ᠥᠪᠥᠷ ᠮᠣᠩᠭᠤᠯ᠄ 10 ︽ᠲᠥᠪᠯᠡᠷᠡᠯ︾ ᠢᠶᠠᠷ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2019/3/20
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2019 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠢᠪᠡ᠃ ᠬᠤᠷᠠᠯ ᠠᠴᠠ ᠣᠳᠣᠬᠠᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ 2019 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠭᠦᠯᠦᠯᠲᠡ ᠶᠢ ᠲᠣᠭᠲᠠᠭᠤᠨ ᠪᠠᠶᠢᠯᠭᠠᠬᠤ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠳᠤᠷᠠᠳᠤᠭᠰᠠᠨ ᠨᠢ᠂ 2019 ᠣᠨ ᠳᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ 10 ︽ᠲᠥᠪᠯᠡᠷᠡᠯ︾ ᠢ ᠠᠬᠢᠭᠤᠯᠵᠤ ᠪᠠᠶᠢᠭᠠᠳ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠬᠦ ᠬᠡᠷᠡᠭᠲᠡᠢ᠃ ᠲᠦᠢᠯ ᠤᠨ ᠣᠨᠣᠪᠴᠢᠲᠠᠢ ᠠᠷᠭ᠎ᠠ ᠪᠤᠳᠤᠯᠭ᠎ᠠ ᠬᠡᠷᠡᠭᠵᠢᠭᠦᠯᠦᠨ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠲᠥᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠲᠠᠷᠢᠬᠢ ᠪᠠᠨ ᠰᠠᠶᠢᠲᠤᠷ ᠬᠥᠳᠡᠯᠭᠡᠨ ᠠᠯᠵᠠᠭᠤᠷᠠᠵᠤ ᠵᠠᠯᠬᠠᠭᠤᠷᠠᠯ ᠦᠭᠡᠢ ᠪᠠᠷ ᠰᠤᠷᠤᠯᠭ᠎ᠠ ᠠᠴᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠴᠠᠭᠤᠯᠬᠤ ᠶᠢ ᠪᠠᠲᠤᠯᠠᠬᠤ ᠶᠢ ᠲᠦᠢᠯ ᠤᠨ ᠣᠨᠣᠪᠴᠢᠲᠠᠢ ᠪᠠᠷ ᠰᠠᠶᠢᠲᠤᠷ ᠠᠳᠬᠤᠵᠦ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ︽ᠬᠠᠮ ᠨᠢᠳᠤᠷᠭ᠎ᠠ︾ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠬᠦᠴᠦᠨ ᠴᠢᠳᠠᠯ ᠢᠶᠠᠨ ᠨᠠᠩ ᠣᠨᠣᠪᠴᠢᠲᠠᠢ ᠪᠠᠶᠢᠯᠭᠠᠬᠤ ᠬᠡᠷᠡᠭᠲᠡᠶ︔ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠦᠭᠡᠮᠡᠯ ᠬᠠᠷᠠᠭᠠᠯᠵᠠᠯ ᠲᠠᠢ ᠡᠷᠡᠭᠦᠯ ᠢᠶᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠶ ᠪᠠᠶᠢᠬᠤ ᠶᠢ ᠲᠦᠭᠡᠮᠡᠯᠵᠢᠭᠦᠯᠬᠦ︾ ᠬᠠᠷᠠᠯᠲᠠ ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯ ᠬᠦᠷᠦᠯᠴᠡᠬᠦ ᠦᠭᠡᠢ ᠪᠠ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ ᠪᠠᠶᠢᠬᠤ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠲᠦᠯᠬᠢᠨ ᠠᠬᠢᠭᠤᠯᠬᠤ ᠳᠤ ᠠᠩᠬᠠᠷᠣᠯ ᠢᠶᠠᠨ ᠲᠥᠪᠯᠡᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠦ᠂ ᠰᠤᠷᠭᠠᠭᠤᠯᠢ ᠡᠷᠭᠢᠯᠡᠬᠦ ᠠᠵᠢᠯᠯᠠᠭᠠᠨ ᠢ ᠵᠢᠷᠤᠮᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠴᠢᠨᠠᠷ ᠰᠠᠶᠢᠲᠠᠶ ᠪᠦᠭᠡᠳ ᠥᠪᠡᠷᠮᠢᠴᠡ ᠣᠨᠴᠠᠯᠢᠭ ᠲᠠᠢ ᠪᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠰᠢᠪᠲᠤᠯᠤᠯᠲᠠ ᠶᠢ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠥᠪᠡᠷᠮᠢᠴᠡ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠᠨ ᠲᠥᠷᠭᠡᠳᠬᠡᠬᠦ ᠶᠢ ᠠᠬᠢᠭᠤᠯᠬᠤ ᠬᠡᠷᠡᠭᠲᠡᠢ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠲᠥᠷᠥᠯ ᠬᠡᠯᠪᠡᠷᠢ ᠪᠠᠷ ᠨᠢ ᠬᠥᠭᠵᠢᠭᠦᠯᠦᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠰᠤᠷᠭᠠᠨ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠦᠮᠦᠵᠢᠯ ᠪᠣᠯᠪᠠᠰᠤᠷᠠᠭᠤᠯᠤᠯ ᠤᠨ ᠤᠶᠠᠯᠳᠤᠯ ᠢ ᠭᠦᠨᠵᠡᠭᠡᠶᠢᠷᠡᠭᠦᠯᠵᠦ᠂ ︽ᠳᠤᠮᠳᠠᠳᠤ ᠤᠯᠤᠰ ᠤᠨ ᠣᠨᠴᠠᠯᠢᠭ ᠲᠠᠢ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠲᠤᠰᠬᠠᠶ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠰᠠᠶᠢᠲᠤᠷ ᠬᠡᠷᠡᠭᠵᠢᠭᠦᠯᠵᠦ᠂ ︽1 + X︾ ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠴᠡᠭ ᠢ ᠲᠥᠯᠬᠢᠨ ᠠᠬᠢᠭᠤᠯᠬᠤ ᠬᠡᠷᠡᠭᠲᠡᠢ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠦᠢᠯᠡᠴᠢᠯᠡᠭᠡᠨ ᠤ ᠴᠢᠳᠠᠪᠤᠷᠢ ᠪᠣᠯᠣᠨ ︽ᠬᠤᠤᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠩᠬᠢᠨᠢ ᠠᠩᠭᠢ ᠶᠢᠨ ᠰᠠᠭᠤᠷᠢ ᠶᠢ ᠪᠠᠬᠢᠵᠢᠭᠦᠯᠦᠨ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠪᠠᠨ ᠴᠢᠩᠭᠠᠳᠬᠠᠨ᠂ ᠰᠢᠯᠭᠠᠨ ᠥᠨᠡᠯᠡᠬᠦ ᠰᠢᠰᠲ᠋ᠧᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ︔ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠪᠠᠬᠢᠵᠢᠭᠦᠯᠦᠨ ᠳᠡᠭᠡᠭᠰᠢᠯᠡᠭᠦᠯᠵᠦ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠪᠣᠯ ᠬᠠᠮᠲᠤ ᠶᠢᠨ ᠴᠣᠭᠴᠠ ᠪᠣᠯᠬᠤ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠪᠤᠢ ᠪᠣᠯᠭᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠠᠷᠠᠳ ᠠᠴᠠ ᠡᠷᠬᠢᠯᠡᠬᠦ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠢᠮ ᠤᠨ ᠵᠢᠷᠤᠮᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠡᠬᠢ ᠪᠠᠶᠠᠯᠢᠭ ᠤᠨ ᠪᠠᠲᠤᠯᠠᠭ᠎ᠠ ᠪᠠᠷ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢᠨ ᠬᠤᠶᠠᠳᠤᠭᠠᠷ ᠬᠤᠭᠤᠴᠠᠭᠠᠨ ᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠳᠠᠭᠠᠵᠤ ᠰᠤᠷᠤᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︔ ᠰᠢᠨ᠎ᠡ ᠪᠠᠷ ᠬᠥᠭᠵᠢᠭᠰᠡᠨ ᠬᠡᠷᠡᠭᠴᠡᠭᠡ ᠪᠠᠷ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠡᠩ ᠤᠨ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ᠂ ᠠᠵᠢᠯ ᠳᠤ ᠣᠷᠣᠬᠤ ᠠᠴᠠ ᠡᠮᠦᠨᠡᠬᠢ ᠰᠤᠷᠭᠠᠨ ᠬᠥᠮᠦᠵᠢᠯ ᠬᠢᠭᠡᠳ ᠠᠵᠢᠯ ᠳᠤ ᠤᠷᠤᠭᠰᠠᠨ ᠤ ᠳᠠᠷᠠᠭᠠᠬᠢ ᠰᠤᠷᠭᠠᠨ ᠬᠥᠮᠦᠵᠢᠯ ᠤᠨ ᠠᠭᠤᠰᠤᠯᠴᠠᠨ ᠵᠣᠯᠭᠠᠬᠤ ᠶᠢ ᠲᠦᠯᠬᠢᠨ ᠠᠬᠢᠭᠤᠯᠵᠤ᠂ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号