2 ᠰᠠᠷ᠎ᠠ ᠶᠢᠨ 24 ᠤ ᠡᠲᠦᠷ᠂ ᠤᠯᠤᠰ ᠲᠦᠷᠦ ᠶᠢᠨ ᠵᠦᠪᠯᠡᠯᠬᠡᠨ ᠤ ᠬᠦᠯᠦᠨ ᠪᠤᠶᠢᠷ ᠬᠤᠳᠠ ᠶᠢᠨ | ᠲᠦᠷᠪᠡᠲᠦᠬᠡᠷ ᠬᠤᠭᠤᠴᠠᠭᠠᠨ ᠤ ᠬᠤᠷᠢᠶᠠᠨ ᠤ ᠬᠤᠶᠠᠲᠤᠭᠠᠷ ᠬᠤᠷᠠᠯ ᠬᠤᠳᠠ ᠶᠢᠨ ᠵᠠᠰᠠᠭ ᠤᠨ ᠶᠠᠪᠤᠳᠠᠯ ᠤᠨ | ᠶᠡᠷᠦᠩᠬᠡᠶᠢᠯᠡᠭᠰᠡᠨ ᠠᠰᠠᠷ ᠤᠨ ᠮᠡᠳᠡᠬᠦᠯᠦᠯᠳᠡ ᠶᠢᠨ ᠲᠢᠩᠬᠢᠮ ᠳᠤ ᠠᠮᠵᠢᠯᠲᠠ ᠲᠠᠢ ᠡᠬᠢᠯᠠᠵᠠᠢ᠃ ᠤᠯᠤᠰ ᠲᠦᠷᠦ ᠶᠢᠨ | ᠵᠦᠪᠯᠡᠯᠬᠡᠨ ᠤ ᠬᠡᠰᠢᠬᠦᠳ ᠡᠬᠦᠷᠬᠡ ᠲᠤᠰᠢᠶᠠᠯ ᠢᠶᠠᠨ ᠬᠦᠢᠴᠡᠳᠬᠡᠵᠤ᠂ ᠰᠠᠨᠠᠯ ᠲᠤᠷᠠᠲᠤᠯᠭ᠎ᠠ ᠪᠠᠨ ᠢᠳᠡᠪᠬᠢᠲᠠᠢ | ᠲᠤᠷᠠᠲᠤᠨ ᠲᠡᠪᠰᠢᠬᠦᠯᠵᠦ᠂ ᠮᠠᠨ ᠤ ᠬᠤᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠳᠤ | ᠦᠪᠡᠷ ᠤᠨ ᠬᠦᠴᠦᠨ ᠴᠢᠳᠠᠯ ᠢᠶᠠᠨ ᠦᠵᠡᠬᠦᠯᠬᠦ ᠪᠠᠷ ᠢᠷᠡᠭᠰᠡᠨ ᠪᠠᠶᠢᠯ᠎ᠠ᠃ | ᠬᠤᠷᠠᠯ ᠳᠤ ᠤᠷᠤᠯᠴᠠᠭᠰᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠦᠳᠡ ᠶᠢᠨ ᠬᠤᠶᠢᠨ᠎ᠠ ᠠᠴᠠ | ᠡᠬᠢᠯᠡᠨ ᠲᠤᠭᠤᠢᠢᠯᠠᠩ ᠬᠤᠪᠢᠶᠠᠨ ᠦᠡᠭᠬᠡᠷᠡᠭᠰᠡᠨ ᠵᠢᠯ ᠤᠨ ᠰᠠᠨᠠᠯ ᠲᠤᠷᠠᠲᠤᠯᠭ᠎ᠠ ᠪᠤᠯᠤᠨ ᠤᠲᠤ ᠲᠡᠪᠰᠢᠬᠦᠯᠬᠦ ᠪᠠᠷ | ᠪᠠᠶᠢᠭ᠎ᠠ ᠰᠠᠨᠠᠯ ᠲᠤᠷᠠᠲᠤᠯᠭ᠎ᠠ ᠶᠢᠨ ᠢᠶᠠᠨ ᠲᠤᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠬᠦᠯᠦᠭᠰᠡᠨ ᠪᠠᠶᠢᠨ᠎ᠠ᠃ | ᠬᠤᠷᠠᠯ ᠤᠨ ᠬᠤᠭᠤᠴᠠᠭᠠᠨ ᠳᠤ ᠰᠤᠷᠪᠤᠯᠵᠢᠯᠠᠭᠴᠢ ᠰᠢᠨ᠎ᠠ ᠪᠠᠷᠭᠤ ᠪᠠᠷᠠᠭᠤᠨ ᠬᠤᠰᠢᠭᠤᠨ ᠤ ᠨᠤᠲᠤᠭ | ᠪᠡᠯᠴᠢᠬᠡᠷ ᠤᠨ ᠠᠵᠢᠯᠯᠠᠬᠤ ᠦᠷᠳᠡᠬᠡᠨ ᠤ ᠠᠵᠢᠯᠳᠠᠨ ᠪᠠᠳᠮ᠎ᠠ ᠶᠢ ᠰᠤᠷᠪᠤᠯᠵᠢᠯᠠᠵᠠᠢ᠃ ᠬᠤᠷᠠᠯ ᠳᠤ ᠬᠤᠶᠠᠲᠠᠬᠢ | ᠤᠲᠠᠭ᠎ᠠ ᠤᠷᠤᠯᠴᠠᠵᠤ ᠪᠠᠶᠢᠭ᠎ᠠ ᠪᠠᠳᠮ᠎ᠠ ᠭᠡᠰᠢᠭᠦᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠲᠠᠷᠬᠠᠨ | ᠡᠬᠦᠷᠬᠡ ᠲᠤᠰᠢᠶᠠᠯ ᠢᠶᠠᠨ ᠴᠠᠭ ᠲᠤᠬᠠᠢ ᠳᠤᠨᠢ ᠪᠡᠶᠡᠯᠡᠬᠦᠯᠵᠤ᠂ ᠬᠤᠷᠠᠯ ᠤᠨ ᠢᠯᠡᠳᠬᠡᠯ ᠢ ᠬᠢᠨᠠᠮᠠᠭᠠᠢ ᠰᠤᠨᠤᠰᠴᠤ | ᠬᠤᠷᠠᠯ ᠳᠤ ᠰᠠᠨᠠᠯ ᠲᠤᠷᠠᠳᠤᠯᠭ᠎ᠠ ᠪᠠᠨ ᠢᠲᠡᠪᠬᠢᠲᠡᠢ ᠲᠡᠪᠰᠢᠬᠦᠯᠵᠠᠢ᠃ ᠲᠡᠷᠡ ᠡᠨᠡ ᠤᠳᠠᠭ᠎ᠠ ᠰᠢᠨ᠎ᠠ ᠪᠠᠷᠭᠤ ᠪᠠᠷᠠᠭᠤᠨ | ᠬᠤᠰᠢᠭᠤᠨ ᠤ ᠪᠠᠨ ᠡᠯ᠎ᠠ ᠨᠡᠶᠢᠬᠡᠮ ᠲᠤᠭᠤᠷᠢᠭ ᠤᠨ ᠬᠢᠨᠠᠨ ᠡᠵᠡᠮᠰᠢᠬᠦᠷ ᠤᠨ ᠲᠤᠷᠠᠨ ᠤ ᠬᠡᠷᠡᠭᠯᠡᠯᠳᠡ ᠶᠢ ᠨᠡᠮᠡᠭᠳᠡᠬᠦᠯᠬᠦ | ᠲᠤᠬᠠᠢ ᠰᠠᠨᠠᠯ ᠲᠡᠪᠰᠢᠬᠦᠯᠵᠠᠢ᠃ ᠲᠡᠬᠦᠨ ᠤ ᠤᠢᠢᠯᠠᠭᠠᠭᠰᠠᠨ ᠢᠶᠠᠷ ᠰᠢᠨ᠎ᠠ ᠪᠠᠷᠭᠤ ᠪᠠᠷᠠᠭᠤᠨ ᠬᠤᠰᠢᠭᠤᠨ ᠤ ᠡᠯ᠎ᠠ | ᠨᠡᠶᠢᠬᠡᠮ ᠲᠤᠭᠤᠷᠢᠭ ᠤᠨ ᠬᠢᠨᠠᠨ ᠡᠵᠡᠮᠰᠢᠬᠦᠷ ᠤᠨ ᠲᠤᠷᠠᠨ ᠤ ᠤᠭᠰᠠᠷᠠᠯᠳᠠ ᠶᠢᠨ ᠨᠤᠷᠮ᠎ᠠ ᠦᠨᠲᠦᠷ ᠪᠢᠰᠢ ᠮᠦᠷᠳᠡᠬᠡᠨ | ᠬᠠᠮᠢᠶᠠᠷᠤᠯᠳᠠ ᠰᠤᠯᠠ ᠠᠴᠠ ᠪᠤᠯᠵᠤ ᠤᠭᠰᠠᠷᠠᠬᠰᠠᠨ ᠲᠤᠷᠠᠨ ᠨᠢ ᠡᠪᠳᠡᠷᠡᠭᠰᠡᠨ ᠨᠢ ᠤᠯᠠᠨ ᠪᠤᠢ᠃ | | ᠪᠠᠳᠮ᠎ᠠ ᠬᠡᠰᠢᠬᠦᠨ᠄ ︽ᠠᠷᠠᠳ ᠤᠨ ᠠᠮᠢᠲᠤᠷᠠᠯ ᠤᠨ ᠬᠢᠷᠢ ᠲᠦᠪᠰᠢᠨ ᠲᠡᠬᠡᠭᠰᠢᠯᠡᠬᠦ ᠶᠢ ᠲᠠᠭᠠᠯᠲᠤᠨ ᠬᠦᠮᠦᠰ | ᠠᠮᠤᠷ ᠲᠦᠪᠰᠢᠨ ᠤ ᠲᠠᠯ᠎ᠠ ᠪᠠᠷ ᠨᠡᠩ ᠠᠩᠬᠠᠷᠤᠯ ᠲᠠᠯᠪᠢᠬᠤ ᠪᠤᠯᠤᠭᠰᠠᠨ ᠠᠴᠠ ᠬᠢᠨᠠᠨ ᠡᠵᠡᠮᠰᠢᠬᠦᠷ ᠤᠨ ᠲᠤᠷᠠᠨ | ᠤᠭᠰᠠᠷᠠᠬᠤ ᠱᠠᠭᠠᠷᠳᠠᠯᠭ᠎ᠠ ᠴᠦ ᠠᠶᠠᠳᠠᠭᠠᠨ ᠨᠠᠮᠡᠭᠳᠡᠵᠠᠢ᠃ ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ ᠳᠤ | ᠭᠠᠭᠴᠠ ᠬᠦ ᠬᠦᠮᠦᠨ ᠤ ᠬᠦᠴᠦᠨ ᠳᠤ ᠲᠦᠰᠢᠭᠯᠡᠬᠡᠳ ᠪᠤᠯᠬᠤ ᠪᠢᠰᠢ᠂ ᠡᠷᠬᠡᠪᠰᠢ ᠪᠠᠰᠠ ᠡᠯᠧᠺᠲᠷᠣᠨ ᠲᠤᠷᠠᠨ ᠢᠶᠠᠷ | ᠨᠡᠶᠢᠭᠡᠮ ᠤᠨ ᠠᠮᠤᠷ ᠲᠦᠪᠰᠢᠨ ᠤ ᠪᠠᠶᠢᠲᠠᠯ ᠢ ᠴᠠᠭ ᠲᠤᠬᠠᠢ ᠳᠤᠨᠢ ᠬᠢᠨᠠᠨ ᠡᠵᠡᠮᠰᠢᠬᠦ ᠴᠢᠬᠤᠯᠠ ᠲᠠᠢ ᠪᠤᠯᠤᠭᠰᠠᠨ | ᠪᠠᠶᠢᠨ᠎ᠠ᠃ ᠰᠠᠭᠤᠭᠠᠯᠢ ᠠᠷᠠᠳ ᠤᠨ ᠲᠤᠭᠤᠷᠢᠭ ᠤᠨ ᠦᠨᠴᠦᠭ ᠪᠤᠯᠤᠩ ᠳᠤ ᠬᠢᠨᠠᠨ ᠡᠵᠡᠮᠰᠢᠬᠦᠷ ᠤᠨ ᠲᠤᠷᠠᠨ | ᠤᠬᠰᠠᠷᠠᠬᠤ ᠨᠢ ᠬᠠᠤᠯᠢ ᠪᠤᠰᠦ ᠡᠲᠡᠭᠡᠳ ᠲᠤ ᠰᠦᠷᠲᠡᠭᠦᠯᠦᠯ ᠦᠵᠡᠭᠦᠯᠦᠨ᠂ ᠡᠯ᠎ᠡ ᠵᠦᠢᠯ ᠤᠨ ᠶᠡᠯᠡᠲᠤ ᠠᠵᠢᠯᠯᠠᠭ᠎ᠠ | ᠡᠬᠦᠰᠬᠦ ᠨᠤᠷᠮ᠎ᠠ ᠶᠢ ᠪᠠᠭᠠᠰᠬᠠᠬᠤ ᠳᠤ ᠴᠢᠬᠤᠯᠠ ᠦᠢᠯᠡᠲᠦᠯ ᠦᠵᠡᠬᠦᠯᠦᠨ᠂ ᠰᠠᠭᠤᠭᠠᠯᠢ ᠠᠷᠠᠳ ᠨᠡᠶᠢᠭᠡᠮ ᠨᠡᠶᠢᠲᠡ ᠳᠤ | ᠠᠮᠤᠷ ᠲᠦᠪᠰᠢᠨ ᠤᠷᠴᠢᠨ ᠲᠤᠭᠤᠷᠢᠨ ᠢ ᠪᠤᠢ ᠪᠤᠯᠭᠠᠬᠤ ᠳᠤ ᠠᠰᠢᠭ ᠲᠠᠢ ᠶᠤᠮ︾ ᠬᠡᠪᠡ᠃ | ᠤᠯᠤᠰ ᠲᠦᠷᠦ ᠶᠢᠨ ᠵᠦᠪᠯᠡᠯᠬᠡᠨ ᠤ ᠬᠤᠷᠠᠯ ᠳᠤ ᠤᠷᠤᠯᠴᠠᠵᠤ ᠪᠠᠶᠢᠭ᠎ᠠ ᠪᠦᠬᠦ ᠬᠡᠰᠢᠬᠦᠳ ᠮᠠᠨᠢ ᠴᠠᠭ | ᠦᠶ᠎ᠠ ᠠᠴᠠ ᠤᠯᠭᠤᠭᠰᠠᠨ ᠲᠡᠤᠬᠡᠲᠦ ᠡᠬᠦᠷᠬᠡ ᠲᠤᠰᠢᠶᠠᠯ ᠢᠶᠠᠨ ᠵᠢᠱᠢᠶᠡᠴᠢ ᠪᠠᠷ ᠭᠦᠢᠴᠡᠳᠭᠡᠵᠦ᠂ ᠠᠷᠠᠳ ᠤᠯᠠᠨ ᠤ | ᠬᠦᠰᠡᠯ ᠨᠡᠶᠢᠳᠡᠯᠭ᠎ᠠ ᠶᠢ ᠬᠦᠰᠡᠷᠳᠡᠬᠦᠯᠦᠯ ᠦᠬᠡᠢ᠂ ᠨᠡᠶᠢᠭᠡᠮ ᠠᠷᠠᠳ ᠲᠦᠮᠡᠨ ᠳᠤ ᠲᠡᠬᠡᠲᠦ ᠬᠡᠮᠵᠢᠶ᠎ᠡ ᠪᠠᠷ | ᠬᠠᠷᠢᠭᠤᠴᠠᠬᠤ ᠤᠪᠦᠷ ᠢᠶᠠᠷ ᠡᠷᠬᠢᠮ ᠦᠨᠡᠲᠦ ᠰᠠᠨᠠᠯ ᠵᠦᠪᠯᠡᠯᠬᠡ ᠪᠠᠨ ᠬᠠᠷᠠᠮ ᠦᠭᠡᠢ ᠲᠡᠪᠰᠢᠬᠦᠯᠦᠨ᠂ ᠪᠦᠬᠦ | ᠬᠤᠳᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠦᠴᠦᠨ ᠴᠢᠳᠠᠯ ᠢᠶᠠᠨ ᠡᠷᠬᠦᠭᠰᠡᠬᠡᠷ ᠪᠤᠢ ᠁ | ᠵᠣᠬᠢᠶᠠᠭᠴᠢ᠄ ᠰᠢᠷᠡᠬᠦᠦ | |