ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠩᠬᠠᠳᠤᠭᠠᠷ ᠬᠤᠷᠡᠯ ᠢ ᠡᠷᠬᠢᠯᠡᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2019/3/21
     3 ᠳ᠋ᠤᠭᠠᠷ ᠰᠠᠷ᠎ᠠ ᠶᠢᠨ 18 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠡᠨ ᠤ ᠠᠮᠤᠷ ᠲᠦᠪᠰᠢᠨ ᠪᠡ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠩᠬᠠᠳᠤᠭᠠᠷ ᠬᠤᠷᠡᠯ ᠢ ᠡᠷᠬᠢᠯᠡᠨ ᠬᠤᠷᠡᠯᠳᠤᠭᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠡᠬᠦᠷᠬᠡᠳᠤ ᠤᠬᠠᠮᠰᠠᠷ ᠪᠤᠯᠤᠨ ᠬᠠᠷᠢᠭᠤᠴᠠᠯᠭ᠎ᠠ ᠡᠬᠦᠷᠬᠡᠯᠡᠯ ᠢᠶᠠᠨ ᠦᠨᠡᠨ ᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠰᠦᠯᠵᠢᠶᠡᠨ ᠤ ᠮᠡᠳᠡᠭᠡ ᠵᠠᠩᠬᠢ ᠶᠢᠨ ᠦᠢᠯᠡᠰ  ᠤᠨ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠪᠠ᠃      ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠡᠨ ᠤ ᠠᠮᠤᠷ ᠲᠦᠪᠰᠢᠨ ᠪᠡ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠲᠡᠳ᠋ ᠡᠷᠬᠢᠯᠡᠭᠴᠢ ᠪᠦ᠋ ᠰᠢᠶᠤᠤ ᠯᠢᠨ ᠬᠤᠷᠡᠯ ᠳᠤ ᠤᠷᠤᠯᠴᠠᠪᠠ᠃      ᠬᠤᠷᠡᠯ ᠠᠴᠠ ᠵᠢᠭᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠪᠤᠯ ᠤᠯᠤᠰ ᠤᠨ ᠠᠮᠤᠷ ᠲᠦᠪᠰᠢᠨ ᠪᠤᠯᠤᠨ ᠤᠯᠤᠰ ᠤᠨ ᠬᠦᠭᠵᠢᠯᠳᠡ ᠲᠠᠢ ᠬᠤᠯᠪᠤᠭᠳᠠᠬᠤ᠂ ᠦᠷᠬᠡᠨ ᠤᠯᠠᠨ ᠠᠷᠠᠳ ᠲᠦᠮᠡᠨ ᠤ ᠠᠵᠢᠯ ᠠᠮᠢᠳᠤᠷᠠᠯ ᠲᠠᠢ ᠬᠤᠯᠪᠤᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶ᠎ᠠ ᠶᠢ ᠪᠠᠶᠢᠭᠤᠯᠬᠤ ᠪᠤᠯ ᠨᠠᠮ ᠤᠨ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠲᠠᠬᠢ ᠤᠳᠤᠷᠢᠳᠤᠯᠭ᠎ᠠ ᠶᠢ ᠪᠦᠬᠦ ᠲᠡᠯ᠎ᠡ ᠪᠠᠷ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠢ ᠤᠳᠤᠷᠢᠳᠬᠤ ᠪᠠᠶᠢᠭᠤᠯᠤᠮᠵᠢ ᠲᠤᠭᠳᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠵᠤ᠂ ᠨᠠᠮ ᠪᠤᠯᠤᠨ ᠲᠦᠷᠦ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠲᠦᠷᠢᠮ ᠤᠨ ᠲᠤᠬᠢᠷᠠᠭᠤᠯᠤᠯᠳᠡ ᠮᠦᠨ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶ᠎ᠠ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠥ᠂ ︽ᠲᠦᠷᠪᠡᠨ ᠢᠳᠡᠬᠡᠯ︾ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠥ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠡᠯ᠎ᠡ ᠪᠠᠷ ᠲᠤᠭᠤᠰᠢᠯᠠᠭᠤᠯᠵᠥ᠂ ᠲᠦᠪ ᠤᠨ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠬᠠᠷᠠᠯᠳᠡ᠂ ᠵᠠᠷᠴᠢᠮ ᠱᠠᠭᠠᠷᠳᠠᠯᠭ᠎ᠠ ᠪᠤᠯᠤᠨ ᠦᠨᠳᠦᠰᠦᠨ ᠠᠷᠭ᠎ᠠ ᠶᠢ ᠴᠢᠩᠭ᠎ᠠ ᠵᠢᠷᠤᠮᠯᠠᠵᠥ᠂ ᠬᠠᠷᠠᠯᠳᠡ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠪᠠ ᠦᠷ᠎ᠡ ᠪᠦᠳᠦᠮᠵᠢ ᠶᠢᠨ ᠤᠳᠤᠷᠢᠳᠤᠮᠵᠢ ᠶᠢ ᠪᠠᠳᠤ ᠪᠤᠢ ᠪᠤᠯᠭᠠᠨ᠂ ᠪᠦᠬᠦ ᠲᠡᠯ᠎ᠡ ᠪᠤᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠮᠠᠨ ᠤ ᠤᠷᠤᠨ ᠤ ᠰᠦᠯᠵᠢᠶᠡᠨ ᠤ ᠮᠡᠳᠡᠭᠡ ᠵᠠᠩᠬᠢ ᠶᠢᠨ ᠦᠢᠯᠡᠰ ᠢ ᠲᠦᠯᠥᠪᠵᠢᠬᠦᠯᠥᠨ ᠠᠬᠢᠭᠤᠯᠵᠥ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠬᠡᠨ ᠪᠠᠶᠢᠭᠤᠯᠬᠤ ᠳᠤ ᠬᠦᠴᠦᠷᠬᠡᠭ ᠶᠡᠭᠡ ᠰᠦᠯᠵᠢᠶᠡᠨ ᠤ ᠶᠠᠷᠢᠶ᠎ᠠ ᠬᠡᠯᠡᠯᠴᠡᠬᠡᠨ ᠤ ᠲᠡᠮᠵᠢᠯᠬᠡ᠂ ᠨᠠᠶᠢᠳᠠᠪᠤᠷᠢᠳᠡᠢ ᠰᠦᠯᠵᠢᠶᠡᠨ ᠤ ᠠᠮᠤᠷ ᠲᠦᠪᠰᠢᠨ ᠤ ᠪᠠᠳᠤᠯᠠᠭ᠎ᠠ᠂ ᠬᠦᠴᠦᠳᠠᠢ ᠮᠡᠳᠡᠭᠡ ᠵᠠᠩᠬᠢᠴᠢᠯᠠᠯᠳᠠ ᠶᠢᠨ ᠲᠤᠯᠭᠠᠭᠤᠷᠢᠯᠠᠯ ᠬᠠᠩᠭᠠᠵᠥ᠂ ᠢᠨᠲ᠋ᠧᠷ ᠰᠦᠯᠵᠢᠶ᠎ᠡ ᠪᠠᠷ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠨᠡᠩ ᠰᠠᠶᠢᠨ ᠪᠣᠶᠠᠨ ᠦᠢᠯᠡᠳᠬᠦ ᠬᠡᠷᠡᠭᠳᠡᠢ ᠬᠡᠪᠠ᠃      ᠬᠤᠷᠡᠯ ᠠᠴᠠ ᠴᠢᠬᠤᠯᠠᠴᠢᠯᠠᠭᠰᠠᠨ ᠨᠢ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠬᠦᠴᠦᠷᠬᠡᠭᠵᠢᠬᠦᠯᠥᠨ ᠪᠤᠵᠠᠭᠠᠢᠢᠷᠠᠭᠤᠯᠵᠥ᠂ ᠪᠦᠬᠦ ᠤᠷᠤᠨ ᠤ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠠᠶᠤᠯ ᠲᠦᠭᠰᠢᠬᠦᠷᠢ ᠶᠢ ᠪᠦᠬᠦ ᠬᠦᠴᠦ ᠪᠠᠷ ᠢᠶᠠᠨ ᠰᠡᠷᠬᠡᠶᠢᠯᠡᠨ ᠠᠷᠢᠯᠭᠠᠵᠥ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠡᠢ᠃ ᠵᠠᠩᠬᠢᠯᠠᠭ᠎ᠠ ᠶᠢᠨ ᠰᠠᠭᠤᠷᠢ ᠮᠡᠳᠡᠭᠡ ᠵᠠᠩᠬᠢ ᠶᠢᠨ ᠲᠦᠬᠦᠬᠡᠷᠤᠮᠵᠢ ᠶᠢ ᠬᠠᠮᠠᠭᠠᠯᠠᠬᠤ ᠡᠷᠴᠢᠮ  ᠢᠶᠠᠨ ᠴᠢᠩᠭᠠᠷᠠᠭᠤᠯᠵᠥ᠂ ᠡᠬᠡ ᠤᠯᠤᠰ ᠤᠨ ᠤᠮᠠᠷᠠᠳᠦ ᠶᠢᠨ ᠰᠦᠯᠵᠢᠶᠠᠨ ᠤ ᠠᠮᠦᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠡᠷᠡᠰ ᠪᠠᠳᠤ ᠰᠠᠶᠢᠳᠦᠷ ᠰᠠᠬᠢᠬᠤ ᠬᠡᠷᠡᠭᠳᠠᠢ᠃ ︽ᠲᠤᠭᠠᠴᠢᠯᠠᠬᠰᠠᠠ ᠦᠪᠤᠷ ᠮᠤᠩᠭᠤᠯ︾ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠥ᠂ ᠮᠡᠳᠡᠭᠡ ᠵᠠᠩᠬᠢᠴᠢᠯᠠᠯᠳᠠ ᠶᠢᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠬᠦ ᠬᠦᠳᠡᠯᠬᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ ᠡᠯ᠎ᠡ ᠱᠠᠳᠤᠨ ᠤ ᠰᠦᠯᠵᠢᠶᠡᠨ ᠤ ᠮᠡᠳᠡᠭᠡ ᠵᠠᠩᠬᠢ ᠶᠢᠨ ᠰᠠᠯᠠᠭ᠎ᠠ ᠮᠦᠴᠢᠷ ᠤᠨ ᠤᠳᠤᠷᠢᠳᠬᠤ ᠪᠠᠭ ᠪᠤᠯᠤᠨ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠥ᠂ ᠨᠢᠬᠡᠨ ᠰᠠᠯᠠᠭ᠎ᠠ ᠬᠦᠴᠦᠨ ᠲᠡᠭᠦᠯᠳᠡᠷ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠤᠬᠠᠮᠰᠠᠷ ᠠᠴᠠ ᠪᠠᠨ ᠰᠦᠯᠵᠢᠶ᠎ᠡ ᠶᠢᠨ ᠲᠤᠬᠠᠢ ᠰᠤᠷᠤᠯᠴᠠᠵᠤ᠂ ᠰᠦᠯᠵᠢᠶ᠎ᠡ ᠶᠢ ᠤᠢᠢᠯᠠᠭᠠᠵᠥ᠂ ᠰᠦᠯᠵᠢᠶ᠎ᠡ ᠶᠢ ᠬᠡᠷᠡᠭᠯᠡᠵᠥ᠂ ᠢᠨᠲ᠋ᠧᠷ ᠰᠦᠯᠵᠢᠶ᠎ᠡ ᠶᠢ ᠠᠰᠢᠬᠯᠠᠨ ᠤᠯᠠᠨ ᠲᠦᠮᠡᠨ ᠢ ᠵᠤᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠦᠳᠦᠯᠥᠨ ᠲᠠᠭᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠡᠭᠡᠭᠰᠢᠯᠡᠬᠦᠯᠬᠦ ᠬᠡᠷᠡᠭᠳᠡᠢ ᠬᠡᠪᠠ᠃      ᠬᠤᠷᠡᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠵᠢᠯ ᠤᠨ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠯᠪᠠᠨ ᠬᠡᠷ ᠤᠨ ᠠᠵᠢᠯ ᠤᠨ ᠨᠠᠷᠢᠨ ᠲᠦᠷᠢᠮ︾ ᠢ ᠬᠢᠨᠠᠨ ᠵᠦᠪᠯᠡᠵᠤ ᠪᠠᠳᠤᠯᠠᠨ᠂ 2018 ᠣᠨ ᠤ ᠦᠪᠡᠷᠳᠡᠭᠡᠨ ᠵᠠᠰᠠᠬᠤ ᠤᠷᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠤᠨ ᠪᠠᠶᠢᠳᠠᠯ ᠵᠢᠴᠢ 2019 ᠣᠨ ᠤ ᠠᠵᠢᠯ ᠤᠨ ᠲᠤᠬᠢᠷᠠᠭᠤᠯᠤᠯᠳᠠ ᠶᠢᠨ ᠲᠤᠬᠠᠢ ᠬᠠᠷᠢᠭᠤ ᠮᠡᠳᠡᠬᠦᠯᠥᠯᠳᠡ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠬᠡᠰᠢᠬᠦᠳ ᠬᠤᠷᠡᠯ ᠳᠤ ᠤᠷᠤᠯᠴᠠᠵᠥ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠬᠤᠷᠡᠯ ᠳᠤ ᠰᠤᠯᠠ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号