ᠬᠤᠶᠠᠷ᠂ 2019 ᠣᠨ ᠤ ᠭᠤᠣᠯᠳᠠᠯᠭ᠎ᠠ ᠲᠠᠢ ᠠᠵᠢᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠤᠮ᠃ ᠥᠨᠦ ᠵᠢᠯ | ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠤ ᠦᠵᠡᠯ ᠰᠠᠨᠠᠭ᠎ᠠ ᠪᠠᠨ ᠴᠢᠯᠦᠭᠡᠯᠡᠵᠦ᠂ ᠵᠠᠮ ᠨᠡᠭᠡᠭᠡᠨ ᠤᠷᠤᠭᠰᠢᠯᠠᠬᠤ | ᠪᠠᠬᠢᠯᠡᠯᠲᠡ ᠰᠢᠪᠲᠤᠯᠬᠤ ᠵᠢᠯ ᠶᠤᠮ᠂ ᠨᠡᠩ ᠴᠤ ᠳᠠᠪᠠᠯᠲᠠ ᠶᠢ ᠪᠡᠶᠡᠯᠡᠭᠦᠯᠵᠦ᠂ ᠬᠦᠭᠵᠢᠯ ᠮᠠᠨᠳᠤᠯ ᠢ ᠪᠡᠶᠡᠯᠡᠭᠦᠯᠬᠦ | ᠡᠷᠡᠯᠬᠡᠭᠯᠡᠨ ᠤᠷᠤᠭᠰᠢᠯᠠᠬᠤ ᠵᠢᠯ ᠪᠣᠯᠣᠨ᠎ᠠ᠃ ᠠᠵᠠ ᠳᠣᠬᠢᠶᠠᠯ ᠨᠢ ᠦᠷᠢᠰᠦᠯᠳᠦᠭᠡᠨ ᠠᠴᠠ ᠶᠡᠭᠡ᠂ ᠢᠲᠡᠭᠡᠯ ᠬᠦᠰᠡᠯ ᠨᠢ | ᠬᠦᠴᠢᠷ ᠪᠡᠷᠬᠡᠰᠢᠶᠡᠯ ᠠᠴᠠ ᠶᠡᠭᠡ ᠪᠠᠶᠢᠨ᠎ᠠ᠃ ᠣᠳᠣᠬᠠᠨ ᠳᠤ ᠪᠦᠬᠦ ᠬᠤᠰᠢᠭᠤ ᠳᠠᠶᠠᠭᠠᠷ ᠲᠦᠷᠥ ᠲᠠᠶᠢᠪᠤᠩ ᠲᠦᠪᠰᠢᠨ | ᠠᠮᠤᠭᠤᠯᠠᠩ ᠪᠠᠶᠢᠵᠤ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠨ᠂ | ᠬᠦᠭᠵᠢᠯᠲᠡ ᠶᠢ ᠬᠦᠭᠵᠢᠭᠦᠯᠦᠨ ᠮᠠᠨᠳᠤᠭᠤᠯᠬᠤ ᠢᠲᠡᠭᠡᠯ ᠵᠣᠷᠢᠭ ᠤᠯᠠᠮ ᠪᠠᠲᠤ ᠪᠠᠬᠢ ᠪᠠᠶᠢᠨ᠎ᠠ᠃ ᠬᠦᠭᠵᠢᠯᠲᠡ ᠶᠢ | ᠡᠷᠢᠯᠬᠢᠯᠡᠵᠦ᠂ ᠬᠦᠭᠵᠢᠯ ᠮᠠᠨᠳᠤᠯ ᠢ ᠠᠬᠢᠭᠤᠯᠬᠤ ᠳᠤ ᠴᠠᠭ ᠪᠠᠴᠢᠮ ᠪᠠᠶᠢᠵᠤ᠂ ᠪᠢᠳᠡ ᠬᠡᠷᠪᠡ ᠠᠵᠠ ᠳᠣᠬᠢᠶᠠᠯ ᠢ | ᠰᠠᠶᠢᠲᠤᠷ ᠠᠳᠬᠤᠨ᠂ ᠴᠢᠷᠮᠠᠶᠢᠨ ᠤᠷᠤᠭᠰᠢᠯᠠᠪᠠᠰᠤ᠂ ᠯᠠᠪᠲᠠᠶ᠎ᠠ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷᠯᠢᠭ | ᠬᠦᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠤᠮ᠃ | 2019 ᠣᠨ ᠳᠤ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ | ᠬᠤᠷᠠᠯ᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠳᠦᠷᠪᠡᠳᠦᠭᠡᠷ ᠬᠤᠭᠤᠴᠠᠭᠠᠨ ᠤ ᠶᠢᠰᠦᠳᠦᠭᠡᠷ | ᠪᠦᠭᠦᠳᠡ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ ᠳᠣᠯᠣᠳᠣᠭᠠᠷ | ᠪᠦᠭᠦᠳᠡ ᠬᠤᠷᠠᠯ ᠵᠢᠴᠢ ᠲᠥᠪ᠂ ᠦᠪᠡᠷᠲᠡᠭᠡᠨ ᠵᠠᠰᠠᠬᠤ ᠣᠷᠣᠨ ᠪᠠ ᠬᠦᠯᠦᠨ ᠪᠣᠶᠢᠷ ᠬᠤᠲᠠ ᠶᠢᠨ ᠠᠵᠤ ᠠᠬᠤᠢ ᠶᠢᠨ | ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠠᠪᠤ ᠶᠢ | ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ᠂ ︽ᠳᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠠᠬᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠴᠢᠨᠠᠷᠯᠢᠭ ᠬᠦᠭᠵᠢᠯᠲᠡ ᠶᠢ | ᠠᠬᠢᠭᠤᠯᠬᠤ ᠶᠢ ᠪᠠᠷᠢᠮᠲᠠᠯᠠᠵᠤ᠂ ︽ᠠᠵᠢᠯᠯᠠᠬᠤ︾ ᠶᠢ ᠲᠡᠷᠢᠭᠦᠨ ᠪᠠᠶᠢᠷᠢᠨ ᠳᠤ ᠲᠠᠯᠪᠢᠨ᠂ ︽ᠪᠣᠳᠠᠲᠠᠢ︾ ᠶᠢ ᠴᠢᠬᠤᠯᠠ | ᠪᠠᠶᠢᠷᠢᠨ ᠳᠤ ᠲᠠᠯᠪᠢᠵᠤ᠂ ᠪᠣᠳᠠᠲᠠᠢ ᠠᠵᠢᠯᠯᠠᠨ᠂ ᠡᠮᠦᠨ᠎ᠡ ᠡᠩᠨᠡᠭᠡᠨ ᠳᠤ ᠠᠯᠬᠤᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠶᠡᠭᠡ ᠪᠠᠬᠢᠯᠡᠯᠲᠡ | ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠪᠤᠬᠢᠷᠲᠤᠯ ᠦᠭᠡᠢ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠦᠨ᠂ | ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠭᠠᠳᠠᠭᠰᠢ ᠨᠡᠭᠡᠭᠡᠯᠲᠡ ᠬᠢᠬᠦ ᠪᠠᠶᠢᠳᠠᠯ ᠢ ᠭᠦᠨᠵᠡᠭᠡᠶᠢᠷᠡᠭᠦᠯᠦᠨ ᠦᠷᠭᠡᠳᠬᠡᠵᠦ᠂ ᠣᠳᠣᠬᠢᠴᠢᠯᠠᠭᠰᠠᠨ ᠮᠠᠯ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠳᠪᠦᠷᠢ ᠶᠢᠨ ᠴᠢᠨᠠᠷ ᠳᠡᠰ ᠢ ᠳᠡᠭᠡᠭᠰᠢᠯᠡᠭᠦᠯᠬᠦ ᠪᠠ ᠵᠤᠭᠠᠴᠠᠯ | ᠠᠷᠠᠯᠵᠢᠶ᠎ᠠ ᠬᠤᠳᠠᠯᠳᠤᠭᠠᠨ ᠤ ᠦᠷ᠎ᠡ ᠪᠦᠲᠦᠮᠵᠢ ᠶᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠣᠯᠣᠯᠲᠠ ᠲᠠᠢ | ᠪᠣᠯᠬᠤ ᠪᠠᠷ ᠴᠢᠷᠮᠠᠶᠢᠵᠤ᠂ ᠪᠦᠬᠦ ᠬᠤᠲᠠ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠡᠭᠡ ᠣᠷᠴᠢᠨ ᠳᠤ ᠮᠠᠨ ᠤ | ᠬᠤᠰᠢᠭᠤᠨ ᠤ ᠪᠠᠨ ᠪᠣᠳᠠᠳᠤ ᠪᠠᠶᠢᠳᠠᠯ ᠳᠤ ᠲᠣᠬᠢᠷᠠᠭᠰᠠᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠮᠢᠵᠢᠷᠠᠯ ᠤᠨ ᠪᠠᠶᠢᠳᠠᠯ ᠢ ᠴᠢᠷᠮᠠᠶᠢᠨ | ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 70 ᠵᠢᠯ ᠤᠨ ᠣᠢ ᠶᠢ ᠪᠠᠶᠠᠷᠯᠠᠨ ᠪᠡᠯᠭᠡᠯᠡᠨ᠎ᠡ᠃ | 2019 ᠣᠨ ᠳᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 3% ᠣᠷᠴᠢᠮ ᠨᠡᠮᠡᠭᠳᠡᠭᠦᠯᠦᠨ᠎ᠡ︔ | ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 3% ᠣᠷᠴᠢᠮ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ 6.5% ᠣᠷᠴᠢᠮ | ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ ᠶᠢ 7% ᠣᠷᠴᠢᠮ ᠨᠡᠮᠡᠭᠳᠡᠭᠦᠯᠦᠨ᠎ᠡ︔ ᠮᠠᠯᠵᠢᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ | ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠳᠣᠲᠣᠷ᠎ᠠ ᠬᠢᠵᠠᠭᠠᠷᠯᠠᠨ᠎ᠠ᠃ | ᠡᠨᠧᠷᠬᠢ ᠶᠢ ᠠᠷᠪᠢᠯᠠᠨ ᠪᠤᠬᠢᠷᠲᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ | ᠬᠢᠨ᠎ᠡ᠄ | ︵ᠨᠢᠭᠡ︶ ᠬᠦᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ︽ᠭᠤᠷᠪᠠᠨ ᠶᠡᠭᠡ ᠪᠠᠬᠢᠯᠡᠯᠲᠡ | ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠣᠨ᠎ᠠ | ᠳᠣᠪᠣᠶᠢᠮ᠎ᠠ ᠠᠰᠠᠭᠤᠳᠠᠯ ᠤᠳ ᠲᠤ ᠴᠢᠭᠯᠡᠭᠦᠯᠵᠦ᠂ ᠨᠡᠩ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ | ︽ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ︽ᠵᠠᠪᠠᠯ | ᠢᠯᠠᠬᠤ ᠢᠲᠡᠭᠡᠯ ᠵᠣᠷᠢᠭ︾ ᠢᠶᠠᠷ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠪᠠᠬᠢᠯᠡᠯᠲᠡ | ᠰᠢᠪᠲᠤᠯᠬᠤ ᠳᠠᠶᠢᠯᠠᠯᠳᠤᠭᠠᠨ ᠢ ᠶᠠᠪᠤᠭᠳᠠᠭᠤᠯᠤᠨ᠎ᠠ᠃ ᠦᠭᠴᠡᠭᠡ ᠶᠢᠨ ᠬᠠᠮᠢᠶᠠᠷᠤᠯᠲᠠ ᠡᠵᠡᠮᠰᠢᠯ ᠢ ᠴᠢᠩᠭᠠᠳᠬᠠᠨ᠂ | ᠬᠠᠥᠯᠢ ᠶᠢ ᠵᠦᠷᠢᠴᠡᠨ ᠦᠷᠢ ᠲᠠᠯᠪᠢᠵᠤ ᠲᠦᠷᠦᠯ ᠵᠦᠢᠯ ᠬᠡᠷᠡᠭᠵᠢᠭᠦᠯᠬᠦ ᠶᠢ ᠴᠢᠩᠭ᠎ᠠ ᠬᠤᠷᠢᠭᠯᠠᠨ᠎ᠠ᠃ ᠣᠯᠠᠨ ᠠᠷᠭ᠎ᠠ | ᠪᠠᠷᠢᠯ ᠢ ᠵᠡᠷᠭᠡᠪᠡᠷ ᠬᠡᠷᠡᠭᠯᠡᠵᠦ᠂ ᠵᠠᠷᠤᠯᠭ᠎ᠠ ᠶᠢ ᠪᠠᠭᠠᠰᠬᠠᠨ᠂ ᠵᠠᠰᠠᠭ ᠤᠨ ᠣᠷᠳᠣᠨ ᠤ ᠴᠢᠨᠠᠷᠲᠠᠢ ᠦᠭᠴᠡᠭᠡ ᠶᠢ 9,568 | ᠲᠦᠮᠡᠨ ᠲᠦᠬᠦᠷᠢᠭ ᠠᠷᠢᠯᠭᠠᠵᠤ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠦᠭᠴᠡᠭᠡ ᠶᠢ 4,855 ᠲᠦᠮᠡᠨ | ᠲᠦᠬᠦᠷᠢᠭ ᠲᠦᠯᠦᠨ᠎ᠡ᠃ ᠠᠷᠠᠳ ᠤᠨ ᠳᠤᠮᠳᠠᠬᠢ ᠦᠨᠳᠦᠷ ᠬᠦᠦ ᠲᠠᠢ ᠵᠢᠭᠡᠯᠡᠯᠭᠡ ᠶᠢᠨ ᠰᠠᠶᠢᠨ ᠪᠠᠶᠢᠳᠠᠯ ᠢ ᠪᠠᠲᠤᠯᠠᠵᠤ᠂ | ᠤᠬᠠᠭᠤᠯᠭ᠎ᠠ ᠪᠠᠷ ᠬᠦᠲᠦᠯᠦᠨ ᠵᠢᠯᠣᠭᠤᠳᠬᠤ ᠶᠢ ᠴᠢᠩᠭᠠᠳᠬᠠᠨ᠂ ᠠᠷᠠᠳ ᠤᠨ ᠳᠤᠮᠳᠠᠬᠢ ᠦᠨᠳᠦᠷ ᠬᠦᠦ ᠲᠠᠢ | ᠵᠢᠭᠡᠯᠡᠯᠭᠡ ᠶᠢ ᠵᠥᠪ ᠢᠶᠠᠷ ᠬᠦᠲᠦᠯᠦᠨ ᠵᠢᠯᠣᠭᠤᠳᠬᠤ ᠪᠠ ᠨᠠᠵᠠᠭᠠᠢ ᠲᠠᠯ᠎ᠠ ᠠᠴᠠ ᠰᠡᠷᠡᠮᠵᠢᠯᠡᠭᠦᠯᠬᠦ ᠬᠦᠮᠦᠵᠢᠯ ᠢ | ᠴᠢᠩᠭᠠᠳᠬᠠᠵᠤ᠂ ᠦᠨᠳᠦᠷ ᠬᠦᠦ ᠲᠠᠢ ᠵᠢᠭᠡᠯᠡᠯᠭᠡ ᠶᠢᠨ ᠣᠷᠣᠰᠢᠨ ᠲᠣᠭᠲᠠᠨᠢᠬᠤ ᠣᠷᠣᠨ ᠵᠠᠢ ᠶᠢ ᠠᠪᠴᠢᠭᠤᠯᠵᠤ᠂ | ᠦᠨᠳᠦᠷ ᠬᠦᠦ ᠲᠠᠢ ᠵᠢᠭᠡᠯᠡᠯᠭᠡ ᠶᠢᠨ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠨ᠎ᠡ᠃ | ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠲᠣᠭᠲᠠᠭᠤᠨ ᠢᠶᠠᠷ ᠡᠵᠡᠮᠳᠡᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ | ᠪᠠᠬᠢ ᠡᠵᠡᠮᠳᠡᠨ᠂ ᠴᠢᠬᠤᠯᠠ ᠶᠡᠭᠡ ᠲᠣᠭᠲᠠᠩᠭᠤᠢ ᠪᠣᠰᠤ ᠡᠯᠧᠮᠧᠨ᠋ᠲ ᠢ ᠤᠷᠢᠳᠴᠢᠯᠠᠨ ᠰᠡᠷᠭᠡᠶᠢᠯᠡᠵᠦ᠂ ᠠᠵᠤ | ᠠᠬᠤᠢ ᠶᠢᠨ ᠡᠮᠬᠢ ᠲᠢᠭᠯᠢᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠬᠠᠳᠬᠤᠮᠠᠯ | ᠤᠷᠠᠯᠠᠬᠤ ᠣᠷᠣᠯᠳᠤᠯᠭ᠎ᠠ︾ ᠪᠠᠷ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠣᠨ᠎ᠠ᠃ ᠲᠤᠰᠬᠠᠢ ᠲᠦᠷᠦᠯ ᠢᠶᠠᠷ ᠶᠠᠳᠠᠭᠤ ᠶᠢ ᠲᠡᠳᠬᠦᠬᠦ᠂ | ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠠᠴᠠ ᠶᠠᠳᠠᠭᠤ ᠶᠢ ᠲᠡᠳᠬᠦᠬᠦ᠂ ᠺᠠᠳ᠋ᠷ ᠣᠯᠠᠨ ᠲᠦᠮᠡᠨ | ᠬᠤᠣᠰᠯᠠᠯ ᠪᠣᠯᠬᠤ ᠪᠠ ᠪᠠᠲᠤᠯᠠᠭ᠎ᠠ ᠶᠢ ᠪᠦᠬᠦᠨ ᠢ ᠬᠠᠮᠤᠷᠴᠤ ᠬᠠᠪᠰᠤᠷᠤᠨ ᠲᠡᠳᠬᠦᠬᠦ ᠵᠡᠷᠭᠡ ᠠᠷᠭ᠎ᠠ ᠪᠠᠷᠢᠯ ᠢ | ᠯᠠᠪᠳᠠᠭᠤᠨ ᠬᠡᠷᠡᠭᠵᠢᠭᠦᠯᠵᠦ᠂ ᠣᠶᠤᠨ ᠤᠬᠠᠭᠠᠨ ᠪᠠ ᠢᠲᠡᠭᠡᠯ ᠵᠣᠷᠢᠭ ᠢ ᠨᠢ ᠵᠡᠷᠭᠡᠪᠡᠷ ᠲᠡᠳᠬᠦᠬᠦ ᠪᠣᠯᠪᠠᠰᠤᠷᠠᠯ ᠪᠠ | ᠠᠵᠢᠯ ᠣᠯᠭᠤᠯᠲᠠ ᠶᠢᠨ ᠪᠣᠯᠪᠠᠰᠤᠷᠠᠯ ᠢ ᠦᠷᠨᠢᠭᠦᠯᠦᠨ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠶᠠᠳᠠᠭᠤ ᠠᠴᠠ | ᠠᠩᠬᠢᠵᠢᠷᠠᠬᠤ ᠢᠲᠡᠭᠡᠯ ᠵᠣᠷᠢᠭ ᠢ ᠨᠢ ᠬᠦᠪᠴᠢᠯᠡᠵᠦ᠂ ︽ᠨᠠᠮᠠᠶᠢ ᠶᠠᠳᠠᠭᠤ ᠠᠴᠠ ᠠᠩᠬᠢᠵᠢᠷᠠᠭᠤᠯᠬᠤ︾ ᠠᠴᠠ ︽ᠪᠢ | ᠶᠠᠳᠠᠭᠤ ᠠᠴᠠ ᠠᠩᠬᠢᠵᠢᠷᠠᠬᠤ︾ ᠲᠡᠰᠢ ᠬᠤᠪᠢᠷᠠᠭᠤᠯᠤᠨ᠎ᠠ᠃ 500 ᠲᠦᠮᠡᠨ ᠲᠦᠬᠦᠷᠢᠭ ᠤᠨ ᠪᠡᠯᠡ ᠣᠷᠤᠭᠤᠯᠵᠤ ᠮᠠᠯ | ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠦᠷᠦᠯ ᠵᠦᠢᠯ ᠢ ᠲᠡᠳᠬᠦᠨ ᠳᠡᠮᠵᠢᠵᠦ᠂ ᠭᠠᠴᠠᠭᠠᠨ ᠤ ᠬᠠᠮᠲᠤ ᠶᠢᠨ | ᠠᠵᠤ ᠠᠬᠤᠢ ᠶᠢ ᠪᠤᠵᠠᠭᠠᠶᠢᠷᠠᠭᠤᠯᠤᠨ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ 73 ᠡᠷᠦᠬᠡ ᠶᠢᠨ 189 | ᠬᠦᠮᠦᠨ ᠢ ᠳᠠᠶᠢᠴᠢᠯᠠᠪᠠ᠃ ᠶᠠᠳᠠᠭᠤ ᠶᠢ ᠲᠡᠳᠬᠦᠬᠦ ᠶᠢ ᠪᠦᠬᠦᠨ ᠢ ᠬᠠᠮᠤᠷᠬᠤ ᠪᠠᠲᠤᠯᠠᠭ᠎ᠠ ᠶᠢ ᠴᠢᠩᠭᠠᠳᠬᠠᠨ᠂ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ 390 ᠡᠷᠦᠬᠡ ᠶᠢᠨ 1055 ᠬᠦᠮᠦᠨ ᠳᠤ ᠬᠤᠷᠰᠢᠭᠰᠠᠨ ᠡᠮ | ᠡᠮᠨᠡᠯᠭᠡ ᠶᠢᠨ ᠳᠠᠭᠠᠳᠬᠠᠯ ᠲᠤᠰᠢᠶᠠᠨ ᠥᠭᠪᠡ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠪᠣᠳᠣᠬᠤ ᠬᠦᠴᠦᠯᠡᠴᠡ ᠶᠢ ᠨᠡᠮᠡᠭᠳᠡᠭᠦᠯᠦᠨ᠂ ᠶᠠᠳᠠᠭᠤ ᠶᠢ ᠲᠡᠳᠬᠦᠬᠦ ᠪᠡᠯᠡ | ᠮᠦᠩᠭᠦᠨ ᠤ ᠬᠡᠷᠡᠭᠯᠡᠯᠲᠡ ᠶᠢᠨ ᠠᠮᠤᠷ ᠲᠦᠪᠰᠢᠨ ᠪᠦᠭᠡᠳ ᠪᠦᠲᠦᠮᠵᠢᠲᠡᠢ ᠪᠠᠶᠢᠬᠤ ᠶᠢ ᠪᠠᠲᠤᠯᠠᠨ᠎ᠠ᠃ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠳᠣᠪᠣᠶᠢᠯᠭᠠᠵᠤ᠂ ᠲᠦᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠬᠤᠯᠠᠴᠢᠯᠠᠵᠤ᠂ ᠶᠠᠳᠠᠭᠤ ᠶᠢ ᠲᠡᠳᠬᠦᠬᠦ ᠠᠵᠢᠯ ᠤᠨ ᠣᠯᠠᠨ ᠲᠦᠮᠡᠨ ᠤ ᠳᠡᠮᠵᠢᠬᠦ | ᠨᠤᠷᠮ᠎ᠠ ᠪᠠ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠬᠦᠴᠦᠨ ᠢ ᠲᠦᠪᠯᠡᠷᠡᠭᠦᠯᠦᠨ | ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ 1 | ᠡᠷᠦᠬᠡ ᠶᠢᠨ 2 ᠬᠦᠮᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠲᠤᠯᠠᠵᠤ᠂ 389 ᠡᠷᠦᠬᠡ ᠶᠢᠨ 1053 | ᠬᠦᠮᠦᠨ ᠤ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ︽ᠤᠷᠠᠨ ᠳᠠᠷᠬᠠᠨ ᠤ ᠵᠣᠷᠢᠭ ᠰᠠᠨᠠᠭ᠎ᠠ︾ | ᠪᠠᠷ ᠪᠤᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠬᠢᠵᠢᠭᠦᠯᠦᠨ᠎ᠡ᠃ | ᠴᠡᠯᠮᠡᠭ ᠲᠡᠭᠷᠢ᠂ ᠴᠡᠩᠬᠡᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠤ ᠪᠠᠲᠤ ᠢᠯᠠᠯᠲᠠ ᠶᠢ ᠣᠯᠵᠤ᠂ | ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ ᠰᠢᠪᠠᠳᠠᠨ ᠪᠠᠶᠢᠴᠠᠭᠠᠯᠲᠠ ᠶᠢᠨ ︽ᠡᠷᠭᠢᠨ ᠬᠠᠷᠠᠬᠤ︾ | ᠪᠠᠶᠢᠴᠠᠭᠠᠯᠲᠠ ᠠᠴᠠ ᠬᠠᠷᠢᠭᠤ ᠳᠤᠰᠬᠠᠭᠰᠠᠨ ᠠᠰᠠᠭᠤᠳᠠᠯ ᠤᠨ ᠡᠭᠦᠷᠭᠡ ᠶᠢ ᠦᠷᠬᠦᠯᠵᠢᠯᠡᠨ ᠵᠠᠯᠠᠷᠠᠭᠤᠯᠵᠤ᠂ ᠠᠵᠤ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠠᠴᠠ ᠴᠡᠪᠡᠷᠯᠡᠨ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠬᠡᠷᠡᠭᠵᠢᠭᠦᠯᠬᠦ | ᠲᠦᠰᠦᠯ︾ ᠶᠣᠰᠣᠭᠠᠷ ᠬᠦᠯᠦᠨ ᠨᠠᠭᠤᠷ ᠤᠨ ᠤᠷᠤᠰᠬᠠᠯ ᠤᠨ ᠣᠷᠣᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠪᠦᠬᠦ ᠬᠤᠰᠢᠭᠤᠨ ᠤ ᠬᠦᠴᠦᠨ ᠢ ᠳᠠᠶᠢᠴᠢᠯᠠᠨ | ᠨᠠᠭᠤᠷ ᠢ ᠲᠣᠭᠤᠷᠢᠭᠰᠠᠨ ᠡᠯᠡᠰᠦᠷᠬᠡᠭ ᠭᠠᠵᠠᠷ ᠢ ᠵᠠᠰᠠᠬᠤ ᠵᠡᠷᠭᠡ ᠳᠦᠷᠪᠡᠨ ᠲᠦᠷᠦᠯ ᠵᠦᠢᠯ ᠢ ᠰᠠᠶᠢᠲᠤᠷ | ᠬᠡᠷᠡᠭᠵᠢᠭᠦᠯᠵᠦ᠂ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ | ᠠᠭᠠᠷ ᠮᠠᠨᠳᠠᠯ᠂ ᠤᠰᠤ᠂ ᠬᠦᠷᠦᠰᠦ ᠰᠢᠷᠣᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽ᠠᠭᠠᠷ ᠮᠠᠨᠳᠠᠯ ᠤᠨ ᠠᠷᠪᠠᠨ ᠵᠣᠷᠪᠣᠰ ᠲᠤᠭᠳᠠᠭᠠᠯ︾᠂ ︽ᠤᠰᠤᠨ ᠤ ᠠᠷᠪᠠᠨ ᠵᠣᠷᠪᠣᠰ | ᠲᠣᠭᠲᠠᠭᠠᠯ︾᠂ ︽ᠬᠦᠷᠦᠰᠦ ᠰᠢᠷᠤᠢ ᠶᠢᠨ ᠠᠷᠪᠠᠨ ᠵᠣᠷᠪᠣᠰ ᠲᠣᠭᠲᠠᠭᠠᠯ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠤᠰᠤᠨ ᠤ ᠴᠢᠨᠠᠷ ᠤᠨ ᠬᠢᠨᠠᠨ ᠡᠵᠡᠮᠳᠡᠯ ᠢ ᠴᠢᠩᠭᠠᠳᠬᠠᠵᠤ᠂ ᠤᠰᠤᠨ ᠤ ᠴᠢᠨᠠᠷ ᠤᠨ ᠬᠤᠪᠢᠷᠠᠯᠲᠠ ᠶᠢ ᠨᠢᠭᠲᠠ | ᠠᠵᠢᠭᠯᠠᠨ᠂ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠨ᠎ᠠ᠃ ᠪᠤᠵᠠᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠨ ᠳᠤ ᠬᠦᠷᠴᠦ ᠲᠣᠭᠲᠠᠭᠤᠨ ᠢᠶᠠᠷ ᠪᠤᠬᠢᠷᠲᠤᠯ | ᠭᠠᠳᠠᠭᠰᠢᠯᠠᠭᠤᠯᠬᠤ ᠶᠢ ᠪᠠᠲᠤᠯᠠᠨ᠎ᠠ᠃ ᠪᠠᠯᠭᠠᠰᠤᠨ ᠤ ᠲᠣᠭᠤᠷᠢᠭ ᠲᠠᠬᠢ 10 ᠠᠭᠤᠷᠰᠢᠯᠲᠠ ᠶᠢᠨ ᠲᠣᠨ ᠠᠴᠠ | ᠳᠣᠷᠣᠭᠰᠢᠬᠢ ᠨᠡᠭᠦᠷᠡᠰᠦᠨ ᠰᠢᠲᠠᠭᠠᠯᠭ᠎ᠠ ᠶᠢᠨ ᠵᠤᠤᠬ᠎ᠠ ᠶᠢ ᠠᠯᠬᠤᠮ ᠠᠯᠬᠤᠮ ᠢᠶᠠᠷ ᠨᠤᠷᠠᠭᠠᠵᠤ᠂ ᠪᠠᠯᠭᠠᠰᠤᠨ ᠤ | ᠲᠣᠭᠤᠷᠢᠭ ᠲᠤ ᠰᠢᠨ᠎ᠡ ᠪᠠᠷ 35 ᠠᠭᠤᠷᠰᠢᠯᠲᠠ ᠶᠢᠨ ᠲᠣᠨ ᠠᠴᠠ ᠳᠣᠷᠣᠭᠰᠢᠬᠢ ᠨᠡᠭᠦᠷᠡᠰᠦᠨ ᠰᠢᠲᠠᠭᠠᠯᠭ᠎ᠠ ᠶᠢᠨ | ᠵᠤᠤᠬ᠎ᠠ ᠪᠠᠶᠢᠭᠤᠯᠬᠤ ᠶᠢ ᠴᠢᠩᠭ᠎ᠠ ᠬᠤᠷᠢᠭᠯᠠᠵᠤ᠂ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠪᠠᠲᠤᠯᠠᠨ᠎ᠠ᠃ | ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠶᠢ ᠠᠬᠢᠭᠤᠯᠵᠤ᠂ ᠷᠦᠩ ᠳ᠋ᠠ | ᠠᠭᠤᠷᠬᠠᠢ ᠶᠢᠨ ᠦᠢᠯᠡᠰ᠂ ᠴᠠᠭᠠᠨ ᠠᠭᠤᠷᠬᠠᠢ ᠶᠢᠨ ᠦᠢᠯᠡᠰ᠂ ᠶᠢᠨ ᠱᠠᠨ ᠠᠭᠤᠷᠬᠠᠢ ᠶᠢᠨ ᠦᠢᠯᠡᠰ ᠤᠨ ᠪᠤᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠬᠡᠨ᠎ᠡ᠃ ᠬᠠᠶᠠᠭᠳᠠᠮᠠᠯ ᠭᠠᠵᠠᠷ | ᠰᠢᠷᠤᠢ ᠶᠢ ᠳᠠᠬᠢᠨ ᠬᠠᠭᠠᠯᠪᠤᠷᠢᠯᠠᠵᠤ ᠵᠠᠰᠠᠨ ᠴᠡᠭᠴᠡᠯᠡᠬᠦ ᠲᠦᠷᠦᠯ ᠵᠦᠢᠯ ᠢ ᠬᠡᠷᠡᠭᠵᠢᠭᠦᠯᠦᠨ᠂ ᠲᠡᠦᠬᠡᠨ ᠠᠴᠠ | ᠦᠯᠡᠳᠡᠭᠳᠡᠵᠦ ᠢᠷᠡᠭᠰᠡᠨ ᠮᠠᠯᠲᠠᠮᠠᠯ ᠨᠦᠭᠡ ᠵᠢᠴᠢ ᠴᠢᠯᠠᠭᠤ ᠭᠠᠷᠭᠠᠬᠤ ᠦᠢᠯᠡᠳᠪᠦᠷᠢ ᠶᠢᠨ ᠠᠮᠢ ᠠᠬᠤᠢ ᠶᠢᠨ ᠤᠤᠯ | ᠪᠠᠶᠢᠳᠠᠯ ᠢ ᠨᠢ ᠰᠡᠷᠭᠦᠭᠡᠨ᠎ᠡ᠃ ᠠᠵᠤ ᠠᠬᠤᠶᠢᠯᠠᠯ ᠤᠨ ᠭᠠᠵᠠᠷ ᠰᠢᠷᠤᠢ ᠶᠢᠨ ᠣᠷᠴᠢᠨ ᠲᠣᠭᠤᠷᠢᠨ ᠤ ᠬᠦᠳᠡᠯᠦᠩᠭᠦᠢ | ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠨᠡᠶᠢᠭᠡᠮ ᠳᠤ | ᠢᠯᠡ ᠨᠡᠶᠢᠲᠡᠯᠡᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠬᠠᠥᠯᠢ ᠬᠡᠷᠡᠭᠵᠢᠭᠦᠯᠬᠦ ᠶᠢ | ᠴᠢᠩᠭᠠᠳᠬᠠᠵᠤ᠂ ᠣᠷᠴᠢᠨ ᠲᠣᠭᠤᠷᠢᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠦᠬᠡ ᠠᠭᠤᠯᠠ ᠬᠦᠬᠡᠮᠳᠦᠭ | ᠤᠰᠤ ᠪᠣᠯ ᠳᠠᠷᠤᠢ ᠠᠯᠲᠠ ᠮᠦᠩᠭᠦᠨ ᠠᠭᠤᠯᠠ︾ ᠶᠢᠨ ᠣᠶᠢᠯᠠᠭᠠᠭᠳᠠᠬᠤᠨ ᠢ ᠭᠦᠮᠦᠰ ᠤᠨ ᠰᠡᠳᠬᠢᠯ ᠳᠤ | ᠬᠠᠳᠠᠩᠰᠢᠭᠤᠯᠤᠨ᠎ᠠ᠃ | ︵ᠬᠤᠶᠠᠷ︶ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ | ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠴᠤᠷᠬᠡᠭ ᠬᠤᠰᠢᠭᠤ ᠶᠢ ᠬᠦᠴᠤᠯᠡᠨ ᠪᠠᠶᠢᠭᠤᠯᠤᠨ᠎ᠠ | ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠤᠨ ᠢᠶᠠᠷ | ᠠᠬᠢᠭᠤᠯᠵᠤ᠂ ᠮᠠᠯᠵᠢᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠴᠢᠨᠠᠷ ᠴᠢᠨᠰᠠᠭ᠎ᠠ ᠶᠢ | ᠬᠦᠴᠤᠯᠡᠨ ᠲᠡᠭᠡᠭᠰᠢᠯᠡᠬᠦᠯᠤᠨ᠎ᠡ᠃ ︽ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢᠨ ᠶᠡᠷᠤᠩᠬᠡᠢ ᠲᠦᠯᠤᠪᠵᠢᠬᠦᠯᠬᠡ︾ ᠶᠢ ᠨᠠᠶᠢᠷᠠᠭᠤᠯᠤᠨ ᠲᠠᠭᠤᠰᠬᠠᠵᠤ᠂ ᠭᠠᠴᠠᠭ᠎ᠠ ᠲᠤᠰᠬᠤᠨ ᠤ ᠵᠠᠮ᠂ ᠤᠰᠤ᠂ | ᠴᠠᠬᠢᠯᠭᠠᠨ᠂ ᠴᠢᠮᠡᠭᠡ ᠨᠡᠪᠳᠡᠷᠡᠬᠦᠯᠬᠡ᠂ ᠬᠡᠬᠡᠷᠡᠬᠦᠯᠤᠯᠳᠡ᠂ ᠨᠤᠭᠤᠭᠠᠷᠠᠭᠤᠯᠤᠯᠳᠠ ᠵᠡᠷᠬᠡ ᠰᠠᠭᠤᠷᠢ ᠲᠦᠬᠦᠬᠡᠷᠤᠮᠵᠢ ᠶᠢ | ᠲᠡᠬᠦᠯᠳᠡᠷᠵᠢᠬᠦᠯᠤᠨ᠎ᠡ᠃ ᠬᠦᠮᠤᠨ ᠠᠷᠠᠤᠨ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ | ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠨᠠᠶᠢᠳᠠᠪᠤᠷᠢᠵᠢᠭᠤᠯᠤᠨ᠂ ᠲᠤᠷᠰᠢᠯᠳᠠ ᠶᠢᠨ ᠴᠡᠭ ᠲᠤ ᠤᠷᠢᠳᠠᠪᠠᠷ | ᠬᠡᠷᠡᠭᠵᠢᠬᠦᠯᠵᠤ᠂ ᠭᠠᠴᠠᠭ᠎ᠠ ᠲᠤᠰᠬᠤᠨ ᠤ ᠬᠤᠭ ᠨᠤᠪᠰᠢ᠂ ᠪᠤᠵᠠᠷ ᠤᠰᠤ ᠶᠢ ᠲᠦᠷᠤᠯ ᠬᠤᠪᠢᠶᠠᠨ ᠰᠢᠢᠤᠡᠪᠦᠷᠢᠯᠡᠬᠦ ᠶᠢ | ᠲᠤᠭᠳᠠᠭᠤᠨ ᠢᠶᠠᠷ ᠠᠬᠢᠭᠤᠯᠵᠤ᠂ ᠭᠠᠴᠠᠭ᠎ᠠ ᠲᠤᠰᠬᠤᠨ ᠤ ᠬᠦᠮᠤᠨ ᠮᠠᠯ ᠢ ᠰᠠᠯᠭᠠᠨ ᠲᠤᠰᠠᠭᠠᠷᠯᠠᠬᠤ ᠠᠬᠢᠴᠠ ᠶᠢ | ᠲᠦᠷᠬᠡᠤᠡᠬᠡᠨ᠎ᠡ᠃ ᠠᠯᠳ᠋ᠬᠠᠮᠡᠬᠡᠯ ᠪᠠᠯᠭᠠᠰᠤ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠵᠤ᠂ ᠦᠵᠡᠰᠬᠦᠯᠡᠩᠳᠤ | ᠰᠠᠶᠢᠬᠠᠨ ᠬᠦᠳᠡᠭᠡ ᠲᠤᠰᠬᠤᠨ ᠲᠠᠷᠢᠶᠠᠨ ᠭᠠᠵᠠᠷ ᠤᠨ ᠶᠡᠷᠤᠩᠬᠡᠶᠢᠯᠡᠭᠰᠡᠨ ᠴᠤᠭᠴᠠ ᠶᠢ ᠡᠬᠦᠳᠤᠨ ᠪᠠᠶᠢᠭᠤᠯᠵᠤ᠂ | ᠰᠡᠯᠡᠬᠦᠴᠡᠯ ᠤᠨ ᠠᠭᠤᠳᠠᠮ ᠲᠠᠯᠠᠪᠠᠢ᠂ ᠠᠮᠢ ᠠᠬᠤᠶᠢᠴᠢ ᠬᠤᠭᠤᠯᠠᠨ ᠲᠢᠩᠬᠢᠮ ᠤᠨ ᠵᠢᠮᠢᠰ ᠤᠨ ᠬᠦᠷᠢᠶᠡᠯᠡᠩ ᠵᠡᠷᠬᠡ | ᠰᠡᠯᠡᠬᠦᠴᠡᠯ ᠵᠤᠭ᠎ᠠ ᠴᠡᠩᠬᠡᠯ ᠤᠨ ᠲᠦᠬᠦᠬᠡᠷᠤᠮᠵᠢ ᠪᠠ ᠬᠤᠭ ᠨᠤᠪᠰᠢ ᠶᠢ ᠲᠠᠮᠵᠢᠭᠤᠯᠬᠤ ᠦᠷᠳᠡᠭᠡ᠂ ᠪᠤᠵᠠᠷ ᠤᠰᠤ ᠶᠢ | ᠰᠢᠢᠤᠡᠪᠦᠷᠢᠯᠡᠬᠦ ᠦᠢᠯᠡᠤᠡᠪᠦᠷᠢ ᠵᠡᠷᠬᠡ ᠰᠠᠭᠤᠷᠢ ᠲᠦᠬᠦᠬᠡᠷᠤᠮᠵᠢ ᠶᠢ ᠪᠦᠲᠦᠭᠡᠨ ᠪᠠᠶᠢᠭᠤᠯᠵᠤ᠂ ᠴᠡᠭ ᠢᠶᠠᠷ ᠨᠡᠶᠢᠲᠡ ᠶᠢ | ᠲᠠᠶᠢᠴᠢᠯᠠᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠷᠰᠢᠯᠳᠠ ᠶᠢᠨ ᠴᠡᠭ ᠢ ᠪᠠᠶᠢᠭᠤᠯᠤᠨ᠎ᠠ᠃ | ︽ᠵᠤᠷᠯᠤᠩ ᠤᠨ ᠬᠤᠪᠢᠰᠬᠠᠯ︾ ᠢ ᠲᠦᠯᠬᠢᠨ ᠠᠬᠢᠭᠤᠯᠵᠤ᠂ 160 ᠠᠷᠢᠭᠤᠨ ᠴᠡᠪᠡᠷ ᠵᠤᠷᠯᠤᠩ ᠵᠢᠴᠢ ᠲᠠᠭᠠᠯᠳᠠ | ᠲᠦᠬᠦᠬᠡᠷᠤᠮᠵᠢ ᠶᠢ ᠪᠠᠶᠢᠭᠤᠯᠤᠨ᠎ᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢ ᠤᠯᠠᠮ ᠴᠢᠨᠠᠭᠰᠢᠳᠠ | ᠴᠢᠩᠭᠠᠤᠡᠬᠠᠨ᠂ ᠪᠡᠯᠴᠢᠬᠡᠷᠯᠡᠬᠦ ᠶᠢ ᠵᠣᠭᠰᠣᠭᠠᠨ ᠨᠤᠳᠤᠭ ᠪᠡᠯᠴᠢᠬᠡᠷ ᠢ ᠰᠡᠷᠬᠦᠬᠡᠬᠦ᠂ ᠲᠠᠯ᠎ᠠ ᠨᠤᠳᠤᠭ ᠤᠨ ᠠᠮᠢ ᠠᠬᠤᠢ | ᠶᠢᠨ ᠱᠠᠩᠨᠠᠯ ᠨᠦᠬᠦᠪᠦᠷᠢ ᠶᠢᠨ ᠲᠤᠭᠳᠠᠴᠠ᠂ ᠦᠷ᠎ᠡ ᠶᠢᠨ ᠮᠠᠯ ᠤᠨ ᠡᠬᠦᠯᠳᠡᠷ ᠰᠠᠶᠢᠵᠢᠷᠠᠭᠤᠯᠬᠤ᠂ ᠲᠠᠷᠢᠶᠠᠯᠠᠩ ᠤᠨ | ᠮᠠᠰᠢᠨ ᠮᠧᠬᠠᠨᠢᠭ ᠤᠨ ᠨᠦᠬᠦᠪᠦᠷᠢ᠂ ᠡᠬᠦᠯᠳᠡᠷ ᠰᠠᠶᠢᠵᠢᠷᠠᠭᠤᠯᠬᠤ ᠨᠦᠬᠦᠪᠦᠷᠢ ᠵᠡᠷᠬᠡ ᠠᠷᠠᠤᠨ ᠲᠤ ᠠᠰᠢᠭ ᠬᠦᠷᠳᠡᠬᠡᠬᠦ | ᠢᠨᠵᠧᠨᠧᠷᠢᠩ ᠢ ᠴᠢᠩᠭ᠎ᠠ ᠨᠠᠶᠢᠳᠠᠪᠤᠷᠢᠵᠢᠭᠤᠯᠵᠤ᠂ ᠴᠠᠷᠭᠠᠰᠤ ᠲᠠᠷᠢᠵᠤ ᠤᠷᠭᠤᠭᠤᠯᠬᠤ ᠪᠠ ᠦᠬᠡᠷ ᠤᠨ ᠢᠴᠡᠬᠡᠯ | ᠦᠷ᠎ᠡ ᠪᠠᠷ ᠬᠡᠬᠡᠯᠳᠤᠬᠦᠯᠬᠦ ᠵᠡᠷᠬᠡ ᠲᠦᠷᠤᠯ ᠵᠤᠶᠢᠯ ᠢ ᠬᠡᠷᠡᠭᠵᠢᠬᠦᠯᠤᠨ᠂ ᠮᠠᠯᠵᠢᠬᠤ ᠤᠷᠤᠨ ᠤ ᠦᠮᠴᠢᠯᠡᠯ ᠤᠨ ᠡᠷᠬᠡ | ᠶᠢᠨ ᠲᠦᠷᠢᠮ ᠤᠨ ᠦᠬᠡᠷᠡᠴᠢᠯᠡᠯᠳᠡ ᠶᠢ ᠲᠦᠷᠬᠡᠤᠡᠬᠡᠨ ᠠᠬᠢᠭᠤᠯᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ | ᠬᠦᠭᠵᠢᠯᠳᠡ ᠶᠢᠨ ᠰᠢᠨ᠎ᠡ ᠬᠦᠳᠡᠯᠬᠡᠭᠴᠢ ᠬᠦᠴᠤᠨ ᠢ ᠠᠮᠢᠯᠠᠭᠤᠯᠤᠨ᠎ᠠ᠃ ᠮᠠᠯᠵᠢᠬᠤ ᠤᠷᠤᠨ ᠤ ᠲᠠᠯ᠎ᠠ ᠨᠤᠳᠤᠭ ᠤᠨ | ᠮᠠᠯ ᠠᠵᠤ ᠠᠬᠤᠢ ᠶᠢᠨ ᠬᠦᠭᠵᠢᠯᠳᠡ ᠶᠢᠨ ᠵᠠᠮ ᠵᠢᠴᠢ ᠠᠵᠤ ᠦᠢᠯᠡᠰ ᠤᠨ ᠤᠳᠤᠬᠢᠴᠢᠯᠠᠯᠳᠠ ᠶᠢᠨ ᠲᠤᠷᠰᠢᠯᠳᠠ ᠶᠢᠨ | ᠴᠡᠭ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠭᠠᠵᠠᠷ ᠤᠷᠤᠨ ᠤ ᠪᠠᠨ ᠪᠠᠶᠢᠳᠠᠯ ᠳᠤ ᠲᠤᠬᠢᠷᠠᠭᠤᠯᠤᠨ | ᠪᠤᠳᠠᠳᠠᠢ ᠬᠡᠷᠡᠭᠵᠢᠬᠦᠯᠬᠦ ᠲᠦᠰᠤᠯ ᠢ ᠨᠠᠶᠢᠷᠠᠭᠤᠯᠤᠨ ᠲᠤᠭᠳᠠᠭᠠᠵᠤ᠂ ᠲᠤᠭᠤᠷᠢᠭ ᠬᠤᠪᠢᠶᠠᠨ ᠡᠬᠡᠯᠵᠢᠯᠡᠨ ᠮᠠᠯᠵᠢᠬᠤ᠂ | ᠪᠡᠯᠡ ᠤᠷᠤᠭᠤᠯᠬᠤ ᠪᠡᠯᠡ ᠴᠤᠭᠯᠠᠭᠤᠯᠬᠤ ᠲᠠᠪᠴᠠᠩ ᠢ ᠪᠠᠶᠢᠭᠤᠯᠬᠤ᠂ ᠰᠢᠨ᠎ᠡ ᠬᠡᠯᠪᠡᠷᠢ ᠶᠢᠨ ᠲᠤᠯᠤᠭᠠᠶᠢᠯᠠᠭᠴᠢ ᠠᠵᠤ | ᠠᠬᠤᠶᠢᠯᠠᠯ ᠢ ᠪᠠᠶᠢᠭᠤᠯᠬᠤ᠂ ᠲᠠᠭᠠᠤᠡᠬᠠᠯ ᠤᠨ ᠲᠦᠷᠤᠯ ᠢ ᠵᠤᠬᠢᠰᠳᠠᠢ ᠲᠤᠬᠢᠷᠠᠭᠤᠯᠬᠤ᠂ ᠴᠢᠳᠠᠪᠤᠷᠢᠳᠠᠨ ᠢ ᠲᠠᠳᠠᠨ | ᠤᠷᠤᠭᠤᠯᠵᠤ ᠬᠦᠮᠤᠵᠢᠬᠦᠯᠬᠦ ᠶᠢ ᠴᠢᠩᠭᠠᠤᠡᠬᠠᠬᠤ ᠵᠡᠷᠬᠡ ᠠᠷᠭ᠎ᠠ ᠪᠠᠷᠢᠯ ᠢᠶᠠᠷ ᠲᠠᠮᠵᠢᠨ᠂ ᠤᠳᠤᠬᠢᠴᠢᠯᠠᠭᠰᠠᠨ ᠮᠠᠯ ᠠᠵᠤ | ᠠᠬᠤᠢ ᠶᠢᠨ ᠬᠦᠭᠵᠢᠯᠳᠡ ᠶᠢᠨ ᠰᠢᠨ᠎ᠡ ᠬᠡᠪ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ᠂ ᠮᠠᠯᠵᠢᠬᠤ | ᠦᠢᠯᠡᠤᠡᠪᠦᠷᠢᠯᠡᠯ ᠤᠨ ᠭᠠᠷᠤᠯᠳᠠ ᠶᠢᠨ ᠨᠡᠮᠡᠭᠳᠡᠯ᠂ ᠮᠠᠯᠴᠢᠤᠨ ᠤᠨ ᠤᠷᠤᠯᠭ᠎ᠠ ᠶᠢᠨ ᠨᠡᠮᠡᠭᠳᠡᠯ ᠪᠠ ᠮᠠᠯᠵᠢᠬᠤ ᠤᠷᠤᠨ ᠤ | ᠬᠦᠭᠵᠢᠯ ᠴᠡᠴᠡᠭᠯᠡᠯ ᠢ ᠪᠡᠶᠡᠯᠡᠬᠦᠯᠤᠨ᠎ᠡ᠃ ᠮᠠᠯ ᠰᠦᠷᠤᠭ᠌ ᠤᠨ ᠡᠪᠤᠯ ᠬᠠᠪᠤᠷ ᠢ ᠮᠡᠨᠳᠤ ᠤᠨᠳᠤᠷᠤᠭᠤᠯᠬᠤ ᠶᠢ ᠪᠠᠳᠤᠯᠠᠵᠤ᠂ | ᠬᠠᠪᠤᠷ ᠤᠨ ᠲᠦᠯ ᠢ ᠮᠡᠨᠳᠤ ᠪᠤᠶᠢᠵᠢᠭᠤᠯᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃ ᠠᠮᠢᠳᠠᠨ ᠤ | ᠡᠪᠡᠤᠡᠴᠢᠨ ᠬᠢᠵᠢᠭ ᠢ ᠬᠢᠨᠠᠨ ᠬᠠᠮᠢᠶᠠᠷᠬᠤ ᠰᠢᠰᠲ᠋ᠧᠮ ᠢ ᠲᠡᠬᠦᠯᠳᠡᠷᠵᠢᠬᠦᠯᠵᠤ᠂ ᠠᠮᠢᠳᠠᠨ ᠤ ᠡᠮᠨᠡᠯᠬᠡ ᠶᠢᠨ ᠬᠤᠷᠢᠶ᠎ᠠ ᠶᠢ | ᠪᠠᠶᠢᠭᠤᠯᠤᠨ᠂ ᠮᠠᠯ ᠠᠵᠤ ᠠᠬᠤᠢ ᠶᠢᠨ ᠦᠢᠯᠡᠤᠡᠪᠦᠷᠢᠯᠡᠯ ᠤᠨ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ | ᠨᠠᠭᠠᠳᠤᠮ ᠤᠨ ᠲᠠᠯᠠᠪᠤᠷ ᠤᠨ ᠡᠷᠬᠢᠨ ᠲᠤᠭᠤᠷᠢᠨ ᠳᠤ ᠮᠤᠷᠢ ᠤᠷᠤᠯᠳᠤᠬᠤ ᠲᠠᠯᠠᠪᠠᠢ᠂ ᠠᠳᠤᠭᠤ ᠲᠡᠵᠢᠬᠡᠬᠦ ᠲᠠᠯᠠᠪᠠᠢ᠂ | ᠮᠤᠷᠢ ᠰᠤᠷᠭᠠᠬᠤ ᠲᠠᠯᠠᠪᠠᠢ ᠵᠢᠴᠢ ᠵᠤᠭᠠᠴᠠᠯ ᠤᠨ ᠦᠢᠯᠡᠴᠢᠯᠡᠬᠡᠨ ᠤ ᠰᠠᠭᠤᠷᠢᠨ ᠭᠠᠵᠠᠷ ᠢ ᠪᠠᠶᠢᠭᠤᠯᠵᠤ᠂ ᠠᠳᠤᠭᠤᠨ | ᠰᠤᠶᠤᠯ ᠤᠨ ᠠᠵᠤ ᠦᠢᠯᠡᠰ ᠤᠨ ᠲᠡᠭᠡᠳᠤ ᠲᠡᠰ ᠤᠨ ᠵᠢᠭᠤᠯᠴᠢᠯᠠᠯ ᠤᠨ ᠠᠮᠢᠳᠤᠷᠠᠯ ᠤᠨ ᠰᠡᠯᠡᠬᠦᠴᠡᠯ ᠲᠤᠭᠤᠷᠢᠭ ᠢ | ᠡᠬᠦᠳᠤᠨ ᠪᠠᠶᠢᠭᠤᠯᠤᠨ᠎ᠠ᠃ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠨᠡᠷᠡᠳᠤ ᠲᠡᠮᠳᠡᠭ ᠢ | ᠲᠦᠬᠡᠮᠡᠯᠵᠢᠬᠦᠯᠤᠨ ᠲᠡᠯᠬᠡᠷᠡᠬᠦᠯᠵᠤ᠂ ᠬᠤᠨᠢ ᠰᠢᠯᠭᠠᠷᠠᠭᠤᠯᠬᠤ ᠤᠷᠤᠯᠳᠤᠭᠠᠨ᠂ ︽ᠪᠠᠷᠠᠭᠤᠨ ᠬᠤᠰᠢᠭᠤᠨ ᠤ ᠬᠤᠨᠢᠨ ᠤ | ᠮᠢᠬ᠎ᠠ︾ ᠶᠢ ᠲᠠᠨᠢᠯᠴᠠᠭᠤᠯᠬᠤ ᠬᠤᠷᠠᠯ ᠵᠡᠷᠬᠡ ᠠᠯᠢ ᠤᠯᠠᠨ ᠠᠵᠢᠯᠯᠠᠭ᠎ᠠ ᠶᠢ ᠦᠷᠬᠦᠯᠵᠢᠯᠡᠨ ᠡᠷᠬᠢᠯᠡᠨ ᠶᠠᠪᠤᠭᠳᠠᠭᠤᠯᠵᠤ᠂ | ᠮᠠᠯᠴᠢᠤᠨ ᠤᠨ ᠤᠷᠤᠯᠭ᠎ᠠ ᠶᠢ ᠪᠦᠳᠤᠮᠵᠢᠳᠡᠢ ᠨᠡᠮᠡᠭᠳᠡᠬᠦᠯᠤᠨ᠎ᠡ᠃ | ︵ᠭᠤᠷᠪᠠ︶ ᠭᠤᠤᠯᠯᠠᠬᠤ ᠲᠠᠪᠠᠭᠤᠯᠢᠭ ᠢ ᠪᠦᠬᠦ ᠲᠠᠯ᠎ᠠ ᠪᠠᠷ ᠪᠠᠳᠠᠷᠠᠭᠤᠯᠤᠨ᠂ ᠰᠢᠨ᠎ᠡ ᠬᠡᠯᠪᠡᠷᠢ ᠶᠢᠨ ᠠᠵᠤ | ᠦᠢᠯᠡᠤᠡᠪᠦᠷᠢ ᠶᠢᠨ ᠪᠠᠶᠢᠳᠠᠯ ᠢ ᠲᠦᠷᠬᠡᠤᠡᠬᠡᠨ ᠪᠠᠶᠢᠭᠤᠯᠤᠨ᠎ᠠ | ᠠᠵᠤ ᠦᠢᠯᠡᠤᠡᠪᠦᠷᠢ ᠶᠢᠨ ᠭᠤᠤᠯᠯᠠᠬᠤ ᠠᠵᠤ ᠦᠢᠯᠡᠰ ᠤᠨ ᠪᠠᠶᠢᠷᠢ ᠰᠠᠭᠤᠷᠢ ᠶᠢ ᠪᠠᠬᠢᠵᠢᠬᠦᠯᠤᠨ᠂ ᠲᠤᠮᠳᠠᠳᠤ | ᠤᠯᠤᠰ ᠤᠨ ᠬᠤᠸᠠᠩ ᠶᠢᠨ ᠪᠦᠯᠤᠭ᠍ᠯᠡᠯ᠂ ᠳ᠋ᠠᠴᠢᠩ᠂ ᠷᠦᠩ ᠳ᠋ᠠ᠂ ᠴᠠᠭᠠᠨ᠂ ᠶᠢᠨ ᠱᠠᠨ ᠵᠡᠷᠬᠡ ᠭᠤᠤᠯᠳᠠᠯᠭ᠎ᠠ ᠲᠠᠢ ᠠᠵᠤ | ᠠᠬᠤᠶᠢᠯᠠᠯ ᠢᠶᠠᠷ ᠠᠴᠢᠶᠠᠯᠠᠪᠤᠷᠢ ᠪᠤᠯᠭᠠᠨ᠂ ᠠᠵᠤ ᠦᠢᠯᠡᠰ ᠤᠨ ᠬᠡᠯᠬᠢᠶ᠎ᠡ ᠶᠢ ᠤᠷᠳᠤᠤᠡᠬᠠᠵᠤ᠂ ᠤᠳᠤᠬᠢᠴᠢᠯᠠᠭᠰᠠᠨ | ᠠᠵᠤ ᠦᠢᠯᠡᠤᠡᠪᠦᠷᠢ ᠶᠢᠨ ᠬᠦᠭᠵᠢᠯᠳᠡ ᠶᠢᠨ ᠠᠬᠢᠴᠠ ᠶᠢ ᠲᠦᠷᠬᠡᠤᠡᠬᠡᠨ᠎ᠡ᠃ ᠠᠵᠤ ᠦᠢᠯᠡᠤᠡᠪᠦᠷᠢ ᠶᠢᠨ ᠠᠵᠤ ᠠᠬᠤᠢ | ᠶᠢᠨ ︽ᠨᠡᠮᠡᠭᠳᠡᠯ ᠤᠨ ᠲᠤᠶᠢᠯ︾ ᠢ ᠤᠨᠤᠪᠴᠢᠳᠠᠢ ᠠᠤᠡᠬᠤᠨ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ | ᠲᠠᠬᠢ ᠡᠬᠢ ᠪᠠᠶᠠᠯᠢᠭ ᠤᠨ ᠮᠡᠷᠬᠡᠵᠢᠯ ᠢᠶᠠᠨ ᠰᠠᠶᠢᠵᠢᠷᠠᠭᠤᠯᠬᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ | ᠤᠰᠤᠳᠤ ᠬᠦᠬᠦᠷ ᠬᠦᠴᠢᠯ ᠤᠨ ᠮᠠᠩᠭᠠᠨ ᠤ ᠮᠡᠷᠬᠡᠵᠢᠯ ᠢᠶᠠᠨ ᠰᠠᠶᠢᠵᠢᠷᠠᠭᠤᠯᠬᠤ ᠲᠦᠷᠤᠯ ᠵᠤᠶᠢᠯ ᠢ ᠦᠷᠬᠦᠯᠵᠢᠯᠡᠨ | ᠬᠡᠷᠡᠭᠵᠢᠬᠦᠯᠵᠤ᠂ ᠲᠤᠮᠳᠠᠳᠤ ᠤᠯᠤᠰ ᠤᠨ ᠬᠤᠸᠠᠩ ᠶᠢᠨ ᠪᠦᠯᠤᠭ᠍ᠯᠡᠯ ᠤᠨ ᠠᠭᠤᠷᠬᠠᠢ ᠶᠢᠨ ᠤᠷᠴᠢᠨ ᠲᠤᠭᠤᠷᠢᠨ ᠤ | ᠪᠤᠬᠢᠷᠳᠤᠯ ᠢ ᠤᠷᠢᠤᠡᠴᠢᠯᠠᠨ ᠰᠡᠷᠬᠡᠶᠢᠯᠡᠵᠤ ᠶᠡᠷᠤᠩᠬᠡᠶᠢᠯᠡᠨ ᠬᠤᠷᠢᠶᠠᠨ ᠠᠪᠴᠤ ᠠᠰᠢᠭᠯᠠᠬᠤ᠂ ᠴᠤᠤ ᠹᠠᠨ ᠠᠭᠤᠷᠬᠠᠢ | ᠶᠢᠨ ᠦᠢᠯᠡᠰ ᠤᠨ ᠬᠠᠶᠢᠷᠬᠠᠨ ᠤ ᠲᠤᠭᠤᠯᠠᠭ᠎ᠠ ᠴᠠᠶᠢᠷ ᠤᠨ ᠠᠭᠤᠷᠬᠠᠢ ᠶᠢ ᠰᠤᠩᠭᠤᠬᠤ ᠵᠡᠷᠬᠡ ᠲᠦᠷᠤᠯ ᠵᠤᠶᠢᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠤᠳᠠᠳᠤ ᠴᠤᠭᠴᠠ ᠶᠢᠨ ᠠᠵᠤ ᠠᠬᠤᠢ ᠶᠢᠨ ᠬᠡᠪᠴᠢᠶᠡᠵᠢᠯ ᠢ | ᠪᠤᠵᠠᠭᠠᠶᠢᠷᠠᠭᠤᠯᠤᠨ᠂ ᠠᠷᠠᠤᠨ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ ᠠᠮᠢᠯᠠᠭᠤᠯᠬᠤ᠂ ᠦᠢᠯᠡᠴᠢᠯᠡᠬᠦ | ᠪᠠ ᠲᠦᠯᠬᠢᠨ ᠠᠬᠢᠭᠤᠯᠬᠤ ᠶᠢ ᠬᠦᠴᠤᠯᠡᠨ ᠲᠡᠮᠵᠢᠵᠤ᠂ ᠬᠤᠪᠢ ᠶᠢᠨ ᠦᠢᠯᠡᠤᠡᠪᠦᠷᠢ ᠬᠤᠳᠠᠯᠳᠤᠭᠠᠨ ᠤ ᠡᠷᠤᠬᠡ ᠶᠢᠨ | ᠠᠵᠤ ᠠᠬᠤᠶᠢᠯᠠᠯ ᠲᠡᠰᠢ ᠲᠡᠰ ᠲᠡᠪᠰᠢᠬᠦ᠂ ᠪᠠᠭ᠎ᠠ ᠵᠢᠵᠢᠭ ᠠᠵᠤ ᠠᠬᠤᠶᠢᠯᠠᠯ ᠬᠡᠪᠴᠢᠶᠡᠵᠢᠯ ᠠᠴᠠ ᠲᠡᠭᠡᠭᠰᠢᠬᠢ ᠠᠵᠤ | ᠠᠬᠤᠶᠢᠯᠠᠯ ᠲᠡᠰᠢ ᠲᠡᠰ ᠲᠡᠪᠰᠢᠬᠦ ᠶᠢ ᠵᠤᠷᠢᠭᠵᠢᠭᠤᠯᠤᠨ ᠲᠡᠮᠵᠢᠵᠤ᠂ ᠠᠷᠠᠤᠨ ᠠᠴᠠ ᠡᠵᠡᠩᠨᠡᠭᠰᠡᠨ ᠠᠵᠤ ᠠᠬᠤᠶᠢᠯᠠᠯ | ᠤᠨ ᠠᠮᠢᠵᠢᠷᠠᠯ ᠤᠨ ᠬᠦᠴᠤᠨ ᠢ ᠴᠢᠩᠭᠠᠤᠡᠬᠠᠨ᠂ ᠵᠠᠬ᠎ᠠ ᠲᠡᠯᠬᠡᠬᠦᠷ ᠤᠨ ᠠᠵᠤ ᠠᠬᠤᠢ ᠶᠢᠨ ︽ᠡᠰ︾ ᠢ ᠤᠯᠠᠮ | ᠴᠢᠨᠠᠭᠰᠢᠳᠠ ᠨᠡᠮᠡᠭᠳᠡᠬᠦᠯᠤᠨ᠎ᠡ᠃ ᠲᠦᠷᠤᠯ ᠵᠤᠶᠢᠯ ᠢ ᠲᠦᠯᠤᠪᠵᠢᠬᠦᠯᠬᠦ᠂ ᠲᠡᠮᠡᠴᠡᠨ ᠤᠯᠬᠤ᠂ ᠦᠢᠯᠡᠴᠢᠯᠡᠬᠦ᠂ | ᠬᠠᠮᠢᠶᠠᠷᠤᠯᠳᠠ ᠬᠢᠬᠦ ᠶᠢ ᠴᠢᠩᠭᠠᠤᠡᠬᠠᠨ᠂ 87 ᠲᠦᠷᠤᠯ ᠵᠤᠶᠢᠯ ᠢ ᠲᠦᠯᠤᠪᠵᠢᠬᠦᠯᠤᠨ ᠬᠡᠷᠡᠭᠵᠢᠬᠦᠯᠵᠤ᠂ ᠶᠡᠷᠤᠩᠬᠡᠢ | ᠪᠡᠯᠡ ᠤᠷᠤᠭᠤᠯᠤᠯᠳᠠ ᠶᠢ 61.4 ᠳ᠋ᠦᠩᠰᠢᠭᠤᠷ ᠲᠦᠬᠦᠷᠢᠭ ᠲᠤ ᠬᠦᠷᠬᠡᠨ᠎ᠡ᠃ ᠠᠵᠤ ᠦᠢᠯᠡᠤᠡᠪᠦᠷᠢ ᠶᠢᠨ | ᠬᠦᠷᠢᠶᠡᠯᠡᠩ ᠤᠨ ᠬᠦᠭᠵᠢᠯᠳᠡ ᠶᠢᠨ ᠲᠦᠯᠤᠪᠵᠢᠬᠦᠯᠬᠡ ᠶᠢ ᠲᠡᠬᠦᠯᠳᠡᠷᠵᠢᠬᠦᠯᠵᠤ᠂ ︽ᠲᠤᠯᠤᠭ᠎ᠠ ᠶᠢ ᠨᠡᠪᠳᠡᠷᠡᠬᠦᠯᠵᠤ ᠨᠢᠬᠡ | ᠶᠢ ᠲᠡᠭᠰᠢᠯᠡᠬᠦ︾ ᠪᠠᠶᠢᠭᠤᠯᠤᠯᠳᠠ ᠶᠢ ᠲᠦᠷᠬᠡᠤᠡᠬᠡᠨ᠂ ᠦᠢᠯᠡᠳᠤᠯ ᠴᠢᠳᠠᠪᠬᠢ ᠶᠢᠨ ᠪᠠᠶᠢᠷᠢ ᠲᠤᠭᠳᠠᠭᠠᠯᠳᠠ ᠶᠢ | ᠲᠤᠳᠤᠷᠬᠠᠶᠢᠯᠠᠵᠤ᠂ ᠦᠢᠯᠡᠴᠢᠯᠡᠬᠡᠨ ᠤ ᠴᠢᠳᠠᠪᠬᠢ ᠶᠢ ᠲᠡᠬᠦᠯᠳᠡᠷᠵᠢᠬᠦᠯᠤᠨ᠂ ᠰᠢᠨ᠎ᠡ ᠡᠨᠧᠷᠬᠢ᠂ ᠮᠤᠳᠤᠨ ᠮᠠᠲ᠋ᠧᠷᠢᠶᠠᠯ ᠢ | ᠪᠤᠯᠪᠠᠰᠤᠷᠠᠭᠤᠯᠬᠤ᠂ ᠮᠠᠯ ᠤᠨ ᠠᠰᠢᠭ ᠰᠢᠮ᠎ᠡ ᠶᠢ ᠡᠳ᠋ᠰᠢᠬᠦᠯᠤᠨ ᠪᠤᠯᠪᠠᠰᠤᠷᠠᠭᠤᠯᠬᠤ ᠵᠡᠷᠬᠡ ᠠᠵᠤ ᠦᠢᠯᠡᠰ ᠢ | ᠬᠦᠴᠤᠯᠡᠨ ᠪᠤᠶᠢᠵᠢᠭᠤᠯᠵᠤ᠂ ᠤᠯᠠᠨ ᠲᠠᠯ᠎ᠠ ᠠᠴᠠ ᠲᠤᠯᠭᠠᠭᠤᠷᠢᠯᠠᠭᠰᠠᠨ᠂ ᠦᠪᠡᠷᠮᠢᠴᠡ ᠤᠨᠴᠠᠯᠢᠭ ᠢᠯᠡ ᠲᠤᠳᠤ᠂ | ᠪᠤᠬᠢᠷᠳᠤᠯ ᠦᠬᠡᠢ ᠬᠦᠭᠵᠢᠭᠰᠡᠨ ᠬᠦᠷᠢᠶᠡᠯᠡᠩ ᠤᠨ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ | ᠪᠦᠷᠢᠯᠳᠤᠬᠦᠯᠤᠨ᠎ᠡ᠃ | ︵ᠲᠦᠷᠪᠡ︶ ᠡᠬᠢ ᠪᠠᠶᠠᠯᠢᠭ ᠤᠨ ᠲᠠᠪᠠᠭᠤᠯᠢᠭ ᠢ ᠪᠦᠬᠦ ᠲᠠᠯ᠎ᠠ ᠪᠠᠷ ᠠᠭᠤᠳᠠᠯᠤᠨ ᠭᠠᠷᠭᠠᠵᠤ᠂ ᠵᠤᠭᠠᠴᠠᠯ ᠤᠨ | ᠠᠵᠤ ᠦᠢᠯᠡᠰ ᠤᠨ ᠬᠦᠭᠵᠢᠯᠳᠡ ᠶᠢ ᠢᠳᠡᠪᠬᠢᠳᠡᠢ ᠠᠬᠢᠭᠤᠯᠤᠨ᠎ᠠ᠃ | ︽ᠪᠦᠬᠦ ᠤᠷᠤᠨ ᠪᠦᠰᠡ ᠶᠢᠨ ᠵᠤᠭᠠᠴᠠᠯ︾᠂ ︽ᠲᠦᠷᠪᠡᠨ ᠤᠯᠠᠷᠢᠯ ᠤᠨ ᠵᠤᠭᠠᠴᠠᠯ︾ ᠤᠨ ᠬᠦᠭᠵᠢᠯᠳᠡ ᠶᠢᠨ | ᠵᠢᠯᠤᠭᠤᠳᠤᠮᠵᠢ ᠶᠢ ᠪᠠᠷᠢᠮᠳᠠᠯᠠᠨ᠂ ︽ᠬᠤᠶᠠᠷ ᠨᠠᠭᠤᠷ᠂ ᠬᠤᠶᠠᠷ ᠭᠤᠤᠯ᠂ ᠪᠤᠭᠳᠠᠡᠭᠤᠯᠠ᠂ ᠨᠤᠭᠤ ᠭᠠᠵᠠᠷ︾ ᠤᠨ ᠡᠬᠢ | ᠪᠠᠶᠠᠯᠢᠭ ᠤᠨ ᠲᠠᠪᠠᠭᠤᠯᠢᠭ ᠢ ᠬᠦᠢᠴᠡᠤᠨ ᠪᠠᠳᠠᠷᠠᠭᠤᠯᠵᠤ᠂ ᠵᠤᠭᠠᠴᠠᠯ ᠤᠨ ᠠᠵᠤ ᠦᠢᠯᠡᠰ ᠤᠨ ᠬᠡᠪᠴᠢᠶᠡᠵᠢᠭᠰᠡᠨ᠂ | ᠨᠡᠷᠡᠳᠤ ᠲᠡᠮᠳᠡᠭᠵᠢᠭᠰᠡᠨ᠂ ᠨᠠᠷᠢᠯᠢᠭᠵᠢᠭᠰᠠᠨ ᠬᠦᠭᠵᠢᠯᠳᠡ ᠶᠢ ᠠᠬᠢᠭᠤᠯᠤᠨ᠂ ︽ᠪᠠᠶᠢᠭᠠᠯᠢᠯᠢᠭ︾ ᠠᠮᠢ ᠠᠬᠤᠶᠢᠴᠢ | ᠵᠤᠭᠠᠴᠠᠯ ᠤᠨ ᠨᠡᠷᠡᠳᠤ ᠲᠡᠮᠳᠡᠭ ᠢ ᠡᠬᠦᠳᠤᠨ ᠪᠠᠶᠢᠭᠤᠯᠤᠨ᠎ᠠ᠃ ︽ᠬᠦᠳᠡᠭᠡ ᠲᠤᠰᠬᠤᠨ ᠤ ᠵᠤᠭᠠᠴᠠᠯ︾ ᠢ ᠲᠦᠷᠬᠡᠤᠡᠬᠡᠨ | ᠬᠦᠭᠵᠢᠬᠦᠯᠵᠤ᠂ ᠮᠢᠵᠢᠭ ᠬᠡᠷ ᠪᠦᠯᠢ ᠶᠢᠨ ᠮᠠᠯᠵᠢᠯ ᠤᠨ ᠲᠠᠯᠠᠪᠠᠢ᠂ ᠯᠧ ᠯᠢᠩ ᠨᠤᠳᠤᠭ ᠵᠤᠰᠠᠯᠠᠩ ᠤᠨ ᠲᠡᠭᠡᠳᠤ ᠴᠢᠨᠠᠷ | ᠲᠡᠰ ᠤᠨ ᠬᠦᠭᠵᠢᠯᠳᠡ ᠶᠢ ᠬᠦᠳᠤᠯᠤᠨ ᠵᠢᠯᠤᠭᠤᠳᠤᠨ᠎ᠠ᠃ ︽ᠲᠠᠯ᠎ᠠ ᠨᠤᠳᠤᠭ ᠤᠨ ᠦᠵᠡᠮᠵᠢ ᠰᠤᠨᠢᠷᠬᠠᠬᠤ ᠵᠤᠭᠠᠴᠠᠯ | ᠤᠨ ᠪᠦᠰᠡ᠂ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠰᠡᠯᠡᠬᠦᠴᠡᠯ ᠲᠤᠭᠤᠷᠢᠭ᠂ ᠠᠳᠤᠭᠤᠨᠴᠢᠯᠠᠭᠤ ᠭᠠᠵᠠᠷ | ᠰᠢᠨᠵᠢᠯᠡᠬᠡᠨ ᠤ ᠴᠡᠴᠡᠷᠯᠢᠭ ᠤᠨ ᠪᠡᠶᠡᠴᠢᠯᠡᠨ ᠤᠶᠢᠯᠠᠭᠠᠬᠤ ᠤᠷᠤᠨ᠂ ᠲᠤᠮᠳᠠᠳᠤ ᠮᠤᠩᠭᠤᠯ ᠤᠨ ᠬᠢᠯᠢ ᠶᠢᠨ ᠵᠤᠭᠠᠴᠠᠯ | ᠤᠨ ᠭᠤᠤᠯ ᠨᠡᠪᠳᠡᠷᠡᠬᠦ ᠬᠡᠰᠡᠭ ᠤᠨ ᠪᠦᠳᠤᠬᠡᠨ ᠪᠠᠶᠢᠭᠤᠯᠤᠯᠳᠠ ᠶᠢ ᠪᠦᠬᠦ ᠬᠦᠴᠤᠨ ᠢᠶᠠᠷ ᠠᠬᠢᠭᠤᠯᠤᠨ᠎ᠠ᠃ ︽ᠵᠤᠭᠠᠴᠠᠯ | +︾ ᠢ ᠪᠦᠬᠦ ᠬᠦᠴᠤᠨ ᠢᠶᠠᠷ ᠢᠶᠠᠨ ᠲᠦᠯᠬᠢᠨ ᠠᠬᠢᠭᠤᠯᠵᠤ᠂ ᠮᠦᠰᠤ ᠴᠠᠰᠤᠨ ᠤ ᠠᠵᠢᠯᠯᠠᠭ᠎ᠠ᠂ ᠤᠯᠠᠮᠵᠢᠯᠠᠯᠳᠤ ᠪᠡᠶ᠎ᠡ | ᠶᠢᠨ ᠲᠠᠮᠢᠷ ᠤᠨ ᠤᠷᠤᠯᠳᠤᠭᠠᠨ᠂ ᠠᠷᠠᠤᠨ ᠤᠨ ᠵᠠᠩ ᠦᠢᠯᠡ ᠶᠢᠨ ᠰᠤᠶᠤᠯ ᠪᠠ ᠪᠤᠳᠠᠰ ᠤᠨ ᠪᠤᠰᠤ ᠰᠤᠶᠤᠯ ᠤᠨ | ᠦᠪ ᠤᠨ ᠲᠦᠷᠤᠯ ᠵᠤᠶᠢᠯ ᠤᠨ ᠦᠵᠡᠬᠦᠯᠤᠯᠬᠡ ᠵᠡᠷᠬᠡ ᠠᠯᠢ ᠤᠯᠠᠨ ᠠᠵᠢᠯᠯᠠᠭ᠎ᠠ ᠪᠠᠷ ᠲᠠᠮᠵᠢᠨ᠂ ᠪᠦᠬᠦ ᠬᠤᠰᠢᠭᠤᠨ ᠤ | ᠰᠤᠶᠤᠯ᠂ ᠪᠡᠶ᠎ᠡ ᠶᠢᠨ ᠲᠠᠮᠢᠷ᠂ ᠵᠤᠭᠠᠴᠠᠯ ᠤᠨ ᠡᠬᠢ ᠪᠠᠶᠠᠯᠢᠭ ᠢ ᠤᠯᠠᠮ ᠴᠢᠨᠠᠭᠰᠢᠳᠠ ᠨᠢᠬᠡᠤᠡᠬᠡᠵᠤ᠂ ᠤᠷᠤᠨ ᠨᠤᠳᠤᠭ | ᠤᠨ ᠤᠨᠴᠠᠯᠢᠭ ᠲᠠᠢ ᠰᠤᠶᠤᠯ ᠵᠤᠭᠠᠴᠠᠯ ᠤᠨ ᠲᠦᠷᠤᠯ ᠵᠤᠶᠢᠯ ᠢ ᠬᠦᠭᠵᠢᠬᠦᠯᠤᠨ᠂ ᠬᠡᠰᠡᠭ ᠲᠠᠯ᠎ᠠ ᠠᠴᠠ ᠭᠠᠷᠳᠠᠵᠤ᠂ | ᠪᠦᠬᠦ ᠲᠠᠯ᠎ᠠ ᠶᠢ ᠪᠠᠶᠢᠷᠢᠯᠠᠭᠤᠯᠤᠨ᠂ ᠵᠤᠭᠠᠴᠠᠯ ᠤᠨ ᠠᠵᠤ ᠦᠢᠯᠡᠰ ᠤᠨ ᠤᠷᠳᠤ ᠤᠳᠠᠭᠠᠨ ᠬᠦᠭᠵᠢᠯᠳᠡ ᠶᠢ | ᠠᠬᠢᠭᠤᠯᠤᠨ᠎ᠠ᠃ |