ᠬᠦᠮᠦᠨ ᠤ ᠨᠢᠭᠡ ᠨᠠᠰᠤᠨ ᠳᠤ ᠭᠡᠷ ᠪᠦᠯᠢ ᠶᠢᠨ ᠰᠤᠷᠭᠠᠨ ᠬᠦᠮᠦᠵᠢᠯ ᠨᠢ ᠲᠦᠢᠯ ᠤᠨ ᠴᠢᠬᠤᠯᠠ ᠪᠠᠶᠢᠳᠠᠭ᠃ ᠭᠡᠷ ᠪᠦᠯᠢ ᠶᠢᠨ ᠰᠤᠷᠭᠠᠨ ᠬᠦᠮᠦᠵᠢᠯ ᠤᠨ | ᠴᠢᠬᠤᠯᠠ ᠴᠢᠨᠠᠷ ᠤᠨ ᠲᠤᠬᠠᠢ ᠴᠤᠬᠤᠰ ᠳᠤᠷᠠᠳᠪᠠᠯ᠄ | 1. ᠠᠪᠤ ᠡᠵᠢ ᠪᠤᠯ ᠭᠡᠤᠭᠡᠳ ᠤᠨ ᠠᠩᠬᠠᠨ ᠤ ᠪᠠᠭᠰᠢ ᠮᠦᠨ᠃ ᠠᠪᠤ ᠡᠵᠢ ᠶᠢᠨ ᠬᠢᠨᠢ ᠦᠪᠯᠡᠵᠦ ᠦᠭᠭᠦᠭᠰᠡᠨ ᠦᠭᠡ ᠶᠠᠷᠢᠶ᠎ᠠ᠂ ᠦᠢᠯᠡ ᠠᠵᠢᠯᠯᠠᠭ᠎ᠠ᠂ ᠤᠪᠤᠷ | ᠰᠤᠷᠲᠠᠯ ᠨᠢ ᠬᠢᠷᠢ ᠵᠡᠷᠭᠡ ᠲᠦᠪᠰᠢᠨ ᠲᠠᠢ ᠭᠡᠳᠡᠭ ᠢ ᠠᠩᠬ᠎ᠠ ᠬᠡᠤᠬᠡᠳ ᠲᠠᠢ ᠨᠢ ᠲᠠᠨᠢᠯᠴᠠᠭᠰᠠᠭᠠᠷ ᠬᠦᠭᠡᠷᠦᠬᠦᠨ ᠵᠠᠩ ᠠᠭᠠᠯᠢ ᠠᠴᠠ ᠨᠢ ᠤᠶᠢᠯᠠᠭᠠᠵᠤ ᠮᠡᠳᠡᠳᠡᠭ᠃ | ᠮᠤᠷᠠᠯ ᠰᠠᠶᠢᠨᠲᠠᠢ᠂ ᠠᠵᠢᠯᠰᠠᠭ ᠪᠤᠷᠤᠭᠵᠢᠭᠤᠨ᠂ ᠠᠯᠤᠰ ᠤᠨ ᠬᠦᠰᠡᠯᠡᠩ ᠲᠠᠢ ᠬᠦᠮᠦᠵᠢᠭᠳᠡᠭᠰᠡᠨ ᠬᠡᠤᠬᠡᠳ ᠤᠨ ᠪᠡᠶ᠎ᠡ ᠳᠡᠭᠡᠷ᠎ᠡ ᠮᠠᠰᠢ ᠤᠯᠠᠨ ᠰᠠᠶᠢᠨᠲᠠᠢ ᠲᠠᠯ᠎ᠠ ᠢᠯᠡᠷᠡᠬᠦ | ᠪᠦᠭᠡᠳ ᠵᠠᠩ ᠠᠷᠠᠨᠰᠢᠨ ᠪᠠ ᠰᠠᠬᠢᠯᠭ᠎ᠠ ᠮᠤᠷᠠᠯ ᠤᠨ ᠲᠠᠯ᠎ᠠ ᠳᠠᠬᠢ ᠢᠯᠡᠷᠡᠭᠦᠯᠦᠯᠲᠡ ᠲᠤᠩ ᠰᠠᠶᠢᠨ ᠪᠠᠶᠢᠳᠠᠭ᠃ ᠡᠭᠦᠨ ᠤ ᠡᠰᠡᠷᠭᠦ ᠪᠠᠷ᠂ ᠰᠠᠯᠠᠩ ᠵᠠᠳᠠᠭᠠᠢ ᠪᠤᠶᠤ | ᠬᠦᠷᠦᠯᠴᠡᠬᠦ ᠦᠭᠡᠢ ᠲᠠᠯ᠎ᠠ ᠤᠯᠠᠨ ᠪᠠᠶᠢᠳᠠᠭ ᠭᠡᠷ ᠤᠨ ᠰᠤᠷᠭᠠᠯ ᠲᠠᠢ ᠬᠡᠤᠬᠡᠳ ᠪᠤᠯ ᠠᠪᠤ ᠡᠵᠢ ᠪᠠᠨ ᠳᠠᠭᠤᠷᠢᠶᠠᠨ᠂ ᠲᠡᠷᠡ ᠶᠠᠩᠵᠤ ᠪᠠᠷ ᠨᠢ ᠦᠭᠡ ᠶᠠᠷᠢᠬᠤ ᠪᠤᠶᠤ | ᠠᠵᠢᠯᠯᠠᠭ᠎ᠠ ᠬᠢᠵᠦ᠂ ᠪᠡᠶ᠎ᠡ ᠪᠠᠨ ᠱᠠᠭᠠᠷᠳᠠᠬᠤ ᠲᠠᠯ᠎ᠠ ᠪᠠᠷ ᠠᠨᠠᠢ ᠪᠠᠶᠢᠳᠠᠭ᠂ ᠡᠶᠢᠮᠦᠷᠬᠦ ᠬᠡᠤᠬᠡᠳ ᠢ ᠰᠤᠷᠭᠠᠭᠤᠯᠢ ᠶᠢᠨ ᠠᠮᠢᠳᠤᠷᠠᠯ ᠳᠤ ᠳᠠᠳᠬᠠᠯᠵᠢᠭᠤᠯᠬᠤ ᠳᠤ ᠨᠡᠯᠢᠶᠡᠳ | ᠴᠠᠭ ᠬᠡᠷᠡᠭᠰᠡᠬᠦ ᠪᠦᠭᠡᠳ ᠴᠢᠨᠠᠭᠰᠢᠯᠠᠪᠠᠯ ᠬᠠᠯᠠᠵᠤ ᠴᠢᠳᠠᠬᠤ ᠦᠬᠡᠢ ᠦᠵᠡᠭᠳᠡᠯ ᠴᠤ ᠢᠯᠡᠷᠡᠳᠡᠭ᠃ ᠤᠴᠢᠷ ᠨᠢ᠂ ᠭᠡᠷ ᠤᠨ ᠰᠤᠷᠭᠠᠯ ᠠᠨᠠᠢ ᠬᠡᠤᠬᠡᠳ ᠢ ᠪᠠᠭᠰᠢ ᠠᠴᠠ | ᠬᠠᠯᠠᠵᠤ ᠰᠠᠶᠢᠵᠢᠷᠠᠭᠤᠯᠬᠤ ᠭᠡᠵᠦ ᠡᠳᠦᠷᠵᠢᠨ ᠰᠠᠨᠠᠭᠤᠯᠵᠤ ᠬᠡᠯᠡᠭᠰᠡᠭᠡᠷ ᠪᠠᠶᠢᠭᠠᠳ ᠨᠢᠭᠡ ᠪᠦᠯᠦᠭ ᠬᠡᠤᠬᠡᠳ ᠤᠯᠠᠮ ᠨᠠᠵᠠᠭᠠᠶᠢᠷᠠᠵᠤ᠂ ᠪᠠᠭᠰᠢ ᠳᠠᠭᠠᠨ ᠰᠦᠷᠭᠡᠤ | ᠲᠠᠨᠢᠯᠲᠠ ᠲᠠᠢ ᠪᠤᠯᠵᠤ᠂ ᠪᠠᠭᠰᠢ ᠳᠠᠭᠠᠨ ᠳᠤᠷ᠎ᠠ ᠦᠭᠡᠶᠢᠴᠡᠬᠦ ᠪᠤᠳᠤᠯ ᠤᠷᠤᠬᠤ ᠪᠤᠶᠤ ᠪᠡᠶ᠎ᠡ ᠪᠠᠨ ᠭᠤᠯᠤᠬᠤ ᠦᠵᠡᠭᠳᠡᠯ ᠪᠤᠢ ᠪᠤᠯᠵᠤ᠂ ᠨᠢᠭᠡᠨ ᠨᠠᠰᠤᠨ ᠤ ᠮᠤᠷᠠᠯ | ᠰᠤᠷᠲᠠᠯ᠂ ᠵᠠᠩ ᠠᠷᠠᠨᠰᠢᠨ ᠨᠢ ᠳᠦᠷᠢᠮᠵᠢᠵᠦ ᠴᠢᠳᠠᠬᠤ ᠦᠭᠡᠢ᠂ ᠰᠤᠯᠠ ᠵᠠᠳᠠᠭᠠᠢ ᠳᠠᠳᠬᠠᠯ ᠲᠠᠢ ᠪᠤᠯᠵᠤ ᠬᠤᠴᠤᠷᠳᠠᠭ᠃ | 2. ᠭᠡᠷ ᠪᠦᠯᠢ ᠶᠢᠨ ᠰᠤᠷᠭᠠᠨ ᠬᠦᠮᠦᠵᠢᠯ ᠨᠢ ᠬᠡᠤᠬᠡᠳ ᠤᠨ ᠢᠷᠡᠭᠡᠳᠦᠢ ᠳᠤ ᠭᠡᠷᠡᠯᠲᠤ ᠴᠠᠮᠬᠠᠭ ᠪᠤᠯᠳᠠᠭ᠃ ᠬᠠᠯᠠᠭᠤᠨ ᠳᠤᠯᠠᠭᠠᠨ ᠬᠠᠶᠢᠷ᠎ᠠ᠂ ᠪᠦᠷᠢᠨ ᠪᠦᠲᠦᠨ | ᠭᠡᠷ ᠪᠦᠯᠢ ᠲᠠᠢ ᠬᠡᠤᠬᠡᠳ ᠪᠠ ᠴᠡᠭᠡᠷ ᠬᠤᠷᠢᠭ᠎ᠠ ᠲᠠᠢ᠂ ᠰᠤᠷᠭᠠᠯ ᠰᠠᠶᠢᠨᠲᠠᠢ ᠬᠡᠤᠬᠡᠳ ᠤᠨ ᠦᠪᠯᠡᠵᠦ ᠠᠪᠬᠤ ᠰᠤᠷᠲᠠᠯ᠂ ᠡᠷᠢᠯ ᠬᠦᠰᠡᠯ᠂ ᠴᠢᠷᠮᠠᠶᠢᠯᠭ᠎ᠠ ᠱᠠᠭᠠᠷᠳᠠᠯᠭ᠎ᠠ᠂ | ᠢᠲᠡᠭᠡᠯ ᠵᠤᠷᠢᠭ ᠵᠡᠷᠭᠡ ᠠᠯᠢ ᠤᠯᠠᠨ ᠲᠠᠯ᠎ᠠ ᠪᠠᠷ ᠪᠤᠰᠤᠳ ᠬᠡᠤᠬᠡᠳ ᠲᠠᠢ ᠬᠠᠷᠢᠴᠠᠭᠤᠯᠪᠠᠯ ᠮᠠᠰᠢ ᠳᠠᠪᠠᠭᠤᠯᠢᠭ ᠲᠠᠯ᠎ᠠ ᠲᠠᠢ ᠪᠠᠶᠢᠳᠠᠭ᠃ ᠡᠭᠦᠨ ᠤ ᠡᠰᠡᠷᠭᠦ ᠪᠠᠷ᠂ ᠮᠠᠰᠢ | ᠰᠡᠴᠡᠨ ᠰᠡᠷᠭᠦᠯᠡᠩ ᠬᠡᠤᠬᠡᠳ ᠪᠠᠶᠢᠲᠠᠯ᠎ᠠ ᠦᠰᠦᠨ ᠪᠤᠶᠢᠵᠢᠬᠤ ᠶᠠᠪᠤᠴᠠ ᠳᠤᠮᠳᠠ ᠭᠡᠷ ᠪᠦᠯᠢ ᠶᠢᠨ ᠨᠠᠵᠠᠭᠠᠢ ᠨᠦᠯᠦᠭᠡ ᠠᠴᠠ ᠳᠠᠷᠤᠭᠠᠰᠤ ᠠᠪᠴᠤ᠂ ᠢᠲᠡᠭᠡᠯ ᠠᠯᠳᠠᠨ᠂ | ᠴᠢᠷᠮᠠᠶᠢᠯᠭ᠎ᠠ ᠮᠡᠬᠦᠰ ᠪᠤᠯᠵᠤ᠂ ᠪᠡᠶ᠎ᠡ ᠳᠡᠭᠡᠨ ᠱᠠᠭᠠᠷᠳᠠᠯᠭ᠎ᠠ ᠲᠤᠯᠢᠮᠠᠭ ᠪᠤᠯᠬᠤ ᠦᠵᠡᠭᠳᠡᠯ ᠵᠦᠩᠳᠡᠭᠡᠨ ᠬᠠᠷᠠᠭᠳᠠᠬᠤ ᠪᠤᠯᠪᠠ᠃ ᠤᠴᠢᠷ ᠨᠢ ᠨᠡᠶᠢᠭᠡᠮ ᠤᠨ ᠬᠦᠭᠵᠢᠯᠲᠡ ᠪᠠ | ᠠᠮᠢᠳᠤᠷᠠᠯ ᠤᠨ ᠨᠦᠬᠦᠴᠡᠯ ᠤᠨ ᠵᠦᠷᠢᠴᠡᠯᠲᠦ ᠴᠢᠨᠠᠷ ᠨᠢ ᠬᠡᠤᠬᠡᠳ ᠤᠨ ᠬᠦᠯᠢᠶᠡᠨ ᠠᠪᠬᠤ ᠰᠡᠳᠬᠢᠴᠡ ᠶᠢ ᠰᠢᠭᠤᠳ ᠰᠦᠷᠭᠡᠤ ᠪᠠᠷ ᠨᠦᠯᠦᠭᠡᠯᠡᠵᠦ᠂ ᠵᠠᠳᠠᠭᠠᠢ ᠤᠪᠤᠷ ᠢ | ᠪᠦᠷᠢᠯᠳᠦᠭᠦᠯᠬᠦ ᠦᠵᠡᠭᠳᠡᠯ ᠲᠠᠩᠲᠠ ᠤᠷᠤᠰᠢᠵᠤ ᠪᠤᠢ᠃ ᠡᠨᠡ ᠨᠢ ᠭᠡᠷ ᠪᠦᠯᠢ ᠶᠢᠨ ᠰᠤᠷᠭᠠᠨ ᠬᠦᠮᠦᠵᠢᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠪᠠ ᠨᠡᠶᠢᠭᠡᠮ ᠤᠨ | ᠰᠤᠷᠭᠠᠨ ᠬᠦᠮᠦᠵᠢᠯ ᠢ ᠬᠦᠷᠲᠡᠬᠦ ᠳᠤ ᠯᠤᠲᠤ ᠶᠡᠭᠡ ᠰᠠᠭᠤᠷᠢ ᠪᠤᠯᠳᠠᠭ ᠪᠦᠭᠡᠳ ᠬᠡᠤᠬᠡᠳ ᠤᠨ ᠨᠢᠭᠡ ᠨᠠᠰᠤᠨ ᠤ ᠦᠰᠦᠨ ᠪᠤᠶᠢᠵᠢᠯᠲᠠ ᠳᠤ ᠲᠦᠯᠬᠢᠴᠡ ᠦᠢᠯᠡᠳᠦᠯ | ᠦᠵᠡᠭᠦᠯᠳᠡᠭ ᠭᠡᠳᠡᠭ ᠢ ᠦᠢᠯᠡᠳᠦᠯᠭᠡ ᠪᠠᠷ ᠭᠡᠷᠡᠴᠢᠯᠡᠵᠦ ᠪᠤᠢ᠃ | ᠡᠶᠢᠮᠦ ᠠᠴᠠ ᠭᠡᠷ ᠤᠨ ᠠᠬᠠᠮᠠᠳ ᠪᠤᠯᠤᠭᠰᠠᠳ᠂ ᠬᠡᠤᠬᠡᠳ ᠲᠡᠭᠡᠨ ᠬᠡᠷᠬᠢᠨ ᠳᠦᠷᠢᠮ ᠳᠠᠭᠤᠷᠢᠶᠠᠯ ᠪᠤᠯᠬᠤ᠂ ᠬᠡᠤᠬᠡᠳ ᠢᠶᠠᠨ ᠬᠡᠷᠬᠢᠨ ᠰᠤᠷᠭᠠᠨ ᠬᠦᠮᠦᠵᠢᠭᠦᠯᠬᠦ | ᠲᠤᠬᠠᠢ ᠰᠤᠳᠤᠯᠤᠨ᠂ ᠬᠡᠤᠬᠡᠳ ᠲᠤ ᠵᠦᠪ ᠡᠨᠧᠷᠬᠢ ᠶᠢ ᠤᠯᠭᠤᠨ᠂ ᠬᠡᠤᠬᠡᠳ ᠤᠨ ᠢᠷᠡᠭᠡᠳᠦᠢ ᠳᠤ ᠬᠠᠷᠢᠭᠤᠴᠠᠬᠤ ᠶᠢ ᠬᠦᠰᠡᠵᠦ ᠪᠠᠶᠢᠨ᠎ᠠ᠃ ᠰᠤᠷᠭᠠᠭᠤᠯᠢ᠂ ᠭᠡᠷ ᠪᠦᠯᠢ᠂ | ᠨᠡᠶᠢᠭᠡᠮ ᠵᠡᠷᠭᠡ ᠶᠢᠨ ︽ᠭᠤᠷᠪᠠᠨ ᠲᠤᠤᠷᠵᠢᠯ︾ ᠤᠨ ᠬᠠᠮᠵᠢᠯᠴᠠᠭ᠎ᠠ ᠶᠢ ᠰᠠᠶᠢᠲᠤᠷ ᠪᠤᠢ ᠪᠤᠯᠭᠠᠨ᠂ ᠬᠡᠤᠭᠡᠳ ᠢᠶᠠᠨ ᠵᠦᠪ ᠬᠦᠮᠦᠵᠢᠭᠦᠯᠬᠦ ᠳᠤ ᠠᠩᠬᠠᠷᠣᠯ ᠢᠶᠠᠨ | ᠬᠠᠨᠳᠤᠭᠤᠯᠬᠤ ᠶᠢ ᠬᠦᠰᠡᠶ᠎ᠡ︕ | |