ᠵᠤᠬᠢᠶᠠᠭᠴᠢ᠄ ᠪᠠ᠊· ᠤᠶᠤᠨᠳᠠᠯᠠᠢ | ᠮᠤᠩᠭᠤᠯᠴᠤᠳ ᠶᠠᠷᠤ ᠨᠢ ᠲᠤᠰᠬᠠᠶᠢᠯᠠᠨ ᠴᠠᠭ ᠭᠠᠷᠭᠠᠵᠤ ᠬᠡᠦᠬᠡᠳ ᠢᠶᠠᠨ ᠲᠦᠪ ᠰᠠᠭᠤᠯᠭᠠᠭᠠᠳ ᠶᠡᠭᠡ ᠶᠤᠰᠤ | ᠨᠤᠮᠯᠠᠵᠤ ᠰᠤᠷᠭᠠᠬᠤ ᠪᠢᠰᠢ᠂ ᠬᠠᠷᠢᠨ ᠬᠡᠦᠬᠡᠳ ᠢᠶᠠᠨ ᠳᠠᠭᠠᠭᠤᠯᠤᠨ ᠠᠵᠢᠯ ᠬᠦᠳᠡᠯᠮᠤᠷᠢ ᠬᠢᠬᠦ ᠪᠤᠶᠤ ᠠᠶᠠᠨ ᠵᠠᠮ᠂ | ᠠᠳᠤᠭᠤ ᠮᠠᠯ ᠳᠤ ᠶᠠᠪᠤᠬᠤ ᠦᠶ᠎ᠡ ᠳᠤ ᠠᠵᠢᠯ ᠤᠨ ᠶᠠᠪᠤᠴᠠ ᠪᠠ ᠬᠡᠦᠬᠡᠳ ᠤᠨ ᠢᠶᠠᠨ ᠤᠷᠮ᠎ᠠ ᠳᠤ ᠵᠤᠬᠢᠴᠠᠭᠤᠯᠤᠨ | ᠳᠡᠭᠡᠳᠦᠰ ᠠᠴᠠ ᠰᠤᠨᠤᠰᠤᠭᠰᠠᠨ᠂ ᠪᠡᠶ᠎ᠡ ᠪᠠᠷ ᠦᠭᠭᠡᠷᠡᠭᠡᠭᠰᠡᠨ ᠢᠶᠠᠨ ᠠᠶᠠᠷᠬᠠᠨ ᠶᠠᠷᠢᠵᠤ᠂ ᠭᠦᠮᠦᠨ ᠪᠤᠯᠬᠤ ᠶᠤᠰᠤ ᠵᠦᠢ᠂ | ᠠᠮᠢᠳᠤᠷᠠᠯ ᠡᠵᠡᠩᠨᠡᠬᠦ ᠤᠷ᠎ᠠ ᠤᠬᠠᠭᠠᠨ ᠢ ᠤᠢ ᠪᠢᠯᠢᠭ ᠲᠤᠨᠢ ᠪᠠᠲᠤ ᠰᠠᠭᠤᠯᠭᠠᠬᠤ ᠶᠢ ᠬᠢᠴᠢᠶᠡᠳᠡᠭ᠃ ᠴᠠᠭᠠᠨ | ᠰᠠᠷ᠎ᠠ ᠶᠢᠨ ᠬᠤᠭᠤᠴᠠᠭ᠎ᠠ ᠪᠤᠯ ᠮᠤᠩᠭᠤᠯ ᠤᠨ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ ᠬᠠᠮᠤᠭ ᠲᠦᠪᠯᠡᠷᠡᠩᠭᠦᠢ | ᠬᠤᠭᠤᠴᠠᠭ᠎ᠠ ᠪᠤᠯᠬᠤᠷ ᠮᠤᠩᠭᠤᠯᠴᠤᠳ ᠬᠡᠦᠬᠡᠳ ᠢᠶᠠᠨ ᠬᠦᠮᠦᠵᠢᠭᠦᠯᠬᠦ ᠬᠠᠮᠤᠭ ᠲᠤᠬᠢᠷᠠᠮᠵᠢᠲᠠᠢ ᠦᠶ᠎ᠡ ᠭᠡᠵᠦ | ᠦᠵᠡᠳᠡᠭ ᠶᠤᠮ᠃ ᠭᠠᠯ ᠳᠠᠬᠢᠬᠤ ᠠᠴᠠ ᠡᠬᠢᠯᠡᠨ ᠰᠢᠨ᠎ᠡ ᠬᠠᠭᠤᠴᠢᠷᠠᠲᠡᠯᠡᠬᠢ ᠬᠤᠭᠤᠴᠠᠭ᠎ᠠ ᠶᠢ ︽ᠰᠠᠷ᠎ᠠ ᠰᠢᠨ᠎ᠡ︾᠂ | ︽ᠵᠢᠯ ᠰᠠᠷ᠎ᠠ︾᠂ ︽ᠵᠢᠯ ᠴᠠᠭᠠᠨ ᠰᠠᠷ᠎ᠠ︾ ᠭᠡᠵᠤ ᠲᠤᠪᠴᠢᠯᠠᠨ᠂ ︽ᠰᠢᠨ᠎ᠡ ᠳᠡᠭᠡᠨ ᠶᠠᠮᠠᠷ ᠪᠤᠯ ᠵᠢᠯ ᠳᠡᠭᠡᠨ ᠲᠡᠶᠢᠮᠦ︾ ᠭᠡᠵᠦ | ᠡᠨᠡᠬᠦ ᠬᠤᠭᠤᠴᠠᠭᠠᠨ ᠳᠤ ᠬᠡᠦᠬᠡᠳ ᠢᠶᠠᠨ ᠶᠤᠰᠤ ᠨᠤᠮ ᠲᠠᠢ᠂ ᠦᠭᠡᠳᠡ ᠬᠡᠶᠢᠮᠤᠷᠢ ᠲᠠᠢ᠂ ᠪᠡᠯᠬᠡ ᠳᠡᠮᠪᠡᠷᠢᠯ ᠲᠠᠢ | ᠪᠠᠶᠢᠬᠤ ᠶᠢ ᠨᠡᠩ ᠴᠢᠩᠭ᠎ᠠ ᠱᠠᠭᠠᠷᠳᠠᠳᠠᠭ᠃ | ᠵᠢᠯ ᠴᠠᠭᠠᠨ ᠰᠠᠷ᠎ᠠ ᠤᠶᠢᠷᠠᠳᠬᠤ ᠳᠤ ᠬᠡᠦᠬᠡᠳ ᠲᠡᠭᠡᠨ ᠪᠢᠲᠡᠭᠦᠯᠡᠵᠤ ᠰᠢᠨᠡᠯᠡᠬᠦ ᠶᠤᠰᠤ ᠵᠠᠩᠰᠢᠯ ᠤᠨ ᠲᠤᠬᠠᠢ | ᠶᠠᠷᠢᠵᠤ᠂ ᠡᠨᠡ ᠵᠢᠯ ᠵᠠᠪᠠᠯ ᠤᠴᠢᠵᠤ ᠵᠤᠯᠭᠠᠬᠤ ᠬᠦᠮᠦᠨ᠂ ᠵᠠᠪᠠᠯ ᠢᠷᠡᠬᠦ ᠬᠦᠮᠦᠨ ᠪᠠ ᠢᠷᠡᠬᠦ ᠪᠤᠯᠤᠮᠵᠢᠲᠠᠢ ᠬᠦᠮᠦᠨ ᠤ | ᠲᠤᠬᠠᠢ ᠲᠠᠨᠢᠯᠴᠠᠭᠤᠯᠵᠤ᠂ ᠶᠠᠭᠤᠨ ᠳᠤ ᠵᠠᠪᠠᠯ ᠢᠷᠡᠬᠦ ᠪᠤᠶᠤ ᠤᠴᠢᠵᠤ ᠵᠤᠯᠭᠠᠬᠤ ᠶᠢᠨ ᠤᠴᠢᠷ ᠢ ᠲᠤᠲᠤᠷᠬᠠᠶᠢᠯᠠᠨ | ᠵᠢᠭᠠᠵᠤ᠂ ᠢᠷᠡᠵᠦ ᠤᠴᠢᠬᠤ ᠶᠢᠨ ᠪᠡᠯᠡᠳᠬᠡᠯ ᠪᠠ ᠶᠤᠰᠤ ᠵᠠᠩᠰᠢᠯ ᠢ ᠶᠠᠷᠢᠵᠤ ᠦᠭᠭᠦᠨ᠎ᠡ᠃ ᠬᠤᠪᠴᠠᠰᠤ ᠬᠤᠨᠠᠷ | ᠡᠰᠭᠡᠵᠤ ᠤᠶᠤᠬᠤ ᠪᠠ ᠬᠡᠷ ᠲᠡᠷᠭᠡ᠂ ᠬᠦᠷᠢᠶ᠎ᠠ ᠬᠠᠰᠢᠶ᠎ᠠ᠂ ᠤᠶᠠᠭ᠎ᠠ ᠵᠠᠯ᠎ᠠ ᠪᠠᠨ ᠴᠡᠪᠡᠷᠯᠡᠵᠤ ᠴᠢᠮᠡᠬᠦ ᠵᠡᠷᠬᠡ ᠠᠵᠢᠯ ᠳᠤ | ᠬᠡᠦᠬᠡᠳ ᠢᠶᠠᠨ ᠳᠠᠭᠠᠭᠤᠯᠤᠨ ᠤᠷᠤᠯᠴᠠᠭᠤᠯᠵᠤ ᠶᠤᠰᠤ ᠬᠦᠳᠡᠯᠮᠤᠷᠢ ᠬᠤᠶᠠᠷ ᠢᠶᠠᠷ ᠤᠬᠠᠭᠠᠷᠠᠭᠤᠯᠤᠨ᠎ᠠ᠃ ᠡᠶᠢᠮᠦ | ᠠᠶᠢᠯ ᠳᠤ ᠵᠤᠴᠢᠨ ᠪᠠᠭᠤᠬᠤ ᠳᠤ ᠶᠠᠭᠤ ᠪᠦᠬᠦᠨ ᠨᠢ ᠲᠦᠪᠬᠢᠨᠡᠭᠦᠨ ᠲᠠᠭᠠᠯᠠᠮᠵᠢᠲᠠᠢ ᠰᠠᠨᠠᠭᠳᠠᠵᠤ᠂ ᠠᠷᠪᠠ ᠭᠠᠷᠴᠤ | ᠪᠠᠶᠢᠭ᠎ᠠ ᠬᠡᠦᠬᠡᠳ ᠨᠢ ᠭᠠᠭᠴᠠᠭᠠᠷ ᠪᠠᠶᠢᠭᠰᠠᠨ ᠴᠤ ᠤᠶᠠᠭᠠᠨ ᠳᠡᠭᠡᠷ᠎ᠡ ᠳᠤᠰᠬᠤ ᠡᠵᠡᠨ ᠲᠠᠢ᠂ ᠤᠤᠭᠤᠭᠠᠳ ᠮᠤᠷᠳᠠᠬᠤ | ᠴᠠᠢ ᠲᠠᠢ᠂ ᠶᠤᠰᠤᠨ ᠤ ᠬᠠᠷᠢᠭᠤ ᠵᠦᠢ ᠲᠠᠢ᠂ ᠪᠡᠯᠡᠭ ᠤᠨ ᠬᠠᠷᠢᠭᠤ ᠬᠠᠳᠠᠭ ᠲᠠᠢ ᠪᠠᠶᠢᠵᠤ ᠤᠳᠤᠮ ᠤᠨ ᠰᠤᠷᠭᠠᠯ | ᠭᠠᠵᠢᠬᠤ ᠤᠴᠢᠷ ᠦᠬᠡᠢ᠃ | ᠪᠢᠲᠡᠭᠦᠨ ᠤᠶᠢᠷᠠᠳᠬᠤ ᠲᠤᠰᠤᠮ ᠨᠠᠰᠤᠲᠠᠶᠢᠴᠤᠳ᠄ ︽ᠦᠷᠯᠦᠭᠡ ᠡᠷᠲᠡ ᠪᠤᠰᠪᠠᠯ ᠢᠯᠡᠭᠦᠦ ᠨᠢᠭᠡ ᠶᠢ ᠬᠠᠷᠠᠵᠤ᠂ | ᠦᠳᠡᠰᠢ ᠤᠷᠤᠢ ᠤᠨᠲᠠᠪᠠᠯ ᠢᠯᠡᠭᠦᠦ ᠨᠢᠭᠡ ᠶᠢ ᠰᠤᠨᠤᠰᠤᠨ᠎ᠠ︾ ᠬᠡᠮᠡᠨ ᠬᠡᠦᠬᠡᠳ ᠢᠶᠠᠨ ᠶᠡᠷᠦ ᠶᠢᠨ ᠦᠶ᠎ᠡ ᠠᠴᠠ ᠡᠷᠲᠡ | ᠪᠤᠰᠬᠠᠵᠤ ᠤᠷᠤᠢ ᠤᠨᠲᠠᠭᠤᠯᠤᠨ᠎ᠠ᠃ ᠦᠷᠯᠦᠭᠡ ᠨᠢ ᠬᠤᠷᠤᠭ᠎ᠠ ᠬᠠᠰᠢᠶ᠎ᠠ ᠴᠡᠪᠡᠷᠯᠡᠵᠤ ᠬᠤᠭ ᠬᠦᠯᠳᠡᠭᠦᠰᠦ | ᠵᠦᠭᠡᠭᠡᠬᠦ ᠳᠡᠭᠡᠨ ᠬᠡᠦᠬᠡᠳ ᠢᠶᠠᠨ ᠳᠠᠭᠠᠭᠤᠯᠵᠤ ᠱᠦᠭᠦᠷ ᠬᠦᠷᠵᠡ᠂ ᠠᠷᠤᠭ ᠰᠠᠪᠠᠷ ᠲᠤ ᠡᠪᠰᠢᠭᠦᠯᠦᠨ᠂ ᠮᠤᠷᠢ ᠪᠠᠷᠢᠵᠤ᠂ | ᠦᠬᠡᠷ ᠤᠰᠤᠯᠠᠬᠤ ᠵᠠᠭᠤᠷ᠎ᠠ ᠲᠡᠭᠷᠢ ᠶᠢᠨ ᠴᠢᠷᠠᠢ ᠰᠢᠨᠵᠢᠵᠤ᠂ ᠴᠠᠭ ᠠᠭᠠᠷ ᠤᠨ ᠪᠠᠶᠢᠳᠠᠯ᠂ ᠮᠠᠯ ᠭᠠᠷᠬᠤ ᠵᠦᠭ ᠤᠨ | ᠲᠤᠬᠠᠢ ᠦᠪᠡᠷ ᠤᠨ ᠲᠤᠷᠰᠢᠯᠭ᠎ᠠ ᠪᠠᠨ ᠦᠯᠢᠭᠡᠷ ᠲᠤᠤᠯᠢ ᠰᠢᠭ᠋ ᠶᠠᠷᠢᠨ᠎ᠠ᠃ ᠦᠳᠡᠰᠢ ᠨᠢ ᠤᠶᠤᠳᠠᠯ ᠤᠲᠠᠰᠤ᠂ | ᠢᠳᠡᠭᠡᠨ ᠰᠢᠭᠦᠰᠤ ᠶᠢᠨ ᠠᠵᠢᠯ ᠦᠷᠭᠦᠯᠵᠢᠯᠡᠬᠦ ᠳᠤ ᠤᠳᠤᠮ ᠭᠠᠷᠪᠠᠯᠢ᠂ ᠤᠭ ᠨᠤᠲᠤᠭ᠂ ᠨᠠᠭᠦᠳᠡᠯ ᠪᠠᠭᠤᠳᠠᠯ ᠤᠨ ᠢᠶᠠᠨ | ᠲᠤᠬᠠᠢ ᠬᠠᠭᠤᠴᠢᠯᠠᠵᠤ᠂ ᠤᠷᠤᠨ ᠨᠤᠲᠤᠭ᠂ ᠤᠪᠤᠭ ᠤᠭᠰᠠᠭ᠎ᠠ ᠪᠠᠨ ᠮᠡᠳᠡᠳᠡᠭ ᠬᠦᠮᠦᠨ ᠪᠤᠯᠬᠤ ᠶᠢ ᠰᠠᠨᠠᠭᠤᠯᠳᠠᠭ᠃ | ᠲᠡᠷᠡ ᠪᠦᠬᠦᠨ ᠤ ᠤᠬᠠᠭᠠᠨ ᠤᠯᠪᠠᠭ᠎ᠠ ᠶᠢ ᠤᠯᠬᠤ ᠠᠷᠠᠢ ᠪᠤᠯᠤᠭ᠎ᠠ ᠦᠭᠡᠢ ᠪᠠᠯᠴᠢᠷ ᠬᠡᠦᠬᠡᠳ ᠲᠤ ᠪᠤᠯ ᠦᠯᠢᠭᠡᠷ | ᠶᠠᠷᠢᠵᠤ᠂ ᠤᠨᠢᠰᠤᠭ᠎ᠠ ᠲᠠᠭᠠᠯᠭᠠᠵᠤ᠂ ᠵᠦᠢᠷ ᠰᠡᠴᠡᠨ ᠦᠭᠡ ᠴᠡᠭᠡᠵᠢᠯᠡᠭᠦᠯᠵᠦ᠂ ᠤᠢ ᠪᠢᠯᠢᠭ ᠢ ᠨᠢ ᠨᠡᠭᠡᠭᠡᠳᠡᠭ᠃ | ᠭᠠᠯ ᠳᠠᠬᠢᠬᠤ ᠠᠴᠠ ᠡᠬᠢᠯᠡᠨ᠂ ᠪᠢᠲᠡᠭᠦᠯᠡᠬᠦ᠂ ᠰᠢᠨᠡᠯᠡᠬᠦ ᠪᠦᠬᠦ ᠶᠠᠪᠤᠴᠠ ᠳᠤ ᠬᠡᠦᠬᠡᠳ ᠢᠶᠠᠨ ᠤᠷᠤᠯᠴᠠᠭᠤᠯᠤᠨ | ᠵᠤᠯᠠ ᠪᠠᠷᠢᠬᠤ᠂ ᠭᠠᠯ ᠳᠠᠬᠢᠬᠤ᠂ ᠲᠡᠭᠷᠢ ᠳᠤ ᠮᠦᠷᠭᠦᠬᠦ᠂ ᠳᠠᠯᠠᠯᠭ᠎ᠠ ᠠᠪᠬᠤ᠂ ᠳᠡᠭᠡᠵᠢ ᠡᠷᠭᠦᠬᠦ᠂ ᠮᠦᠷ ᠭᠠᠷᠭᠠᠬᠤ᠂ | ᠬᠤᠪᠴᠠᠰᠤ ᠮᠢᠯᠢᠶᠠᠬᠤ᠂ ᠮᠠᠯ ᠰᠢᠨᠡᠯᠡᠭᠦᠯᠬᠦ ᠵᠡᠷᠭᠡ ᠵᠠᠩ ᠦᠢᠯᠡ ᠶᠢ ᠦᠬᠡ ᠪᠠᠷ ᠲᠠᠶᠢᠯᠠᠵᠤ ᠦᠢᠯᠡ ᠪᠠᠷ ᠲᠠᠨᠢᠭᠤᠯᠤᠨ᠎ᠠ᠃ | ᠬᠤᠳᠠ ᠤᠰᠤ ᠪᠠ ᠤᠷᠤᠭ ᠡᠯᠢᠭᠡᠨ ᠤ ᠰᠢᠨᠡᠯᠡᠵᠤ ᠪᠢᠲᠡᠭᠦᠯᠡᠬᠦ ᠶᠠᠪᠤᠯᠴᠠᠭ᠎ᠠ ᠪᠠᠷ ᠳᠠᠮᠵᠢᠭᠤᠯᠤᠨ ᠰᠠᠳᠤᠨ | ᠲᠦᠷᠦᠯ ᠢᠶᠠᠨ ᠲᠠᠨᠢᠭᠤᠯᠵᠣ᠂ ᠮᠡᠨᠳᠦᠯᠡᠬᠦ᠂ ᠬᠦᠨᠳᠦᠯᠡᠬᠦ᠂ ᠵᠤᠯᠭᠠᠬᠤ᠂ ᠵᠤᠴᠢᠯᠠᠬᠤ᠂ ᠦᠳᠡᠬᠦ ᠶᠢᠨ ᠨᠠᠷᠢᠨ ᠶᠤᠰᠤ ᠶᠢ | ᠮᠡᠳᠡᠭᠦᠯᠦᠭᠰᠡᠨ ᠪᠠᠶᠢᠳᠠᠭ᠃ ᠪᠢᠲᠡᠭᠦᠯᠡᠬᠦ ᠠᠴᠠ ᠡᠮᠦᠨ᠎ᠡ ᠡᠬᠢᠯᠡᠭᠰᠡᠨ ᠢᠶᠠᠨ ᠳᠠᠭᠤᠰᠬᠠᠵᠤ᠂ ᠵᠡᠭᠡᠯᠡᠭᠰᠡᠨ ᠢᠶᠠᠨ ᠪᠤᠴᠠᠭᠠᠵᠤ᠂ | ᠦᠩᠭᠡᠷᠡᠭᠰᠡᠨ ᠨᠢᠭᠡ ᠵᠢᠯ ᠢᠶᠠᠨ ᠡᠳ᠋ ᠤᠨ ᠦᠷᠢ ᠦᠭᠡᠢ᠂ ᠰᠡᠳᠬᠢᠯ ᠤᠨ ᠦᠷᠢ ᠦᠭᠡᠢ᠂ ᠦᠷ᠎ᠡ ᠳᠡᠭᠡᠨ ᠶᠠᠷᠢᠬᠤ | ᠤᠬᠠᠭᠠᠷᠠᠯ ᠳᠤᠷᠠᠳᠬᠠᠯ ᠤᠨ ᠦᠯᠢᠭᠡᠷ ᠲᠠᠢ ᠰᠡᠪ ᠦᠭᠡᠢ ᠰᠠᠶᠢᠬᠠᠨ ᠪᠢᠲᠡᠭᠦᠯᠡᠵᠤ ᠲᠠᠯᠪᠢᠨ᠎ᠠ᠃ ᠰᠠᠷ᠎ᠠ ᠰᠢᠨ᠎ᠡ ᠶᠢᠨ | ᠴᠠᠭ ᠲᠤ ᠪᠡᠯᠭᠡ ᠦᠭᠡᠢ ᠦᠭᠡ᠂ ᠪᠤᠬᠢᠷ ᠦᠭᠡ ᠶᠠᠷᠢᠬᠤ ᠦᠭᠡᠢ᠂ ᠬᠡᠯᠡ ᠠᠮᠠ ᠲᠠᠲᠠᠬᠤ ᠦᠭᠡᠢ᠂ ᠤᠷᠤᠭᠤ | ᠴᠢᠷᠠᠶᠢᠯᠠᠬᠤ ᠶᠢ ᠴᠡᠭᠡᠷᠯᠡᠨ᠂ ᠠᠭᠤᠷ ᠤᠴᠠᠭᠠᠷ ᠢ ᠲᠡᠪᠴᠢᠵᠤ᠂ ᠲᠦᠯᠦᠪ ᠲᠦᠪᠰᠢᠨ᠂ ᠦᠭᠡᠳᠡ ᠪᠠᠶᠠᠰᠤᠩᠭᠤᠢ᠂ | ᠦᠯᠵᠡᠢ ᠪᠡᠯᠭᠡ ᠲᠠᠢ ᠪᠠᠶᠢᠬᠤ ᠶᠢ ᠤᠨᠴᠠ ᠬᠢᠴᠢᠶᠡᠳᠡᠭ᠃ ᠬᠡᠦᠬᠡᠳ ᠨᠢ ᠳᠠᠩᠳᠠ ᠯᠠ ᠨᠠᠰᠤᠲᠠᠨ ᠲᠤᠮᠤᠭᠠᠳᠠᠨ ᠤ ᠪᠠᠨ | ᠬᠠᠭᠤᠴᠢᠨ ᠤᠨ ᠤ ᠠᠴᠢ ᠪᠤᠶᠠᠨ ᠢ ᠳᠤᠷᠠᠰᠴᠤ᠂ ᠰᠢᠨ᠎ᠡ ᠵᠢᠯ ᠤᠨ ᠠᠵᠠ ᠬᠡᠶᠢᠮᠤᠷᠢ ᠶᠢ ᠵᠦᠩᠨᠡᠭᠰᠡᠨ ᠰᠠᠶᠢᠨ ᠰᠠᠶᠢᠬᠠᠨ | ᠢᠷᠦᠭᠡᠯ ᠰᠤᠷᠭᠠᠯ ᠤᠨ ᠳᠤᠮᠳᠠ ᠤᠷᠮ᠎ᠠ ᠪᠠᠲᠠᠷᠠᠵᠤ ᠤᠬᠠᠭᠠᠨ ᠲᠡᠯᠡᠳᠡᠭ ᠪᠢᠯᠡ᠃ | ᠴᠠᠭᠠᠨ ᠰᠠᠷ᠎ᠠ ᠶᠢᠨ ᠬᠤᠭᠤᠴᠠᠭᠠᠨ ᠳᠤ ᠤᠷᠤᠭ ᠰᠠᠳᠤᠨ᠂ ᠡᠯᠢᠭᠡᠨ ᠲᠦᠷᠦᠯ ᠢᠶᠠᠷ ᠢᠶᠠᠨ ᠴᠤᠭᠯᠠᠵᠤ | ᠨᠠᠶᠢᠷᠯᠠᠬᠤ ᠳᠠᠭᠠᠨ ᠴᠤ ᠦᠶ᠎ᠡ ᠨᠠᠰᠤᠨ ᠤ ᠳᠠᠷᠠᠭᠠᠯᠠᠯ ᠢᠶᠠᠷ ᠰᠠᠭᠤᠵᠠᠭᠠᠵᠤ᠂ ᠴᠠᠭᠠᠨ ᠢᠳᠡᠭᠡᠨ ᠠᠴᠠ ᠡᠬᠢᠯᠡᠨ᠂ ᠱᠦᠯᠦ | ᠰᠢᠭᠦᠰᠦ ᠬᠦᠷᠲᠡᠯ᠎ᠡ ᠲᠤᠭᠲᠠᠭᠰᠠᠨ ᠵᠢᠷᠤᠮ ᠢᠶᠠᠷ ᠤᠷᠤᠭᠤᠯᠵᠤ᠂ ᠨᠠᠶᠢᠷ ᠲᠡᠭᠦᠰᠬᠦ ᠳᠤ ᠮᠦᠨ ᠴᠠᠭᠠᠨ ᠢᠳᠡᠭᠡ ᠲᠠᠯᠪᠢᠨ | ᠴᠠᠢ ᠠᠶᠠᠭᠠᠯᠠᠵᠤ᠂ ᠶᠤᠰᠤ ᠶᠢ ᠬᠦᠨᠳᠦᠯᠡᠬᠦ ᠠᠴᠠ ᠪᠢᠰᠢ ᠠᠷᠢᠬᠢ ᠦᠢᠮᠡᠭᠡᠨ ᠢ ᠴᠢᠬᠤᠯᠠᠴᠢᠯᠠᠬᠤ ᠦᠭᠡᠢ᠃ ᠤᠷᠤᠭᠯᠠᠭ᠎ᠠ | ᠦᠭᠡᠢ ᠬᠡᠦᠬᠡᠳ ᠪᠤᠶᠤ ᠰᠢᠨᠡᠬᠡᠨ ᠤᠷᠤᠭᠯᠠᠭᠠᠳ ᠠᠪᠤ ᠡᠵᠢ ᠪᠤᠯᠵᠤ ᠠᠮᠵᠢᠭ᠎ᠠ ᠦᠬᠡᠢ ᠵᠠᠯᠠᠭᠤᠰ ᠢ ᠶᠡᠷᠦ ᠠᠴᠠ | ᠨᠠᠶᠢᠷ ᠤᠨ ᠰᠢᠷᠡᠭᠡᠨ ᠳᠤ ᠰᠠᠭᠤᠯᠭᠠᠳᠠᠭ ᠦᠭᠡᠢ᠂ ᠨᠠᠰᠤ ᠬᠢᠵᠢᠶᠡᠯᠢᠰᠢᠵᠦ ᠦᠷ᠎ᠡ ᠠᠴᠢᠷ ᠲᠠᠢ ᠪᠤᠯᠤᠭᠰᠠᠨ ᠬᠦᠮᠦᠨ | ᠨᠠᠰᠤᠲᠠᠶᠢᠴᠤᠳ ᠲᠠᠢ ᠪᠠᠨ ᠨᠢᠭᠡ ᠰᠢᠷᠡᠭᠡᠨ ᠳᠤ ᠰᠠᠭᠤᠬᠤ ᠳᠤᠬᠢᠶᠠᠯᠳᠤᠯ ᠪᠠᠶᠢᠳᠠᠭ ᠴᠤ ᠳᠤᠭᠤᠤᠷ ᠰᠠᠭᠤᠳᠠᠯ ᠳᠤ | ᠰᠠᠭᠤᠭᠠᠳ ᠦᠢᠯᠡᠴᠢᠯᠡᠬᠦ ᠪᠠ ᠰᠤᠷᠭᠠᠯ ᠰᠤᠨᠤᠰᠬᠤ ᠪᠠᠷ ᠭᠤᠤᠯ ᠪᠤᠯᠭᠠᠳᠠᠭ᠃ ᠵᠠᠯᠠᠭᠤ ᠪᠠᠭᠠᠴᠤᠳ ᠨᠢ ᠮᠤᠷᠢ ᠤᠨᠤᠭ᠎ᠠ | ᠡᠪᠡᠰᠦᠯᠡᠬᠦ᠂ ᠮᠠᠯ ᠬᠤᠲᠠᠯᠠᠬᠤ ᠵᠡᠷᠭᠡ ᠭᠠᠳᠠᠨ᠎ᠠ ᠠᠵᠢᠯ ᠢ ᠡᠭᠦᠷᠭᠡᠯᠡᠬᠦ ᠶᠢᠨ ᠬᠠᠮᠲᠤ ᠴᠠᠢ ᠠᠶᠠᠭᠠᠯᠠᠬᠤ᠂ ᠠᠷᠢᠬᠢ ᠪᠠᠷᠢᠬᠤ᠂ | ᠰᠢᠭᠦᠰᠤ ᠳᠡᠪᠰᠢᠭᠦᠯᠬᠦ ᠵᠡᠷᠭᠡ ᠠᠵᠢᠯ ᠢ ᠬᠢᠵᠦ᠂ ᠠᠵᠢᠯ ᠤᠨ ᠳᠤᠮᠳᠠ ᠶᠤᠰᠤ ᠵᠦᠢ ᠶᠢ ᠰᠤᠷᠳᠠᠭ᠃ ᠡᠷᠦᠬᠡ ᠶᠢᠨ | ᠡᠵᠡᠨ ᠪᠤᠶᠤ ᠳᠠᠶᠢᠯᠠᠯᠭ᠎ᠠ ᠡᠷᠬᠢᠯᠡᠭᠴᠢ ᠨᠢ ᠪᠡᠯᠭᠡ ᠲᠠᠢ ᠦᠭᠡ ᠪᠠᠷ ᠨᠠᠶᠢᠷ ᠡᠬᠢᠯᠡᠭᠦᠯᠵᠦ᠂ ᠤᠯᠠᠨ ᠢᠶᠠᠷ ᠢᠶᠠᠨ ᠠᠵᠤ | ᠠᠮᠢᠳᠤᠷᠠᠯ᠂ ᠦᠷ᠎ᠡ ᠬᠡᠦᠬᠡᠳ᠂ ᠮᠠᠯ ᠰᠦᠷᠦᠭ᠂ ᠤᠰᠤ ᠪᠡᠯᠴᠢᠭᠡᠷ ᠤᠨ ᠢᠶᠠᠨ ᠲᠤᠬᠠᠢ ᠵᠤᠭᠤᠭ ᠳᠡᠯᠭᠡᠨ᠎ᠡ᠃ | ᠵᠠᠷᠢᠮ ᠳᠠᠭᠠᠨ ᠳᠠᠭᠤᠤ ᠬᠤᠭᠤᠷ ᠡᠭᠦᠰᠬᠡᠵᠦ ᠨᠢᠵᠢᠭᠡᠷ ᠶᠡᠭᠡ ᠨᠠᠶᠢᠷ ᠪᠤᠯᠳᠠᠭ ᠴᠤ᠂ ᠠᠷᠢᠬᠢᠨ ᠤ ᠳᠠᠭᠠᠭᠠᠴᠠ ᠪᠠᠨ | ᠠᠳᠠᠯᠢᠳᠬᠠᠬᠤ ᠮᠡᠲᠤ ᠤᠤᠭᠤᠵᠤ᠂ ᠬᠤᠭᠤᠯᠠᠢ ᠶᠢᠨ ᠲᠡᠩᠬᠡ ᠪᠠᠨ ᠰᠢᠯᠭᠠᠬᠤ ᠮᠡᠲᠤ ᠪᠠᠷᠬᠢᠷᠠᠳᠠᠭ ᠦᠭᠡᠢ᠃ ᠨᠠᠰᠤ | ᠦᠨᠳᠦᠷ᠂ ᠦᠶ᠎ᠡ ᠳᠡᠭᠡᠷ᠎ᠡ ᠨᠢᠭᠡ ᠨᠢ ᠨᠠᠶᠢᠷ ᠤᠨ ᠳᠤᠬᠢᠶᠠᠯ ᠢ ᠠᠰᠢᠭᠯᠠᠵᠤ ᠰᠠᠳᠤᠨ ᠳᠦᠷᠦᠯ ᠳᠤᠮᠳᠠᠬᠢ ᠵᠠᠷᠢᠮ | ᠠᠩᠬᠠᠷᠴᠤ ᠬᠢᠴᠢᠶᠡᠭᠦᠰᠢᠲᠡᠢ ᠵᠦᠢᠯ ᠶᠢ ᠦᠭᠡ ᠶᠢᠨ ᠵᠠᠪᠰᠠᠷ ᠲᠤ ᠤᠷᠠᠨ ᠢᠶᠠᠷ ᠳᠤᠬᠢᠭᠠᠳ ᠠᠪᠬᠤ ᠳᠤ ᠯᠡ ᠤᠯᠠᠨ ᠤ | ᠰᠡᠳᠬᠢᠯ ᠳᠤ ᠨᠠᠰᠤᠳᠠᠨ ᠤ ᠰᠤᠷᠭᠠᠯ ᠭᠢᠯᠠᠰᠴᠤ᠂ ᠪᠡᠶ᠎ᠡ ᠪᠠᠨ ᠵᠠᠰᠠᠵᠤ ᠶᠠᠪᠤᠬᠤ ᠶᠢᠨ ᠲᠤᠯᠢ ᠪᠤᠯᠳᠠᠭ᠃ ᠬᠠᠶᠠ | ᠨᠢᠭᠡ ᠨᠢ ᠰᠠᠷᠬᠤᠳ ᠲᠤ ᠬᠠᠯᠠᠰᠴᠤ ᠰᠠᠨᠠᠭ᠎ᠠ ᠬᠦᠭᠰᠡᠭᠰᠡᠨ ᠬᠠᠷᠠᠭᠳᠠᠳᠠᠭ ᠴᠤ ᠠᠬᠠᠮᠠᠳ ᠨᠢᠭᠡ ᠨᠢ ᠦᠭᠡ ᠪᠠᠷ | ᠳᠤᠬᠢᠬᠤ ᠪᠤᠶᠤ ᠬᠤᠭᠤᠯᠠᠢ ᠵᠠᠰᠠᠭᠠᠳ ᠠᠪᠬᠤ ᠳᠤ ᠯᠡ ᠪᠡᠶ᠎ᠡ ᠪᠠᠨ ᠪᠠᠷᠢᠵᠤ ᠰᠠᠭᠤᠳᠠᠯ ᠢᠶᠠᠨ ᠵᠠᠰᠠᠨ ᠲᠦᠯᠦᠪ | ᠲᠦᠪᠰᠢᠨ ᠪᠠᠶᠢᠳᠠᠯ ᠳᠤ ᠤᠷᠤᠳᠠᠭ᠃ ᠨᠠᠶᠢᠷ ᠤᠨ ᠶᠠᠪᠤᠴᠠ ᠳᠤ ᠦᠰᠪᠦᠷᠢ ᠬᠡᠦᠬᠡᠳ ᠢ ᠤᠷᠤᠭᠤᠯᠵᠤ ᠨᠠᠶᠢᠷ ᠲᠤ | ᠰᠠᠭᠤᠭ᠎ᠠ ᠨᠠᠰᠤᠲᠠᠶᠢᠴᠤᠳ ᠤᠨ ᠦᠶ᠎ᠡ ᠳᠠᠭᠤᠳᠠᠯᠭ᠎ᠠ ᠶᠢ ᠲᠠᠨᠢᠭᠤᠯᠤᠨ ᠠᠷᠢᠬᠢ ᠪᠠᠷᠢᠭᠤᠯᠬᠤ ᠳᠤ ᠤᠯᠠᠨ ᠢᠶᠠᠷ ᠢᠶᠠᠨ | ᠬᠡᠦᠬᠡᠳ ᠤᠨ ᠵᠢᠰᠦᠯᠢᠭ᠂ ᠰᠡᠷᠭᠦᠯᠡᠩ᠂ ᠬᠢᠷᠠᠬᠠᠢ᠂ ᠴᠤᠪᠤᠭᠤ ᠶᠢ ᠮᠠᠭᠲᠠᠵᠤ ᠰᠠᠶᠢᠨ ᠰᠠᠶᠢᠬᠠᠨ ᠢ ᠨᠢ ᠢᠷᠦᠭᠡᠳᠡᠭ᠃ | ᠨᠠᠶᠢᠷ ᠤᠨ ᠰᠢᠷᠡᠭᠡᠨ ᠳᠤ ᠨᠠᠷᠬᠢᠶᠠᠨ ᠬᠦᠭᠵᠢᠶᠠᠨ ᠲᠠᠢ ᠪᠠᠶᠢᠭᠰᠠᠨ ᠴᠤ ᠬᠡᠦᠬᠡᠳ ᠤᠷᠤᠭᠠᠳ ᠢᠷᠡᠬᠦ ᠳᠤ ᠯᠡ ᠨᠠᠮ | ᠪᠤᠯᠵᠤ᠂ ᠨᠠᠰᠤ ᠨᠠᠮᠪᠠ ᠬᠤᠶᠠᠷ ᠨᠢ ᠶᠠᠭ ᠲᠡᠩᠴᠡᠭᠰᠡᠨ ᠰᠠᠶᠢᠬᠠᠨ ᠰᠠᠶᠢᠬᠠᠨ ᠲᠤᠮᠤᠭᠠᠲᠠᠳ ᠰᠠᠭᠤᠵᠤ ᠯᠡ ᠪᠠᠶᠢᠳᠠᠭ᠃ | ᠴᠤᠬᠤᠮ ᠬᠦᠮᠦᠨ ᠪᠤᠯᠵᠤ ᠠᠮᠢᠳᠤᠷᠠᠬᠤ ᠶᠢᠨ ᠮᠡᠷᠭᠡᠨ ᠵᠠᠮᠴᠢ ᠬᠦᠮᠦᠰ ᠳ᠋ᠠ︕ ᠠᠶᠢᠯ ᠠᠮᠢᠳᠤᠷᠠᠯ ᠤᠨ | ᠪᠠᠶᠢᠳᠠᠯ ᠤᠨᠳᠤᠤ᠂ ᠪᠠᠶᠠᠨ ᠶᠠᠳᠠᠭᠤ ᠶᠢᠨ ᠵᠦᠷᠢᠶ᠎ᠡ ᠪᠠᠶᠢᠳᠠᠭ ᠴᠤ ᠪᠢᠲᠡᠭᠦᠯᠡᠵᠦ ᠰᠢᠨᠡᠯᠡᠬᠦ ᠵᠠᠩᠰᠢᠯ ᠨᠢ | ᠦᠨᠳᠦᠰᠦᠨ ᠳᠡᠭᠡᠨ ᠠᠳᠠᠯᠢ ᠪᠠᠶᠢᠵᠤ ᠦᠶ᠎ᠡ ᠨᠠᠰᠤ ᠬᠤᠶᠠᠷ ᠢ ᠬᠦᠨᠳᠦᠯᠡᠵᠦ᠂ ᠬᠦᠳᠡᠯᠮᠤᠷᠢ ᠵᠢᠷᠤᠮ ᠬᠤᠶᠠᠷ ᠢ | ᠳᠡᠭᠡᠳᠦᠯᠡᠵᠦ ᠪᠠᠶᠢᠳᠠᠭ᠃ ᠠᠶᠢᠯ ᠰᠠᠭᠠᠬᠠᠯᠲᠠ ᠳᠤᠨᠢ ᠡᠪᠡᠳᠴᠢᠨ ᠬᠠᠭᠤᠴᠢᠨ ᠲᠠᠢ ᠬᠦᠮᠦᠨ ᠪᠤᠶᠤ ᠭᠤᠨᠢ ᠪᠡᠶ᠎ᠡ | ᠨᠠᠰᠤᠳᠠᠨ ᠲᠠᠢ ᠪᠤᠯ ᠪᠢᠲᠡᠭᠦᠨ ᠠᠴᠠ ᠤᠷᠢᠳᠠᠭᠤᠷᠬᠠᠨ ᠭᠡᠷ ᠲᠡᠷᠬᠡ ᠶᠢ ᠨᠢ ᠬᠠᠪᠰᠤᠷᠤᠨ ᠴᠡᠪᠡᠷᠯᠡᠵᠤ ᠠᠷᠭᠠᠯ | ᠲᠦᠯᠡᠰᠢ ᠶᠢ ᠨᠢ ᠤᠶᠢᠷᠠᠲᠤᠭᠤᠯᠵᠤ᠂ ᠬᠤᠭᠰᠢᠯ ᠨᠢᠮᠭᠡᠨ ᠨᠢᠭᠡ ᠳᠤᠨᠢ ᠫᠢᠯᠠᠨ ᠤ ᠬᠤᠷᠤᠳ᠂ ᠱᠦᠯᠦᠨ ᠤ ᠮᠢᠬ᠎ᠠ | ᠬᠦᠷᠭᠡᠵᠤ ᠦᠭᠳᠡᠭ᠃ ᠲᠤᠰᠬᠠᠢ ᠮᠠᠯ ᠤᠨ ᠬᠦᠮᠦᠨ ᠲᠠᠢ ᠠᠶᠢᠯ ᠪᠤᠯ ᠪᠢᠲᠡᠭᠦᠯᠡᠵᠦ ᠰᠢᠨᠡᠯᠡᠬᠦ ᠳᠡᠭᠡᠨ ᠮᠠᠯ ᠤᠨ | ᠬᠦᠮᠦᠨ ᠢᠶᠠᠨ ᠵᠤᠴᠢᠯᠠᠨ ᠬᠦᠨᠳᠦᠯᠡᠵᠦ᠂ ︽ᠰᠢᠨ᠎ᠡ︾ ᠬᠠᠭᠤᠴᠢᠷᠠᠬᠤ ᠠᠴᠠ ᠡᠮᠦᠨ᠎ᠡ ᠵᠠᠪᠠᠯ ᠬᠤᠶᠠᠷ ᠡᠳᠦᠷ ᠠᠮᠠᠷᠠᠭᠤᠯᠵᠤ | ᠭᠡᠷ ᠤᠨ ᠡᠵᠡᠨ ᠦᠪᠡᠷ ᠢᠶᠠᠨ ᠪᠤᠶᠤ ᠭᠤᠤᠯ ᠬᠦᠳᠡᠯᠮᠤᠷᠢ ᠬᠦᠴᠦᠨ ᠪᠤᠯᠬᠤ ᠨᠢᠭᠡ ᠨᠢ ᠦᠰᠴᠦ ᠪᠤᠢ ᠬᠡᠦᠬᠡᠳ | ᠳᠡᠭᠦᠦᠨᠡᠷ ᠢᠶᠠᠨ ᠳᠠᠭᠠᠭᠤᠯᠵᠤ ᠮᠠᠯ ᠳᠤ ᠶᠠᠪᠤᠨ᠎ᠠ᠃ ᠬᠡᠨ ᠨᠢᠭᠡ ᠨᠢ ᠦᠪᠡᠷ ᠤᠨ ᠪᠤᠶᠤ ᠪᠤᠰᠤᠳ ᠤᠨ ᠮᠠᠯ ᠢ | ᠬᠠᠷᠢᠭᠤᠯᠳᠠᠭ ᠪᠤᠯ ᠮᠦᠨ ᠰᠢᠨ᠎ᠡ ᠬᠠᠭᠤᠴᠢᠷᠠᠬᠤ ᠠᠴᠠ ᠡᠮᠦᠨ᠎ᠡ ᠠᠬ᠎ᠠ ᠳᠡᠬᠦᠦ ᠨᠢ ᠪᠤᠶᠤ ᠬᠡᠦᠬᠡᠳ ᠨᠢ ᠤᠷᠤᠨ ᠳᠤᠨᠢ | ᠮᠠᠯ ᠳᠤ ᠶᠠᠪᠤᠵᠤ ᠬᠤᠨᠢᠴᠢᠨ ᠦᠬᠡᠷᠴᠢᠨ ᠢᠶᠠᠨ ᠠᠮᠠᠷᠠᠭᠤᠯᠤᠨ᠎ᠠ᠃ ᠬᠤᠨᠢᠴᠢᠨ ᠦᠬᠡᠷᠴᠢᠨ ᠵᠡᠷᠭᠡ ᠠᠵᠢᠯ ᠤᠨ | ᠬᠦᠮᠦᠰ ᠨᠢ ᠭᠡᠷ ᠤᠨ ᠬᠦᠮᠦᠨ ᠪᠤᠶᠤ ᠡᠵᠡᠨ ᠠᠶᠢᠯ ᠤᠨ ᠢᠶᠠᠨ ᠬᠠᠯᠠᠮᠵᠢ ᠪᠠᠷ ᠬᠡᠳᠦᠨ ᠡᠳᠦᠷ ᠬᠦᠯ ᠠᠮᠠᠷᠠᠨ ᠴᠠᠭᠠᠨ | ᠰᠠᠷ᠎ᠠ ᠶᠢᠨ ᠬᠦᠷ ᠪᠠᠶᠠᠷ ᠢ ᠪᠤᠰᠤᠳ ᠲᠠᠢ ᠠᠳᠠᠯᠢᠬᠠᠨ ᠬᠦᠷᠳᠡᠳᠡᠭ᠃ ᠬᠡᠦᠬᠡᠳ ᠳᠡᠭᠦᠦ ᠨᠡᠷ ᠢᠶᠠᠨ ᠳᠠᠭᠠᠭᠤᠯᠤᠨ ᠬᠤᠨᠢ | ᠮᠠᠯ ᠬᠠᠷᠢᠭᠤᠯᠵᠦ ᠶᠠᠪᠤᠬᠤ ᠳᠠᠭᠠᠨ ᠤᠪᠤᠭ᠎ᠠ ᠪᠤᠯᠠᠭ᠂ ᠤᠰᠤ ᠪᠡᠯᠴᠢᠭᠡᠷ᠂ ᠤᠯᠠᠭ᠎ᠠ ᠵᠠᠮ ᠢᠶᠠᠨ ᠲᠠᠨᠢᠭᠤᠯᠵᠤ᠂ ᠲᠡᠭᠷᠢ ᠶᠢᠨ | ᠪᠠᠶᠢᠳᠠᠯ᠂ ᠮᠠᠯ ᠤᠨ ᠠᠷᠠᠨᠰᠢ ᠳᠤ ᠬᠦᠷᠲᠠᠯ᠎ᠠ ᠶᠠᠷᠢᠵᠤ ᠶᠠᠪᠤᠳᠠᠭ ᠲᠡᠶᠢᠮᠦ ᠬᠤᠯᠠ ᠶᠢᠨ ᠤᠬᠠᠭᠠᠨ ᠲᠠᠢ ᠵᠢᠷ ᠤᠨ ᠮᠠᠯᠴᠢᠨ | ᠮᠠᠨᠠᠶᠢᠬᠢᠨ ᠳᠤ ᠵᠦᠩᠳᠡᠭᠡᠨ ᠯᠡ ᠪᠠᠶᠢᠭᠰᠠᠨ ᠳ᠋ᠠ᠃ ᠲᠡᠶᠢᠨᠬᠦ ᠰᠠᠷ᠎ᠠ ᠰᠢᠨ᠎ᠡ ᠶᠢᠨ ᠴᠠᠭ ᠢᠶᠠᠷ ᠡᠴᠢᠭᠡ ᠪᠠᠨ ᠳᠠᠭᠠᠵᠤ | ᠪᠤᠰᠤᠳ ᠤᠨ ᠤᠷᠤᠨ ᠳᠤ ᠮᠠᠯ ᠳᠤ ᠶᠠᠪᠤᠭᠰᠠᠨ ᠬᠡᠦᠬᠡᠳ᠂ ᠡᠰᠡᠪᠡᠯ ᠡᠴᠢᠭᠡ᠂ ᠠᠬ᠎ᠠ ᠪᠠᠨ ᠤᠷᠤᠯᠠᠨ ᠬᠡᠭᠡᠷ᠎ᠡ ᠶᠢᠨ | ᠵᠢᠪᠠᠷ ᠲᠤ ᠮᠠᠯ ᠲᠠᠭᠤᠭᠰᠠᠨ ᠬᠡᠦᠬᠡᠳ ᠰᠠᠶ᠋ᠢ ᠬᠦᠳᠡᠯᠮᠤᠷᠢ ᠶᠢ ᠡᠷᠬᠢᠮᠯᠡᠳᠡᠭ ᠰᠠᠶᠢᠬᠠᠨ ᠰᠤᠷᠲᠠᠯ᠂ ᠪᠤᠰᠤᠳ ᠢ | ᠬᠠᠯᠠᠮᠵᠢᠯᠠᠳᠠᠭ ᠠᠷᠢᠭᠤᠨ ᠰᠡᠳᠬᠢᠯ᠂ ᠠᠮᠢᠳᠤᠷᠠᠯ ᠢ ᠨᠠᠨᠳᠢᠩᠨᠠᠳᠠᠭ ᠮᠡᠷᠭᠡᠨ ᠤᠬᠠᠭᠠᠨ ᠲᠠᠢ ᠬᠦᠮᠦᠨ ᠪᠤᠯᠵᠤ ᠦᠰᠳᠡᠭ | ᠠᠵᠠᠢ᠃ | ᠰᠢᠨ᠎ᠡ ᠶᠢᠨ ᠴᠠᠭ ᠲᠤ ︽ᠰᠢᠪᠠᠭᠠᠰᠤ ᠲᠠᠢ ᠠᠷᠭᠠᠯ ᠳᠡᠭᠡᠷ᠎ᠡ ᠴᠤ ᠪᠠᠭᠤᠵᠤ᠂ ᠱᠠᠯᠳᠠᠩ ᠬᠦᠮᠦᠨ ᠲᠠᠢ ᠴᠤ | ᠵᠤᠯᠭᠠᠨ᠎ᠠ︾ ᠭᠡᠵᠦ ᠬᠡᠯᠡᠳᠡᠭ ᠪᠤᠯᠪᠠᠴᠤ ᠴᠠᠭ᠎ᠠ ᠭᠠᠰᠢᠭᠤ ᠲᠠᠢ ᠠᠶᠢᠯ ᠳᠤ ᠬᠦᠷᠴᠦ ᠪᠢᠲᠡᠭᠦᠯᠡᠵᠦ ᠰᠢᠨᠡᠯᠡᠳᠡᠭ ᠦᠭᠡᠢ᠂ | ᠬᠠᠷᠢᠨ ᠨᠠᠰᠤ ᠲᠤᠮᠤᠭ᠎ᠠ ᠲᠠᠢ ᠬᠦᠮᠦᠰ ᠨᠢ ᠪᠢᠲᠡᠭᠦᠨ ᠠᠴᠠ ᠤᠷᠢᠳᠠᠭᠤᠷᠬᠠᠨ ᠪᠤᠶᠤ ᠰᠢᠨ᠎ᠡ ᠶᠢᠨ ᠨᠢᠭᠡᠨ ᠬᠤᠶᠠᠷ ᠠᠴᠠ | ᠬᠤᠶᠢᠰᠢ ᠴᠭᠠ ᠭᠠᠰᠢᠭᠤ ᠲᠠᠢ ᠠᠶᠢᠯ ᠳᠤ ᠬᠦᠷᠴᠤ ᠪᠤᠯᠭᠤᠭᠠᠨ ᠲᠤᠬᠢᠨᠠᠭᠤᠯᠳᠠᠭ᠃ ᠬᠡᠴᠢᠨᠡᠨ ᠪᠠᠶᠠᠷ ᠭᠦᠷ ᠲᠠᠢ | ᠪᠠᠶᠢᠭᠰᠠᠨ ᠴᠤ ᠴᠠᠭ᠎ᠠ ᠲᠠᠢ ᠰᠢᠨᠡᠯᠡᠬᠦ ᠬᠦᠮᠦᠨ ᠤ ᠳᠡᠷᠭᠡᠳᠡ ᠳᠦᠯᠬᠡᠨ ᠳᠠᠷᠤᠤ ᠪᠠᠶᠢᠵᠤ᠂ ᠪᠤᠰᠤᠳ ᠤᠨ ᠤᠢ | ᠭᠠᠰᠢᠭᠤ ᠶᠢ ᠬᠦᠨᠳᠡᠵᠦ ᠰᠡᠳᠬᠢᠯ ᠢ ᠨᠢ ᠡᠮᠵᠢᠭᠯᠡᠭᠦᠯᠬᠦ ᠠᠴᠠ ᠪᠤᠯᠭᠤᠮᠵᠢᠯᠠᠳᠠᠭ᠃ ᠬᠡᠦᠬᠡᠳ ᠪᠠᠭᠠᠴᠤᠤᠯ ᠳᠠᠭᠠᠨ ᠴᠠᠭ᠎ᠠ | ᠴᠡᠭᠡᠷ ᠤᠨ ᠤᠴᠢᠷ ᠢ ᠲᠠᠨᠢᠭᠤᠯᠵᠤ᠂ ᠮᠡᠳᠡᠭᠡ ᠦᠭᠡᠢ ᠪᠠᠷ ᠪᠤᠰᠤᠳ ᠲᠤ ᠶᠤᠰᠤ ᠠᠯᠳᠠᠬᠤ ᠠᠴᠠ ᠰᠡᠷᠭᠡᠶᠢᠯᠡᠳᠡᠭ᠃ | ᠴᠠᠭ᠎ᠠ ᠴᠡᠭᠡᠷ ᠲᠠᠢ ᠠᠶᠢᠯ ᠤᠨ ᠬᠦᠮᠦᠰ ᠨᠢ ᠪᠤᠷᠬᠠᠨ ᠲᠡᠭᠷᠢ ᠪᠠ ᠲᠠᠯᠠᠶᠢᠭᠠᠴᠢ ᠳᠠᠭᠠᠨ ᠬᠦᠵᠢ ᠵᠤᠯᠠ ᠪᠠᠷᠢᠵᠤ᠂ | ᠢᠳᠡᠭᠡᠨ ᠤ ᠳᠡᠭᠡᠵᠢ ᠡᠷᠭᠦᠳᠡᠭ ᠴᠤ ᠪᠤᠰᠤᠳ ᠤᠨ ᠠᠮᠤᠷ ᠢ ᠡᠷᠢᠨ ᠵᠤᠯᠭᠠᠬᠤ ᠦᠭᠡᠢ᠂ ᠨᠠᠶᠢᠷ ᠬᠦᠭᠵᠢᠶᠡᠨ ᠳᠤ | ᠤᠷᠤᠯᠴᠠᠬᠤ ᠦᠭᠡᠢ ᠪᠠᠶᠢᠵᠤ ᠶᠤᠰᠤ ᠴᠡᠭᠡᠷ ᠢᠶᠠᠨ ᠴᠢᠩᠭ᠎ᠠ ᠰᠠᠬᠢᠳᠠᠭ᠃ | ᠴᠠᠭᠠᠨ ᠰᠠᠷ᠎ᠠ ᠶᠢᠨ ᠬᠤᠭᠤᠴᠠᠭᠠᠨ ᠳᠤ ᠶᠠᠳᠠᠷ ᠳᠤᠷᠤᠢ ᠮᠠᠯ ᠪᠠ ᠲᠦᠯ ᠰᠠᠶᠢᠲᠠᠢ ᠡᠴᠢᠬᠡ ᠡᠬᠡ ᠮᠠᠯ ᠢ | ᠶᠡᠷᠦ ᠶᠢᠨ ᠴᠠᠭ ᠠᠴᠠ ᠢᠯᠡᠭᠦᠦ ᠬᠠᠷᠠᠭᠠᠯᠵᠠᠵᠤ᠂ ᠲᠠᠷᠬᠠᠯᠠᠭᠰᠠᠨ᠂ ᠰᠡᠲᠡᠷᠯᠡᠭᠰᠡᠨ ᠮᠠᠯ ᠢ ᠬᠦᠮᠦᠨ ᠤ ᠦᠪᠡᠷ ᠤᠨ ᠢᠯᠭᠠᠯ | ᠦᠭᠡᠢ ᠬᠠᠮᠢᠭ᠎ᠠ ᠪᠤᠯᠪᠠᠴᠤ ᠮᠠᠭᠲᠠᠵᠤ ᠢᠷᠦᠭᠡᠵᠦ ᠯᠡ ᠪᠠᠶᠢᠳᠠᠭ᠃ ᠤᠯᠠᠩᠬᠢ ᠠᠶᠢᠯ ᠴᠠᠭᠠᠨ ᠰᠠᠷ᠎ᠠ ᠶᠢᠨ ᠠᠷᠪᠠᠨ | ᠲᠠᠪᠤᠨ ᠳᠤ ᠪᠤᠶᠤ ᠠᠷᠪᠠᠨ ᠲᠠᠪᠤᠨ ᠤ ᠡᠮᠦᠨ᠎ᠡ ᠬᠤᠶᠢᠨᠠᠬᠢ ᠡᠳᠦᠷ ᠠᠴᠠ ᠰᠤᠩᠭᠤᠵᠤ ᠮᠠᠯ ᠢᠶᠠᠨ ᠰᠢᠨᠡᠯᠡᠭᠦᠯᠦᠨ᠎ᠡ᠃ ᠮᠠᠯ | ᠰᠢᠨᠡᠯᠡᠭᠦᠯᠬᠦ ᠡᠳᠦᠷ ᠪᠤᠯ ᠬᠡᠦᠬᠡᠳ ᠪᠠᠭᠠᠴᠤᠤᠯ ᠤᠨ ᠪᠠᠶᠠᠷ ᠲᠠᠢ ᠪᠦᠭᠡᠳ ᠬᠦᠷᠲᠡᠭᠡᠯ ᠲᠠᠢ ᠨᠢᠭᠡᠨ ᠡᠳᠦᠷ ᠪᠤᠯᠤᠨ᠎ᠠ᠃ | ᠲᠡᠳᠡ ᠠᠬᠠᠮᠠᠳ ᠢᠶᠠᠨ ᠳᠠᠭᠠᠵᠤ ᠮᠤᠷᠢᠨ ᠤᠶᠠᠭ᠎ᠠ᠂ ᠬᠤᠳᠳᠤᠭ ᠤᠰᠤ᠂ ᠬᠠᠰᠢᠶ᠎ᠠ ᠰᠠᠷᠠᠪᠴᠢ ᠵᠡᠷᠭᠡ ᠮᠠᠯ ᠤᠨ | ᠠᠮᠢᠳᠤᠷᠠᠯ ᠤᠨ ᠤᠷᠴᠢᠨ ᠢ ᠴᠡᠪᠡᠷᠯᠡᠬᠦ ᠠᠵᠢᠯ ᠳᠤ ᠬᠠᠮᠵᠢᠯᠴᠠᠨ᠎ᠠ᠃ ᠠᠳᠤᠭᠤᠨ ᠲᠠᠮᠠᠭ᠎ᠠ᠂ ᠲᠦᠯ ᠤᠨ ᠤᠭᠤᠲᠠ ᠵᠡᠷᠭᠡ | ᠮᠠᠯᠵᠢᠯ ᠤᠨ ᠴᠢᠬᠤᠯᠠ ᠬᠡᠷᠡᠭᠰᠡᠯ ᠢ ᠪᠡᠯᠭᠡᠰᠢᠶᠡᠨ ᠮᠢᠯᠢᠶᠠᠬᠤ᠂ ᠬᠤᠳᠳᠤᠭ ᠤᠰᠤᠨ ᠳᠡᠭᠡᠷ᠎ᠡ ᠬᠡᠰᠢᠭ ᠬᠤᠷᠦ᠋ᠢᠯᠠᠬᠤ | ᠵᠢᠴᠢ ᠮᠠᠯ ᠤᠨ ᠴᠤᠪᠤᠭ᠎ᠠ ᠪᠠ ᠬᠤᠷᠤᠭ᠎ᠠ ᠬᠡᠪᠲᠡᠷᠢ ᠶᠢᠨ ᠡᠭᠦᠳᠡᠨ ᠳᠤ ᠠᠬᠢ ᠭᠠᠩᠭ᠎ᠠ ᠠᠷᠴᠠ ᠦᠨᠦᠷᠲᠡᠨ ᠢ | ᠡᠭᠦᠰᠬᠡᠨ ᠰᠦᠷᠦᠭ ᠢᠶᠠᠨ ᠠᠷᠢᠭᠤᠯᠠᠬᠤ ᠶᠢ ᠬᠠᠷᠠᠵᠤ ᠡᠴᠢᠨ᠎ᠡ ᠭᠦᠨ ᠤᠴᠢᠷ ᠤᠳᠬ᠎ᠠ ᠶᠢ ᠨᠢ ᠭᠠᠶᠢᠬᠠᠨ | ᠠᠰᠠᠭᠤᠵᠠᠭᠠᠨᠠ᠃ ᠪᠡᠯᠴᠢᠭᠡᠷ ᠲᠤ ᠭᠠᠷᠤᠭ᠎ᠠ ᠦᠭᠡᠢ ᠲᠡᠵᠢᠭᠡᠪᠦᠷᠢ ᠪᠠ ᠡᠷᠲᠡ ᠶᠢᠨ ᠲᠦᠯ ᠢ ᠡᠩ ᠤᠨ ᠡᠳᠦᠷ ᠠᠴᠠ | ᠢᠯᠡᠭᠦᠦ ᠬᠠᠷᠠᠭᠠᠯᠵᠠᠬᠤ ᠡᠭᠦᠷᠭᠡ ᠬᠦᠯᠢᠶᠡᠵᠦ ᠬᠤᠷᠠᠭ᠎ᠠ ᠤᠭᠵᠢᠵᠦ᠂ ᠲᠡᠵᠢᠭᠡᠪᠦᠷᠢ ᠤᠰᠤᠯᠠᠨ᠎ᠠ᠃ ᠨᠠᠰᠤᠲᠠᠨ | ᠲᠤᠮᠤᠭᠠᠳᠠᠨ ᠨᠢ ᠰᠦᠷᠦᠭ ᠤᠨ ᠲᠦᠷᠦᠭᠦᠦ ᠪᠠ ᠭᠠᠪᠢᠶᠠᠲᠤ ᠮᠠᠯ ᠢᠶᠠᠨ ᠮᠢᠯᠢᠶᠡᠨ ᠮᠠᠯ ᠰᠦᠷᠦᠭ ᠤᠨ ᠢᠶᠠᠨ ᠦᠨᠢᠷ | ᠦᠰᠴᠤ ᠠᠶᠢᠯ ᠠᠮᠢᠳᠤᠷᠠᠯ ᠤᠨ ᠢᠶᠠᠨ ᠦᠭᠡᠳᠡ ᠬᠡᠶᠢᠮᠤᠷᠢ ᠲᠠᠢ ᠪᠠᠶᠢᠬᠤ ᠶᠢ ᠢᠷᠦᠬᠡᠨ ᠵᠦᠩᠨᠠᠵᠡᠭᠡᠬᠦ ᠳᠤ ᠪᠠᠯᠴᠢᠷ | ᠪᠠᠭᠠᠴᠤᠤᠯ ᠨᠢ ︽ᠰᠢᠨ᠎ᠡ ᠶᠢᠨ ᠨᠢᠭᠡᠨ ᠰᠢᠷᠡᠭᠡᠨ ᠳᠡᠭᠡᠷ᠎ᠡ᠂ ᠱᠢᠷᠦᠮᠡᠨ ᠱᠠᠬᠤᠤ ᠴᠤᠭ ᠳᠡᠭᠡᠷ᠎ᠡ᠂ ᠬᠤᠷᠤᠢ ᠬᠤᠷᠤᠢ | ᠬᠤᠳᠳᠤᠭ ᠳᠡᠭᠡᠷ᠎ᠡ᠂ ᠬᠤᠷᠠᠭᠠᠨ ᠮᠠᠯᠠᠭᠠᠢ ᠲᠤᠬᠤᠨ ᠳᠡᠭᠡᠷ᠎ᠡ︾ ᠭᠡᠵᠤ ᠠᠮᠠᠨ ᠨᠠᠶᠢᠷᠠᠭ ᠤᠩᠰᠢᠨ ᠬᠦᠭᠡᠷᠦᠯᠳᠡᠵᠦ᠂ | ᠬᠦᠳᠡᠯᠮᠤᠷᠢ ᠶᠢᠨ ᠳᠤᠮᠳᠠ ᠠᠴᠠ ᠬᠦᠳᠡᠯᠮᠤᠷᠢ ᠶᠢ᠂ ᠠᠮᠢᠳᠤᠷᠠᠯ ᠤᠨ ᠳᠤᠮᠳᠠ ᠠᠴᠠ ᠠᠮᠢᠳᠤᠷᠠᠯ ᠢ ᠰᠤᠷᠤᠨ᠎ᠠ᠃ ᠡᠶᠢᠨᠬᠦ | ᠠᠮᠢ ᠠᠮᠢᠳᠤᠷᠠᠯ ᠤᠨ ᠢᠷᠡᠯᠲᠡ ᠪᠤᠯᠤᠭᠰᠠᠨ ᠮᠠᠯ ᠰᠦᠷᠦᠭ ᠲᠡᠭᠡᠨ ᠡᠭᠡᠯᠢᠲᠡᠢ᠂ ᠮᠠᠯᠴᠢᠨ ᠠᠮᠢᠳᠤᠷᠠᠯ ᠳᠠᠭᠠᠨ ᠬᠠᠶᠢᠷᠠᠲᠠᠢ᠂ | ᠮᠠᠯᠵᠢᠯ ᠤᠨ ᠰᠤᠶᠤᠯ ᠤᠨ ᠢᠶᠠᠨ ᠨᠠᠷᠢᠨ ᠠᠭᠤᠯᠭ᠎ᠠ ᠶᠢ ᠮᠡᠳᠡᠳᠡᠭ ᠦᠩᠰᠢᠭ ᠰᠠᠶᠢᠬᠠᠨ ᠰᠡᠳᠬᠢᠯ ᠲᠠᠢ ᠰᠢᠨ᠎ᠡ | ᠦᠶ᠎ᠡ ᠶᠢᠨ ᠮᠤᠩᠭᠤᠯ ᠬᠦᠮᠦᠨ ᠭᠤᠯᠤᠮᠲᠠ ᠵᠠᠯᠭᠠᠨ ᠦᠰᠦᠨ᠎ᠡ᠃ | ᠮᠤᠩᠭᠤᠯᠴᠤᠳ ᠰᠢᠨᠡᠬᠡᠨ ᠠᠶᠢᠯ ᠪᠤᠯᠤᠭᠰᠠᠨ ᠪᠤᠶᠤ ᠰᠠᠶ᠋ᠢᠬᠠᠨ ᠭᠠᠯ ᠭᠤᠯᠤᠮᠲᠠ ᠰᠠᠯᠭᠠᠭᠰᠠᠨ | ᠵᠠᠯᠠᠭᠤᠰ ᠤᠨ ᠢᠶᠠᠨ ᠠᠮᠢᠳᠤᠷᠠᠯ ᠤᠨ ᠤᠬᠠᠭᠠᠨ ᠳᠡᠮ ᠢ ᠰᠢᠯᠭᠠᠬᠤ ᠳᠠᠭᠠᠨ ︽ᠵᠢᠯ ᠰᠠᠷ᠎ᠠ︾ ᠪᠠᠨ ᠶᠠᠭᠠᠬᠢᠵᠦ | ᠦᠩᠭᠡᠷᠡᠬᠡᠬᠦ ᠶᠢ ᠨᠢ ᠬᠠᠷᠠᠭᠠᠳ ᠮᠡᠳᠡᠴᠢᠬᠡᠳᠡᠭ᠃ ᠰᠤᠷᠭᠠᠯ ᠲᠠᠢ ᠠᠶᠢᠯ ᠤᠨ ᠤᠬᠠᠭᠠᠯᠢᠭ ᠵᠠᠯᠠᠭᠤᠰ ᠪᠤᠯ ᠰᠢᠨᠡᠬᠡᠨ | ᠠᠶᠢᠯ ᠪᠤᠯᠤᠭᠰᠠᠨ ᠠᠩᠬᠠᠳᠠᠭᠴᠢ ᠴᠠᠭᠠᠨ ᠰᠠᠷ᠎ᠠ ᠳᠠᠭᠠᠨ ᠠᠪᠤ ᠡᠵᠢ ᠪᠠᠨ ᠦᠯᠢᠭᠡᠷᠯᠡᠨ ᠮᠦᠷᠳᠡᠵᠦ᠂ ᠭᠠᠯ ᠳᠠᠬᠢᠬᠤ᠂ | ᠪᠢᠳᠡᠭᠦᠯᠡᠭᠦ᠂ ᠰᠢᠨᠡᠯᠡᠬᠦ ᠪᠦᠬᠦ ᠶᠠᠪᠤᠴᠠ ᠳᠤ ᠶᠠᠭ ᠯᠠ ᠬᠠᠭᠤᠴᠢᠨ ᠠᠶᠢᠯ ᠰᠢᠭ᠋ ᠡᠶ᠎ᠡ ᠨᠠᠶᠢᠷ᠂ ᠡᠮᠬᠢ ᠳᠦᠷᠢᠮ᠂ ᠶᠤᠰᠤ | ᠵᠦᠢ ᠲᠠᠢ ᠪᠠᠶᠢᠵᠤ᠂ ︽ᠰᠢᠪᠠᠭᠤᠨ ᠤ ᠪᠠᠭ᠎ᠠ ᠨᠢ ᠵᠢᠷᠬᠢᠳᠡᠭ ᠪᠢᠯᠡ︾ ᠭᠡᠳ ᠬᠠᠭᠤᠴᠢᠨ ᠠᠶᠢᠯ ᠠᠴᠠ ᠤᠷᠢᠳᠠᠵᠤ | ᠳᠦᠪᠬᠢᠨᠡᠭᠡᠳ ᠪᠤᠰᠤᠳ ᠠᠴᠠ ᠲᠡᠷᠢᠭᠦᠯᠡᠵᠦ ᠶᠤᠰᠤ ᠵᠦᠢ ᠪᠠᠨ ᠬᠦᠢᠴᠡᠬᠡᠬᠦ ᠶᠢ ᠬᠢᠴᠢᠶᠡᠵᠦ ᠪᠠᠶᠢᠳᠠᠭ᠃ ᠰᠢᠨᠡᠯᠡᠬᠦ ᠶᠢᠨ | ᠡᠮᠦᠨ᠎ᠡ ᠬᠤᠶᠢᠨᠠᠬᠢ ᠰᠠᠷ᠎ᠠ ᠭᠠᠷᠤᠢ ᠶᠢᠨ ᠬᠤᠭᠤᠴᠠᠭᠠᠨ ᠳᠤ ᠠᠪᠤ ᠡᠵᠢ᠂ ᠠᠪᠠᠭ᠎ᠠ ᠨᠠᠭᠠᠴᠤ᠂ ᠠᠶᠢᠯ ᠰᠠᠭᠠᠬᠠᠯᠲᠠ | ᠪᠦᠬᠦᠨ ᠳᠡᠭᠡᠨ ᠳᠡᠭᠡᠲᠤ ᠠᠴᠠ ᠤᠳᠤᠮᠯᠠᠭᠰᠠᠨ ᠶᠤᠰᠤ ᠶᠢ ᠳᠠᠷᠠᠭᠠᠯᠠᠨ ᠭᠦᠢᠴᠡᠳᠬᠡᠵᠦ᠂ ︽ᠡᠨᠡ ᠨᠤᠲᠤᠭ ᠲᠤ ᠡᠨᠡ | ᠤᠳᠤᠮ ᠤᠨ ᠨᠢᠭᠡᠨ ᠠᠶᠢᠯ ᠨᠡᠮᠡᠭᠳᠡᠭᠰᠡᠨ ᠰᠢᠦ︾ ᠭᠡᠳᠡᠭ ᠢ ᠴᠢᠨᠢ ᠠᠭᠠᠰᠢ ᠠᠵᠢᠯ ᠬᠤᠶᠠᠷ ᠢᠶᠠᠷ ᠢᠶᠠᠨ ᠨᠡᠶᠢᠬᠡᠮ | ᠨᠡᠶᠢᠲᠡ ᠳᠤ ᠬᠡᠯᠡᠭᠡᠳ ᠦᠭᠭᠦᠴᠢᠬᠡᠨᠡ᠃ ᠪᠠᠯᠴᠢᠷ ᠪᠠᠭ᠎ᠠ ᠬᠡᠦᠬᠡᠳ ᠴᠤ ᠰᠢᠨᠡᠯᠡᠭᠡᠳ ᠯᠡ ᠦᠩᠭᠡᠷᠡᠬᠦ ᠳᠤ ᠨᠠᠰᠤ | ᠨᠡᠮᠡᠵᠤ᠂ ᠪᠡᠶ᠎ᠡ ᠦᠰᠴᠦ᠂ ᠲᠤᠮᠤᠭ᠎ᠠ ᠰᠠᠭᠤᠵᠤ᠂ ᠤᠬᠠᠭ᠎ᠠ ᠤᠷᠤᠭᠰᠠᠨ ᠨᠢ ᠪᠡᠶ᠎ᠡ ᠳᠤᠨᠢ ᠮᠡᠳᠡᠭᠳᠡᠬᠦ ᠰᠢᠭ ᠪᠤᠯᠵᠤ᠂ ᠨᠠᠰᠤ | ᠳᠠᠭᠠᠵᠤ ᠢᠷᠡᠬᠦ ᠠᠶᠢᠯ ᠠᠮᠢᠳᠤᠷᠠᠯ ᠤᠨ ᠡᠭᠦᠷᠬᠡ ᠬᠠᠷᠢᠭᠤᠴᠠᠯᠭ᠎ᠠ ᠶᠢ ᠬᠡᠨ ᠢᠶᠠᠷ ᠴᠤ ᠠᠯᠪᠠᠲᠠᠭᠤᠯᠤᠯ ᠦᠬᠡᠢ ᠪᠠᠷ | ᠬᠦᠯᠢᠶᠡᠭᠡᠳ ᠠᠪᠴᠢᠬᠠᠭᠰᠠᠨ ᠪᠠᠶᠢᠳᠠᠭ᠃ ᠢᠩᠬᠢᠭᠡᠳ ᠯᠡ ᠵᠢᠯ ᠵᠢᠯ ᠤᠨ ︽ᠰᠠᠷ᠎ᠠ ᠰᠢᠨ᠎ᠡ︾ ᠪᠠᠷ ᠤᠬᠠᠭ᠎ᠠ ᠨᠡᠮᠡᠭᠦᠯᠵᠦ | ᠦᠰᠦᠭᠰᠡᠨ ᠴᠡᠴᠡᠨ ᠮᠤᠩᠭᠤᠯ ᠤᠨ ᠬᠦᠪᠡᠭᠦᠳ ᠦᠬᠢᠳ ᠮᠢᠨᠢ ᠠᠪᠤ ᠡᠵᠢ ᠶᠢᠨ ᠢᠶᠠᠨ ᠭᠠᠯ ᠭᠤᠯᠤᠮᠲᠠ ᠶᠢ | ᠤᠯᠠᠰᠢᠷᠠᠭᠤᠯᠤᠨ ᠳᠠᠬᠢᠵᠤ ᠰᠢᠨ᠎ᠡ ᠠᠴᠠ ᠰᠢᠨ᠎ᠡ ᠶᠢ ᠳᠠᠮᠵᠢᠭᠰᠠᠭᠠᠷ ᠦᠨᠦᠳᠦᠷ ᠤᠨ ᠨᠠᠷᠠ ᠶᠢ ᠤᠭᠳᠤᠭᠰᠠᠨ ᠪᠢᠯᠡ᠃ | ᠮᠤᠩᠭᠤᠯᠴᠤᠳ ᠤᠨ ᠴᠠᠭᠠᠨ ᠰᠠᠷ᠎ᠠ ᠭᠡᠳᠡᠭ ᠶᠡᠷᠦ ᠠᠴᠠ ᠨᠠᠷᠬᠢᠵᠦ ᠨᠠᠭᠠᠳᠬᠤ ᠶᠢᠨ ᠰᠢᠯᠲᠠᠭ ᠳᠡᠳᠦᠢ ᠶᠠᠭᠤᠮ᠎ᠠ | ᠪᠠᠶᠢᠭ᠎ᠠ ᠦᠭᠡᠢ᠂ ᠬᠠᠷᠢᠨ ᠠᠮᠢᠳᠤᠷᠠᠯ ᠤᠨ ᠬᠠᠮᠤᠭ ᠤᠨ ᠰᠠᠶᠢᠬᠠᠨ᠂ ᠰᠤᠶᠤᠯ ᠰᠤᠷᠲᠠᠬᠤᠨ ᠤ ᠬᠠᠮᠤᠭ ᠤᠨ ᠡᠷᠬᠢᠮ ᠢ | ᠲᠦᠪᠯᠡᠷᠡᠭᠦᠯᠦᠨ ᠢᠯᠡᠷᠬᠡᠶᠢᠯᠡᠵᠦ᠂ ᠲᠡᠷᠡᠬᠦ ᠬᠠᠮᠤᠭ ᠠᠴᠠ ᠡᠷᠬᠢᠮ ᠰᠠᠶᠢᠬᠠᠨ ᠤ ᠳᠤᠮᠳᠠ ᠬᠡᠦᠬᠡᠳ ᠢᠶᠠᠨ ᠬᠦᠮᠦᠵᠢᠭᠦᠯᠵᠦ᠂ | ᠬᠠᠮᠤᠭ ᠠᠴᠠ ᠡᠷᠬᠢᠮ ᠰᠠᠶᠢᠬᠠᠨ ᠢ ᠬᠡᠦᠬᠡᠳ ᠲᠡᠭᠡᠨ ᠤᠳᠤᠮᠰᠢᠭᠤᠯᠤᠨ ᠦᠭᠬᠦ ᠶᠤᠰᠤᠯᠠᠯ ᠪᠠᠶᠠᠷ ᠪᠠᠶᠢᠭᠰᠠᠨ ᠶᠤᠮ᠃ | ᠴᠠᠭ ᠨᠡᠶᠢᠭᠡᠮ ᠤᠨ ᠬᠤᠪᠢᠷᠠᠯ ᠭᠦᠭᠵᠢᠯ ᠢ ᠲᠠᠭᠠᠨ ᠪᠢᠳᠡᠨ ᠤ ᠪᠤᠳᠠᠰ ᠤᠨ ᠠᠮᠢᠳᠤᠷᠠᠯ ᠪᠠᠶᠠᠯᠢᠭᠵᠢᠭᠰᠠᠨ ᠴᠤ | ᠤᠳᠤᠮᠳᠤ ᠰᠤᠶᠤᠯ ᠤᠨ ᠮᠢᠨᠢ ᠨᠠᠨᠳᠢᠨ ᠵᠦᠢᠯᠡᠰ ᠪᠠᠯᠠᠷᠠᠨ ᠪᠦᠳᠡᠬᠢᠷᠡᠵᠦ ᠪᠠᠶᠢᠭ᠎ᠠ ᠨᠢ ᠳᠠᠩᠴᠤ ᠬᠠᠷᠠᠮᠰᠠᠯ ᠲᠠᠢ᠃ ᠵᠢᠯ | ᠴᠠᠭᠠᠨ ᠰᠠᠷ᠎ᠠ ᠶᠢᠨ ᠬᠤᠭᠤᠴᠠᠭ᠎ᠠ ᠶᠢ ᠬᠤᠶᠢᠴᠢ ᠦᠶ᠎ᠡ ᠪᠠᠨ ᠬᠦᠮᠦᠵᠢᠭᠦᠯᠬᠦ ᠬᠠᠮᠤᠭ ᠰᠠᠶᠢᠨ ᠳᠤᠬᠢᠶᠠᠯ ᠭᠡᠵᠦ | ᠤᠶᠢᠯᠠᠭᠠᠨ ᠬᠡᠦᠬᠡᠳ ᠢᠶᠠᠨ ᠳᠠᠭᠠᠭᠤᠯᠵᠤ ᠤᠳᠤᠮᠰᠢᠯᠲᠤ ᠵᠠᠩ ᠦᠢᠯᠡ ᠶᠢᠨ ᠦᠢᠯᠡᠳᠦᠯᠭᠡ ᠳᠤᠮᠳᠠ ᠬᠦᠮᠦᠵᠢᠬᠦᠯᠬᠦ | ᠬᠦᠮᠦᠨ ᠴᠦᠭᠡᠷᠡᠵᠦ᠂ ᠦᠪᠡᠷ ᠢᠶᠠᠨ ᠴᠤ ᠶᠤᠰᠤ ᠵᠠᠩᠰᠢᠯ ᠢᠶᠠᠨ ᠮᠡᠳᠡᠬᠦ ᠦᠭᠡᠢ ᠠᠪᠤ ᠡᠵᠢ ᠤᠯᠠᠰᠢᠷᠠᠵᠠᠢ᠃ ᠵᠤᠯᠠ ᠶᠢᠨ | ᠭᠤᠤᠯ ᠤᠷᠢᠶᠠᠬᠤ᠂ ᠭᠠᠯ ᠤᠨ ᠡᠪᠴᠢᠭᠦᠦ ᠴᠢᠮᠡᠬᠦ᠂ ᠴᠠᠰᠤᠨ ᠢᠨᠳᠡᠷ ᠲᠤ ᠮᠦᠷᠭᠦᠬᠦ᠂ ᠶᠢᠰᠦᠨ ᠬᠦᠰᠡᠯ ᠢᠶᠠᠨ ᠵᠦᠩᠨᠡᠬᠦ ᠁ | ᠲᠡᠷᠡ ᠤᠯᠠᠨ ᠵᠢᠷ ᠤᠨ ᠠᠵᠢᠯ ᠶᠡᠷᠦ ᠶᠢᠨ ᠵᠠᠩᠰᠢᠯ ᠤᠳ ᠬᠡᠳᠦ᠋ᠢᠪᠡᠷ ᠢᠨᠲ᠋ᠧᠷᠨᠧᠲ᠂ ᠪᠢᠴᠢᠭ ᠬᠡᠪᠯᠡᠯ ᠳᠤ | ᠳᠤᠷᠠᠶᠢᠵᠤ ᠪᠠᠶᠢᠭ᠎ᠠ ᠪᠤᠯᠪᠠᠴᠤ ᠶᠠᠰᠤ ᠴᠢᠰᠤ ᠪᠠᠷ ᠲᠠᠮᠵᠢᠨ ᠤᠳᠤᠮᠰᠢᠬᠤ ᠨᠢᠭᠡᠨ ᠬᠡᠯᠪᠡᠷᠢ ᠨᠢ ᠡᠪᠳᠡᠭᠳᠡᠭᠰᠡᠨ ᠪᠤᠯᠬᠤᠷ | ᠳᠡᠭᠡᠳᠦᠰ ᠤᠨ ᠮᠢᠨᠢ ᠶᠤᠰᠤ ᠵᠠᠩᠰᠢᠯ ᠤᠨ ᠵᠡᠮᠳᠡᠭ ᠲᠠᠮᠲᠤᠭ ᠦᠭᠡᠳᠡᠰᠦ ᠨᠦᠭᠦᠳ ᠮᠠᠨ ᠤ ᠠᠮᠢᠳᠤᠷᠠᠯ ᠳᠤ ᠰᠤᠶᠤᠯ | ᠬᠡᠮᠡᠨ ᠨᠡᠷᠡᠯᠡᠭᠳᠡᠬᠦ ᠪᠤᠯᠵᠠᠢ᠃ ᠠᠯᠳᠠᠬᠤ ᠶᠢᠨ ᠢᠶᠠᠨ ᠦᠶ᠎ᠡ ᠳᠤ ᠯᠡ ᠰᠠᠶ᠋ᠢ ᠨᠠᠨᠳᠢᠩᠨᠠᠬᠤ ᠪᠠᠨ ᠰᠠᠨᠠᠵᠤ ᠤᠯᠳᠠᠭ ᠨᠢ | ᠬᠦᠮᠦᠨ ᠪᠢᠳᠡᠨ ᠤ ᠲᠡᠨᠡᠭ ᠠᠷᠠᠨᠰᠢ ᠴᠤ ᠪᠤᠯᠪᠠᠦ︖ ᠶᠠᠭᠤ ᠴᠤ ᠪᠤᠯᠲᠤᠭᠠᠢ᠂ ᠦᠨᠦᠳᠦᠷ ᠤᠨ ᠪᠢᠳᠡ ᠪᠤᠯ | ᠦᠨᠳᠦᠰᠦᠨ ᠰᠤᠶᠤᠯ ᠤᠨ ᠢᠶᠠᠨ ᠰᠡᠮᠡᠷᠡᠨ ᠭᠡᠭᠡᠭᠳᠡᠬᠦ ᠶᠢ ᠨᠢᠳᠤ ᠪᠠᠷ ᠢᠶᠠᠨ ᠬᠠᠷᠠᠵᠤ ᠪᠠᠶᠢᠭ᠎ᠠ ᠬᠦᠮᠦᠨ᠂ | ᠳᠡᠭᠡᠳᠦᠰ ᠤᠨ ᠢᠶᠠᠨ ᠶᠤᠰᠤ ᠵᠠᠩᠰᠢᠯ ᠢ ᠲᠠᠰᠤᠭ ᠪᠤᠰᠤᠭ ᠴᠤ ᠪᠤᠯᠤᠭ ᠤᠶᠢᠯᠠᠭᠠᠬᠤ ᠬᠦᠮᠦᠨ᠂ ᠰᠢᠨ᠎ᠡ ᠴᠠᠭ ᠤᠨ | ᠰᠤᠶᠤᠯ ᠤᠨ ᠵᠢᠭᠤᠴᠢᠯᠠᠭᠤᠷ ᠪᠦᠬᠦᠨ ᠢ ᠠᠰᠢᠭᠯᠠᠵᠤ ᠴᠢᠳᠠᠬᠤ ᠬᠦᠮᠦᠨ᠂ ᠦᠪᠡᠷ ᠤᠨ ᠢᠶᠠᠨ ᠰᠤᠶᠤᠯ ᠳᠤ ᠲᠤᠯᠭᠠᠷᠠᠵᠤ | ᠪᠠᠶᠢᠭ᠎ᠠ ᠠᠰᠠᠭᠤᠳᠠᠯ ᠢ ᠬᠠᠮᠤᠭ ᠲᠤᠳᠤᠷᠬᠠᠢ ᠮᠡᠳᠡᠳᠡᠭ ᠬᠦᠮᠦᠨ᠃ ᠪᠢᠳᠡ ᠯᠡ ᠳᠡᠭᠡᠳᠦᠰ ᠢᠶᠠᠨ ᠳᠠᠭᠤᠷᠢᠶᠠᠵᠤ᠂ | ᠦᠷᠡᠰ ᠢᠶᠠᠨ ᠳᠠᠭᠤᠷᠢᠶᠠᠯᠭᠠᠵᠤ ᠴᠢᠳᠠᠳᠠᠭ ᠪᠤᠯ ᠮᠠᠨ ᠤ ᠶᠤᠰᠤ ᠵᠠᠩᠰᠢᠯ ᠮᠢᠩᠭ᠎ᠠ ᠮᠢᠩᠭᠠᠨ ︽ᠰᠠᠷ᠎ᠠ ᠰᠢᠨ᠎ᠡ︾ ᠶᠢ | ᠳᠠᠮᠵᠢᠨ ᠠᠷᠢᠭᠤᠨ ᠢᠶᠠᠷ ᠦᠪᠰᠢᠬᠦ ᠪᠤᠯᠤᠨ᠎ᠠ᠃ | ᠰᠢᠷ᠎ᠠ ᠨᠤᠬᠠᠢ ᠵᠢᠯ ᠤᠨ ᠴᠠᠭᠠᠨ ᠰᠠᠷ᠎ᠠ ᠶᠢ ᠤᠭᠳᠤᠵᠤ᠂ ᠭᠠᠵᠠᠷ ᠮᠦᠩᠬᠡᠯᠡᠭᠰᠡᠨ ᠭᠠᠯ ᠭᠤᠯᠤᠮᠲᠠ ᠳᠠᠭᠠᠨ | ᠮᠦᠷᠭᠦᠮᠦ︕ ᠲᠡᠭᠷᠢ ᠳᠠᠬᠢᠭᠰᠠᠨ ᠢᠨᠳᠡᠷ ᠵᠤᠯᠠ ᠳᠠᠭᠠᠨ ᠮᠦᠷᠭᠦᠮᠦ︕ ᠴᠠᠭᠠᠨ ᠰᠠᠷ᠎ᠠ ᠶᠢ ᠭᠡᠷ ᠤᠨ ᠬᠦᠮᠦᠵᠢᠯ ᠤᠨ | ᠤᠨᠴᠠᠭᠠᠢ ᠬᠤᠭᠤᠴᠠᠭ᠎ᠠ ᠪᠤᠯᠭᠠᠵᠤ᠂ ᠵᠠᠩ ᠦᠢᠯᠡ ᠶᠢ ᠬᠢᠴᠢᠶᠡᠯ ᠳᠠᠳᠤᠯᠭ᠎ᠠ ᠶᠢᠨ ᠤᠨᠴᠠᠭᠠᠢ ᠲᠠᠯᠠᠪᠤᠷ ᠪᠤᠯᠭᠠᠵᠤ᠂ | ᠠᠶᠢᠯ ᠢᠶᠠᠷ ᠤᠳᠤᠮᠯᠠᠬᠤ ᠶᠢ ᠭᠡᠭᠡᠷᠡᠭᠦᠯᠦᠨ ᠰᠤᠷᠭᠠᠬᠤ ᠶᠢᠨ ᠤᠨᠴᠠᠭᠠᠢ ᠬᠡᠯᠪᠡᠷᠢ ᠪᠤᠯᠭᠠᠭᠰᠠᠨ ᠪᠤᠭᠤᠷᠤᠯ ᠳᠡᠭᠡᠳᠦᠰ ᠤᠨ | ᠭᠠᠶᠢᠬᠠᠮᠰᠢᠭᠲᠤ ᠤᠬᠠᠭᠠᠨ ᠳᠤ ᠰᠢᠳᠦᠨ ᠮᠦᠷᠭᠦᠮᠦ︕ ᠮᠢᠩᠭ᠎ᠠ ᠮᠢᠩᠭᠠᠨ ︽ᠴᠠᠭᠠᠨ ᠰᠠᠷ᠎ᠠ︾ ᠮᠤᠩᠭᠤᠯ ᠰᠤᠶᠤᠯ ᠤᠨ | ᠭᠠᠯ ᠪᠠᠮᠪᠠᠷ ᠢ ᠳᠠᠮᠵᠢᠭᠤᠯᠬᠤ ᠦᠷᠲᠡᠭᠡ ᠪᠤᠯᠵᠤ ᠲᠡᠦᠬᠡ ᠶᠢᠨ ᠤᠷᠲᠤ ᠳᠤ ᠳᠠᠰᠤᠷᠠᠭᠠᠨ ᠦᠭᠡᠢ ᠦᠷᠭᠦᠯᠵᠢᠯᠡᠬᠦ | ᠪᠤᠯᠲᠤᠭᠠᠢ︕ |