ᠠᠵᠢᠯ ᠡᠷᠢᠵᠦ ᠪᠠᠶᠢᠭ᠎ᠠ ᠬᠦᠮᠦᠰ ᠳᠣᠣᠷᠠᠬᠢ ᠨᠠᠢᠮᠠᠨ ᠲᠦᠷᠦᠯ ᠤᠨ ᠠᠵᠢᠯ ᠣᠯᠭᠤᠯᠲᠠ ᠶᠢᠨ ᠮᠡᠬᠡᠯᠡᠯ ᠠᠴᠠ ᠵᠠᠶᠢᠯᠠᠰᠬᠢᠭᠡᠷᠡᠢ
ᠨᠡᠶᠢᠲᠡᠯᠡᠭᠰᠡᠨ ᠴᠠᠭ᠄
2019/4/1
     ᠠᠵᠢᠯ ᠡᠷᠢᠬᠦ ᠦᠶᠡᠰ᠂ ᠮᠡᠬᠡᠯᠡᠯ ᠠᠴᠠ ᠬᠡᠷᠬᠢᠨ ᠵᠠᠶᠢᠯᠠᠰᠬᠢᠬᠤ ᠪᠤᠢ︖ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠠᠵᠢᠯ ᠡᠷᠢᠬᠦ ᠳᠤ ᠰᠡᠷᠡᠮᠵᠢᠯᠡᠬᠦ ᠴᠢᠬᠤᠯᠠᠲᠠᠢ ᠨᠠᠢᠮᠠᠨ ᠶᠡᠭᠡ ᠤᠨᠠᠭᠤᠯᠢ ᠶᠢ ᠨᠡᠶᠢᠲᠡᠯᠡᠪᠡ᠂ ᠡᠭᠦᠨ ᠳᠤ ︽ᠬᠠᠥᠯᠢ ᠪᠤᠰᠤ ᠵᠠᠭᠤᠴᠢ︾᠂ ︽ᠬᠠᠭᠤᠷᠮᠠᠭ ᠢᠶᠠᠷ ᠴᠢᠳᠠᠪᠤᠷᠢᠲᠠᠨ ᠡᠷᠢᠬᠦ︾᠂ ︽ᠬᠠᠭᠤᠷᠮᠠᠭ ᠠᠵᠢᠯ ᠬᠠᠪᠰᠤᠷᠭᠠᠯᠲᠠ︾᠂ ︽ᠳᠤᠷ᠎ᠠ ᠪᠠᠷ ᠰᠦᠢᠳᠬᠡᠯ ᠬᠤᠷᠢᠶᠠᠬᠤ︾ ᠵᠡᠷᠭᠡ ᠪᠠᠭᠲᠠᠨ᠎ᠠ᠃      1.︽ᠬᠠᠥᠯᠢ ᠪᠤᠰᠤ ᠵᠠᠭᠤᠴᠢ︾ ᠶᠢ ᠰᠡᠷᠡᠮᠵᠢᠯᠡᠬᠦ      ︽ᠬᠠᠥᠯᠢ ᠪᠤᠰᠤ ᠵᠠᠭᠤᠴᠢ︾ ᠭᠡᠭᠴᠢ ᠬᠠᠥᠯᠢ ᠪᠤᠰᠤ ᠪᠠᠶᠢᠭᠤᠯᠤᠮᠵᠢ ᠠᠵᠢᠯ ᠲᠠᠨᠢᠯᠴᠠᠭᠤᠯᠬᠤ ᠨᠡᠷ᠎ᠡ ᠪᠠᠷ ᠠᠵᠢᠯ ᠡᠷᠢᠭᠴᠢ ᠠᠴᠠ ᠬᠡᠯᠪᠡᠷᠢ ᠥᠭᠡᠷᠡᠲᠦᠭᠦᠯᠦᠨ ᠰᠦᠢᠳᠬᠡᠯ ᠬᠤᠷᠢᠶᠠᠬᠤ ᠶᠢ ᠵᠢᠭᠠᠵᠤ ᠪᠤᠢ᠃ ᠬᠦᠯᠦᠰᠦᠨ ᠠᠵᠢᠯᠴᠢᠨ ᠰᠢᠤᠢ ᠣᠪᠣᠭᠲᠤ ᠨᠢᠭᠡᠨ ᠠᠵᠢᠯ ᠲᠠᠨᠢᠯᠴᠠᠭᠤᠯᠬᠤ ᠵᠠᠭᠤᠴᠢ ᠺᠣᠮᠫᠠᠨᠢ ᠲᠠᠢ ᠬᠠᠷᠢᠯᠴᠠᠵᠤ 200 ᠲᠦᠭᠦᠷᠢᠭ ᠤᠨ ᠪᠠᠷᠢᠴᠠᠭᠠᠨ ᠤ ᠮᠦᠩᠭᠦ ᠲᠤᠰᠢᠶᠠᠭᠰᠠᠨ ᠤ ᠳᠠᠷᠠᠭ᠎ᠠ ᠴᠠᠬᠢᠯᠭᠠᠨ ᠤᠲᠠᠰᠤᠨ ᠤ ᠪᠠᠭᠠᠨ᠎ᠠ ᠳᠡᠭᠡᠷ᠎ᠡ ᠵᠠᠷ ᠨᠠᠭᠠᠬᠤ ᠠᠵᠢᠯ ᠣᠯᠵᠤ ᠬᠢᠪᠡ᠃ ᠭᠡᠪᠡᠴᠦ ᠨᠢᠭᠡ ᠯᠡ ᠴᠠᠭ ᠬᠢᠮᠡᠭᠴᠡ ᠬᠠᠮᠲᠤᠷᠠᠨ ᠰᠡᠷᠭᠡᠶᠢᠯᠡᠬᠦ ᠠᠩᠭᠢ ᠶᠢᠨ ᠭᠡᠰᠢᠭᠦᠨ ᠢᠷᠡᠵᠦ ᠠᠵᠢᠯ ᠢ ᠨᠢ ᠵᠣᠭᠰᠤᠭᠠᠵᠠᠢ᠃ ᠲᠡᠷᠡ ᠳᠠᠷᠤᠢ ᠳᠤ ᠨᠢ ᠠᠬᠢᠭᠠᠳ ᠵᠠᠭᠤᠴᠢ ᠲᠠᠢ ᠬᠠᠷᠢᠯᠴᠠᠬᠤ ᠳᠤ ᠬᠠᠷᠢᠨ ᠪᠠᠷᠢᠴᠠᠭᠠᠨ ᠤ ᠮᠦᠩᠭᠦ ᠶᠢ ᠨᠢ ᠪᠤᠴᠠᠭᠠᠬᠤ ᠦᠭᠡᠢ ᠭᠡᠪᠡ᠃ ᠦᠢᠯᠡᠳᠪᠦᠷᠢ ᠬᠤᠳᠠᠯᠳᠤᠭᠠᠨ ᠤ ᠲᠠᠯ᠎ᠠ ᠠᠴᠠ ᠡᠨᠡ ᠪᠣᠯ ᠨᠢᠭᠡᠨ ᠴᠠᠭᠠᠵᠠᠯᠠᠭᠳᠠᠭᠰᠠᠨ ᠬᠠᠥᠯᠢ ᠪᠤᠰᠤ ᠵᠠᠭᠤᠴᠢ ᠮᠦᠨ ᠭᠡᠯ᠎ᠡ᠃      ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠴᠢ ᠨᠢ ᠵᠠᠭᠤᠴᠢᠯᠠᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠦᠨᠡᠮᠯᠡᠯ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠳᠤ ᠠᠵᠢᠯ ᠲᠠᠨᠢᠯᠴᠠᠭᠤᠯᠬᠤ ᠠᠭᠤᠯᠭ᠎ᠠ ᠪᠠᠭᠲᠠᠬᠤ ᠡᠰᠡᠬᠦ᠂ ︽ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠦᠪᠰᠢᠶᠡᠷᠡᠯ ᠤᠨ ᠦᠨᠡᠮᠯᠡᠯ︾ ᠪᠠᠶᠢᠬᠤ ᠡᠰᠡᠬᠦ ᠶᠢ ᠨᠢᠮᠪᠠᠢ ᠬᠠᠷᠭᠤᠭᠤᠯᠬᠤ ᠬᠡᠷᠡᠭᠲᠡᠢ᠃      2.︽ᠬᠠᠭᠤᠷᠮᠠᠭ ᠢᠶᠠᠷ ᠴᠢᠳᠠᠪᠤᠷᠢᠲᠠᠨ ᠡᠷᠢᠬᠦ︾ ᠶᠢ ᠰᠡᠷᠡᠮᠵᠢᠯᠡᠬᠦ      ︽ᠬᠠᠭᠤᠷᠮᠠᠭ ᠢᠶᠠᠷ ᠴᠢᠳᠠᠪᠤᠷᠢᠲᠠᠨ ᠡᠷᠢᠬᠦ︾ ᠭᠡᠭᠴᠢ ᠵᠠᠷᠢᠮ ᠮᠡᠬᠡᠯᠡᠭᠴᠢ ᠠᠴᠠ ᠦᠪᠡᠷ ᠢ ᠪᠠᠨ ︽ᠴᠢᠳᠠᠪᠤᠷᠢᠲᠠᠨ ᠡᠷᠢᠭᠴᠢ︾ ᠬᠡᠮᠡᠵᠦ᠂ ᠦᠯᠡᠮᠵᠢ ᠴᠠᠯᠢᠩᠲᠤ ᠠᠵᠢᠯ ᠬᠠᠩᠭᠠᠵᠤ ᠥᠭᠬᠦ ᠪᠠᠷ ᠠᠮᠠᠯᠳᠠᠨ᠎ᠠ᠂ ᠭᠡᠪᠡᠴᠦ ᠡᠷᠬᠡᠪᠰᠢ ᠦᠢᠯᠡᠴᠢᠯᠡᠭᠡᠨ ᠤ ᠰᠦᠢᠳᠬᠡᠯ ᠲᠤᠰᠢᠶᠠᠬᠤ ᠴᠢᠬᠤᠯᠠᠲᠠᠢ ᠪᠠᠶᠢᠳᠠᠭ᠃ ᠴᠧᠨ ᠣᠪᠣᠭᠲᠤ ᠨᠢᠭᠡᠨ ︽ᠳᠡᠭᠡᠳᠦ ᠵᠡᠷᠭᠡ ᠶᠢᠨ ᠴᠢᠳᠠᠪᠤᠷᠢᠶᠠᠨ ᠡᠷᠢᠬᠦ ᠵᠦ᠋ᠪᠯᠡᠭᠴᠢ︾ ᠬᠡᠮᠡᠭᠰᠡᠨ ᠬᠦᠮᠦᠨ ᠤ ᠤᠲᠠᠰᠤ ᠶᠢ ᠲᠣᠰᠴᠤ᠂ ᠴᠠᠭᠠᠲᠤᠬᠢ ᠨᠢ ᠲᠡᠭᠦᠨ ᠤ ᠬᠤᠪᠢ ᠬᠦᠮᠦᠨ ᠤ ᠰᠤᠷᠠᠭ ᠵᠠᠩᠭᠢ ᠶᠢ ᠣᠨᠣᠪᠴᠢᠲᠠᠢ ᠬᠡᠯᠡᠵᠦ ᠭᠠᠷᠭᠠᠭᠰᠠᠨ ᠪᠦᠭᠡᠳ ᠲᠡᠭᠦᠨ ᠳᠤ ᠶᠡᠭᠡ ᠴᠠᠯᠢᠩ ᠤᠯᠭᠤᠬᠤ ᠶᠢ ᠠᠮᠠᠯᠠᠳᠠᠪᠠ᠂ ᠭᠡᠪᠡᠴᠦ ᠤᠷᠢᠳᠠᠪᠡᠷ 2000 ᠲᠦᠭᠦᠷᠢᠭ ᠤᠨ ᠦᠢᠯᠡᠴᠢᠯᠡᠭᠡᠨ ᠤ ᠰᠦᠢᠳᠬᠡᠯ ᠲᠤᠰᠢᠶᠠᠬᠤ ᠬᠡᠷᠡᠭᠲᠡᠢ ᠪᠠᠶᠢᠵᠤ᠂ ᠠᠵᠢᠯ ᠳᠤ ᠣᠷᠣᠭᠰᠠᠨ ᠤ ᠳᠠᠷᠠᠭ᠎ᠠ ᠪᠤᠴᠠᠭᠠᠨ᠎ᠠ ᠭᠡᠵᠡᠢ᠃ ᠴᠧᠨ ᠣᠪᠣᠭᠲᠤ ᠮᠦᠩᠭᠦ ᠪᠠᠨ ᠲᠤᠰᠢᠶᠠᠭᠰᠠᠨ ᠤ ᠳᠠᠷᠠᠭ᠎ᠠ ᠨᠢᠭᠤᠷᠳᠠᠨ ᠰᠢᠯᠭᠠᠬᠤ ᠪᠠᠷ ᠬᠦᠷᠬᠦ ᠳᠤ ᠨᠦᠭᠦᠭᠡ ᠡᠲᠡᠭᠡᠳ ᠤᠨ ᠬᠢᠨ ᠠᠵᠢᠯᠲᠠᠨ ᠡᠯᠰᠡᠬᠦ ᠨᠠᠶᠢᠳᠠᠯᠭ᠎ᠠ ᠭᠠᠷᠭᠠᠭᠰᠠᠨ ᠦᠭᠡᠢ ᠭᠡᠵᠦ ᠢᠯᠡᠷᠬᠡᠶᠢᠯᠡᠭᠰᠡᠨ ᠪᠠᠶᠢᠨ᠎ᠠ᠃ ᠲᠡᠷᠡ ᠪᠤᠴᠠᠭᠠᠳ ︽ᠴᠢᠳᠠᠪᠤᠷᠢᠲᠠᠨ ᠡᠷᠢᠭᠴᠢ︾ ᠳᠤ ᠤᠲᠠᠰᠤᠳᠠᠬᠤ ᠳᠤ ᠴᠠᠭᠠᠳᠤᠬᠢ ᠨᠢ ᠨᠢᠭᠡᠨᠲᠡ ᠮᠠᠰᠢᠨ ᠢᠶᠠᠨ ᠬᠠᠭᠠᠵᠠᠢ᠃      ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠴᠢ ᠨᠢ ᠬᠦᠮᠦᠨ ᠬᠡᠷᠡᠭᠯᠡᠬᠦ ᠨᠢᠭᠡᠴᠢ᠂ ᠡᠯᠰᠡᠬᠦ ᠲᠤᠰᠢᠶᠠᠯ ᠤᠨ ᠪᠠᠶᠢᠷᠢ ᠶᠢ ᠪᠦᠬᠦ ᠲᠠᠯ᠎ᠠ ᠪᠠᠷ ᠣᠶᠢᠯᠠᠭᠠᠵᠤ᠂ ᠴᠢᠳᠠᠬᠤ ᠶᠢᠨ ᠳᠣᠲᠣᠷ᠎ᠠ ᠬᠦᠮᠦᠨ ᠬᠡᠷᠡᠭᠯᠡᠬᠦ ᠨᠢᠭᠡᠴᠢ ᠶᠢᠨ ᠠᠯᠪᠠᠨ ᠤ ᠰᠦᠯᠵᠢᠶ᠎ᠡ ᠪᠠᠷ ᠳᠠᠮᠵᠢᠵᠤ ᠠᠵᠢᠯ ᠤᠨ ᠠᠭᠤᠯᠭ᠎ᠠ ᠪᠠ ᠴᠢᠨᠠᠷ ᠴᠢᠨᠰᠠᠭ᠎ᠠ ᠶᠢ ᠬᠢᠨᠠᠨ ᠬᠠᠷᠭᠤᠭᠤᠯᠵᠤ᠂ ᠴᠠᠯᠢᠩ ᠤᠨ ᠬᠢᠷᠢ ᠲᠦᠪᠰᠢᠨ ᠵᠦᠢ ᠵᠣᠬᠢᠰᠲᠠᠢ ᠪᠠᠶᠢᠬᠤ ᠡᠰᠡᠬᠦ ᠶᠢ ᠬᠠᠷᠭᠤᠭᠤᠯᠵᠤ ᠦᠵᠡᠬᠦ ᠬᠡᠷᠡᠭᠲᠡᠢ᠃      3.︽ᠬᠠᠭᠤᠷᠮᠠᠭ ᠨᠤᠲᠤᠭ ᠨᠢᠭᠡᠲᠡᠨ︾ ᠢ ᠰᠡᠷᠡᠮᠵᠢᠯᠡᠬᠦ      ︽ᠬᠠᠭᠤᠷᠮᠠᠭ ᠨᠤᠲᠤᠭ ᠨᠢᠭᠡᠲᠡᠨ︾ ᠭᠡᠳᠡᠭ ᠨᠢ ᠵᠠᠷᠢᠮ ᠮᠡᠬᠡᠯᠡᠭᠴᠢ ᠠᠴᠠ ︽ᠨᠤᠲᠤᠭ ᠨᠢᠭᠡᠲᠡᠨ︾ ᠤ ᠨᠡᠷ᠎ᠡ ᠪᠠᠷ ᠰᠠᠨᠠᠭᠠᠴᠢᠯᠠᠭ᠎ᠠ ᠠᠴᠠ ᠪᠠᠨ ᠠᠵᠢᠯ ᠡᠷᠢᠭᠴᠢ ᠲᠠᠢ ᠣᠶᠢᠷᠠᠲᠤᠵᠤ᠂ ᠬᠠᠯᠠᠭᠤᠮᠰᠤᠭ ᠢᠶᠠᠷ ᠠᠵᠢᠯ ᠲᠠᠨᠢᠯᠴᠠᠭᠤᠯᠵᠤ᠂ ᠡᠳ᠋ ᠮᠦᠩᠭᠦ ᠮᠡᠬᠡᠯᠡᠨ ᠠᠪᠳᠠᠭ᠃ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠥᠷᠲᠡᠭᠡ ᠶᠢᠨ ᠣᠶᠢᠷ᠎ᠠ ᠬᠠᠪᠢ ᠪᠠᠷ᠂ ᠮᠣᠲ᠋ᠣᠷ ᠤᠨᠤᠭᠰᠠᠨ ᠪᠤᠶᠤ ᠮᠠᠰᠢᠨ ᠵᠢᠯᠣᠭᠤᠳᠣᠭᠰᠠᠨ ᠬᠦᠮᠦᠨ ᠦᠷᠭᠦᠯᠵᠢ ᠣᠷᠣᠵᠤ ᠭᠠᠷᠳᠠᠭ᠂ ᠲᠡᠳᠡ ᠪᠣᠭᠴᠣ ᠪᠤᠭᠤᠳᠠᠯ ᠢᠶᠠᠨ ᠴᠢᠷᠦᠭᠰᠡᠨ ᠬᠦᠯᠦᠰᠦᠨ ᠠᠵᠢᠯᠴᠢᠨ ᠢ ᠬᠠᠷᠠᠮᠠᠭᠴᠠ ᠰᠠᠨᠠᠭᠠᠴᠢᠯᠠᠭ᠎ᠠ ᠠᠴᠠ ᠪᠠᠨ ᠰᠠᠶᠢᠮᠰᠤᠷᠠᠨ ᠣᠶᠢᠷᠠᠲᠤᠳᠠᠭ᠃ ᠬᠦᠯᠦᠰᠦᠨ ᠠᠵᠢᠯᠴᠢᠨ ᠭᠤᠣ ᠣᠪᠣᠭᠲᠤ ᠭᠠᠯᠲᠤ ᠲᠡᠷᠭᠡᠨ ᠠᠴᠠ ᠪᠠᠭᠤᠮᠠᠭᠴᠠ ᠨᠢᠭᠡᠨ ︽ᠨᠤᠲᠤᠭ ᠨᠢᠭᠡᠲᠡᠨ︾ ᠢ ᠢᠲᠡᠭᠡᠵᠦ᠂ ᠲᠡᠭᠦᠨ ᠤ ᠠᠵᠢᠯ ᠲᠠᠨᠢᠯᠴᠠᠭᠤᠯᠤᠨ᠎ᠠ ᠭᠡᠰᠡᠨ ᠠᠮᠠᠯᠠᠯᠲᠠ ᠶᠢ ᠨᠢ ᠢᠲᠡᠭᠡᠵᠡᠢ᠃ ︽ᠨᠤᠲᠤᠭ ᠨᠢᠭᠡᠲᠡᠨ︾ ᠠᠴᠠ ᠲᠡᠭᠦᠨ ᠢ ᠠᠵᠢᠯᠲᠠᠨ ᠡᠯᠰᠡᠬᠦ ᠫᠠᠶᠢᠰᠠ ᠢᠯᠡᠷᠬᠡᠶᠢᠯᠡᠯ ᠲᠠᠢ ᠦᠢᠯᠡᠳᠪᠦᠷᠢ ᠶᠢᠨ ᠡᠮᠦᠨ᠎ᠡ ᠬᠦᠷᠭᠡᠮᠡᠭᠴᠡ ᠲᠡᠭᠦᠨ ᠢ ᠲᠡᠷᠭᠡᠨ ᠠᠴᠠ ᠪᠠᠨ ᠬᠥᠭᠡᠭᠡᠨ ᠪᠠᠭᠤᠯᠭᠠᠬᠤ ᠶᠢᠨ ᠬᠠᠮᠲᠤ 200 ᠲᠦᠭᠦᠷᠢᠭ ᠤᠨ ᠲᠡᠷᠭᠡᠨ ᠵᠠᠷᠤᠳᠠᠯ ᠠᠪᠴᠠᠢ᠃      ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠴᠢ ᠨᠢ ᠲᠠᠨᠢᠯ ᠪᠤᠰᠤ ᠬᠤᠲᠠ ᠳᠤ ᠬᠦᠷᠦᠭᠰᠡᠨ ᠤ ᠳᠠᠷᠠᠭ᠎ᠠ ᠴᠢᠳᠠᠬᠤ ᠶᠢᠨ ᠲᠣᠲᠣᠷ᠎ᠠ ᠵᠢᠩᠬᠢᠨᠢ ᠬᠦᠮᠦᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠳᠤ ᠬᠦᠷᠴᠦ ᠠᠵᠢᠯ ᠡᠷᠢᠪᠡᠯ ᠰᠠᠶᠢᠨ᠂ ︽ᠨᠤᠲᠤᠭ ᠨᠢᠭᠡᠲᠡᠨ︾ ᠤ ᠦᠭᠡ ᠶᠢ ᠬᠦᠩᠭᠡᠨ ᠬᠠᠭᠤᠳᠠᠮ ᠢᠶᠠᠷ ᠢᠲᠡᠭᠡᠵᠦ ᠪᠣᠯᠬᠤ ᠦᠭᠡᠢ᠃      4.︽ᠬᠠᠭᠤᠷᠮᠠᠭ ᠠᠵᠢᠯ ᠬᠠᠪᠰᠤᠷᠭᠠᠯᠲᠠ︾ ᠶᠢ ᠰᠡᠷᠡᠮᠵᠢᠯᠡᠬᠦ      ︽ᠬᠠᠭᠤᠷᠮᠠᠭ ᠠᠵᠢᠯ ᠬᠠᠪᠰᠤᠷᠭᠠᠯᠲᠠ︾ ᠭᠡᠳᠡᠭ ᠨᠢ ᠵᠠᠷᠢᠮ ᠮᠡᠬᠡᠯᠡᠭᠴᠢ ᠠᠴᠠ ᠶᠡᠭᠡ ᠴᠠᠯᠢᠩ ᠲᠠᠢ ᠲᠤᠰᠢᠶᠠᠯ ᠬᠠᠪᠰᠤᠷᠭᠠᠬᠤ᠂ ᠬᠤᠯᠤᠭᠠᠨᠠᠴᠢᠷ ᠳᠠᠷᠤᠨ ᠵᠣᠭᠤᠰ ᠣᠯᠬᠤ᠂ ᠬᠠᠭᠤᠷᠮᠠᠭ ᠵᠠᠬᠢᠶᠠᠯᠠᠭ᠎ᠠ ᠪᠠᠷ ᠵᠣᠭᠤᠰ ᠣᠯᠬᠤ ᠵᠡᠷᠭᠡ ᠨᠡᠷ᠎ᠡ ᠪᠠᠷ ᠬᠦᠮᠦᠨ ᠮᠡᠬᠡᠯᠡᠬᠦ ᠶᠢ ᠵᠢᠭᠠᠵᠤ ᠪᠠᠶᠢᠨ᠎ᠠ᠃ ᠮᠡᠬᠡᠯᠡᠭᠴᠢ ᠠᠴᠠ ︽ᠠᠵᠢᠯ ᠬᠠᠪᠰᠤᠷᠭᠠᠨ ᠬᠠᠭᠤᠷᠮᠠᠭ ᠵᠠᠬᠢᠶᠠᠯᠠᠭ᠎ᠠ ᠥᠭᠴᠦ᠂ ᠴᠠᠭ ᠲᠤᠬᠠᠢ ᠳᠤ ᠨᠢ ᠵᠣᠭᠤᠰ ᠪᠤᠴᠠᠭᠠᠬᠤ︔ ᠭᠡᠷ ᠠᠴᠠ ᠪᠠᠨ ᠭᠠᠷᠬᠤ ᠦᠭᠡᠢ ᠪᠠᠷ ᠰᠠᠷ᠎ᠠ ᠳᠤ ᠲᠦᠮᠡᠨ ᠲᠦᠭᠦᠷᠢᠭ ᠤᠨ ᠴᠠᠯᠢᠩ ᠣᠯᠬᠤ︾ ᠭᠡᠬᠦ ᠮᠡᠲᠦ ᠶᠢᠨ ᠰᠤᠷᠠᠭ ᠵᠠᠩᠭᠢ ᠲᠠᠷᠬᠠᠭᠠᠵᠤ᠂ ︽ᠠᠵᠢᠯ ᠬᠠᠪᠰᠤᠷᠭᠠᠨ ᠬᠠᠭᠤᠷᠮᠠᠭ ᠵᠠᠬᠢᠶᠠᠯᠠᠭ᠎ᠠ ᠥᠭᠬᠦ︾ ᠤᠨᠠᠭᠤᠯᠢ ᠵᠣᠬᠢᠶᠠᠳᠠᠭ᠃ ᠨᠢᠭᠡᠨ ᠬᠤᠣᠷ ᠠᠮᠰᠠᠭᠴᠢ ︽ᠠᠵᠢᠯ ᠬᠠᠪᠰᠤᠷᠭᠠᠨ ᠬᠠᠭᠤᠷᠮᠠᠭ ᠵᠠᠬᠢᠶᠠᠯᠠᠭ᠎ᠠ ᠥᠭᠬᠦ︾ ᠣᠬᠤᠷ ᠮᠡᠳᠡᠭᠡ ᠶᠢ ᠣᠯᠣᠭᠰᠠᠨ ᠤ ᠳᠠᠷᠠᠭ᠎ᠠ ᠵᠢᠯᠣᠭᠤᠳᠣᠯᠭ᠎ᠠ ᠶᠣᠰᠣᠭᠠᠷ ᠠᠵᠢᠯᠯᠠᠭᠠᠳ1.8 ᠲᠦᠮᠡᠨ ᠲᠦᠭᠦᠷᠢᠭ ᠮᠡᠬᠡᠯᠡᠭᠳᠡᠭᠰᠡᠨ ᠪᠠᠶᠢᠨ᠎ᠠ᠃       ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠴᠢ ᠳᠦᠭᠦᠮ ᠬᠢᠯᠪᠠᠷᠬᠠᠨ ᠢᠶᠠᠷ ᠵᠣᠭᠤᠰ ᠣᠯᠳᠠᠭ︽ᠰᠠᠶᠢᠨ ᠠᠵᠢᠯ︾ ᠢ ᠠᠮᠠᠷᠬᠠᠨ ᠢᠲᠡᠭᠡᠵᠦ ᠪᠣᠯᠬᠤ ᠦᠭᠡᠢ᠃ ᠡᠭᠦᠨ ᠤ ᠬᠠᠮᠲᠤ ᠪᠠᠰᠠ ᠬᠤᠪᠢ ᠬᠦᠮᠦᠨ ᠤ ᠰᠤᠷᠠᠭ ᠵᠠᠩᠭᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ᠂ ᠪᠠᠩᠬᠢ ᠶᠢᠨ ᠺᠠᠷᠲ᠂ ᠰᠦᠯᠵᠢᠶᠡᠨ ᠤ ᠪᠠᠩᠬᠢ ᠶᠢᠨ ᠨᠢᠭᠤᠴᠠ ᠨᠣᠮᠧᠷ ᠵᠡᠷᠭᠡ ᠢᠶᠠᠨ ᠬᠦᠩᠭᠡᠨ ᠬᠠᠭᠤᠮᠠᠭᠠᠢ ᠪᠠᠷ ᠵᠠᠳᠠᠷᠠᠭᠤᠯᠵᠤ ᠪᠣᠯᠬᠤ ᠦᠭᠡᠢ᠃      5.︽ᠳᠤᠷ᠎ᠠ ᠪᠠᠷ ᠢᠶᠠᠨ ᠰᠦᠢᠳᠬᠡᠯ ᠬᠤᠷᠢᠶᠠᠬᠤ︾ ᠶᠢ ᠰᠡᠷᠭᠡᠶᠢᠯᠡᠬᠦ      ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ︾ ᠭᠡᠳᠡᠭ ᠨᠢ ᠬᠦᠮᠦᠨ ᠬᠡᠷᠡᠭᠯᠡᠬᠦ ᠨᠢᠭᠡᠴᠢ ᠪᠤᠶᠤ ᠵᠠᠭᠤᠴᠢᠯᠠᠬᠤ ᠪᠠᠶᠢᠭᠤᠯᠤᠮᠵᠢ ᠠᠵᠢᠯᠲᠠᠨ ᠬᠡᠷᠡᠭᠯᠡᠬᠦ ᠨᠡᠷ᠎ᠡ ᠪᠠᠷ ᠨᠡᠷ᠎ᠡ ᠮᠡᠳᠡᠭᠦᠯᠬᠦ ᠰᠦᠢᠳᠬᠡᠯ᠂ ᠪᠡᠶ᠎ᠡ ᠪᠠᠶᠢᠴᠠᠭᠠᠬᠤ ᠰᠦᠢᠳᠬᠡᠯ᠂ ᠪᠣᠯᠪᠠᠰᠤᠷᠠᠯ ᠤᠨ ᠰᠦᠢᠳᠬᠡᠯ᠂ ᠪᠠᠷᠢᠴᠠᠭᠠᠨ ᠤ ᠮᠦᠩᠭᠦ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠮᠦᠩᠬᠦ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠵᠠᠷᠤᠳᠠᠯ ᠵᠡᠷᠭᠡ ᠰᠦᠢᠳᠬᠡᠯ ᠬᠤᠷᠢᠶᠠᠬᠤ ᠶᠢ ᠵᠢᠭᠠᠵᠤ ᠪᠤᠢ᠃ ᠵᠠᠷᠢᠮ ᠵᠠᠭᠤᠴᠢ ᠺᠣᠮᠫᠠᠨᠢ ᠨᠢ ︽ᠬᠠᠭᠤᠷᠮᠠᠭ ᠺᠣᠮᠫᠠᠨᠢ︾ ᠲᠠᠢ ᠬᠠᠮᠲᠤᠷᠠᠵᠤ᠂ ᠵᠠᠭᠤᠴᠢ ᠺᠣᠮᠫᠠᠨᠢ ᠨᠢ ᠤᠷᠢᠳᠠᠪᠡᠷ ᠠᠵᠢᠯ ᠲᠠᠨᠢᠯᠴᠠᠭᠤᠯᠬᠤ ᠨᠡᠷ᠎ᠡ ᠪᠠᠷ ᠨᠡᠷ᠎ᠡ ᠮᠡᠳᠡᠭᠦᠯᠬᠦ ᠰᠦᠢᠳᠬᠡᠯ᠂ ᠦᠢᠯᠡᠴᠢᠯᠡᠭᠡᠨ ᠤ ᠵᠠᠷᠤᠳᠠᠯ ᠵᠡᠷᠭᠡ ᠶᠢ ᠬᠤᠷᠢᠶᠠᠵᠤ᠂ ᠳᠠᠷᠠᠭ᠎ᠠ ᠨᠢ ︽ᠬᠠᠭᠤᠷᠮᠠᠭ ᠺᠣᠮᠫᠠᠨᠢ︾ ᠠᠴᠠ ᠠᠵᠢᠯᠲᠠᠨ ᠡᠯᠰᠡᠬᠦ ᠪᠠᠷ ᠣᠪᠯᠠᠨ ᠪᠡᠶ᠎ᠡ ᠪᠠᠶᠢᠴᠠᠭᠠᠬᠤ ᠵᠠᠷᠤᠳᠠᠯ᠂ ᠬᠤᠪᠴᠠᠰᠤ ᠵᠠᠰᠠᠯ ᠤᠨ ᠵᠠᠷᠤᠳᠠᠯ᠂ ᠪᠠᠷᠢᠴᠠᠭᠠᠨ ᠤ ᠮᠦᠩᠭᠦ ᠵᠡᠷᠭᠡ ᠰᠦᠢᠳᠬᠡᠯ ᠬᠤᠷᠢᠶᠠᠭᠰᠠᠨ‌‍ᠤ ᠳᠠᠷᠠᠭ᠎ᠠ ᠡᠯᠳᠡᠪ ᠰᠢᠯᠲᠠᠭ ᠢᠶᠠᠷ ᠠᠵᠢᠯ ᠡᠷᠢᠭᠴᠢ ᠶᠢᠨ ᠠᠵᠢᠯ ᠤᠨ ᠪᠠᠶᠢᠷᠢ ᠳᠤ ᠭᠠᠷᠬᠤ ᠶᠢ ᠵᠦᠪᠰᠢᠶᠡᠷᠡᠬᠦ ᠦᠭᠡᠢ ᠪᠤᠶᠤ ᠠᠵᠢᠯ ᠢ ᠨᠢ ᠳᠤᠮᠳᠠ ᠠᠴᠠ ᠨᠢ ᠵᠣᠭᠰᠣᠭᠠᠳᠠᠭ᠃ ᠪᠠᠰᠠ ᠵᠠᠷᠢᠮ ᠵᠠᠭᠤᠴᠢ ᠺᠣᠮᠫᠠᠨᠢ ᠠᠴᠠ ᠶᠡᠭᠡ ᠴᠠᠯᠢᠩ ᠰᠠᠶᠢᠨ ᠬᠠᠷᠠᠭᠠᠯᠵᠠᠯ ᠲᠠᠢ ᠠᠵᠢᠯᠲᠠᠨ ᠡᠯᠰᠡᠬᠦ ᠵᠠᠷ ᠢ ᠢᠯᠡ ᠭᠠᠵᠠᠷ ᠨᠠᠭᠠᠵᠤ ᠠᠵᠢᠯ ᠡᠷᠢᠭᠴᠢ ᠶᠢ ᠠᠩᠬᠠᠷᠤᠯ ᠢ ᠲᠠᠲᠠᠨ᠂ ᠦᠢᠯᠡᠴᠢᠯᠡᠭᠡᠨ ᠤ ᠰᠦᠢᠳᠬᠡᠯ᠂ ᠪᠣᠯᠪᠠᠰᠤᠷᠠᠯ ᠤᠨ ᠵᠠᠷᠤᠳᠠᠯ ᠵᠡᠷᠭᠡ ᠶᠢ ᠬᠤᠷᠢᠶᠠᠭᠰᠠᠨ ᠤ ᠳᠠᠷᠠᠭ᠎ᠠ ᠠᠵᠢᠯ ᠤᠨ ᠪᠠᠶᠢᠷᠢ ᠳᠦᠭᠦᠷᠡᠭᠰᠡᠨ ᠵᠡᠷᠭᠡ ᠰᠢᠯᠲᠠᠭ ᠢᠶᠠᠷ ᠲᠦᠯᠬᠢᠳᠡᠭ᠃       ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠰᠡᠳ ᠠᠵᠢᠯ ᠡᠷᠢᠬᠦ ᠳᠤ ᠶᠠᠮᠠᠷ ᠴᠦ ᠵᠠᠷᠤᠳᠠᠯ ᠰᠦᠢᠳᠬᠡᠯ ᠲᠤᠰᠢᠶᠠᠬᠤ ᠴᠢᠬᠤᠯᠠ ᠦᠭᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ᠂ ᠤᠷᠢᠳᠠᠪᠡᠷ ᠨᠡᠷ᠎ᠡ ᠮᠡᠳᠡᠭᠦᠯᠬᠦ ᠰᠦᠢᠳᠬᠡᠯ᠂ ᠪᠣᠯᠪᠠᠰᠤᠷᠠᠯ ᠤᠨ ᠰᠦᠢᠳᠬᠡᠯ ᠵᠡᠷᠭᠡ ᠶᠢ ᠲᠤᠰᠢᠶᠠᠭᠰᠠᠨ ᠤᠷᠢᠳᠠᠯ ᠳᠣᠣᠷ᠎ᠠ ᠰᠠᠶ᠋ᠢ ᠣᠷᠣᠯᠴᠠᠵᠤ ᠪᠣᠯᠬᠤ ᠨᠢᠭᠤᠷᠳᠠᠨ ᠰᠢᠯᠭᠠᠯᠲᠠ ᠳᠤ ᠪᠣᠯᠭᠤᠮᠵᠢᠲᠠᠢ ᠬᠠᠨᠳᠤᠬᠤ ᠭᠡᠷᠡᠭᠲᠡᠢ᠃ ᠠᠵᠢᠯ ᠳᠤ ᠣᠷᠣᠬᠤ ᠪᠡᠶ᠎ᠡ ᠶᠢᠨ ᠪᠠᠶᠢᠴᠠᠭᠠᠯᠲᠠ ᠶᠢ ᠶᠡᠷᠦ ᠳᠤ ᠪᠠᠨ ᠠᠵᠢᠯ ᠡᠷᠢᠭᠴᠢ ᠦᠪᠡᠷᠲᠡᠭᠡᠨ ᠬᠤᠶᠠᠳᠤᠭᠠᠷ ᠳᠡᠰ ᠤᠨ ᠬᠦᠬᠡ ᠬᠡᠯᠪᠡᠷᠢ ᠵᠢᠨ‌ᠡᠮᠨᠡᠯᠭᠡ ᠶᠢᠨ ᠬᠤᠷᠢᠶ᠎ᠠ ᠪᠤᠶᠤ ᠲᠡᠭᠦᠨ ᠠᠴᠠ ᠳᠡᠭᠡᠷ᠎ᠡ ᠱᠠᠲᠤᠨ ᠤ ᠡᠮᠨᠡᠯᠭᠡ ᠶᠢᠨ ᠬᠤᠷᠢᠶᠠᠨ ᠳᠤ ᠬᠦᠷᠴᠦ ᠬᠢᠬᠦ ᠶᠢ ᠱᠠᠭᠠᠷᠳᠠᠳᠠᠭ᠂ ᠵᠢᠩᠬᠢᠨᠢ ᠪᠠᠶᠢᠭᠤᠯᠭ᠎ᠠ ᠨᠢᠭᠡᠴᠢ ᠶᠡᠷᠦ ᠠᠴᠠ ᠪᠡᠶ᠎ᠡ ᠪᠠᠶᠢᠴᠠᠭᠠᠬᠤ ᠰᠦᠢᠳᠬᠡᠯ ᠢ ᠣᠷᠣᠯᠠᠨ ᠬᠤᠷᠢᠶᠠᠳᠠᠭ ᠦᠭᠡᠢ᠃      6.︽ᠭᠡᠷᠡᠴᠢ ᠦᠨᠡᠮᠯᠡᠯ ᠰᠠᠭᠤᠯᠭᠠᠨ ᠠᠪᠬᠤ︾ ᠶᠢ ᠰᠡᠷᠡᠮᠵᠢᠯᠡᠬᠦ      ︽ᠭᠡᠷᠡᠴᠢ ᠦᠨᠡᠮᠯᠡᠯ ᠰᠠᠭᠤᠯᠭᠠᠨ ᠠᠪᠬᠤ︾ ᠭᠡᠳᠡᠭ ᠨᠢ ᠬᠦᠮᠦᠨ ᠬᠡᠷᠡᠭᠯᠡᠬᠦ ᠨᠢᠭᠡᠴᠢ ᠪᠤᠶᠤ ᠵᠠᠭᠤᠴᠢ ᠪᠠᠶᠢᠭᠤᠯᠤᠮᠵᠢ ᠠᠴᠠ ᠣᠷᠣᠯᠠᠨ ᠬᠠᠳᠠᠭᠠᠯᠠᠬᠤ ᠪᠤᠶᠤ ᠨᠡᠶᠢᠭᠡᠮ ᠤᠨ ᠳᠠᠭᠠᠳᠬᠠᠯ᠂ ᠴᠠᠯᠢᠩ ᠤᠨ ᠺᠠᠷᠲ ᠭᠠᠷᠳᠠᠮ ᠬᠢᠬᠦ ᠵᠡᠷᠭᠡ ᠨᠡᠷ᠎ᠡ ᠪᠠᠷ ᠠᠵᠢᠯ ᠡᠷᠢᠭᠴᠢ ᠶᠢᠨ ᠪᠡᠶ᠎ᠡ ᠶᠢᠨ ᠦᠨᠡᠮᠯᠡᠯ᠂ ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠵᠡᠷᠭᠡ ᠦᠨᠡᠮᠯᠡᠯ ᠤᠨ ᠤᠭ ᠵᠦᠢᠯ ᠢ ᠳᠠᠷᠤᠵᠤ ᠠᠪᠬᠤ ᠶᠢ ᠵᠢᠭᠠᠵᠤ ᠪᠤᠢ᠃       ᠰᠡᠷᠭᠡᠶᠢᠯᠡᠬᠦ ᠰᠠᠨᠠᠭᠤᠯᠤᠮᠵᠢ᠄ ᠶᠠᠮᠠᠷᠪᠠ ᠬᠦᠮᠦᠨ ᠬᠡᠷᠡᠭᠯᠡᠬᠦ ᠨᠢᠭᠡᠴᠢ ᠪᠠ ᠬᠤᠪᠢ ᠬᠦᠮᠦᠨ ᠴᠦᠮ ᠪᠣᠰᠣᠳ ᠤᠨ ᠭᠡᠷᠡᠴᠢ ᠦᠨᠡᠮᠯᠡᠯ ᠤᠨ ᠤᠭ ᠵᠦᠢᠯ ᠢ ᠦᠯᠡᠳᠡᠭᠡᠨ ᠠᠪᠬᠤ ᠡᠷᠬᠡ ᠦᠭᠡᠢ᠂ ᠠᠵᠢᠯ ᠡᠷᠢᠭᠰᠡᠳ ᠦᠪᠡᠷ ᠤᠨ ᠭᠡᠷᠡᠴᠢ ᠦᠨᠡᠮᠯᠡᠯ ᠤᠨ ᠤᠭ ᠵᠦᠯ ᠢᠶᠠᠨ ᠪᠣᠰᠣᠳ ᠲᠤ ᠲᠤᠰᠢᠶᠠᠨ ᠥᠭᠴᠦ ᠪᠣᠯᠬᠤ ᠦᠭᠡᠢ᠃ ᠭᠡᠷᠡᠴᠢ ᠦᠨᠡᠮᠯᠡᠯ ᠤᠨ ᠬᠠᠭᠤᠯᠪᠤᠷᠢ ᠶᠢ ᠬᠠᠩᠭᠠᠬᠤ ᠴᠢᠬᠤᠯᠠ ᠲᠠᠢ ᠦᠶ᠎ᠡ ᠳᠤ ᠪᠣᠳᠠᠲᠠᠢ ᠬᠡᠷᠡᠭᠴᠡᠭᠡ ᠶᠢ ᠨᠢ ᠲᠣᠳᠣᠷᠬᠠᠶᠢᠯᠠᠬᠤ ᠬᠡᠷᠡᠭᠲᠡᠢ᠃      7.︽ᠪᠣᠯᠪᠠᠰᠤᠷᠠᠯ ᠤᠨ ᠵᠢᠭᠡᠯᠡᠯᠭᠡ︾ ᠶᠢ ᠰᠡᠷᠡᠮᠵᠢᠯᠡᠬᠦ      ︽ᠪᠣᠯᠪᠠᠰᠤᠷᠠᠯ ᠤᠨ ᠵᠢᠭᠡᠯᠡᠯᠭᠡ︾ ᠭᠡᠳᠡᠭ ᠨᠢ ᠵᠠᠷᠢᠮ ᠪᠣᠯᠪᠠᠰᠤᠷᠠᠯ ᠤᠨ ᠪᠠᠶᠢᠭᠤᠯᠤᠮᠵᠢ ᠶᠡᠭᠡ ᠴᠠᠯᠢᠩᠲᠤ ᠠᠵᠢᠯ ᠵᠶᠠᠷ ᠢᠯᠪᠡᠭᠡᠰᠦ ᠬᠢᠵᠦ᠂ ᠠᠵᠢᠯ ᠡᠷᠢᠭᠰᠡᠳ ᠲᠤ ᠪᠣᠯᠪᠠᠰᠤᠷᠠᠯ ᠬᠦᠷᠲᠡᠭᠰᠡᠨ ᠤ ᠳᠠᠷᠠᠭ᠎ᠠ ᠠᠵᠢᠯ ᠣᠯᠬᠤ ᠶᠢ ᠪᠠᠲᠤᠯᠠᠬᠤ ᠪᠠᠷ ᠠᠮᠠᠯᠠᠳᠠᠳᠠᠭ᠂ ᠭᠡᠪᠡᠴᠦ ᠡᠷᠬᠡᠪᠰᠢ ᠵᠢᠭᠡᠯᠡᠯᠭᠡ ᠵᠢᠭᠡᠯᠡᠨ ᠪᠣᠯᠪᠠᠰᠤᠷᠠᠯ ᠢ ᠵᠠᠷᠤᠳᠠᠯ ᠲᠦᠯᠦᠬᠦ ᠬᠡᠷᠡᠭᠲᠡᠢ᠃ ᠸᠠᠩ ᠣᠪᠣᠭᠲᠤ ᠶᠡᠭᠡ ᠰᠤᠷᠭᠠᠭᠤᠯᠢ ᠲᠡᠭᠦᠰᠬᠦ ᠣᠶᠢᠷᠠᠳᠬᠤ ᠪᠠᠷ᠂ ᠨᠢᠭᠡᠨ ᠪᠣᠯᠪᠠᠰᠤᠷᠠᠯ ᠤᠨ ᠰᠤᠷᠭᠠᠭᠤᠯᠢ ᠶᠢᠨ ︽ᠪᠣᠯᠪᠠᠰᠤᠷᠠᠯ ᠬᠦᠷᠲᠡᠭᠰᠡᠨ ᠤ ᠳᠠᠷᠠᠭ᠎ᠠ ᠶᠡᠭᠡ ᠴᠠᠯᠢᠩᠲᠤ ᠠᠵᠢᠯ ᠣᠯᠭᠤᠬᠤ︾ ᠠᠮᠠᠯᠠᠯᠲᠠ ᠶᠢ ᠨᠢ ᠢᠲᠡᠭᠡᠵᠦ᠂ ᠪᠣᠯᠪᠠᠰᠤᠷᠠᠯ ᠠᠴᠠ ᠡᠮᠦᠨ᠎ᠡ ᠱᠠᠭᠠᠷᠳᠠᠯᠭ᠎ᠠ ᠪᠠᠷ ᠨᠢ ᠵᠢᠭᠡᠯᠡᠯᠭᠡ ᠠᠪᠴᠠᠢ᠃ ᠭᠡᠲᠡᠯ᠎ᠡ᠂ ᠪᠣᠯᠪᠠᠰᠤᠷᠠᠯ ᠤᠨ ᠳᠠᠷᠠᠭ᠎ᠠ ᠲᠤᠰ ᠰᠤᠷᠭᠠᠭᠤᠯᠢ ᠨᠢ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠮᠦ᠋ᠷᠲᠡᠭᠡᠨ ᠸᠠᠩ ᠣᠪᠣᠭᠲᠤ ᠶᠢ ᠪᠠᠰᠠ ᠥᠷᠢ ᠳᠤ ᠤᠨᠠᠭᠠᠵᠠᠢ᠃ ᠸᠠᠩ ᠣᠪᠣᠭᠲᠤ ᠮᠡᠬᠡᠯᠡᠭᠳᠡᠭᠰᠡᠨ ᠢᠶᠠᠨ ᠮᠡᠳᠡᠭᠰᠡᠨ ᠪᠣᠯᠪᠠᠴᠤ ᠨᠦ᠋ᠭᠦᠭᠡ ᠡᠲᠡᠭᠡᠳ ᠤᠨ ᠮᠡᠬᠡᠯᠡᠭᠰᠡᠨ ᠢ ᠭᠡᠷᠡᠴᠢᠯᠡᠬᠦ ᠭᠡᠷᠡᠴᠢ ᠦᠭᠡᠢ ᠠᠴᠠ ᠪᠣᠯᠵᠤ ᠡᠷᠬᠡ ᠠᠰᠢᠭ ᠢᠶᠠᠨ ᠬᠠᠮᠠᠭᠠᠯᠠᠵᠤ ᠴᠢᠳᠠᠭᠰᠠᠨ ᠦᠭᠡᠢ᠃       ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠴᠢ ᠨᠢ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠵᠶᠠᠨ ᠲᠡᠭᠡᠭᠰᠢᠯᠡᠭᠦᠯᠵᠦ᠂ ᠪᠣᠯᠪᠠᠰᠤᠷᠠᠯ ᠳᠤ ᠣᠷᠣᠯᠴᠠᠬᠤ ᠠᠴᠠ ᠪᠠᠨ ᠡᠮᠦᠨ᠎ᠡ ᠪᠣᠯᠪᠠᠰᠤᠷᠠᠯ ᠤᠨ ᠪᠠᠶᠢᠭᠤᠯᠤᠮᠵᠢ ᠨᠢ ᠪᠣᠯᠪᠠᠰᠤᠷᠠᠯ ᠬᠦᠷᠲᠡᠭᠡᠬᠦ ᠬᠢᠷᠢ ᠬᠡᠮ ᠪᠠᠶᠢᠬᠤ ᠡᠰᠡᠬᠦ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠳᠤ ᠨᠢ ᠪᠣᠯᠪᠠᠰᠤᠷᠠᠯ ᠤᠨ ᠠᠭᠤᠯᠭ᠎ᠠ ᠪᠠᠭᠲᠠᠬᠤ ᠡᠰᠡᠬᠦ᠂ ᠠᠮᠠᠯᠠᠳᠠᠭᠰᠠᠨ ᠴᠠᠯᠢᠩ ᠬᠦᠯᠦᠰᠦ ᠨᠢ ᠨᠡᠶᠢᠭᠡᠮ ᠤᠨ ᠠᠳᠠᠯᠢ ᠠᠵᠢᠯ ᠤᠨ ᠪᠠᠶᠢᠷᠢ ᠶᠢᠨ ᠨᠦᠬᠦᠴᠡᠯ ᠤᠨ ᠴᠠᠯᠢᠩ ᠤᠨ ᠬᠢᠷᠢ ᠲᠦᠪᠰᠢᠨ ᠲᠠᠢ ᠶᠡᠭᠡ ᠲᠥᠯᠥᠪ ᠨᠢᠭᠡᠲᠦᠯᠲᠡᠢ ᠪᠠᠶᠢᠬᠤ ᠡᠰᠡᠬᠦ ᠶᠢ ᠦᠵᠡᠬᠦ ᠬᠡᠷᠡᠭᠲᠡᠢ᠃ ᠡᠭᠦᠨ ᠤ ᠬᠠᠮᠲᠤ᠂ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠬᠠᠳᠠᠭᠠᠯᠠᠬᠤ ᠶᠢ ᠠᠩᠬᠠᠷᠴᠤ᠂ ᠮᠡᠬᠡᠯᠡᠭᠳᠡᠭᠰᠡᠨ ᠢᠶᠠᠨ ᠮᠡᠳᠡᠮᠡᠭᠴᠡ ᠳᠠᠷᠤᠢ ᠲᠦᠷᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠡᠷᠡᠭ ᠮᠡᠳᠡᠭᠦᠯᠬᠦ ᠬᠡᠷᠡᠭᠲᠡᠢ᠃      8.ᠬᠠᠥᠯᠢ ᠪᠣᠰᠤ ᠳᠠᠮᠵᠢᠭᠤᠯᠤᠨ ᠪᠣᠷᠣᠯᠠᠭᠤᠯᠭ᠎ᠠ ᠶᠢ ᠰᠡᠷᠭᠡᠶᠢᠯᠡᠬᠦ      ᠬᠠᠥᠯᠢ ᠪᠣᠰᠤ ᠪᠠᠷ ᠳᠠᠮᠵᠢᠭᠤᠯᠤᠨ ᠪᠣᠷᠣᠯᠠᠭᠤᠯᠬᠤ ᠭᠡᠳᠡᠭ ᠨᠢ ᠵᠣᠬᠢᠶᠠᠨ ᠪᠠᠶᠢᠭᠤᠯᠤᠭᠴᠢ ᠠᠴᠠ ᠬᠦᠮᠦᠰ ᠢ ᠵᠣᠬᠢᠶᠠᠨ ᠪᠠᠶᠢᠭᠤᠯᠵᠤ᠂ ᠬᠦᠮᠦᠰ ᠢ ᠵᠣᠭᠤᠰ ᠲᠤᠰᠢᠶᠠᠬᠤ ᠪᠤᠶᠤ ᠲᠠᠸᠠᠷ ᠬᠤᠳᠠᠯᠳᠤᠨ ᠠᠪᠬᠤ ᠵᠡᠷᠭᠡ ᠬᠡᠯᠪᠡᠷᠢ ᠪᠠᠷ ᠪᠣᠰᠣᠳ ᠬᠦᠮᠦᠨ ᠢ ᠣᠷᠣᠯᠴᠠᠭᠤᠯᠬᠤ ᠬᠢᠷᠢ ᠬᠡᠮ ᠣᠯᠬᠤ ᠶᠢ ᠱᠠᠭᠠᠷᠳᠠᠵᠤ᠂ ᠬᠠᠥᠯᠢ ᠪᠣᠰᠤ ᠠᠰᠢᠭ ᠣᠯᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠬᠠᠥᠯᠢ ᠪᠣᠰᠤ ᠳᠠᠮᠵᠢᠭᠤᠯᠤᠨ ᠪᠣᠷᠣᠯᠠᠭᠤᠯᠭ᠎ᠠ ᠨᠢ ᠶᠡᠷᠦ ᠳᠤ ᠪᠠᠨ ᠣᠶᠢᠷ᠎ᠠ ᠳᠣᠲᠣᠨᠣ ᠰᠠᠳᠤᠨ ᠲᠦᠷᠦᠯ ᠨᠠᠶᠢᠵᠠ ᠨᠦᠭᠦᠳ ᠤᠨ ᠲᠠᠨᠢᠯᠴᠠᠭᠤᠯᠬᠤ ᠪᠠᠷ ᠳᠠᠮᠵᠢᠨ ᠳᠡᠯᠭᠡᠷᠡᠳᠡᠭ᠂ ᠳᠦᠭᠦᠮ ᠬᠢᠯᠪᠠᠷᠬᠠᠨ ᠢᠶᠠᠷ ᠶᠡᠭᠡ ᠮᠦᠩᠬᠦ ᠣᠯᠬᠤ᠂ ᠨᠢᠭᠤᠷᠳᠠᠨ ᠰᠢᠯᠭᠠᠬᠤ ᠴᠢᠬᠤᠯᠠ ᠦᠭᠡᠢ ᠰᠢᠭᠤᠳ ᠠᠵᠢᠯ ᠳᠤ ᠭᠠᠷᠬᠤ ᠪᠠᠷ ᠬᠦᠮᠦᠨ ᠢ ᠲᠠᠲᠠᠵᠤ᠂ ᠰᠢᠯᠭᠠᠬᠤ ᠪᠤᠶᠤ ᠠᠵᠢᠯᠯᠠᠬᠤ ᠣᠷᠴᠢᠨ ᠲᠣᠭᠤᠷᠢᠨ‌ᠨᠢ ᠪᠤᠶᠢᠳᠠ ᠪᠦᠭᠯᠡᠭᠭᠦᠦ ᠮᠦᠷᠲᠡᠭᠡᠨ ᠪᠠᠶᠢᠨ ᠳᠠᠬᠢᠨ ᠰᠣᠯᠢᠵᠤ᠂ ᠺᠣᠮᠫᠠᠨᠢ ᠶᠢᠨ ᠲᠤᠬᠠᠶᠢᠯᠠᠭᠰᠠᠨ ᠠᠵᠢᠯ ᠵᠶᠠᠨ ᠲᠣᠳᠣᠷᠬᠠᠶᠢᠯᠠᠵᠤ ᠴᠢᠳᠠᠬᠤ ᠦᠭᠡᠢ ᠪᠠᠶᠢᠳᠠᠭ᠃       ᠰᠡᠷᠭᠡᠶᠢᠯᠡᠬᠦ ᠰᠠᠨᠠᠭᠤᠯᠤᠮᠵᠢ᠄ ᠠᠵᠢᠯ ᠡᠷᠢᠭᠰᠡᠳ ᠳᠠᠮᠵᠢᠭᠤᠯᠤᠨ ᠪᠣᠷᠣᠯᠠᠭᠤᠯᠬᠤ ᠠᠵᠢᠯ ᠢ ᠴᠠᠭᠠᠵᠠᠯᠠᠬᠤ ᠲᠤᠬᠠᠢ ᠬᠤᠯᠪᠣᠭᠳᠠᠯ ᠪᠦᠬᠦᠢ ᠬᠠᠥᠯᠢ ᠴᠠᠭᠠᠵᠠ ᠳᠦᠷᠢᠮ ᠲᠣᠭᠲᠠᠭᠠᠯ ᠢ ᠣᠶᠢᠯᠠᠭᠠᠵᠤ᠂ ᠳᠠᠮᠵᠢᠭᠤᠯᠤᠨ ᠪᠣᠷᠣᠯᠠᠭᠤᠯᠬᠤ ᠶᠢ ᠢᠯᠭᠠᠨ ᠲᠠᠨᠢᠵᠤ ᠴᠢᠳᠠᠬᠤ ᠦᠨᠳᠦᠰᠦᠨ ᠮᠡᠳᠡᠯᠭᠡ ᠪᠠᠶᠢᠬᠤ ᠬᠡᠷᠡᠭᠲᠡᠢ︔
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号