨ ᠲᠤᠰᠤ᠂ ᠶᠢᠨ ᠱᠠᠨ ᠠᠭᠤᠷᠬᠠᠢ ᠵᠡᠷᠭᠡ ᠭᠤᠥᠯᠳᠠᠯᠭ᠎ᠠ ᠲᠠᠢ ᠠᠵᠤ ᠠᠬᠤᠶᠢᠯᠠᠯ ᠤᠨ ᠬᠦᠷᠤᠰᠤ ᠰᠢᠷᠤᠢ ᠶᠢᠨ | ᠪᠤᠬᠢᠷᠳᠤᠯ ᠢ ᠰᠡᠷᠭᠡᠶᠢᠯᠠᠨ ᠵᠠᠰᠠᠬᠤ ᠪᠠᠶᠢᠴᠠᠭᠠᠯᠳᠠ ᠶᠢ ᠲᠠᠭᠤᠰᠬᠠᠪᠠ᠃ ᠡᠨᠧᠷᠬᠢ ᠶᠢ ᠠᠷᠪᠢᠯᠠᠵᠤ ᠪᠤᠬᠢᠷᠳᠤᠯ ᠢ | ᠪᠠᠭᠠᠰᠬᠠᠬᠤ ᠬᠦᠴᠤᠯᠡᠴᠡ ᠶᠢ ᠴᠢᠩᠭᠠᠳᠬᠠᠵᠤ᠂ ᠡᠨᠧᠷᠬᠢ ᠶᠢᠨ ᠰᠤᠷᠪᠤᠯᠵᠢ ᠶᠢᠨ ᠠᠰᠢᠭᠯᠠᠯᠳᠠ ᠶᠢᠨ ᠨᠤᠷᠮ᠎ᠠ ᠶᠢ | ᠲᠡᠭᠡᠭᠰᠢᠯᠡᠬᠦᠯᠵᠤ᠂ ᠬᠤᠴᠤᠷᠤᠩᠭᠤᠢ ᠦᠢᠯᠡᠳᠪᠤᠷᠢᠯᠠᠯ ᠤᠨ ᠴᠢᠳᠠᠪᠬᠢ ᠶᠢ ᠰᠢᠯᠢᠵᠤ ᠭᠠᠷᠭᠠᠪᠠ᠃ | ︵ᠭᠤᠷᠪᠠ︶ ᠠᠮᠢ ᠠᠬᠤᠢ ᠶᠢᠨ ᠶᠠᠰᠤ ᠴᠢᠨᠠᠷ ᠦᠨᠳᠤᠰᠤᠨ ᠳᠤ ᠪᠠᠨᠰᠠᠶᠢᠵᠢᠷᠠᠪᠠ᠃ ᠠᠮᠢ ᠠᠬᠤᠢ ᠶᠢᠨ | ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠬᠤᠷᠢᠭ᠎ᠠ | ᠱᠤᠭᠤᠮ ᠢ ᠪᠠᠳᠤ ᠰᠠᠬᠢᠪᠠ᠃ ᠬᠦᠯᠤᠨ ᠨᠠᠭᠤᠷ ᠤᠨ ᠤᠷᠤᠰᠬᠠᠯ ᠤᠨ ᠤᠷᠤᠨ ᠢ ᠵᠠᠰᠠᠬᠤ ᠠᠵᠢᠯ ᠢᠯᠡᠳᠳᠠ ᠦᠷ᠎ᠠ | ᠪᠦᠳᠤᠮᠵᠢ ᠤᠯᠪᠠ᠃ 1.97 ᠳ᠋ᠦᠡᠭᠰᠢᠭᠤᠷ ᠲᠦᠬᠦᠷᠢᠭ ᠤᠨ ᠪᠡᠯᠡ ᠣᠷᠤᠭᠤᠯᠵᠤ᠂ ᠬᠦᠯᠤᠨ ᠨᠠᠭᠤᠷ ᠤᠨ ᠤᠷᠤᠰᠬᠠᠯ | ᠤᠨ ᠤᠷᠤᠨ ᠤ ᠠᠮᠢ ᠠᠬᠤᠢ ᠶᠢ ᠶᠡᠷᠤᠩᠭᠡᠶᠢᠯᠠᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠤᠨ ᠠᠮᠢ | ᠠᠬᠤᠢ ᠶᠢᠨ ᠨᠡᠬᠦᠳᠠᠯ ᠠᠷᠠᠳ ᠢ 228 ᠡᠷᠤᠭᠡ ᠨᠡᠬᠦᠯᠭᠡᠵᠤ᠂ ᠨᠠᠭᠤᠷ ᠢ ᠲᠤᠭᠤᠷᠢᠭᠰᠠᠨ 18 ᠲᠦᠮᠡᠨ ᠮᠤ᠋ | ᠡᠯᠡᠰᠤᠷᠭᠡᠭ ᠭᠠᠵᠠᠷ ᠢ ᠵᠠᠰᠠᠨ᠂ 232 ᠭᠠᠵᠠᠷ ᠲᠤ ᠠᠮᠤᠷ ᠲᠦᠪᠰᠢᠨ ᠤᠰᠤ ᠤᠮᠳᠠ ᠶᠢᠨ ᠢᠨᠵᠧᠨᠧᠷᠢᠩ᠂ ᠪᠤᠵᠠᠷ | ᠤᠰᠤ ᠶᠢ ᠰᠢᠢᠳᠪᠤᠷᠢᠯᠡᠬᠦ ᠦᠢᠯᠡᠳᠪᠤᠷᠢ ᠶᠢ 1᠂ ᠬᠤᠭ ᠨᠣᠪᠰᠢ ᠶᠢ ᠬᠦᠳᠡᠷᠵᠢᠬᠦᠯᠦᠨ ᠰᠢᠳᠠᠭᠠᠬᠤ ᠵᠣᠤᠬ᠎ᠠ ᠶᠢ 9 | ᠪᠠᠶᠢᠭᠤᠯᠬᠤ ᠡᠬᠦᠷᠭᠡ ᠶᠢ ᠪᠠᠶᠠᠯᠡᠬᠦᠯᠪᠠ᠃ ᠬᠦᠯᠤᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠶᠢ | ᠶᠡᠷᠤᠩᠭᠡᠶᠢᠯᠠᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ | ᠲᠦᠯᠤᠪᠵᠢᠬᠦᠯᠵᠤ᠂ 4,300 ᠲᠦᠮᠡᠨ ᠲᠦᠬᠦᠷᠢᠭ ᠤᠨ ᠪᠡᠯᠡ ᠣᠷᠤᠭᠤᠯᠵᠤ᠂ 19 ᠦᠵᠡᠮᠵᠢ ᠶᠢᠨ ᠤᠷᠤᠨ ᠤ | ᠡᠵᠡᠩᠨᠠᠯᠳᠠ ᠶᠢᠨ ᠴᠡᠭ ᠢ ᠨᠤᠷᠠᠭᠠᠬᠤ ᠡᠬᠦᠷᠭᠡ ᠶᠢ ᠤᠷᠢᠳᠴᠢᠯᠠᠨ ᠠᠮᠵᠢᠯᠳᠠᠳᠠᠢ ᠪᠠᠶᠠᠯᠡᠬᠦᠯᠪᠠ᠃ ᠭᠤᠥᠯ ᠨᠠᠭᠤᠷ ᠤᠨ | ᠲᠠᠷᠤᠭ᠎ᠠ ᠶᠢᠨ ᠲᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠡᠯ᠎ᠠ ᠱᠠᠳᠤᠨ ᠤ ᠭᠤᠥᠯ | ᠨᠠᠭᠤᠷ ᠤᠨ ᠲᠠᠷᠤᠭ᠎ᠠ ᠨᠡᠶᠢᠳᠠ 366 ᠤᠳᠠᠭ᠎ᠠ ᠭᠤᠥᠯ ᠨᠠᠭᠤᠷ ᠢ ᠲᠤᠭᠤᠷᠢᠨ ᠪᠠᠶᠢᠴᠠᠭᠠᠪᠠ᠃ ︽ᠬᠤᠶᠠᠷ ᠨᠠᠭᠤᠷ᠂ | ᠬᠤᠶᠠᠷ ᠭᠤᠥᠯ︾ ᠤᠨ ᠡᠷᠬᠢᠨ ᠲᠤᠭᠤᠷᠢᠨ ᠤ ᠲᠠᠯᠠᠪᠠᠢ ᠶᠢᠨ ᠰᠤᠷᠪᠤᠯᠵᠢ ᠶᠢᠨ ᠪᠤᠬᠢᠷᠳᠤᠯ ᠢ ᠵᠠᠰᠠᠬᠤ ᠶᠢ | ᠴᠢᠩᠭᠠᠳᠬᠠᠵᠤ᠂ ᠭᠤᠥᠯ ᠨᠠᠭᠤᠷ ᠵᠢᠴᠢ ᠡᠷᠬᠢᠨ ᠲᠤᠭᠤᠷᠢᠨ ᠤ ᠬᠤᠭ ᠨᠤᠪᠰᠢ ᠶᠢ 4.96 ᠲᠦᠮᠡᠨ ᠲᠤᠨ ᠴᠡᠪᠡᠷᠯᠠᠵᠤ᠂ | ᠬᠦᠯᠤᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠬᠤ | ᠢᠯᠡᠷᠠᠪᠠ᠃ ᠠᠮᠢ ᠠᠬᠤᠢ ᠤᠷᠴᠢᠨ ᠲᠤᠭᠤᠷᠢᠨ ᠪᠦᠳᠤᠮᠵᠢᠳᠠᠢ ᠰᠠᠶᠢᠵᠢᠷᠠᠪᠠ᠃ 3,229 ᠲᠦᠮᠡᠨ ᠲᠦᠬᠦᠷᠢᠭ ᠤᠨ | ᠪᠡᠯᠡ ᠤᠷᠤᠭᠤᠯᠵᠤ᠂ 35 ᠲᠦᠮᠡᠨ ᠮᠤ᠋ ᠪᠡᠯᠴᠢᠭᠡᠷ ᠲᠤ ᠤᠯᠠᠷᠢᠯ ᠤᠨ ᠴᠢᠨᠠᠷᠳᠠᠢ ᠰᠡᠯᠬᠦᠨ ᠮᠠᠯᠵᠢᠵᠤ᠂ 44 ᠲᠦᠮᠡᠨ | ᠮᠤ᠋ ᠪᠡᠯᠴᠢᠭᠡᠷ ᠲᠤ ᠲᠤᠭᠤᠷᠢᠭ ᠬᠤᠪᠢᠶᠠᠨ ᠡᠭᠡᠯᠵᠢᠯᠠᠨ ᠮᠠᠯᠵᠢᠵᠤ᠂ 20 ᠲᠦᠮᠡᠨ ᠮᠤ᠋ ᠪᠡᠯᠴᠢᠭᠡᠷ ᠢ ᠰᠠᠶᠢᠵᠢᠷᠠᠭᠤᠯᠤᠨ᠂ | 17 ᠲᠦᠮᠡᠨ ᠮᠤ᠋ ᠡᠯᠡᠰᠤᠷᠭᠡᠭ ᠭᠠᠵᠠᠷ ᠢ ᠰᠡᠷᠭᠡᠶᠢᠯᠠᠨ ᠵᠠᠰᠠᠪᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠳᠤᠭ ᠤᠨ | ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠵᠤ᠂ 1.93 | ᠳ᠋ᠦᠩᠰᠢᠭᠤᠷ ᠲᠦᠬᠦᠷᠢᠭ ᠤᠨ ᠱᠠᠩᠨᠠᠯ ᠨᠦᠬᠦᠪᠤᠷᠢ ᠶᠢᠨ ᠮᠦᠡᠭᠬᠦ ᠳᠠᠷᠬᠠᠭᠠᠵᠦ᠂ 3413 ᠲᠦᠮᠡᠨ ᠮᠤ᠋ ᠲᠠᠯᠠᠪᠠᠢ | ᠨᠤᠳᠤᠭ ᠪᠡᠯᠴᠢᠭᠡᠷ ᠲᠤ ᠱᠠᠩᠨᠠᠯ ᠨᠦᠬᠦᠪᠦᠷᠢ ᠬᠦᠷᠲᠡᠭᠡᠵᠦ᠂ 12743 ᠮᠠᠯᠴᠢᠨ ᠠᠰᠢᠭ ᠬᠦᠷᠲᠡᠪᠡ᠃ 233 | ᠲᠦᠮᠡᠨ ᠲᠦᠬᠦᠷᠢᠭ ᠤᠨ ᠪᠡᠯᠡ ᠤᠷᠤᠭᠤᠯᠵᠤ᠂ 2 ᠲᠦᠮᠡᠨ ᠮᠤ᠋ ᠬᠠᠯᠬᠠᠪᠴᠢ ᠤᠢ ᠶᠢ ᠪᠢᠳᠡᠬᠦᠮᠵᠢᠯᠡᠨ ᠤᠶᠢᠵᠢᠭᠤᠯᠵᠤ᠂ | 5 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠲᠠᠷᠢᠵᠤ᠂ ᠭᠤᠣᠯᠳᠠᠯᠭ᠎ᠠ ᠲᠠᠢ ᠣᠷᠣᠨ ᠢ 530 ᠮᠦ | ᠨᠤᠭᠤᠭᠠᠷᠠᠭᠤᠯᠪᠠ᠃ ᠭᠠᠯ ᠢ ᠰᠡᠷᠭᠡᠶᠢᠯᠠᠨ ᠤᠨᠳᠠᠷᠠᠭᠠᠬᠤ ᠰᠢᠰᠲ᠋ᠧᠮ ᠢ ᠪᠦᠷᠢᠨᠰᠢᠬᠦᠯᠵᠤ᠂ 5 ᠤᠳᠠᠭ᠎ᠠ ᠶᠢᠨ ᠬᠢᠯᠢ ᠶᠢᠨ | ᠭᠠᠳᠡᠨᠡᠬᠢ ᠭᠠᠯ ᠢ ᠠᠮᠵᠢᠯᠳᠠᠳᠠᠢ ᠬᠤᠷᠢᠭᠯᠠᠵᠤ᠂ ᠪᠦᠬᠦ ᠵᠢᠯ ᠳᠤ ᠬᠦᠨᠳᠦ ᠶᠡᠭᠡ ᠲᠠᠯ᠎ᠠ ᠨᠤᠳᠤᠭ ᠤᠨ ᠭᠠᠯ ᠤᠨ ᠠᠶᠤᠯ | ᠡᠭᠦᠰᠦᠭᠰᠡᠨ ᠦᠭᠡᠢ᠃ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠳᠤ ᠰᠠᠬᠢᠵᠤ᠂ ︽ᠲᠠᠷᠢᠶᠠᠨ ᠭᠠᠵᠠᠷ ᠢ ᠨᠠᠷᠠ | ᠪᠤᠷᠤᠭᠤᠯᠠᠵᠤ ᠡᠵᠡᠯᠡᠭᠰᠡᠨ ᠬᠠᠥᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠲᠤᠰᠬᠠᠢ ᠲᠦᠷᠤᠯ ᠢᠶᠠᠷ ᠴᠡᠪᠡᠷᠯᠠᠨ | ᠴᠡᠭᠴᠡᠯᠡᠬᠦ ᠠᠵᠢᠯ ᠢ ᠦᠷᠨᠢᠬᠦᠯᠵᠤ᠂ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ 158 ᠤᠳᠠᠭ᠎ᠠ ᠬᠠᠥᠯᠢ ᠬᠡᠷᠡᠭᠵᠢᠬᠦᠯᠬᠦ ᠪᠠᠶᠢᠴᠠᠭᠠᠯᠳᠠ ᠶᠠᠪᠤᠭᠤᠯᠪᠠ᠃ ᠬᠡᠭᠡᠷ᠎ᠠ ᠶᠢᠨ ᠡᠮᠳᠤ | ᠤᠷᠭᠤᠮᠠᠯ ᠢ ᠲᠤᠷ᠎ᠠ ᠪᠠᠷ ᠮᠠᠯᠳᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠠᠥᠯᠢ ᠶᠢ ᠵᠦᠷᠢᠴᠡᠭᠰᠡᠨ 61 | ᠬᠡᠷᠡᠭ ᠢ ᠪᠠᠶᠢᠴᠠᠭᠠᠨ ᠭᠠᠷᠭᠠᠵᠤ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠪᠦᠳᠤᠮᠵᠢᠳᠠᠢ | ᠬᠠᠮᠠᠭᠠᠯᠠᠪᠠ᠃ | ︵ᠲᠦᠷᠪᠡ︶ ᠠᠵᠤ ᠦᠢᠯᠡᠰ ᠤᠨ ᠬᠦᠭᠵᠢᠯᠳᠠ ᠶᠢᠨ ᠬᠦᠳᠡᠯᠭᠡᠭᠴᠢ ᠬᠦᠴᠤᠨ ᠪᠠᠬᠢᠵᠢᠪᠠ᠃ ᠠᠵᠤ ᠦᠢᠯᠡᠰ ᠤᠨ | ᠪᠦᠳᠤᠴᠠ ᠶᠢ ᠰᠢᠯᠢᠳᠡᠭᠵᠢᠬᠦᠯᠬᠦ ᠶᠢ ᠪᠠᠷᠢᠮᠳᠠᠯᠠᠨ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠨ | ᠠᠬᠢᠭᠤᠯᠪᠠ᠃ ᠤᠳᠤᠬᠢᠴᠢᠯᠠᠭᠰᠠᠨ ᠮᠠᠯ ᠠᠵᠤ ᠠᠬᠤᠢ ᠶᠢᠨ ᠬᠤᠷᠳᠤᠴᠠ ᠶᠢ ᠲᠡᠭᠡᠭᠰᠢᠯᠡᠬᠦᠯᠵᠤ ᠦᠷ᠎ᠠ ᠠᠰᠢᠭ ᠢ | ᠨᠡᠮᠡᠭᠳᠡᠬᠦᠯᠪᠠ᠃ ᠮᠠᠯᠵᠢᠬᠤ ᠤᠷᠤᠨ ᠤ ᠲᠠᠯ᠎ᠠ ᠨᠤᠳᠤᠭ ᠤᠨ ᠮᠠᠯᠵᠢᠬᠤ ᠦᠢᠯᠡᠰ ᠤᠨ ᠬᠦᠭᠵᠢᠯᠳᠠ ᠶᠢᠨ ᠠᠷᠭ᠎ᠠ ᠵᠠᠮ | ᠪᠠ ᠠᠵᠤ ᠦᠢᠯᠡᠰ ᠤᠨ ᠤᠳᠤᠬᠢᠴᠢᠯᠠᠭᠰᠠᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠬᠢᠭᠤᠯᠵᠤ᠂ | ᠦᠢᠯᠡᠳᠪᠤᠷᠢᠯᠠᠯ᠂ ᠠᠮᠢᠳᠤᠷᠠᠯ᠂ ᠠᠮᠢ ᠠᠬᠤᠢ ᠪᠠ ᠰᠤᠶᠤᠯ ᠤᠨ ᠤᠯᠠᠮᠵᠢᠯᠠᠯ ᠤᠨ ᠵᠤᠬᠢᠴᠠᠩᠭᠤᠢ ᠬᠦᠭᠵᠢᠯᠳᠠ ᠶᠢ | ᠠᠬᠢᠭᠤᠯᠪᠠ᠃ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢ ᠴᠢᠩᠭᠠᠳᠬᠠᠵᠤ᠂ 4,003 ᠲᠦᠮᠡᠨ ᠲᠦᠬᠦᠷᠢᠭ | ᠤᠨ ᠪᠡᠯᠡ ᠤᠷᠤᠭᠤᠯᠵᠤ᠂ 643 ᠬᠠᠰᠢᠶ᠎ᠡ ᠰᠠᠷᠠᠪᠴᠢ᠂ 20 ᠳᠡᠵᠢᠬᠡᠯ ᠪᠣᠷᠳᠤᠭ᠎ᠠ ᠬᠠᠳᠠᠭᠠᠯᠠᠬᠤ ᠬᠦᠮᠦᠷᠭᠡ᠂ 140 | ᠮᠠᠰᠢᠨ ᠬᠤᠳᠳᠤᠭ᠂ 19 ᠰᠠᠭᠤᠷᠢ ᠤᠰᠤ ᠬᠠᠳᠠᠭᠠᠯᠠᠬᠤ ᠵᠤᠥᠷᠢ᠂ 3 ᠦᠷ᠎ᠠ ᠶᠢᠨ ᠮᠠᠯ ᠲᠡᠵᠢᠭᠡᠨ ᠦᠷᠠᠵᠢᠬᠦᠯᠬᠦ | ᠲᠠᠯᠠᠪᠠᠢ᠂ ᠰᠠᠭᠠᠯᠢ ᠶᠢᠨ ᠦᠨᠢᠶ᠎ᠠ ᠲᠡᠵᠢᠭᠡᠨ ᠦᠷᠠᠵᠢᠬᠦᠯᠬᠦ ᠰᠠᠭᠤᠷᠢᠨ ᠭᠠᠵᠠᠷ ᠢ 1 ᠪᠠᠶᠢᠭᠤᠯᠵᠤ᠂ ᠲᠦᠬᠦᠮ ᠲᠦᠳᠠ | ᠤᠰᠤ ᠲᠠᠳᠠᠬᠤ ᠲᠦᠬᠦᠭᠡᠷᠤᠮᠵᠢ ᠶᠢ 37 ᠪᠠ ᠰᠠᠯᠬᠢᠨ ᠨᠠᠷᠠᠨ ᠤ ᠡᠨᠧᠷᠬᠢ ᠶᠢ ᠬᠠᠷᠢᠯᠴᠠᠨ ᠨᠦᠬᠦᠪᠦᠷᠢᠯᠡᠨ ᠴᠠᠬᠢᠯᠭᠠᠨ | ᠭᠠᠷᠭᠠᠬᠤ ᠲᠦᠬᠦᠭᠡᠷᠤᠮᠵᠢ ᠶᠢ 392 ᠲᠠᠷᠬᠠᠭᠠᠪᠠ︔ ᠲᠦᠯ ᠮᠠᠯ ᠢ ᠮᠡᠨᠳᠤ ᠪᠤᠶᠢᠵᠢᠭᠤᠯᠬᠤ ᠠᠵᠢᠯ ᠢ ᠠᠮᠵᠢᠯᠳᠠᠳᠠᠢ | ᠪᠠᠶᠠᠯᠡᠬᠦᠯᠤᠨ᠂ 19.1 ᠲᠦᠮᠡᠨ ᠲᠤᠨ ᠪᠤᠷᠳᠤᠭ᠎ᠠ ᠬᠠᠳᠤᠵᠤ ᠬᠠᠳᠠᠭᠠᠯᠠᠨ᠂ ᠮᠠᠯᠵᠢᠯ ᠤᠨ ᠤᠨ ᠤ ᠮᠠᠯ ᠤᠨ ᠲᠤᠭ᠎ᠠ | ᠲᠣᠯᠣᠭᠠᠢ 213 ᠲᠦᠮᠡ ᠶᠢ ᠪᠠᠷᠢᠮᠳᠠᠯᠠᠵᠤ᠂ ᠣᠳᠤ ᠪᠠᠶᠢᠭ᠎ᠠ ᠮᠠᠯ 126 ᠲᠦᠮᠡᠨ ᠲᠤᠯᠤᠭᠠᠢ ᠳᠤ ᠬᠦᠷᠪᠡ᠃ | ᠮᠣᠩᠭᠤᠯ ᠤᠯᠤᠰ ᠠᠴᠠ ᠬᠤᠴᠠ ᠣᠷᠤᠭᠤᠯᠵᠤ᠂ ᠮᠠᠯ ᠤᠨ ᠡᠬᠦᠯᠳᠡᠷ ᠤᠨ ᠪᠦᠳᠤᠴᠠ ᠶᠢ ᠲᠠᠰᠤᠷᠠᠯᠳᠠ ᠦᠭᠡᠢ | ᠰᠠᠶᠢᠵᠢᠷᠠᠭᠤᠯᠪᠠ᠃ ᠰᠤᠯᠠ ᠬᠦᠷᠤᠩᠭᠡ ᠶᠢ ᠳᠠᠬᠢᠨ ᠠᠮᠢᠯᠠᠭᠤᠯᠵᠤ᠂ ︽ᠲᠠᠷᠭᠤᠨ ᠬᠤᠷᠠᠭᠠᠨ ᠤ ᠮᠢᠬ᠎ᠠ︾ ᠶᠢᠨ ᠪᠠᠷᠠᠭᠤᠨ | ᠬᠤᠰᠢᠭᠤᠨ ᠤ ᠬᠤᠨᠢᠨ ᠤ ᠮᠢᠬᠠᠨ ᠤ ᠬᠢᠵᠠᠭᠠᠷᠳᠤ ᠺᠤᠮᠫᠠᠨᠢ ᠶᠢᠨ ᠦᠢᠯᠡᠳᠪᠤᠷᠢᠯᠠᠯ ᠠᠰᠢᠭᠯᠠᠯᠳᠠ ᠳᠤ ᠤᠷᠤᠪᠠ᠃ | ᠠᠮᠢᠳᠠᠨ ᠤ ᠬᠢᠵᠢᠭ ᠤᠨ ᠬᠠᠮᠢᠶᠠᠷᠤᠯᠳᠠ ᠶᠢ ᠴᠢᠩᠭᠠᠳᠬᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠦᠨᠳᠤ | ᠶᠡᠭᠡ ᠬᠢᠵᠢᠭ ᠡᠪᠡᠳᠴᠢᠨ ᠤ ᠬᠠᠯᠳᠠᠪᠤᠷᠢᠯᠠᠨ ᠣᠷᠣᠬᠤ ᠶᠢ ᠴᠢᠩᠭ᠎ᠠ ᠬᠢᠵᠠᠭᠠᠷᠯᠠᠨ ᠬᠤᠷᠢᠭᠯᠠᠪᠠ᠃ ᠨᠤᠳᠤᠭ ᠪᠡᠯᠴᠢᠭᠡᠷ | ᠤᠨ ᠡᠷᠭᠡ ᠶᠢ ᠲᠤᠳᠤᠷᠬᠠᠶᠢᠯᠠᠬᠤ ᠠᠵᠢᠯ ᠢ ᠲᠡᠬᠦᠯᠳᠡᠷᠵᠢᠬᠦᠯᠵᠤ᠂ 3639 ᠲᠡᠪᠳᠡᠷ ᠨᠤᠳᠤᠭ ᠪᠡᠯᠴᠢᠭᠡᠷ ᠢ | ᠲᠠᠭᠠᠭᠠᠴᠢᠯᠠᠨ ᠡᠵᠡᠩᠨᠡᠬᠦ ᠡᠷᠭᠡ ᠶᠢᠨ ᠦᠨᠠᠮᠯᠠᠯ ᠢ ᠲᠠᠷᠬᠠᠭᠠᠪᠠ᠃ ᠨᠤᠳᠤᠭ ᠪᠡᠯᠴᠢᠭᠡᠷ ᠤᠨ ᠵᠢᠭᠤᠷᠠᠯᠳᠤᠭᠠᠨ ᠢ | ᠬᠦᠨᠳᠠᠯᠠᠨ ᠠᠴᠠ ᠲᠠᠰᠤᠯᠬᠤ ᠵᠦᠪᠯᠠᠯ ᠢ ᠪᠠᠶᠢᠭᠤᠯᠵᠤ᠂ ᠲᠡᠥᠭᠡᠨ ᠠᠴᠠ ᠦᠯᠡᠳᠡᠭᠳᠡᠵᠤ ᠢᠷᠡᠭᠰᠡᠨ ᠨᠤᠳᠤᠭ ᠪᠡᠯᠴᠢᠭᠡᠷ | ᠤᠨ ᠡᠷᠭᠡ ᠶᠢᠨ ᠬᠠᠷᠢᠶᠠᠯᠠᠯ ᠳᠤ ᠬᠤᠯᠪᠤᠭᠳᠠᠬᠤ 11 ᠠᠰᠠᠭᠤᠳᠠᠯ ᠢ ᠰᠢᠢᠳᠪᠤᠷᠢᠯᠡᠪᠠ᠃ ᠬᠤᠰᠢᠭᠤᠨ ᠤ ᠬᠤᠶᠢᠳᠤ | ᠬᠡᠰᠡᠭ ᠤᠨ ᠤᠯᠤᠰ ᠤᠨ ᠦᠮᠴᠢᠯᠡᠯᠳᠤ ᠨᠤᠳᠤᠭ ᠪᠡᠯᠴᠢᠭᠡᠷ ᠢ ᠬᠦᠴᠦᠯᠡᠨ ᠴᠡᠭᠴᠡᠯᠠᠵᠤ᠂ ᠬᠠᠮᠠᠭᠠᠯᠠᠯᠳᠠ ᠶᠢᠨ ᠴᠢᠨᠠᠷᠳᠠᠢ | ᠪᠢᠳᠡᠬᠦᠮᠵᠢᠯᠠᠬᠦ ᠢᠨᠵᠧᠨᠧᠷᠢᠩ ᠢ ᠬᠡᠷᠡᠭᠵᠢᠭᠦᠯᠦᠨ᠂ ᠭᠠᠮᠰᠢᠭ ᠢ ᠰᠡᠷᠭᠡᠶᠢᠯᠠᠨ ᠡᠰᠡᠷᠬᠦᠴᠡᠬᠦ ᠳᠤ ᠪᠠᠳᠤ ᠪᠠᠬᠢ ᠰᠠᠭᠤᠷᠢ ᠶᠢ | ᠲᠠᠯᠪᠢᠪᠠ᠃ ︽ᠮᠠᠯ ᠠᠵᠤ ᠠᠬᠤᠢ + ᠰᠤᠶᠤᠯ︾ ᠤᠨ ᠠᠵᠤ ᠦᠢᠯᠡᠰ ᠠᠭᠤᠰᠤᠯᠴᠠᠨ ᠬᠦᠭᠵᠢᠬᠦ ᠶᠢ ᠰᠦᠪᠡᠭᠴᠢᠯᠠᠵᠤ᠂ | ᠠᠩᠬᠠᠳᠤᠭᠠᠷ ᠬᠤᠭᠤᠴᠠᠭᠠᠨ ᠤ ︽ᠪᠦᠬᠦ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠳᠠ ᠶᠢᠨ ᠪᠠᠶᠠᠷ︾ ᠲᠤ | ᠤᠷᠤᠯᠴᠠᠵᠤ᠂ ᠪᠤᠭᠳᠠᠠᠭᠤᠯᠠ ᠶᠢᠨ ᠤᠯᠠᠨ ᠤᠯᠤᠰ ᠤᠨ ᠵᠠᠩ ᠦᠢᠯᠠ ᠶᠢᠨ ᠰᠤᠶᠤᠯ ᠵᠤᠭᠠᠴᠠᠯ ᠤᠨ ᠨᠠᠶᠢᠷ ᠤᠨ | ᠬᠤᠭᠤᠴᠠᠭᠠᠨ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ᠬᠤᠨᠢ ᠰᠢᠯᠭᠠᠷᠠᠭᠤᠯᠬᠤ | ᠤᠷᠤᠯᠳᠤᠭᠠᠨ ᠵᠢᠴᠢ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢ ᠠᠮᠳᠠᠯᠠᠨ ᠲᠠᠨᠢᠯᠴᠠᠭᠤᠯᠬᠤ ᠠᠵᠢᠯᠯᠠᠭ᠎ᠠ ᠶᠢ | ᠠᠮᠵᠢᠯᠳᠠᠳᠠᠢ ᠡᠷᠬᠢᠯᠠᠵᠤ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠲᠦᠷᠤᠯ ᠲᠡᠮᠳᠡᠭ ᠤᠨ ᠦᠷ᠎ᠠ ᠠᠰᠢᠭ | ᠢ ᠪᠦᠳᠤᠮᠵᠢᠳᠠᠢ ᠲᠡᠭᠡᠭᠰᠢᠯᠡᠭᠦᠯᠤᠨ᠂ ᠵᠠᠬ᠎ᠠ ᠲᠡᠯᠭᠡᠭᠦᠷ ᠤᠨ ᠬᠤᠪᠢ ᠶᠢᠨ ᠵᠢᠩ ᠢ ᠤᠯᠠᠮ ᠴᠢᠨᠠᠭᠰᠢᠳᠠ ᠦᠷᠭᠡᠳᠭᠡᠵᠤ᠂ | ᠪᠦᠳᠤᠭᠡᠭᠳᠡᠬᠦᠨ ᠤ ᠦᠨ᠎ᠠ ᠬᠠᠨᠭ᠍ᠰᠢ ᠲᠠᠰᠤᠷᠠᠯᠳᠠ ᠦᠭᠡᠢ ᠨᠡᠮᠡᠭᠳᠡᠵᠤ᠂ ᠮᠠᠯᠴᠢᠳ ᠤᠨ ᠤᠷᠤᠯᠭ᠎ᠠ ᠶᠡᠬᠡᠪᠡᠷ ᠨᠡᠮᠡᠭᠳᠡᠪᠡ᠃ | ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ ᠬᠡᠮᠵᠢᠶ᠎ᠠ ᠶᠢ ᠦᠷᠭᠡᠳᠭᠡᠪᠠ᠃ | ᠦᠡᠭᠭᠡᠳᠤ ᠲᠡᠮᠦᠷᠯᠢᠭ᠂ ᠴᠢᠯᠠᠭᠤᠨ ᠲᠤᠰᠤ᠂ ᠨᠡᠬᠦᠷᠠᠰᠤ ᠵᠡᠷᠭᠡ ᠡᠬᠢ ᠪᠠᠶᠠᠯᠢᠭ ᠤᠨ ᠲᠠᠪᠠᠭᠤᠯᠢᠭ ᠢᠶᠠᠷ ᠲᠦᠰᠢᠭ | ᠪᠤᠯᠭᠠᠨ᠂ ᠤᠳᠤᠬᠢᠴᠢᠯᠠᠭᠰᠠᠨ ᠠᠵᠤ ᠦᠢᠯᠡᠳᠪᠤᠷᠢ ᠶᠢᠨ ᠬᠦᠭᠵᠢᠯᠳᠠ ᠶᠢᠨ ᠠᠬᠢᠴᠠ ᠶᠢ ᠲᠦᠷᠭᠡᠳᠭᠡᠪᠠ᠃ 2.9 | ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠲᠠᠬᠢ | ᠡᠬᠢ ᠪᠠᠶᠠᠯᠢᠭ ᠤᠨ ᠮᠡᠷᠭᠡᠵᠢᠯ ᠢᠶᠠᠨ ᠰᠠᠶᠢᠵᠢᠷᠠᠭᠤᠯᠬᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠣᠰᠣᠳᠣ | ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢᠶᠠᠨ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠳᠣᠰᠣᠨ ᠤ | ᠦᠷᠬᠦᠯᠵᠢᠯᠡᠯ ᠴᠢᠨᠠᠷ ᠲᠠᠢ ᠨᠡᠬᠡᠬᠡᠨ ᠠᠰᠢᠭᠯᠠᠬᠤ ᠵᠡᠷᠭᠡ ᠭᠤᠥᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠤᠯ | ᠵᠤᠶᠢᠯ ᠢ ᠬᠡᠷᠡᠭᠵᠢᠬᠦᠯᠪᠠ᠃ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠵᠤ᠂ ᠳᠤᠮᠳᠠᠳᠤ ᠤᠯᠤᠰ ᠤᠨ ᠬᠤᠸᠠᠩ ᠶᠢᠨ | ᠪᠦᠯᠦᠭᠯᠡᠯ ᠤᠨ ᠳᠣᠣᠷ᠎ᠠ ᠠᠭᠤᠯᠤᠭᠳᠠᠴᠠ ᠲᠠᠢ ᠬᠠᠶᠠᠭᠳᠠᠮᠠᠯ ᠵᠡᠰ ᠤᠨ ᠬᠦᠳᠡᠷ ᠤᠨ ᠤᠷᠴᠢᠨ ᠲᠤᠭᠤᠷᠢᠨ ᠤ | ᠪᠤᠬᠢᠷᠳᠤᠯ ᠢ ᠰᠡᠷᠭᠡᠶᠢᠯᠠᠬᠦ ᠵᠢᠴᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ᠂ ᠴᠣᠤ ᠹᠠᠨ ᠠᠭᠤᠷᠬᠠᠢ ᠶᠢᠨ | ᠦᠢᠯᠡᠰ ᠤᠨ ᠬᠠᠶᠢᠷᠬᠠᠨ ᠤ ᠲᠤᠭᠤᠯᠠᠭ᠎ᠠ ᠴᠠᠶᠢᠷ ᠤᠨ ᠠᠭᠤᠷᠬᠠᠢ ᠶᠢ ᠰᠤᠩᠭᠤᠬᠤ ᠵᠡᠷᠭᠡ ᠭᠤᠣᠯᠳᠠᠯᠭ᠎ᠠ ᠲᠠᠢ ᠲᠦᠷᠦᠯ | ᠵᠦᠢᠯ ᠢ ᠪᠦᠬᠦ ᠬᠦᠴᠤᠨ ᠢᠶᠠᠷ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠰᠢᠨ᠎ᠡ ᠠᠷᠭ᠎ᠠ ᠵᠠᠮ ᠢ | ᠨᠡᠭᠡᠭᠡᠵᠤ᠂ ᠱᠠᠩᠬᠠᠢ ᠶᠢᠨ ᠳ᠋ᠦᠩ ᠹᠠᠩ ᠯᠦᠩ ᠬᠤᠳᠠᠯᠳᠤᠭᠠᠨ ᠤ ᠶᠠᠪᠤᠳᠠᠯ ᠤᠨ ᠺᠤᠮᠫᠠᠨᠢ ᠲᠠᠢ ︽ᠨᠡᠶᠢᠳᠠᠯᠭ᠎ᠠ ᠪᠠᠷ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ᠭᠠᠳᠠᠭᠠᠳᠤ ᠳᠠᠬᠢ | ᠮᠡᠳᠡᠷᠡᠮᠵᠢ ᠶᠢᠨ ᠬᠡᠮᠵᠢᠶ᠎ᠠ ᠪᠠ ᠨᠦᠯᠤᠭᠡᠯᠡᠬᠦ ᠬᠦᠴᠤᠨ ᠢ ᠲᠡᠭᠡᠭᠰᠢᠯᠡᠬᠦᠯᠵᠤ᠂ 60 ᠲᠦᠷᠤᠯ ᠵᠤᠶᠢᠯ ᠢ | ᠲᠦᠯᠤᠪᠵᠢᠬᠦᠯᠤᠨ ᠬᠦᠮᠤᠷᠭᠡᠯᠠᠵᠤ ᠬᠡᠷᠡᠭᠵᠢᠬᠦᠯᠤᠨ᠂ ᠲᠠᠳᠠᠨ ᠤᠷᠤᠭᠤᠯᠤᠭᠰᠠᠨ ᠪᠡᠯᠡ ᠮᠦᠡᠭᠬᠦ ᠨᠡᠶᠢᠳᠠ 1.77 | ᠳ᠋ᠦᠡᠭᠰᠢᠭᠤᠷ ᠲᠦᠬᠦᠷᠢᠭ ᠲᠤ ᠬᠦᠷᠪᠠ᠃ ᠠᠵᠤ ᠦᠢᠯᠡᠳᠪᠤᠷᠢ ᠶᠢᠨ ᠬᠦᠷᠢᠶᠠᠯᠠᠩ ᠤᠨ ︽ᠨᠢᠭᠡ ᠲᠦᠪ᠂ ᠬᠤᠶᠠᠷ | ᠰᠠᠭᠤᠷᠢᠨ ᠭᠠᠵᠠᠷ︾ ᠤᠨ ᠬᠦᠭᠵᠢᠯᠳᠠ ᠶᠢᠨ ᠠᠷᠭ᠎ᠠ ᠮᠠᠶ᠋ᠢᠭ ᠢ ᠲᠡᠭᠦᠯᠳᠡᠷᠵᠢᠬᠦᠯᠵᠤ᠂ ᠬᠦᠷᠢᠶᠠᠯᠠᠩ ᠤᠨ ᠬᠦᠭᠵᠢᠯᠳᠠ | ᠶᠢᠨ ᠶᠡᠷᠤᠩᠭᠡᠢ ᠲᠦᠯᠤᠪᠵᠢᠬᠦᠯᠭᠡ ᠶᠢ ᠵᠠᠰᠠᠨ ᠨᠠᠶᠢᠷᠠᠭᠤᠯᠵᠤ᠂ ᠰᠢᠩ ᠪᠠᠨᠭ᠌᠂ ᠯᠦᠡᠭ ᠲᠸᠡᠭ᠂ ᠲᠢᠶᠠᠨ ᠺᠠᠨᠭ᠌ ᠵᠡᠷᠭᠡ | ᠲᠡᠬᠢᠨ ᠠᠰᠢᠭᠯᠠᠵᠤ ᠪᠤᠯᠬᠤ ᠡᠨᠧᠷᠬᠢ ᠶᠢᠨ ᠲᠦᠷᠤᠯ ᠵᠤᠶᠢᠯ ᠤᠨ ᠪᠤᠳᠠᠳᠤ ᠴᠢᠨᠠᠷᠳᠠᠢ ᠠᠬᠢᠴᠠ ᠶᠢ ᠲᠦᠷᠭᠡᠳᠭᠡᠪᠠ᠃ | ᠵᠤᠭᠠᠴᠠᠯ ᠠᠷᠠᠯᠵᠢᠶᠠᠨ ᠤ ᠴᠢᠨᠠᠷ ᠢ ᠲᠡᠭᠡᠭᠰᠢᠯᠡᠬᠦᠯᠵᠤ ᠲᠡᠰ ᠲᠡᠪᠰᠢᠬᠦᠯᠪᠠ᠃ ᠪᠦᠬᠦ ᠣᠷᠣᠨ ᠪᠦᠰᠡ ᠶᠢᠨ ᠵᠤᠭᠠᠴᠠᠯ᠂ | ᠲᠦᠷᠪᠡᠨ ᠤᠯᠠᠷᠢᠯ ᠤᠨ ᠵᠤᠭᠠᠴᠠᠯ ᠢᠶᠠᠷ ᠡᠬᠢᠯᠠᠯᠳᠠ ᠶᠢᠨ ᠴᠡᠭ ᠪᠣᠯᠭᠠᠨ᠂ ᠬᠦᠯᠤᠨ ᠪᠤᠶᠢᠷ ᠤᠨ ᠰᠤᠶᠤᠯ ᠠᠮᠢ ᠠᠬᠤᠢ | ᠵᠤᠭᠠᠴᠠᠯ ᠰᠡᠯᠡᠬᠦᠴᠡᠯ ᠰᠤᠪᠢᠯᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠶᠠᠷᠤᠩᠭᠡᠢ ᠬᠠᠷᠠᠯᠳᠠ ᠶᠢᠨ ᠲᠤᠭᠤᠷᠢᠨ | ᠳᠤ᠂ ᠦᠨᠳᠤᠷ ᠡᠬᠢᠯᠠᠯᠳᠠ᠂ ᠦᠨᠳᠤᠷ ᠪᠠᠷᠢᠮᠵᠢᠶ᠎ᠠ ᠪᠠᠷ ᠪᠦᠬᠦ ᠬᠤᠰᠢᠭᠤᠨ ᠤ ᠵᠤᠭᠠᠴᠠᠯ ᠤᠨ ᠬᠦᠭᠵᠢᠯᠳᠠ ᠶᠢᠨ | ᠶᠡᠷᠤᠩᠭᠡᠢ ᠲᠦᠯᠤᠪᠵᠢᠬᠦᠯᠭᠡ ᠶᠢ ᠨᠠᠶᠢᠷᠠᠭᠤᠯᠪᠠ᠃ ︽ᠵᠤᠭᠠᠴᠠᠯ + ᠰᠤᠶᠤᠯ + ᠪᠠᠶ᠎ᠠ ᠶᠢᠨ ᠲᠠᠮᠢᠷ︾ ᠤᠨ ᠬᠦᠭᠵᠢᠯᠳᠠ | ᠶᠢᠨ ᠠᠷᠭ᠎ᠠ ᠮᠠᠶ᠋ᠢᠭ ᠢ ᠰᠦᠪᠡᠭᠴᠢᠯᠠᠵᠤ᠂ ︽ᠪᠣᠭᠳᠠᠠᠭᠤᠯᠠ ᠶᠢᠨ ᠣᠯᠠᠨ ᠤᠯᠤᠰ ᠤᠨ ᠵᠠᠩ ᠦᠢᠯᠡ ᠶᠢᠨ ᠰᠣᠶᠣᠯ | ᠵᠤᠭᠠᠴᠠᠯ ᠤᠨ ᠨᠠᠶᠢᠷ︾᠂ ︽ᠲᠠᠯ᠎ᠠ ᠨᠤᠳᠤᠭ ᠤᠨ ᠠᠶᠠᠯᠭᠤ ᠲᠠᠭᠤᠥ︾᠂ ︽ᠮᠦᠰᠤ ᠴᠠᠰᠤᠨ ᠤ ᠵᠠᠮ︾ ᠬᠡᠭᠡᠷᠠᠯᠠᠨ | ᠤᠷᠤᠯᠳᠤᠬᠤ ᠲᠡᠮᠡᠴᠡᠭᠡᠨ ᠵᠡᠷᠭᠡ ᠰᠢᠷᠢᠰ ᠠᠵᠢᠯᠯᠠᠭ᠎ᠠ ᠶᠢ ᠠᠮᠵᠢᠯᠳᠠᠳᠠᠢ ᠡᠷᠬᠢᠯᠡᠵᠤ᠂ ︽ᠰᠢᠨ᠎ᠡ ᠪᠠᠷᠭᠤ ᠪᠠᠷᠠᠭᠤᠨ | ᠬᠤᠰᠢᠭᠤᠨ ᠳᠤ ᠠᠶᠢᠯᠴᠢᠯᠠᠵᠤ᠂ ᠬᠦᠯᠤᠨ ᠪᠤᠶᠢᠷ ᠤᠨ ᠦᠵᠡᠮᠵᠢ ᠶᠢ ᠰᠤᠨᠢᠷᠬᠠᠬᠤ︾ ᠭᠡᠭᠡᠨᠴᠢᠷ ᠨᠡᠷ᠎ᠠ ᠶᠢᠨ ᠬᠠᠭᠤᠳᠠᠰᠤ | ᠶᠢ ᠡᠭᠦᠳᠪᠠ᠃ ᠵᠤᠭᠠᠴᠠᠯ ᠤᠨ ᠨᠡᠷ᠎ᠠ ᠠᠯᠳᠠᠷᠰᠢᠯ ᠤᠨ ᠬᠡᠮᠵᠢᠶ᠎ᠠ ᠶᠢ ᠲᠡᠭᠡᠭᠰᠢᠯᠡᠬᠦᠯᠵᠤ᠂ ︽ᠬᠦᠯᠤᠨ ᠪᠤᠶᠢᠷ ᠬᠤᠳᠠ ᠶᠢᠨ | 2018 ᠤᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠵᠤᠭᠠᠴᠠᠯ ᠤᠨ ᠪᠦᠳᠤᠭᠡᠭᠳᠡᠬᠦᠨ ᠢ ᠲᠠᠨᠢᠯᠴᠠᠭᠤᠯᠬᠤ | ᠬᠤᠷᠠᠯ︾ ᠢ ᠡᠷᠬᠢᠯᠡᠵᠤ᠂ ︽ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠵᠤᠭᠠᠴᠠᠯ ︵ᠪᠡᠭᠡᠵᠢᠩ︶ ᠤᠨ | ᠲᠠᠨᠢᠯᠴᠠᠭᠤᠯᠭ᠎ᠠ ᠶᠢᠨ ᠬᠤᠷᠠᠯ︾ ᠳᠤ ᠤᠷᠤᠯᠴᠠᠪᠠ᠃ ᠤᠯᠠᠮᠵᠢᠯᠠᠯᠳᠤ ᠵᠤᠭᠠᠴᠠᠯ ᠤᠨ ᠡᠯᠧᠮᠧᠨ᠋ᠲ ᠤᠨ ᠡᠮᠵᠡᠭ ᠲᠠᠯ᠎ᠠ | ᠶᠢ ᠰᠢᠪᠳᠤᠯᠵᠤ᠂ ︽ᠯᠧ ᠯᠢᠩ ᠨᠤᠲᠤᠭ ᠵᠤᠰᠠᠯᠠᠩ︾ — ᠲᠠᠯ᠎ᠠ ᠨᠤᠳᠤᠭ ᠤᠨ ᠬᠦᠨ ᠢᠶᠠᠷ ᠠᠶᠠᠯᠠᠬᠤ ᠲᠡᠭᠡᠳᠤ | ᠲᠡᠰ ᠤᠨ ᠲᠦᠷᠤᠯ ᠵᠤᠶᠢᠯ ᠢ ᠡᠬᠦᠳᠴᠤ᠂ ︽ᠠᠯᠳᠠᠨ ᠤᠷᠤᠭ ᠤᠨ ᠰᠢᠵᠢᠮ ᠢ ᠵᠠᠩᠭᠢᠳᠤᠭᠰᠠᠨ ᠲᠠᠯ᠎ᠠ ᠨᠤᠳᠤᠭ︾ | ᠭᠡᠬᠦ ᠵᠠᠩ ᠦᠢᠯᠠ ᠶᠢᠨ ᠰᠤᠶᠤᠯ ᠤᠨ ᠠᠵᠤ ᠦᠢᠯᠡᠰ ᠤᠨ ᠬᠦᠷᠢᠶᠠᠯᠡᠩ ᠤᠨ ᠪᠦᠳᠤᠭᠡᠨ ᠪᠠᠶᠢᠭᠤᠯᠤᠯᠳᠠ ᠶᠢᠨ | ᠲᠦᠷᠤᠯ ᠵᠤᠶᠢᠯ ᠢ ᠬᠡᠷᠡᠭᠵᠢᠬᠦᠯᠪᠠ᠃ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠢ | 55 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠠᠳᠠᠯᠢ ᠬᠤᠭᠤᠴᠠᠭᠠᠨ ᠤ ᠬᠢ ᠠᠴᠠ 3.4% ᠪᠠᠷ | ᠨᠡᠮᠡᠭᠳᠡᠵᠤ᠂ ᠵᠤᠭᠠᠴᠠᠯ ᠤᠨ ᠤᠷᠤᠯᠭ᠎ᠠ ᠶᠢ 4.4 ᠳ᠋ᠦᠡᠭᠰᠢᠭᠤᠷ ᠲᠦᠬᠦᠷᠢᠭ ᠪᠠᠶᠠᠯᠡᠬᠦᠯᠤᠨ᠂ ᠠᠳᠠᠯᠢ ᠬᠤᠭᠤᠴᠠᠭᠠᠨ ᠤ | ᠬᠢ ᠠᠴᠠ 3.5% ᠪᠠᠷ ᠨᠡᠮᠡᠭᠳᠡᠪᠠ᠃ ᠲᠤᠮᠳᠠᠳᠤ ᠤᠷᠤᠰ ᠮᠤᠩᠭᠤᠯ ᠤᠨ ᠬᠠᠮᠳᠤᠷᠠᠯᠴᠠᠭᠠᠨ ᠤ ᠬᠤᠰᠢᠭᠤᠴᠢ ᠤᠷᠤᠨ | ᠤ ᠪᠠᠶᠢᠭᠤᠯᠤᠯᠳᠠ ᠳᠤ ᠢᠳᠡᠪᠬᠢᠳᠠᠢ ᠠᠭᠤᠰᠤᠯᠴᠠᠵᠤ᠂ ᠠᠷᠤᠬᠠᠰᠢᠶᠠᠳᠤ ᠪᠤᠭᠤᠮᠳᠠ ᠶᠢᠨ ᠬᠠᠷᠢᠯᠴᠠᠨ ᠨᠡᠪᠳᠡᠷᠡᠯᠴᠡᠬᠦ | ᠬᠦᠬᠦᠷᠭᠡ ᠬᠤᠯᠪᠤᠭᠠᠰᠤ ᠶᠢᠨ ᠲᠠᠪᠠᠭᠤᠯᠢᠭ ᠢ ᠪᠠᠳᠠᠷᠠᠭᠤᠯᠤᠨ᠂ ᠪᠤᠭᠤᠮᠳᠠ ᠶᠢᠨ ᠵᠢᠯ ᠲᠣᠷᠰᠢᠳᠠ ᠨᠡᠭᠡᠭᠡᠬᠦ ᠠᠬᠢᠴᠠ ᠶᠢ | ᠲᠦᠷᠭᠡᠳᠭᠡᠪᠠ᠃ ᠨᠡᠶᠢᠳᠠ 7,900 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠤᠭᠤᠮᠳᠠ ᠪᠠᠷ ᠨᠡᠪᠲᠡᠷᠡᠬᠦ | ᠵᠤᠭᠠᠴᠠᠭᠰᠠᠳ ᠢ ᠪᠠᠶᠢᠴᠠᠭᠠᠬᠤ ᠲᠤᠮᠤ ᠠᠰᠠᠷ᠂ ᠪᠠᠷᠠᠭ᠎ᠠ ᠪᠠᠶᠢᠴᠠᠭᠠᠬᠤ ᠲᠤᠮᠤ ᠠᠰᠠᠷ᠂ ᠪᠤᠭᠤᠮᠳᠠ ᠨᠡᠪᠳᠡᠷᠡᠬᠦ ᠶᠢ | ᠰᠢᠯᠭᠠᠨ ᠪᠠᠶᠢᠴᠠᠭᠠᠬᠤ ᠲᠤᠭᠤᠷᠢᠭ ᠤᠨ ᠪᠠᠷᠠᠭᠠᠨ ᠤ ᠲᠠᠯᠠᠪᠠᠢ ᠶᠢᠨ ᠬᠠᠳᠠᠷᠠᠭᠤᠯᠤᠯᠳᠠ᠂ ᠰᠢᠯᠭᠠᠨ ᠪᠠᠶᠢᠴᠠᠭᠠᠬᠤ | ᠲᠠᠰᠤᠭ᠂ ᠢᠯᠴᠢ ᠬᠠᠨᠭ᠍ᠭᠠᠬᠤ ᠢᠨᠵᠧᠨᠧᠷᠢᠩ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠪᠠᠶᠠᠯᠡᠬᠦᠯᠵᠤ᠂ | ᠪᠤᠭᠤᠮᠳᠠ ᠪᠠᠷ ᠤᠷᠤᠵᠤ ᠭᠠᠷᠬᠤ ᠶᠢ ᠰᠠᠯᠭᠠᠨ ᠪᠠᠶᠢᠴᠠᠭᠠᠬᠤ᠂ ᠬᠦᠮᠤᠨ ᠪᠠ ᠪᠠᠷᠠᠭ᠎ᠠ ᠶᠢ ᠰᠠᠯᠭᠠᠨ ᠪᠠᠶᠢᠴᠠᠭᠠᠬᠤ᠂ | ᠬᠦᠮᠤᠨ ᠪᠠ ᠲᠡᠷᠭᠡ ᠶᠢ ᠰᠠᠯᠭᠠᠨ ᠪᠠᠶᠢᠴᠠᠭᠠᠬᠤ᠂ ᠪᠤᠭᠤᠮᠳᠠ ᠨᠡᠪᠳᠡᠷᠡᠬᠦ ᠴᠢᠳᠠᠪᠤᠷᠢ ︽ᠴᠢᠨᠠᠷ︾ ᠤᠨ ᠦᠰᠦᠷᠤᠯᠳᠠ ᠶᠢ | ᠪᠠᠶᠠᠯᠡᠬᠦᠯᠪᠠ᠃ ᠬᠢᠯᠢ ᠶᠢᠨ ᠠᠷᠠᠳ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠦᠯᠤᠭᠡᠯᠡᠬᠦ ᠴᠢᠨᠠᠷᠳᠠᠢ | ᠲᠤᠭᠤᠷᠢᠭ ᠢ ᠪᠠᠶᠢᠭᠤᠯᠵᠤ᠂ ᠬᠦᠯᠤᠨ ᠪᠤᠶᠢᠷ ᠤᠨ ᠵᠤᠭᠠᠴᠠᠯ ᠤᠨ ᠪᠦᠯᠦᠭᠯᠠᠯ ᠲᠠᠢ ᠬᠠᠮᠳᠤᠷᠠᠵᠤ᠂ ᠵᠠᠬ᠎ᠠ ᠶᠢᠨ | ᠠᠷᠠᠯᠵᠢᠶᠠᠨ ᠤ ᠲᠤᠭᠤᠷᠢᠭ ᠢ ᠪᠠᠶᠢᠭᠤᠯᠪᠠ᠃ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠠᠵᠤ ᠠᠬᠤᠶᠢᠯᠠᠯ ᠢ | ᠵᠤᠬᠢᠶᠠᠨ ᠪᠠᠶᠢᠭᠤᠯᠤᠨ ︽2018 ᠤᠯᠠᠭᠠᠨᠪᠠᠭᠠᠳᠤᠷ· ᠲᠤᠮᠳᠠᠳᠤ ᠤᠯᠤᠰ ᠦᠪᠤᠷ ᠮᠤᠩᠭᠤᠯ ᠤᠨ ᠲᠠᠸᠠᠷ ᠤᠨ ᠲᠡᠯᠭᠡᠨ | ᠦᠵᠡᠬᠦᠯᠤᠯᠭᠡ ᠶᠢᠨ ᠬᠤᠷᠠᠯ︾᠂ ︽ᠠᠷᠪᠠᠨ ᠲᠦᠷᠪᠡᠳᠤᠭᠡᠷ ᠬᠤᠭᠤᠴᠠᠭᠠᠨ ᠤ ᠲᠤᠮᠳᠠᠳᠤ ᠤᠷᠤᠰ ᠮᠤᠩᠭᠤᠯ ᠤᠨ ᠠᠵᠤ | ᠠᠬᠤᠢ ᠠᠷᠠᠯᠵᠢᠶ᠎ᠠ ᠶᠢᠨ ᠵᠦᠪᠳᠡᠯᠴᠡᠭᠡᠷ ᠵᠢᠴᠢ ᠲᠠᠸᠠᠷ ᠤᠨ ᠲᠡᠯᠭᠡᠨ ᠪᠤᠷᠤᠯᠠᠭᠤᠯᠭ᠎ᠠ ᠶᠢᠨ ᠬᠤᠷᠠᠯ︾ ᠵᠡᠷᠭᠡ ᠴᠢᠬᠤᠯᠠ | ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠦᠪᠳᠡᠯᠴᠡᠭᠡᠨ ᠤ ᠬᠤᠷᠠᠯ ᠳᠤ ᠤᠷᠤᠯᠴᠠᠭᠤᠯᠵᠤ᠂ ᠬᠡᠷ᠎ᠠ | ᠲᠤᠭᠳᠠᠭᠰᠠᠨ ᠨᠤᠷᠮ᠎ᠠ 8,600 ᠲᠦᠮᠡᠨ ᠲᠦᠬᠦᠷᠢᠭ ᠲᠤ ᠬᠦᠷᠪᠠ᠃ ᠪᠤᠭᠤᠮᠳᠠ ᠨᠡᠪᠳᠡᠷᠡᠬᠦ ᠲᠤᠭᠳᠠᠴᠠ ᠶᠢ | ᠲᠡᠭᠦᠯᠳᠡᠷᠵᠢᠬᠦᠯᠵᠤ᠂ ᠠᠷᠤᠬᠠᠰᠢᠶᠠᠳᠤ — ᠬᠠᠪᠢᠷᠭ᠎ᠠ᠂ ᠪᠠᠶᠠᠨᠬᠤᠰᠢᠭᠤ — ᠡᠪᠤᠳᠦᠭ ᠪᠤᠭᠤᠮᠳᠠ ᠶᠢᠨ ᠠᠩᠬᠠᠳᠤᠭᠠᠷ | ᠤᠳᠠᠭᠠᠨ ᠤ ᠠᠵᠢᠯ ᠤᠨ ᠵᠦᠪᠳᠡᠯᠴᠡᠭᠡᠨ ᠤ ᠬᠤᠷᠠᠯ ᠢ ᠠᠮᠵᠢᠯᠳᠠᠳᠠᠢ ᠡᠷᠬᠢᠯᠡᠪᠠ᠃ ᠭᠠᠳᠠᠭᠠᠳᠤ ᠠᠴᠠ ᠲᠠᠳᠠᠨ | ᠤᠷᠤᠭᠤᠯᠵᠤ ᠲᠤᠳᠤᠭᠠᠳᠤ ᠲᠠᠢ ᠬᠤᠯᠪᠤᠭᠠᠯᠠᠬᠤ ᠭᠠᠳᠠᠭᠠᠳᠤ ᠠᠷᠠᠯᠵᠢᠶ᠎ᠠ ᠶᠢᠨ ᠰᠢᠪᠳᠤᠯᠤᠯᠳᠠ ᠶᠢᠨ ᠴᠡᠭ ᠢ | ᠡᠷᠢᠯᠬᠢᠯᠠᠵᠤ᠂ ᠬᠤᠰᠢᠭᠤᠨ ᠤ ᠢᠡᠭ ᠯᠢ ᠪᠣᠭᠤᠮᠲᠠ ᠪᠠᠷ ᠤᠷᠤᠭᠤᠯᠵᠤ ᠭᠠᠷᠭᠠᠬᠤ ᠠᠷᠠᠯᠵᠢᠶ᠎ᠠ ᠶᠢᠨ ᠺᠤᠮᠫᠠᠨᠢ ᠮᠤᠩᠭᠤᠯ | ᠤᠯᠤᠰ ᠤᠨ ᠲᠤᠷᠤᠨᠠᠳᠤ ᠠᠶᠢᠮᠠᠭ ᠲᠤ ᠨᠤᠳᠤᠭᠰᠢᠵᠤ᠂ ᠬᠠᠶᠢᠯᠤᠭᠤᠷ ᠵᠤᠩᠰᠢ ᠶᠢᠨ ᠠᠭᠤᠷᠬᠠᠢ ᠶᠢ ᠨᠡᠭᠡᠭᠡᠨ | ᠠᠰᠢᠭᠯᠠᠵᠤ᠂ 1466 ᠲᠤᠨ ᠬᠠᠶᠢᠯᠤᠭᠤᠷ ᠵᠤᠩᠰᠢ ᠶᠢᠨ ᠪᠣᠷᠣ ᠮᠠᠲ᠋ᠧᠷᠢᠶᠠᠯ ᠢ ᠪᠤᠭᠤᠮᠳᠠ ᠪᠠᠷ ᠤᠷᠤᠭᠤᠯᠪᠠ᠃ ᠪᠦᠬᠦ | ᠵᠢᠯ ᠳᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠠ 3.4 ᠲᠦᠮᠡᠨ ᠲᠤᠨ ᠳᠤ ᠬᠦᠷᠴᠤ᠂ | ᠪᠤᠭᠤᠮᠳᠠ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠠᠷᠠᠯᠵᠢᠶ᠎ᠠ ᠪᠦᠳᠦᠭᠰᠡᠨ ᠬᠡᠮᠵᠢᠶ᠎ᠠ 1756 ᠲᠦᠮᠡᠨ ᠳ᠋ᠤᠯᠯᠠᠷ | ᠢ ᠪᠠᠶᠠᠯᠡᠬᠦᠯᠵᠤ᠂ ᠬᠢᠯᠢ ᠪᠠᠷ ᠤᠷᠤᠵᠤ ᠭᠠᠷᠤᠭᠰᠠᠨ ᠵᠠᠮ ᠬᠠᠷᠢᠯᠴᠠᠭᠠᠨ ᠲᠡᠭᠡᠭᠡᠪᠤᠷᠢ ᠶᠢᠨ ᠮᠠᠰᠢᠨ ᠲᠡᠷᠭᠡ 2.2 | ᠲᠦᠮᠡᠨ ᠲᠡᠷᠭᠡ ᠤᠳᠠᠭ᠎ᠠ ᠳᠤ ᠬᠦᠷᠴᠤ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠢ ᠵᠦᠭᠡᠭᠡᠪᠦᠷᠢᠯᠡᠭᠰᠡᠨ | ᠬᠡᠮᠵᠢᠶ᠎ᠠ ᠦᠷᠬᠦᠯᠵᠢᠯᠠᠨ ᠭᠤᠷᠪᠠᠨ ᠵᠢᠯ ᠳᠤ 10 ᠲᠦᠮᠡᠨ ᠬᠦᠮᠤᠨ ᠤᠳᠠᠭ᠎ᠠ ᠶᠢ ᠲᠠᠪᠠᠪᠠ᠃ ᠭᠠᠳᠠᠭᠠᠳᠤ ᠯᠤᠭ᠎ᠠ ᠶᠢᠨ | ᠨᠦᠬᠦᠷᠰᠡᠭ ᠰᠤᠯᠢᠯᠴᠠᠭ᠎ᠠ ᠶᠢ ᠴᠢᠩᠭᠠᠳᠬᠠᠵᠤ᠂ ᠮᠤᠩᠭᠤᠯ ᠤᠯᠤᠰ ᠤᠨ ᠲᠤᠷᠤᠨᠠᠳᠤ ᠠᠶᠢᠮᠠᠭ ᠲᠠᠢ ︽ᠠᠷᠪᠠᠨ | ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠰᠢᠨ᠎ᠡ ᠪᠠᠷᠭᠤ ᠪᠠᠷᠠᠭᠤᠨ ᠬᠤᠰᠢᠭᠤ — ᠮᠤᠩᠭᠤᠯ ᠤᠯᠤᠰ | ᠤᠨ ᠲᠤᠷᠤᠨᠠᠳᠤ ᠠᠶᠢᠮᠠᠭ ᠤᠨ ᠰᠢᠨ᠎ᠡ ᠵᠢᠯ ᠢᠶᠠᠨ ᠤᠭᠳᠤᠬᠤ ᠨᠦᠬᠦᠷᠯᠠᠯ ᠤᠨ ᠦᠳᠡᠰᠢᠯᠡᠭᠡ︾ ᠶᠢ ᠬᠠᠮᠳᠤᠷᠠᠨ | ᠡᠷᠬᠢᠯᠡᠵᠤ᠂ ᠪᠦᠬᠦ ᠵᠢᠯ ᠳᠤ ᠮᠤᠩᠭᠤᠯ ᠤᠯᠤᠰ ᠤᠨ 19 ᠠᠶᠢᠯᠴᠢᠯᠠᠯᠳᠠ ᠶᠢᠨ ᠪᠦᠯᠬᠦᠮ ᠢ 290 ᠬᠦᠮᠤᠨ ᠤᠳᠠᠭ᠎ᠠ | ᠬᠦᠯᠢᠶᠠᠨ ᠵᠤᠴᠢᠯᠠᠪᠠ᠃ ︽ᠳᠡᠯᠡᠬᠡᠢ ᠶᠢᠨ ᠡᠩᠬᠡ ᠲᠠᠶᠢᠪᠤᠩ ᠤᠨ ᠭᠦᠶᠦᠯᠲᠡ︾ ᠤᠯᠠᠨ ᠤᠯᠤᠰ ᠤᠨ ᠭᠠᠯ ᠪᠠᠮᠪᠠᠷ | ᠳᠠᠮᠵᠢᠭᠤᠯᠬᠤ ᠠᠵᠢᠯᠯᠠᠭ᠎ᠠ ᠳᠤ ᠤᠷᠤᠯᠴᠠᠵᠤ᠂ ᠲᠤᠮᠳᠠᠳᠤ ᠤᠯᠤᠰ ᠤᠨ ᠬᠡᠰᠡᠭ ᠲᠠᠬᠢ ᠭᠠᠯ ᠪᠠᠮᠪᠠᠷ ᠲᠠᠮᠵᠢᠭᠤᠯᠬᠤ | ᠡᠬᠦᠷᠭᠡ ᠶᠢ ᠠᠮᠵᠢᠯᠳᠠᠳᠠᠢ ᠪᠠᠶᠠᠯᠡᠬᠦᠯᠪᠠ᠃ |