ᠢᠦᠢ ᠵᠶ᠋ᠶᠧ ᠲᠦᠯᠦᠭᠡᠯᠡᠭᠴᠢ᠄ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬᠠᠨ ᠤ ᠪᠤᠷᠤᠯᠠᠭᠤᠯᠭ᠎ᠠ ᠶᠢᠨ ᠵᠠᠬ᠎ᠠ ᠲᠡᠯᠭᠡᠬᠦᠷ ᠢ ᠴᠡᠭᠴᠡᠯᠡᠨ ᠲᠦᠷᠢᠮᠵᠢᠭᠦᠯᠬᠦ ᠴᠢᠬᠤᠯᠠ ᠲᠠᠢ ᠪᠠᠶᠢᠨ᠎ᠠ
ᠨᠡᠶᠢᠲᠡᠯᠡᠭᠰᠡᠨ ᠴᠠᠭ᠄
2019/3/7
      ᠤᠢᠢᠷ᠎ᠠ ᠶᠢᠨ ᠵᠢᠯ ᠳᠤ᠂ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ ᠪᠤᠬᠢᠷᠳᠦᠯ ᠦᠭᠡᠢ ᠴᠡᠪᠡᠷ ᠪᠠᠶᠢᠭᠠᠯᠢᠯᠢᠭ ᠪᠠᠶᠢᠲᠠᠬ ᠲᠠᠪᠠᠭᠤᠯᠢᠭ ᠤᠨᠴᠠᠯᠢᠬ ᠢᠶᠠᠷ ᠢᠶᠠᠨ ᠬᠦᠯᠦᠨ ᠪᠦᠢᠷ ᠲᠡᠷᠡᠴᠢᠯᠡᠨ ᠪᠦᠬᠦ ᠤᠯᠤᠰ ᠤᠨ ᠬᠡᠪᠴᠢᠶᠡᠨ ᠳᠤ ᠴᠦ ᠵᠤᠬᠢᠬᠤ ᠨᠠᠷ᠎ᠠ ᠨᠦᠯᠦᠭᠡ ᠲᠠᠢ ᠪᠤᠯᠤᠭᠰᠠᠨ ᠪᠠᠶᠢᠨ᠎ᠠ᠃ ᠬᠡᠪᠡᠴᠦ ︽ᠮᠸᠡᠭ ᠨᠢᠦ︾᠂ ︽ᠢ ᠯᠢ︾ ᠵᠡᠷᠭᠡ ᠨᠠᠷᠠᠳᠦ ᠲᠠᠮᠳᠡᠭᠳᠦ ᠠᠵᠦ ᠠᠬᠤᠢᠢᠯᠠᠯ ᠲᠠᠢ ᠠᠲᠠᠯᠢᠳᠬᠠᠪᠠᠯ ᠪᠠᠰᠠ ᠨᠡᠯᠢᠶᠡᠳ ᠵᠦᠷᠢᠶ᠎ᠡ ᠲᠠᠢ ᠪᠠᠶᠢᠬᠰᠠᠭᠠᠷ᠃       ᠤᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ ᠨᠢ ᠭᠤᠤᠯᠳᠠᠭᠤ ᠪᠦᠭᠡᠮ ᠢᠶᠠᠷ ᠪᠤᠷᠤᠯᠠᠭᠤᠯᠬᠤ ᠪᠤᠶᠤ ᠬᠤᠭᠤᠯᠠᠨ ᠭᠡᠷ ᠢᠳᠡᠭᠡᠨ ᠤᠮᠳᠠᠭᠠᠨ ᠤ ᠤᠢᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠦ᠂ ᠪᠦᠳᠦᠭᠦᠯᠢᠭ ᠡᠳ᠋ᠰᠢᠭᠦᠯᠦᠯᠳᠠ ᠬᠢᠮᠳᠡ ᠪᠤᠷᠤᠯᠠᠭᠤᠯᠭ᠎ᠠ ᠶᠢᠨ ᠤᠯᠠᠮᠵᠢᠯᠠᠯᠳᠦ ᠠᠷᠭ᠎ᠠ ᠮᠠᠶ᠋ᠢᠭ ᠢᠶᠠᠷ ᠭᠤᠤᠯᠯᠠᠵᠦ᠂ ᠪᠦᠬᠦ ᠤᠯᠤᠰ ᠤᠨ ᠬᠡᠪᠴᠢᠶᠡᠨ ᠤ ᠵᠢᠵᠢᠭᠯᠡᠨ ᠪᠤᠷᠤᠯᠠᠭᠤᠯᠬᠤ ᠵᠠᠬ᠎ᠠ ᠲᠡᠯᠭᠡᠭᠦᠷ ᠲᠤ ᠭᠠᠷᠴᠦ ᠴᠢᠳᠠᠭ᠎ᠠ ᠦᠭᠡᠢ ᠪᠠᠶᠢᠬᠰᠠᠭᠠᠷ᠃       ᠢᠢᠮᠦᠷᠬᠦᠦ ᠪᠠᠶᠢᠳᠠᠯ ᠳᠤ ᠬᠠᠨᠳᠤᠭᠤᠯᠵᠦ ᠢᠥᠢ ᠵᠶ᠋ᠶᠧ ᠲᠦᠯᠦᠭᠡᠯᠡᠭᠴᠢ ᠲᠤᠤᠷᠠᠬᠢ ᠮᠡᠲᠦ ᠭᠤᠷᠪᠠᠨ ᠰᠠᠨᠠᠯ ᠵᠦᠪᠯᠡᠯᠭᠡ ᠲᠠᠪᠰᠢᠬᠦᠯᠦᠭᠰᠡᠨ ᠪᠠᠶᠢᠨ᠎ᠠ᠃ ᠡᠩ ᠲᠡᠷᠢᠬᠦᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠮᠢᠬᠠᠨ ᠤ ᠬᠤᠨᠢᠨ ᠤ ᠰᠢᠨ᠎ᠠ ᠡᠭᠦᠯᠳᠡᠷ ᠢ ᠪᠤᠶᠢᠵᠢᠭᠤᠯᠤᠨ᠎ᠠ᠃ 2002 ᠤᠨ ᠳᠤ᠂ ᠤᠯᠤᠰ ᠠᠴᠠ ︽ᠬᠦᠯᠦᠨ ᠪᠦᠢᠷ ᠬᠤᠨᠢ︾ ᠶᠢ ᠮᠢᠬᠠᠨ ᠤ ᠬᠤᠨᠢ ᠶᠢᠨ ᠡᠬᠦᠯᠳᠡᠷ ᠢᠶᠠᠷ ᠲᠤᠬᠲᠠᠭᠠᠵᠠᠢ᠃ ︽ᠬᠦᠯᠦᠨ ᠪᠦᠢᠷ ᠬᠤᠨᠢ︾ ᠶᠢ ᠲᠤᠲᠤᠷ᠎ᠠ ᠨᠢ ᠪᠠᠰᠠ ᠬᠤᠶᠡᠷ ᠡᠬᠦᠯᠳᠡᠷ ᠬᠤᠪᠢᠶᠠᠲᠠᠬ᠃ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢ ᠪᠤᠯ ᠪᠠᠷᠭᠤ ᠡᠬᠦᠯᠳᠡᠷ ᠤᠨ ᠬᠤᠨᠢ ᠳᠤ ᠪᠠᠭᠳᠠᠳᠠᠭ᠃ ᠪᠠᠶᠢᠭᠠᠯᠢ ᠶᠢᠨ ᠤᠷᠴᠢᠨ ᠲᠤᠭᠤᠷᠢᠨ ᠪᠡ ᠪᠡᠯᠴᠢᠭᠡᠷᠯᠡᠬᠦᠯᠦᠨ ᠮᠠᠯᠵᠢᠵᠦ ᠪᠠᠶᠢᠭ᠎ᠠ ᠲᠠᠪᠠᠭᠤᠯᠢᠭ ᠨᠦᠬᠦᠴᠡᠯ ᠲᠠᠢ ᠪᠤᠯᠬᠤᠷ ᠰᠢᠮ᠎ᠠ ᠲᠡᠵᠢᠬᠡᠯ ᠤᠨ ᠠᠭᠤᠯᠤᠭᠳᠠᠴᠠ ᠦᠨᠳᠦᠷ᠂ ᠦᠨᠦᠷ ᠠᠮᠳᠠ ᠰᠠᠶᠢᠨ ᠢᠶᠠᠷ ᠢᠶᠠᠨ ᠤᠨᠴᠠᠯᠢᠭᠳᠠᠵᠦ᠂ ᠤᠳᠤᠮᠰᠢᠯ ᠤᠨ ᠴᠢᠳᠡᠪᠬᠢ ᠪᠡ ᠦᠢᠯᠡᠳᠪᠦᠷᠢᠯᠡᠯ ᠤᠨ ᠴᠢᠳᠠᠪᠬᠢ ᠪᠠᠷ ᠬᠠᠷᠢᠴᠠᠩᠭᠤᠢ ᠲᠤᠭᠳᠠᠭᠤᠨ ᠪᠠᠶᠢᠳᠠᠭ ᠮᠦᠷᠳᠡᠭᠡᠨ ᠡᠯ᠎ᠠ ᠲᠦᠷᠦᠯ ᠤᠨ ᠵᠢᠭᠠᠯᠳᠠ ᠲᠤᠭ᠎ᠠ ᠨᠢ ᠴᠦ ᠰᠢᠨ᠎ᠠ ᠡᠬᠦᠯᠳᠡᠷ ᠪᠤᠶᠢᠵᠢᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠳᠠᠭ᠃
       ᠲᠡᠭᠢᠪᠡᠯ᠂ ᠰᠢᠨ᠎ᠠ ᠪᠠᠷᠭᠤ ᠪᠠᠷᠠᠭᠤᠨ ᠬᠤᠰᠢᠭᠤᠨ ᠤ ᠮᠠᠯ ᠠᠵᠦ ᠠᠬᠤᠢ ᠶᠢᠨ ᠠᠵᠦ ᠤᠢᠢᠯᠡᠰ ᠤᠨ ᠬᠡᠯᠬᠢᠶᠡᠵᠢᠯ ᠤᠨ ᠲᠤᠭ᠎ᠠ ᠪᠡᠷᠢᠮᠳᠡ ᠶᠢᠨ ᠲᠠᠪᠴᠠᠩ ᠢ ᠪᠠᠶᠢᠭᠤᠯᠤᠨ᠎ᠠ᠃ ᠲᠡᠷᠤᠢ ᠨᠢᠭᠡᠳᠦᠯ ᠲᠠᠢ ᠰᠤᠷᠠᠭ ᠵᠡᠩᠬᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠲᠠᠪᠴᠠᠩ ᠪᠠᠶᠢᠭᠤᠯᠵᠦ᠂ ᠲᠤᠭ᠎ᠠ ᠪᠠᠷᠢᠮᠳᠡ ᠴᠤᠭᠯᠠᠭᠤᠯᠬᠤ ᠠᠷᠭ᠎ᠠ ᠵᠠᠮ ᠢ ᠦᠷᠭᠡᠳᠭᠡᠵᠦ᠂ ᠲᠤᠬᠠᠢᠢᠯᠠᠭᠰᠨ ᠠᠵᠢᠯ ᠲᠦᠷᠦᠯ᠂ ᠠᠵᠦ ᠠᠬᠤᠢᠢᠯᠠᠯ ᠪᠡ ᠢᠨᠲ᠋ᠧᠷ ᠰᠦᠯᠵᠢᠶ᠎ᠠ ᠶᠢᠨ ᠰᠤᠷᠠᠭ ᠵᠠᠩᠬᠢ ᠶᠢᠨ ᠲᠤᠭ᠎ᠠ ᠪᠠᠷᠢᠮᠳᠡ ᠶᠢ ᠨᠢᠭᠡᠳᠦᠬᠦᠯᠵᠦ᠂ ᠲᠦᠪᠯᠡᠷᠡᠭᠰᠡᠨ᠂ ᠨᠢᠭᠡ ᠴᠤᠭᠴᠠᠵᠢᠭᠤᠯᠤᠭᠰᠠᠨ ᠲᠤᠭ᠎ᠠ ᠪᠡᠷᠢᠮᠳᠡ ᠶᠢᠨ ᠬᠦᠮᠦᠷᠭᠡ ᠪᠠᠶᠢᠭᠤᠯᠵᠦ᠂ ᠮᠠᠯ ᠠᠵᠦ ᠠᠬᠤᠢ ᠶᠢᠨ ᠬᠦᠭᠵᠢᠯᠳᠡ ᠳᠤ ᠪᠠᠳᠤ ᠰᠠᠭᠤᠷᠢ ᠲᠤᠭ᠎ᠠ ᠪᠠᠷᠢᠮᠳᠠ ᠬᠠᠨᠭ᠍ᠭᠠᠨ᠎ᠠ᠃ ᠡᠬᠦᠨ ᠤ ᠬᠠᠮᠳᠦ ᠪᠦᠳᠦᠭᠡᠭᠳᠡᠭᠦᠨ ᠤ ᠶᠠᠰᠤ ᠴᠢᠨᠠᠷ ᠢ ᠪᠠᠳᠤᠯᠠᠵᠦ᠂ ᠰᠦᠯᠵᠢᠶᠠᠨ ᠲᠡᠭᠡᠷ᠎ᠠ ᠡᠵᠡᠩᠨᠡᠨ ᠪᠤᠷᠤᠯᠠᠭᠤᠯᠬᠤ ᠶᠢ ᠪᠡᠶᠡᠯᠡᠬᠦᠯᠵᠦ᠂ ᠬᠡᠪᠴᠢᠶᠡᠵᠢᠭᠰᠡᠨ ᠡᠵᠡᠩᠨᠡᠯᠳᠡ ᠶᠢᠨ ᠠᠷᠭ᠎ᠠ ᠮᠠᠶ᠋ᠢᠭ ᠢ ᠪᠦᠷᠢᠯᠳᠦᠬᠦᠯᠬᠦ ᠪᠤᠯ ᠵᠠᠬ᠎ᠠ ᠲᠡᠯᠬᠡᠭᠦᠷ ᠤᠨ ᠬᠦᠷᠢᠶ᠎ᠠ ᠬᠡᠪᠴᠢᠶ᠎ᠠ ᠶᠢ ᠦᠷᠭᠡᠳᠭᠡᠬᠦ ᠪᠦᠳᠦᠮᠵᠢ ᠲᠠᠢ ᠠᠷᠭ᠎ᠠ ᠬᠡᠮᠵᠢᠶ᠎ᠠ ᠪᠤᠯᠬᠤ ᠶᠤᠮ᠃        ᠡᠴᠤᠰ ᠲᠤ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬᠠᠨ ᠤ ᠪᠦᠳᠦᠭᠡᠭᠳᠡᠬᠦᠨ ᠳᠤ ᠬᠠᠭᠤᠷᠮᠠᠭ ᠲᠠᠸᠠᠷ ᠢ ᠢᠯᠭᠠᠨ ᠲᠠᠨᠢᠬᠤ ᠢᠯᠡᠷᠭᠡᠶᠢᠯᠡᠯᠳᠡ ᠨᠠᠭᠠᠵᠦ᠂ ᠨᠡᠭᠡᠮᠵᠢᠯᠡᠨ ᠮᠦᠷᠳᠡᠬᠦ ᠰᠢᠰᠲ᠋ᠧᠮ ᠲᠤᠭᠢᠷᠡᠭᠤᠯᠤᠨ᠂ ᠦᠢᠯᠡᠳᠪᠦᠷᠢᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠡᠠᠭᠠᠯᠠᠵᠦ᠂ ᠨᠡᠷᠡᠳᠦ ᠲᠡᠮᠳᠡᠭ ᠤᠨ ᠬᠠᠮᠠᠭᠠᠯᠠᠯᠳᠠ ᠶᠢᠨ ᠰᠢᠰᠲ᠋ᠧᠮ ᠢ ᠪᠦᠷᠢᠳᠦᠬᠦᠯᠬᠦ ᠶᠢ ᠲᠤᠯᠭᠠᠮ ᠱᠠᠭᠠᠷᠳᠠᠵᠦ ᠪᠠᠶᠢᠨ᠎ᠠ᠃ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ ᠨᠢ ᠬᠡᠳᠦ᠋ᠢᠪᠡᠷ ᠵᠤᠩᠬᠢᠯᠠᠬᠤ ᠤᠯᠠᠨ ᠲᠤᠭᠠᠨ ᠤ ᠬᠡᠷᠡᠭᠯᠡᠭᠴᠢᠳ ᠤᠨ ᠬᠦᠷᠢᠶᠡᠯᠡᠯ ᠢ ᠬᠦᠨ ᠬᠦᠷᠳᠡᠭᠰᠡᠨ ᠪᠤᠯᠪᠠᠴᠦ ᠵᠠᠬ᠎ᠠ ᠲᠡᠯᠭᠡᠭᠦᠷ ᠲᠡᠭᠡᠷ᠎ᠠ ᠰᠢᠨ᠎ᠠ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ ᠶᠢᠨ ᠨᠠᠷ᠎ᠠ ᠶᠢ ᠵᠡᠬᠦᠭᠰᠡᠨ ᠬᠠᠭᠤᠷᠮᠠᠭ᠂ ᠴᠢᠨᠠᠷ ᠮᠠᠭᠤᠳᠠᠢ ᠮᠢᠬᠠᠨ ᠤ ᠪᠦᠳᠦᠭᠡᠭᠳᠡᠬᠦᠨ ᠤᠯᠠᠨ ᠭᠠᠷᠴᠤ᠂ ᠦᠢᠯᠡᠳᠪᠦᠷᠢᠯᠡᠭᠴᠢᠳ᠂ ᠡᠵᠡᠡᠭᠡᠨᠡᠭᠴᠢᠳ ᠪᠠ ᠬᠡᠷᠡᠭᠯᠡᠭᠴᠢᠳ ᠤᠨ ᠠᠰᠢᠭ ᠲᠤᠰᠠ ᠶᠢ ᠬᠤᠭᠢᠷᠠᠭᠤᠯᠵᠦ ᠪᠠᠶᠢᠭ᠎ᠠ ᠦᠵᠡᠭᠳᠡᠯ ᠵᠦᠡᠭᠳᠡᠭᠡᠨ ᠤᠷᠤᠰᠢᠵᠦ ᠪᠤᠢ᠃ ᠡᠬᠦᠨ ᠳᠤ ᠴᠢᠭᠯᠡᠬᠦᠯᠵᠦ᠂ ᠪᠦᠳᠦᠭᠡᠭᠳᠡᠬᠦᠨ ᠳᠤ ᠬᠠᠭᠤᠷᠮᠠᠭ ᠲᠠᠸᠠᠷ ᠢ ᠢᠯᠭᠠᠨ ᠲᠠᠨᠢᠬᠤ ᠢᠯᠡᠷᠭᠡᠶᠢᠯᠡᠯᠳᠡ ᠲᠡᠮᠳᠡᠭ ᠨᠠᠭᠠᠬᠤ ᠵᠡᠷᠭᠡ ᠪᠠᠷ ᠠᠮᠤᠷ ᠲᠦᠪᠰᠢᠨ ᠮᠦᠷᠳᠡᠭᠡᠨ ᠲᠤᠤᠷ᠎ᠠ ᠦᠷᠳᠡᠭ ᠪᠦᠬᠦᠢ ᠦᠨᠡᠨ ᠬᠠᠭᠤᠷᠮᠠᠭ ᠢ ᠢᠯᠭᠠᠨ ᠲᠠᠨᠢᠬᠤ ᠠᠷᠭ᠎ᠠ ᠬᠡᠮᠵᠢᠶ᠎ᠠ ᠠᠪᠴᠦ᠂ ᠬᠠᠭᠤᠷᠮᠠᠭ ᠪᠦᠳᠦᠭᠡᠭᠳᠡᠬᠦᠨ ᠳᠤ ᠴᠤᠬᠢᠯᠳᠡ ᠦᠭᠬᠦᠨ᠂ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠬᠤ ᠴᠢᠬᠤᠯᠠ ᠲᠠᠢ ᠪᠠᠶᠢᠨ᠎ᠠ᠃                    ᠵᠣᠬᠢᠶᠠᠭᠴᠢ᠄ ᠮᠦᠴᠢᠷ
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号