ᠬᠤᠶᠠᠳᠤᠭᠠᠷ ᠰᠠᠷ᠎ᠠ ᠶᠢᠨ ᠠᠷᠪᠠᠨ ᠵᠢᠷᠭᠤᠭᠠᠨ ᠤ ᠤᠷᠤᠢ ᠦᠪᠤᠷ ᠮᠤᠩᠭᠤᠯ ᠤᠨ ᠬᠤᠶᠠᠳᠤᠭᠠᠷ | ᠬᠤᠭᠤᠴᠠᠭᠠᠨ ᠤ ᠡᠪᠤᠯ ᠤᠨ ᠤᠯᠠᠷᠢᠯ ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠡᠬᠢᠯᠠᠯᠳᠠ ᠶᠢᠨ ᠶᠤᠰᠤᠯᠠᠯ | ᠬᠠᠶᠢᠯᠠᠷ ᠲᠠᠬᠢ ᠦᠪᠤᠷ ᠮᠤᠩᠭᠤᠯ ᠤᠨ ᠦᠪᠠᠷᠳᠠᠭᠡᠨ ᠵᠠᠰᠠᠬᠤ ᠤᠷᠤᠨ ᠤ ᠮᠥᠰᠤᠨ ᠳᠠᠭᠡᠷᠠᠬᠢ ᠪᠤᠯᠪᠠᠰᠤᠷᠠᠯ ᠤᠨ | ᠲᠥᠪ ᠲᠤ ᠶᠠᠪᠤᠭᠳᠠᠪᠠ᠃ | | | | | | ᠤᠷᠤᠢ ᠶᠢᠨ ᠨᠠᠢᠮᠠᠨ ᠴᠠᠭ ᠲᠤ ᠦᠪᠤᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ | ᠤᠨ ᠪᠠᠶ᠎ᠠ ᠶᠢᠨ ᠳᠠᠮᠢᠷ ᠤᠨ ᠴᠤᠭᠯᠠᠭᠠᠨ ᠤ ᠡᠬᠢᠯᠠᠯᠳᠠ ᠶᠢᠨ ᠶᠤᠰᠤᠯᠠᠯ ᠡᠬᠢᠯᠠᠵᠤ᠂ ᠬᠢᠨᠠᠭᠴᠢᠳ ᠤᠨ ᠪᠥᠯᠭᠦᠮ ᠪᠠ ᠡᠯ᠎ᠠ | ᠠᠶᠢᠮᠠᠭ ᠬᠤᠳᠠ ᠠᠴᠠ ᠬᠥᠷᠤᠯᠴᠠᠨ ᠢᠷᠡᠭᠰᠠᠨ ᠠᠷᠪᠠᠨ ᠭᠤᠷᠪᠠᠨ ᠲᠥᠯᠤᠭᠡᠯᠡᠭᠴᠢᠳ ᠤᠨ ᠪᠥᠯᠭᠦᠮ ᠤᠨ ᠳᠠᠮᠢᠷᠴᠢᠳ | ᠦᠵᠡᠭᠴᠢ ᠤᠯᠠᠨ ᠤ ᠬᠠᠯᠠᠭᠤᠨ ᠠᠯᠠᠭ᠎ᠠ ᠳᠠᠰᠢᠯᠳᠠ ᠶᠢᠨ ᠳᠤᠮᠳᠠ ᠢᠳᠠᠷᠭᠦᠨ ᠠᠯᠬᠤᠭ᠎ᠠ ᠪᠠᠷ ᠳᠠᠯᠠᠪᠠᠢ ᠳᠤ | ᠤᠷᠤᠵᠠᠭᠠᠵᠤ᠂ ᠤᠯᠤᠰ ᠤᠨ ᠰᠥᠯᠳᠠ ᠳᠠᠭᠤᠤ ᠶᠢᠨ ᠠᠶᠠᠰ ᠳᠤᠮᠳᠠ ᠤᠯᠤᠰ ᠤᠨ ᠲᠤᠭ ᠪᠤᠯᠤᠨ ᠴᠤᠭᠯᠠᠭᠠᠨ ᠤ | ᠲᠤᠭ ᠢ ᠦᠨᠳᠤᠷ ᠲᠤ ᠮᠠᠨᠳᠤᠭᠤᠯᠪᠠ᠃ | | | ᠦᠪᠠᠷᠳᠠᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠠᠳ᠋ ᠱᠥᠵᠢ᠂ ᠦᠪᠠᠷᠳᠠᠭᠡᠨ ᠵᠠᠰᠬᠤ ᠤᠷᠤᠨ ᠤ | ᠳᠠᠷᠢᠭᠦᠯᠡᠭᠴᠢ ᠪᠥ᠋ ᠰᠢᠶᠤᠤ ᠯᠢᠨ ᠦᠪᠤᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ | ᠪᠠᠶ᠎ᠠ ᠶᠢᠨ ᠳᠠᠮᠢᠷ ᠤᠨ ᠴᠤᠭᠯᠠᠭᠠᠨ ᠡᠬᠢᠯᠡᠭᠰᠠᠨ ᠢ ᠵᠠᠷᠯᠠᠵᠢ᠃ ᠤᠯᠤᠰ ᠤᠨ ᠪᠠᠶ᠎ᠠ ᠶᠢᠨ ᠳᠠᠮᠢᠷ ᠤᠨ ᠶᠠᠷᠤᠩᠭᠡᠢ | ᠲᠤᠪᠴᠢᠶᠠᠨ ᠤ ᠳᠠᠳ᠋ ᠳᠠᠷᠤᠭ᠎ᠠ ᠶᠠᠩ ᠨᠢᠩ᠂ ᠦᠪᠠᠷᠳᠠᠭᠡᠨ ᠵᠠᠰᠠᠬᠤ ᠤᠷᠤᠨ ᠤ ᠳᠠᠳ᠋ ᠳᠠᠷᠢᠭᠦᠯᠡᠭᠴᠢ ᠠᠢ ᠯᠢ | ᠬᠤᠸ᠋ᠨ᠂ ᠦᠪᠠᠷᠳᠠᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠪᠤᠤ | ᠵᠧᠨ ᠢᠤᠢ ᠨᠠᠷ ᠡᠬᠢᠯᠠᠯᠳᠠ ᠶᠢᠨ ᠶᠤᠰᠤᠯᠠᠯ ᠳᠤ ᠤᠷᠤᠯᠴᠠᠵᠠᠢ᠃ ᠦᠪᠠᠷᠳᠠᠭᠡᠨ ᠵᠠᠰᠠᠬᠤ ᠤᠷᠤᠨ ᠤ ᠪᠠᠶ᠎ᠠ ᠶᠢᠨ | ᠳᠠᠮᠢᠷ ᠤᠨ ᠲᠤᠪᠴᠢᠶᠠᠨ ᠤ ᠳᠠᠷᠤᠭ᠎ᠠ ᠲᠠᠨ ᠵᠢᠩ ᠹᠧᠩ ᠪᠠᠶᠠᠷ ᠤᠨ ᠦᠭᠡ ᠶᠠᠷᠢᠵᠤ᠂ ᠬᠤᠳᠠ ᠶᠢᠨ ᠨᠠᠮ ᠤᠨ | ᠬᠤᠷᠢᠶ᠎ᠠ ᠶᠢᠨ ᠱᠥᠵᠢ ᠢᠤᠢ ᠯᠢ ᠰᠢᠨ ᠤᠭᠳᠤᠯᠭ᠎ᠠ ᠶᠢᠨ ᠶᠠᠷᠢᠶ᠎ᠠ ᠳᠠᠯᠪᠢᠵᠤ᠂ ᠬᠤᠳᠠ ᠶᠢᠨ ᠨᠠᠮ ᠤᠨ ᠬᠤᠷᠢᠶᠠᠨ ᠤ | ᠳᠠᠳ᠋ ᠱᠥᠵᠢ᠂ ᠬᠤᠳᠠ ᠶᠢᠨ ᠳᠠᠷᠤᠭ᠎ᠠ ᠵᠢᠶᠠᠩ ᠬᠤᠩ ᠡᠬᠢᠯᠠᠯᠳᠠ ᠶᠢᠨ ᠶᠤᠰᠤᠯᠠᠯ ᠢ ᠡᠷᠬᠢᠯᠠᠪᠠ᠃ | ᠳᠠᠨ ᠵᠢᠩ ᠹᠧᠩ ᠬᠡᠯᠡᠭᠰᠠᠨ ᠨᠢ᠄ ᠠᠷᠪᠠᠨ ᠲᠥᠷᠪᠠᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ | ᠤᠯᠠᠷᠢᠯ ᠤᠨ ᠪᠠᠶ᠎ᠠ ᠶᠢᠨ ᠳᠠᠮᠢᠷ ᠤᠨ ᠴᠤᠭᠯᠠᠭᠠᠨ 2020 ᠤᠨ ᠤ ᠬᠤᠶᠠᠳᠤᠭᠠᠷ ᠰᠠᠷ᠎ᠠ ᠳᠤ ᠮᠠᠨ ᠤ ᠤᠷᠤᠨ ᠳᠤ | ᠶᠠᠪᠤᠭᠳᠠᠬᠤ ᠪᠠᠷ ᠪᠠᠶᠢᠨ᠎ᠠ᠃ ᠡᠨᠠ ᠪᠤᠯ ᠦᠪᠤᠷ ᠮᠤᠩᠭᠤᠯ ᠤᠨ ᠦᠪᠠᠷᠳᠠᠭᠡᠨ ᠵᠠᠰᠠᠬᠤ ᠤᠷᠤᠨ ᠪᠠᠶᠢᠭᠤᠯᠤᠭᠳᠠᠭᠰᠠᠨ | ᠳᠠᠯᠠᠭᠠᠳ ᠵᠢᠯ ᠤᠨ ᠲᠤᠷᠰᠢ ᠠᠩᠬ᠎ᠠ ᠤᠳᠠᠭ᠎ᠠ ᠳᠠᠭᠠᠭᠠᠴᠢᠯᠠᠨ ᠡᠷᠬᠢᠯᠠᠬᠦ ᠪᠠᠷ ᠪᠠᠶᠢᠭ᠎ᠠ ᠪᠥᠬᠦ ᠤᠯᠤᠰ ᠤᠨ | ᠬᠡᠪᠴᠢᠶᠠᠨ ᠤ ᠲᠤᠮᠤ ᠬᠡᠯᠪᠡᠷᠢ ᠶᠢᠨ ᠶᠠᠷᠤᠩᠭᠡᠶᠢᠯᠡᠭᠰᠠᠨ ᠴᠢᠨᠠᠷᠳᠠᠢ ᠳᠠᠮᠢᠷ ᠤᠨ ᠴᠤᠭᠯᠠᠭᠠᠨ ᠪᠤᠯᠤᠨ᠎ᠠ᠃ ᠮᠥᠨᠴᠤ | 2020 ᠤᠨ ᠤ ᠪᠡᠭᠡᠵᠢᠩ ᠳᠠᠬᠢ ᠡᠪᠤᠯ ᠤᠨ ᠤᠯᠠᠷᠢᠯ ᠤᠨ ᠤᠯᠢᠮᠫᠢᠺ ᠶᠢᠨ ᠴᠤᠭᠯᠠᠭᠠᠨ ᠠᠴᠠ ᠡᠮᠤᠨ᠎ᠠ ᠮᠠᠨ ᠤ | ᠤᠯᠤᠰ ᠤᠨ ᠡᠷᠬᠢᠯᠠᠬᠦ ᠬᠡᠪᠴᠢᠶ᠎ᠠ ᠪᠠᠷ ᠬᠠᠮᠤᠭ ᠶᠡᠭᠡ᠂ ᠲᠤᠰᠬᠠᠢ ᠮᠠᠷᠭᠡᠵᠢᠯ ᠤᠨ ᠴᠢᠨᠠᠷ ᠢᠶᠠᠷ ᠬᠠᠮᠤᠭ ᠴᠢᠩᠭ᠎ᠠ᠂ ᠬᠢᠷᠢ | ᠲᠥᠪᠰᠢᠨ ᠢᠶᠠᠷ ᠬᠠᠮᠤᠭ ᠦᠨᠳᠤᠷ ᠡᠪᠤᠯ ᠤᠨ ᠤᠯᠠᠷᠢᠯ ᠤᠨ ᠳᠠᠮᠢᠷ ᠤᠨ ᠬᠥᠳᠠᠯᠭᠡᠭᠡᠨ ᠤ ᠦᠪᠡᠳᠡᠭᠰᠢ ᠴᠤᠭᠯᠠᠭᠠᠨ | ᠪᠤᠯᠤᠨ᠎ᠠ᠃ ᠠᠷᠪᠠᠨ ᠲᠥᠷᠪᠠᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠠᠶ᠎ᠠ ᠶᠢᠨ | ᠳᠠᠮᠢᠷ ᠤᠨ ᠴᠤᠭᠯᠠᠭᠠᠨ ᠡᠬᠢᠯᠠᠳᠠᠯᠠ ᠨᠢᠭᠡ ᠵᠢᠯ ᠪᠠᠶᠢᠭ᠎ᠠ ᠡᠷᠠᠨ ᠳᠤ᠂ ᠦᠪᠤᠷ ᠮᠤᠩᠭᠤᠯ ᠤᠨ ᠬᠤᠶᠠᠳᠤᠭᠠᠷ | ᠬᠤᠭᠤᠴᠠᠭᠠᠨ ᠤ ᠡᠪᠤᠯ ᠤᠨ ᠤᠯᠠᠷᠢᠯ ᠤᠨ ᠪᠠᠶ᠎ᠠ ᠶᠢᠨ ᠳᠠᠮᠢᠷ ᠤᠨ ᠴᠤᠭᠯᠠᠭᠠᠨ ᠢ ᠡᠷᠬᠢᠯᠠᠨ ᠶᠠᠪᠤᠭᠳᠠᠭᠤᠯᠤᠭᠰᠠᠨ ᠨᠢ | ᠠᠷᠪᠠᠨ ᠲᠥᠷᠪᠠᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠪᠠᠶ᠎ᠠ ᠶᠢᠨ ᠳᠠᠮᠢᠷ ᠤᠨ | ᠴᠤᠭᠯᠠᠭᠠᠨ ᠳᠤ ᠦᠳᠭᠡᠨ ᠵᠤᠵᠠᠭᠠᠨ ᠠᠭᠤᠷ ᠠᠮᠢᠰᠬᠤᠯ ᠢ ᠪᠥᠷᠢᠯᠳᠤᠭᠦᠯᠬᠦ᠂ ᠤᠯᠠᠨ ᠲᠥᠮᠠᠨ ᠤ ᠮᠥᠰᠤ ᠴᠠᠰᠤᠨ ᠤ | ᠳᠠᠮᠢᠷ ᠤᠨ ᠬᠥᠳᠠᠯᠭᠡᠭᠡᠨ ᠳᠤ ᠤᠷᠤᠯᠴᠠᠬᠤ ᠢᠳᠠᠪᠬᠢᠵᠢᠯ ᠢ ᠳᠠᠭᠡᠭᠰᠢᠯᠠᠭᠦᠯᠬᠦ᠂ ᠮᠥᠰᠤ ᠴᠠᠰᠤᠨ ᠤ ᠳᠠᠮᠢᠷ ᠤᠨ | ᠬᠥᠳᠠᠯᠭᠡᠭᠡᠨ ᠳᠤ ᠤᠷᠤᠯᠴᠠᠬᠤ ᠬᠥᠮᠤᠨ ᠤ ᠲᠤᠭ᠎ᠠ ᠶᠢ ᠨᠠᠮᠡᠭᠳᠠᠭᠦᠯᠬᠦ᠂ ᠡᠪᠤᠯ ᠤᠨ ᠤᠯᠠᠷᠢᠯ ᠤᠨ ᠳᠠᠮᠢᠷ ᠤᠨ | ᠤᠷᠤᠯᠳᠠᠭᠠᠨ ᠤ ᠬᠢᠷᠢ ᠲᠥᠪᠰᠢᠨ ᠢ ᠳᠠᠭᠡᠭᠰᠢᠯᠠᠭᠦᠯᠬᠦ᠂ ᠮᠥᠰᠤ ᠴᠠᠰᠤᠨ ᠤ ᠵᠤᠭᠠᠴᠠᠯ ᠤᠨ ᠤᠶᠢᠯᠠᠰ ᠤᠨ | ᠬᠥᠭᠵᠢᠯᠳᠠ ᠶᠢ ᠠᠬᠢᠭᠤᠯᠬᠤ ᠵᠠᠷᠭᠡ ᠳᠤ ᠪᠥᠷ ᠴᠢᠬᠤᠯᠨ ᠠᠴᠢ ᠬᠤᠯᠪᠤᠭᠳᠠᠯ ᠲᠠᠢ ᠶᠤᠮ ᠭᠡᠵᠠᠢ᠃ | ᠢᠤᠢ ᠯᠢ ᠰᠢᠨ ᠢᠯᠠᠷᠭᠡᠶᠢᠯᠠᠬᠦ ᠳᠡᠭᠡᠨ᠂ ᠬᠥᠯᠤᠨ ᠪᠤᠶᠢᠷ ᠤᠨ ᠮᠥᠰᠤ ᠴᠠᠰᠤᠨ ᠤ ᠡᠬᠢ ᠰᠤᠷᠪᠤᠯᠵᠢ ᠡᠯᠪᠡᠭ | ᠪᠠᠶᠠᠯᠢᠭ ᠪᠤᠯᠬᠤᠷ᠂ ᠮᠥᠰᠤ ᠴᠠᠰᠤᠨ ᠤ ᠳᠠᠮᠢᠷ ᠤᠨ ᠬᠥᠳᠠᠯᠭᠡᠭᠡᠨ ᠢ ᠬᠥᠭᠵᠢᠭᠦᠯᠬᠦ ᠳᠤ ᠦᠪᠠᠷᠮᠢᠴᠠ ᠳᠠᠪᠠᠭᠤᠯᠢᠭ | ᠲᠠᠯ᠎ᠠ ᠲᠠᠢ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠳᠠ ᠰᠢ ᠶᠢᠨ ᠫᠢᠩ | ᠶᠠᠷᠤᠩᠭᠡᠢ ᠱᠥᠵᠢ ᠶᠢᠨ ᠲᠤᠷᠠᠳᠣᠭᠰᠠᠨ ︽3 ᠳ᠋ᠥᠩᠰᠢᠭᠤᠷ ᠬᠥᠮᠤᠨ ᠢ ᠮᠥᠰᠤ ᠴᠠᠰᠤᠨ ᠤ ᠬᠥᠳᠠᠯᠭᠡᠭᠡᠨ ᠳᠤ | ᠤᠷᠤᠯᠴᠠᠭᠤᠯᠬᠤ︾ ᠤᠷᠢᠶᠠᠯᠠᠭ᠎ᠠ ᠶᠢ ᠢᠳᠠᠪᠬᠢᠳᠠᠢ ᠴᠤᠤᠷᠢᠶᠠᠳᠤᠵᠤ᠂ ᠡᠪᠤᠯ ᠤᠨ ᠤᠯᠠᠷᠢᠯ ᠤᠨ ᠪᠠᠶ᠎ᠠ ᠳᠠᠮᠢᠷ ᠤᠨ | ᠤᠶᠢᠯᠠᠰ ᠡᠳᠤᠷ ᠢᠷᠠᠬᠦᠶ᠎ᠠ ᠦᠷᠨᠢᠨ ᠬᠥᠭᠵᠢᠵᠤ ᠪᠠᠶᠢᠨ᠎ᠠ᠃ ᠮᠠᠨ ᠤ ᠬᠤᠳᠠ ᠨᠠᠮ ᠤᠨ ᠲᠥᠪ ᠬᠤᠷᠢᠶ᠎ᠠ᠂ ᠲᠥᠷᠤ ᠶᠢᠨ | ᠶᠠᠪᠤᠳᠠᠯ ᠤᠨ ᠬᠤᠷᠢᠶᠠᠨ ᠤ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ | ᠦᠪᠠᠷᠳᠠᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠱᠠᠭᠠᠷᠳᠠᠯᠭ᠎ᠠ ᠶᠤᠰᠤᠭᠠᠷ᠂ | ᠲᠤᠰ ᠤᠳᠠᠭᠠᠨ ᠤ ᠳᠠᠮᠢᠷ ᠤᠨ ᠴᠤᠭᠯᠠᠭᠠᠨ ᠳᠤ ᠪᠥᠬᠦ ᠬᠥᠴᠤᠨ ᠢᠶᠠᠷ ᠰᠠᠶᠢᠳᠤᠷ ᠤᠶᠢᠯᠠᠴᠢᠯᠠᠨᠠ᠃ ᠳᠠᠷᠨ ᠮᠥᠷᠳᠠᠭᠡᠨ | ᠡᠨᠠᠬᠦ ᠲᠤᠬᠢᠶᠠᠯ ᠢᠶᠠᠷ ᠡᠪᠤᠯ ᠤᠨ ᠤᠯᠠᠷᠢᠯ ᠤᠨ ᠳᠠᠮᠢᠷ ᠤᠨ ᠬᠥᠳᠠᠯᠭᠡᠭᠡᠨ ᠢ ᠶᠠᠭᠡᠪᠠᠷ ᠬᠥᠭᠵᠢᠭᠦᠯᠤᠨ᠂ ᠮᠠᠨ ᠤ | ᠬᠤᠳᠠ ᠶᠢᠨ ᠡᠪᠤᠯ ᠤᠨ ᠤᠯᠠᠷᠢᠯ ᠤᠨ ᠪᠠᠶ᠎ᠠ ᠳᠠᠮᠢᠷ ᠤᠨ ᠬᠥᠳᠠᠯᠭᠡᠭᠡᠨ ᠤ ᠬᠢᠷᠢ ᠲᠥᠪᠰᠢᠨ ᠢ ᠤᠯᠠᠮ ᠨᠢᠭᠡ ᠠᠯᠬᠤᠮ | ᠳᠡᠭᠡᠭᠰᠢᠯᠠᠭᠦᠯᠵᠤ᠂ ᠪᠥᠬᠦ ᠤᠷᠤᠨ ᠤ ᠡᠪᠤᠯ ᠤᠨ ᠤᠯᠠᠷᠢᠯ ᠤᠨ ᠳᠠᠮᠢᠷ ᠤᠨ ᠬᠥᠭᠵᠢᠯᠳᠠ ᠶᠢ ᠠᠬᠢᠭᠤᠯᠤᠨ᠎ᠠ ᠭᠡᠵᠠᠢ᠃ | ᠡᠬᠢᠯᠠᠯᠳᠠ ᠶᠢᠨ ᠶᠤᠰᠤᠯᠠᠯ ᠳᠤ ᠳᠠᠮᠢᠷᠴᠢᠳ ᠪᠤᠯᠤᠨ ᠬᠢᠨᠠᠭᠴᠢᠳ ᠤᠨ ᠲᠥᠯᠤᠭᠡᠯᠡᠭᠴᠢ ᠠᠴᠠ ᠤᠪᠤᠷ ᠢᠶᠠᠨ | ᠢᠯᠠᠳᠭᠡᠨ ᠲᠥᠪ ᠴᠢᠩᠭ᠎ᠠ ᠪᠠᠷ ᠳᠠᠩᠭᠠᠷᠢᠭᠯᠠᠵᠠᠢ᠃ | ᠡᠬᠢᠯᠠᠯᠳᠠ ᠶᠢᠨ ᠶᠤᠰᠤᠯᠠᠯ ᠤᠨ ᠤᠷᠠᠨ ᠰᠠᠶᠢᠬᠠᠨ ᠤ ᠲᠤᠭᠯᠠᠯᠳᠠ ᠨᠢ ︽ᠮᠥᠰᠤ ᠴᠠᠰᠤᠨ ᠤ ᠤᠷᠬᠢᠯᠤᠮ᠎ᠠ | ᠬᠠᠶᠢᠷ᠎ᠠ︾᠂ ︽ᠮᠥᠰᠤ ᠴᠠᠰᠤᠨ ᠤ ᠮᠥᠷᠤᠭᠡᠳᠤᠯ︾᠂ ︽ᠮᠥᠰᠤ ᠴᠠᠰᠤᠨ ᠤ ᠪᠤᠯᠵᠤᠭ᠎ᠠ︾ ᠭᠡᠬᠦ ᠪᠥᠯᠥᠭ ᠢᠶᠠᠷ ᠶᠠᠪᠤᠭᠳᠠᠵᠤ᠂ | ᠬᠥᠯᠤᠨ ᠪᠤᠶᠢᠷ ᠤᠨ ᠮᠥᠩᠬᠦᠨ ᠡᠪᠤᠯ ᠤᠨ ᠮᠥᠰᠤ ᠴᠠᠰᠤᠨ ᠤ ᠭᠤᠶᠢᠳᠠ ᠦᠵᠠᠮᠵᠢ ᠪᠤᠯᠤᠨ ᠪᠥᠬᠦ ᠠᠷᠠᠳ ᠤᠨ | ᠮᠥᠰᠤ ᠴᠠᠰᠤᠨ ᠤ ᠳᠠᠮᠢᠷ ᠤᠨ ᠬᠥᠳᠠᠯᠭᠡᠭᠡᠨ ᠳᠤ ᠤᠷᠤᠯᠴᠠᠬᠤ ᠤᠷᠬᠢᠯᠤᠮ᠎ᠠ ᠬᠠᠯᠠᠭᠤᠨ ᠰᠠᠳᠬᠢᠯᠭᠡ ᠶᠢ | ᠢᠯᠠᠷᠠᠭᠦᠯᠥᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠳᠠᠮᠢᠷ ᠤᠨ ᠴᠤᠭᠯᠠᠭᠠᠨ ᠳᠤ ᠦᠷᠢᠰᠤᠯᠳᠠᠭᠡᠨ ᠤ ᠪᠠᠶ᠎ᠠ ᠶᠢᠨ | ᠳᠠᠮᠢᠷ ᠤᠨ 7 ᠶᠡᠭᠡ ᠲᠥᠷᠤᠯ ᠤᠨ ᠤᠷᠤᠯᠳᠤᠭᠠᠨ ᠤ 96 ᠪᠠᠭ᠎ᠠ ᠲᠥᠷᠤᠯ ᠤᠨ ᠤᠷᠤᠯᠳᠤᠭᠠᠨ ᠪᠠ ᠤᠯᠠᠨ ᠲᠥᠮᠠᠨ ᠤ | ᠲᠤᠭᠤᠶᠢᠯᠠᠩ ᠤᠨ 8 ᠶᠡᠭᠡ ᠲᠥᠷᠤᠯ ᠤᠨ ᠤᠷᠤᠯᠳᠤᠭᠠᠨ ᠤ 33 ᠪᠠᠭ᠎ᠠ ᠲᠥᠷᠤᠯ ᠤᠨ ᠤᠷᠤᠯᠳᠤᠭᠠᠨ ᠢ | ᠲᠤᠬᠢᠷᠠᠭᠤᠯᠵᠤ᠂ ᠪᠥᠬᠦ ᠤᠷᠤᠨ ᠤ ᠡᠯ᠎ᠠ ᠠᠶᠢᠮᠠᠭ ᠬᠤᠳᠠ ᠠᠴᠠ ᠢᠷᠡᠭᠰᠠᠨ ᠭᠤᠷᠪᠠᠨ ᠮᠢᠩᠭ᠎ᠠ ᠭᠠᠷᠤᠢ ᠳᠠᠮᠢᠷᠴᠢᠨ | ᠤᠷᠤᠯᠳᠤᠭᠠᠨ ᠳᠤ ᠤᠷᠤᠯᠴᠠᠵᠤ ᠪᠠᠶᠢᠨ᠎ᠠ᠃ | ᠰᠤᠷᠪᠤᠯᠵᠢᠯᠠᠭᠴᠢ᠄ ᡁᠢ ᠭᠠᠩ | ᠵᠢᠷᠤᠭ ᠰᠡᠭᠦᠳᠡᠷ᠄ ᠪᠣᠣ ᠶᠢᠨ ᠱᠠᠨ | | | |