︽ᠠᠰᠢᠭ ᠬᠤᠨᠵᠢᠪᠤᠷᠢ ᠤᠯᠬᠤ ᠴᠢᠨᠠᠷᠳᠠᠢ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠵᠤ ᠪᠤᠯᠬᠤ ᠦᠭᠡᠢ︾ ᠬᠡᠳᠡᠭ ᠨᠢ ᠤᠷᠤᠨ ᠰᠠᠭᠤᠴᠠ ᠶᠢᠨ ᠵᠢᠵᠢᠭ | ᠲᠤᠭᠤᠷᠢᠭ ᠤᠨ ᠭᠡᠤᠭᠡᠳ ᠤᠨ ᠴᠡᠴᠡᠷᠯᠢᠭ ᠢ ᠲᠤᠰᠬᠠᠢ ᠵᠢᠭᠠᠵᠤ ᠪᠠᠶᠢᠨ᠎ᠠ | ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 1 ᠰᠠᠷ᠎ᠠ ᠶᠢᠨ 28 ᠤ ᠡᠳᠤᠷ ᠤᠨ ᠮᠡᠳᠡᠭᠡ | ︵ᠰᠤᠷᠪᠤᠯᠵᠢᠯᠠᠭᠴᠢ ᠵᠠᠩ ᠱᠦᠸᠧ︶ ᠲᠦᠷᠤᠬᠦᠭᠡᠨ᠂ ᠤᠨᠴᠠ ᠵᠠᠷᠢᠮ ᠬᠤᠪᠢ ᠶᠢᠨ ᠵᠠᠭᠤᠴᠢᠯᠠᠭᠤᠷ ᠬᠤᠯᠪᠤᠬᠳᠠᠯ ᠪᠦᠬᠦᠢ ᠲᠦᠷᠤ ᠶᠢᠨ ᠪᠤᠳᠤᠯᠭ᠎ᠠ ᠶᠢ ︽ᠬᠤᠪᠢ | ᠬᠥᠮᠤᠨ ᠤ ᠪᠠᠶᠢᠭᠤᠯᠤᠭᠰᠠᠨ ᠬᠡᠤᠭᠡᠳ ᠤᠨ ᠴᠡᠴᠡᠷᠯᠢᠭ ᠲᠡᠤᠭᠡ ᠶᠢᠨ ᠲᠡᠪᠴᠡᠩ ᠠᠴᠠ ᠤᠬᠤᠷᠢᠨ ᠭᠠᠷᠬᠤ ᠪᠠᠷ ᠪᠠᠶᠢᠨ᠎ᠠ︾ ᠭᠡᠵᠤ ᠠᠳᠡᠬᠦᠤ ᠪᠠᠷ ᠦᠢᠯᠠᠭᠠᠵᠤ ᠪᠠᠶᠢᠪᠠ᠃ | ᠰᠤᠷᠭᠠᠨ ᠬᠥᠮᠤᠵᠢᠯ ᠤᠨ ᠶᠠᠮᠤᠨ ᠬᠠᠷᠢᠭᠤ ᠲᠤᠰᠬᠠᠬᠤ ᠳᠠᠭᠠᠨ᠂ ︽ᠠᠰᠢᠭ ᠬᠤᠨᠵᠢᠪᠤᠷᠢ ᠤᠯᠬᠤ ᠴᠢᠨᠠᠷᠳᠠᠢ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠵᠤ ᠪᠤᠯᠬᠤ | ᠦᠭᠡᠢ︾ ᠬᠡᠳᠡᠭ ᠲᠤᠬᠳᠠᠭᠠᠯ ᠤᠨ ᠲᠤᠬᠠᠢ᠂ ᠡᠨᠡ ᠨᠢ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠭᠡᠤᠭᠡᠳ ᠤᠨ ᠴᠡᠴᠡᠷᠯᠢᠭ ᠢ ᠲᠤᠰᠬᠠᠢ ᠵᠢᠭᠠᠵᠤ ᠪᠠᠶᠢᠨ᠎ᠠ᠂ | ᠪᠤᠰᠤᠳ ᠲᠠᠯᠠᠪᠤᠷ ᠭᠠᠵᠠᠷ ᠤᠨ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠨᠢ ᠠᠰᠢᠭ ᠬᠤᠨᠵᠢᠪᠤᠷᠢ ᠤᠯᠬᠤ ᠴᠢᠨᠠᠷᠳᠠᠢ ᠠᠷᠠᠳ ᠠᠴᠠ ᠡᠷᠬᠢᠯᠡᠭᠰᠡᠨ | ᠭᠡᠤᠭᠡᠳ ᠤᠨ ᠴᠡᠴᠡᠷᠯᠢᠭ ᠪᠤᠶᠤ ᠠᠰᠢᠭ ᠬᠤᠨᠵᠢᠪᠤᠷᠢ ᠤᠯᠬᠤ ᠴᠢᠨᠠᠷᠳᠠᠢ ᠪᠤᠰᠤ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠬᠤ ᠶᠢ ᠮᠦᠨ | ᠬᠦ ᠪᠡᠶ᠎ᠡ ᠪᠠᠨ ᠲᠠᠭᠠᠭᠠᠨ ᠰᠤᠩᠭᠤᠵᠤ ᠪᠤᠯᠬᠤ ᠪᠦᠭᠡᠳ ᠤᠯᠤᠰ ᠪᠠ ᠤᠷᠤᠨ ᠨᠤᠳᠤᠭ ᠤᠨ ᠲᠤᠬᠳᠠᠭᠠᠭᠰᠠᠨ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠢ | ᠲᠡᠳᠬᠦᠨ ᠲᠡᠮᠵᠢᠬᠦ ᠬᠤᠯᠪᠤᠬᠳᠠᠯ ᠪᠦᠬᠦᠢ ᠲᠦᠷᠤ ᠶᠢᠨ ᠪᠤᠳᠤᠯᠭ᠎ᠠ ᠶᠢ ᠡᠳ᠋ᠯᠡᠨ᠎ᠠ᠃ ᠤᠯᠤᠰ ᠤᠨ ᠲᠦᠷᠤ ᠶᠢᠨ ᠪᠤᠳᠤᠯᠭ᠎ᠠ ᠠᠴᠠ ᠠᠪᠴᠤ ᠦᠵᠡᠪᠡᠯ᠂ ᠬᠤᠪᠢ ᠬᠥᠮᠤᠨ ᠤ | ᠪᠠᠶᠢᠭᠤᠯᠤᠭᠰᠠᠨ ᠬᠡᠤᠭᠡᠳ ᠤᠨ ᠴᠡᠴᠡᠷᠯᠢᠭ ᠪᠤᠶᠤ ᠠᠰᠢᠭ ᠬᠤᠨᠵᠢᠪᠤᠷᠢ ᠤᠯᠬᠤ ᠴᠢᠨᠠᠷᠳᠠᠢ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠢ ᠲᠡᠤᠭᠡ ᠶᠢᠨ | ᠲᠡᠪᠴᠡᠩ ᠠᠴᠠ ᠭᠠᠷᠭᠠᠨ᠎ᠠ ᠭᠡᠳᠡᠭ ᠬᠡᠯᠡᠯᠭᠡ ᠪᠤᠯ ᠶᠡᠷᠤ ᠠᠴᠠ ᠤᠷᠤᠰᠢᠬᠤ ᠦᠭᠡᠢ ᠶᠤᠮ ᠭᠡᠵᠤ ᠢᠯᠡᠷᠭᠡᠶᠢᠯᠡᠪᠡ᠃ | ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠬᠦᠭᠵᠢᠯᠲᠡ ᠶᠢ ᠵᠢᠷᠤᠮᠵᠢᠭᠤᠯᠬᠤ ᠲᠤᠬᠠᠢ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠲᠤ᠂ ᠤᠷᠤᠨ ᠰᠠᠭᠤᠴᠠ ᠶᠢᠨ ᠵᠢᠵᠢᠭ ᠲᠤᠭᠤᠷᠢᠭ ᠤᠨ | ᠭᠡᠤᠭᠡᠳ ᠤᠨ ᠴᠡᠴᠡᠷᠯᠢᠭ ᠤᠨ ᠪᠠᠶᠢᠭᠤᠯᠤᠯᠳᠡ ᠬᠡᠷᠡᠭᠯᠡᠯᠳᠡ ᠶᠢ ᠵᠢᠷᠤᠮᠵᠢᠭᠤᠯᠬᠤ ᠶᠢᠨ ᠬᠠᠮᠳᠤ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠭᠡᠤᠭᠡᠳ ᠤᠨ | ᠴᠡᠴᠡᠷᠯᠢᠭ ᠢ ᠲᠦᠯᠤᠪᠵᠢᠬᠦᠯᠬᠦ᠂ ᠪᠦᠳᠤᠭᠡᠨ ᠪᠠᠶᠢᠭᠤᠯᠬᠤ᠂ ᠰᠢᠯᠵᠢᠬᠦᠯᠤᠨ ᠲᠤᠰᠢᠶᠠᠬᠤ᠂ ᠡᠷᠬᠢᠯᠡᠬᠦ ᠵᠡᠷᠭᠡ ᠭᠤᠭᠴᠤᠭ᠎ᠠ ᠳᠤ ᠤᠷᠤᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠵᠠᠰᠠᠬᠤ ᠬᠡᠷᠡᠭᠳᠠᠢ᠂ ᠬᠤᠳᠠ ᠪᠠᠯᠭᠠᠰᠤᠨ ᠤ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠭᠡᠤᠭᠡᠳ ᠤᠨ ᠴᠡᠴᠡᠷᠯᠢᠭ ᠢ ᠠᠯᠪᠠᠨ ᠠᠴᠠ ᠡᠷᠬᠢᠯᠡᠭᠰᠡᠨ | ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠬᠤ ᠪᠤᠶᠤ ᠨᠠᠶᠢᠳᠠᠯᠭ᠎ᠠ ᠪᠠᠷ ᠲᠦᠭᠡᠮᠡᠯ ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ | ᠪᠤᠯᠭᠠᠨ ᠪᠠᠶᠢᠭᠤᠯᠬᠤ ᠬᠡᠷᠡᠭᠳᠠᠢ᠂ ᠠᠰᠢᠭ ᠬᠤᠨᠵᠢᠪᠤᠷᠢ ᠤᠯᠬᠤ ᠴᠢᠨᠠᠷᠳᠠᠢ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠵᠤ ᠪᠤᠯᠬᠤ ᠦᠭᠡᠢ ᠭᠡᠵᠤ ᠱᠠᠭᠠᠷᠳᠠᠪᠠ᠃ | ︽ᠰᠠᠨᠠᠯ ᠤᠳ︾ ᠢ ᠨᠠᠶᠢᠳᠠᠪᠤᠷᠢᠵᠢᠭᠤᠯᠬᠤ ᠶᠢᠨ ᠲᠤᠯᠠᠳᠠ᠂ ᠲᠦᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠳᠠ ᠪᠠᠯᠭᠠᠰᠤᠨ ᠤ ᠤᠷᠤᠨ ᠰᠠᠭᠤᠴᠠ ᠶᠢᠨ | ᠵᠢᠵᠢᠭ ᠲᠤᠭᠤᠷᠢᠭ ᠤᠨ ᠭᠡᠤᠭᠡᠳ ᠤᠨ ᠴᠡᠴᠡᠷᠯᠢᠭ ᠢ ᠵᠠᠰᠠᠬᠤ ᠠᠵᠢᠯ ᠢ ᠦᠷᠨᠢᠬᠦᠯᠬᠦ ᠲᠤᠬᠠᠢ ᠮᠡᠳᠡᠭᠳᠡᠯ︾ ᠪᠠᠭᠤᠯᠭᠠᠵᠤ᠂ ᠬᠤᠳᠠ ᠪᠠᠯᠭᠠᠰᠤᠨ ᠤ ᠤᠷᠤᠨ ᠰᠠᠭᠤᠴᠠ ᠶᠢᠨ | ᠵᠢᠵᠢᠭ ᠲᠤᠭᠤᠷᠢᠭ ᠲᠤ ᠪᠠᠷᠢᠮᠵᠢᠶ᠎ᠠ ᠲᠤᠬᠢᠷᠠᠭᠤᠯᠭ᠎ᠠ ᠶᠤᠰᠤᠭᠠᠷ ᠭᠡᠤᠭᠡᠳ ᠤᠨ ᠴᠡᠴᠡᠷᠯᠢᠭ ᠲᠤᠬᠢᠷᠠᠭᠤᠯᠤᠨ ᠪᠠᠶᠢᠭᠤᠯᠬᠤ ᠬᠡᠷᠡᠭᠳᠠᠢ᠂ ᠭᠡᠬᠦ ᠳᠡᠭᠡᠨ ᠠᠯᠪᠠᠨ ᠠᠴᠠ | ᠡᠷᠬᠢᠯᠡᠭᠰᠡᠨ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠬᠤ ᠪᠤᠶᠤ ᠨᠠᠶᠢᠳᠠᠯᠭ᠎ᠠ ᠪᠠᠷ ᠲᠦᠭᠡᠮᠡᠯ ᠬᠠᠷᠠᠭᠠᠯᠵᠠᠯ ᠤᠨ ᠴᠢᠨᠠᠷᠳᠠᠢ ᠠᠷᠠᠳ ᠠᠴᠠ ᠡᠷᠬᠢᠯᠡᠭᠰᠡᠨ ᠭᠡᠤᠭᠡᠳ ᠤᠨ | ᠴᠡᠴᠡᠷᠯᠢᠭ ᠪᠤᠯᠭᠠᠨ ᠪᠠᠶᠢᠭᠤᠯᠬᠤ ᠬᠡᠷᠡᠭᠳᠠᠢ᠂ ᠠᠰᠢᠭ ᠬᠤᠨᠵᠢᠪᠤᠷᠢ ᠤᠯᠬᠤ ᠴᠢᠨᠠᠷᠳᠠᠢ ᠭᠡᠤᠭᠡᠳ ᠤᠨ ᠴᠡᠴᠡᠷᠯᠢᠭ ᠪᠤᠯᠭᠠᠨ ᠪᠠᠶᠢᠭᠤᠯᠵᠤ ᠪᠤᠯᠬᠤ ᠦᠭᠡᠢ ᠭᠡᠵᠤ ᠲᠠᠬᠢᠨᠳᠠ | ᠢᠯᠡᠷᠭᠡᠶᠢᠯᠡᠪᠡ᠃ |