ᠬᠦᠮᠦᠨ ᠤ ᠨᠢᠭᠡ ᠨᠠᠰᠤᠨ ᠳᠤ ᠭᠡᠷ ᠪᠦᠯᠢ ᠶᠢᠨ ᠰᠤᠷᠭᠠᠨ ᠬᠦᠮᠦᠵᠢᠯ ᠨᠢ ᠲᠦᠢᠯ ᠤᠨ ᠴᠢᠬᠤᠯᠠ ᠪᠠᠶᠢᠳᠠᠭ᠃ | ᠭᠡᠷ ᠪᠦᠯᠢ ᠶᠢᠨ ᠰᠤᠷᠭᠠᠨ ᠬᠦᠮᠦᠵᠢᠯ ᠤᠨ ᠴᠢᠬᠤᠯᠠ ᠴᠢᠨᠠᠷ ᠤᠨ ᠲᠤᠬᠠᠢ ᠴᠤᠬᠤᠰ ᠳᠤᠷᠠᠳᠪᠠᠯ᠄ | 1. ᠠᠪᠤ ᠡᠵᠢ ᠪᠤᠯ ᠭᠡᠤᠭᠡᠳ ᠤᠨ ᠠᠩᠬᠠᠨ ᠤ ᠪᠠᠭᠰᠢ ᠮᠦᠨ᠃ ᠠᠪᠤ ᠡᠵᠢ ᠶᠢᠨ ᠬᠢᠨᠢ ᠦᠪᠯᠡᠵᠦ ᠦᠭᠭᠦᠭᠰᠡᠨ | ᠦᠭᠡ ᠶᠠᠷᠢᠶ᠎ᠠ᠂ ᠦᠢᠯᠡ ᠠᠵᠢᠯᠯᠠᠭ᠎ᠠ᠂ ᠤᠪᠤᠷ ᠰᠤᠷᠲᠠᠯ ᠨᠢ ᠬᠢᠷᠢ ᠵᠡᠷᠭᠡ ᠲᠦᠪᠰᠢᠨ ᠲᠠᠢ ᠭᠡᠳᠡᠭ ᠢ ᠠᠩᠬ᠎ᠠ | ᠬᠡᠤᠬᠡᠳ ᠲᠠᠢ ᠨᠢ ᠲᠠᠨᠢᠯᠴᠠᠭᠰᠠᠭᠠᠷ ᠬᠦᠭᠡᠷᠦᠬᠦᠨ ᠵᠠᠩ ᠠᠭᠠᠯᠢ ᠠᠴᠠ ᠨᠢ ᠤᠶᠢᠯᠠᠭᠠᠵᠤ ᠮᠡᠳᠡᠳᠡᠭ᠃ ᠮᠤᠷᠠᠯ ᠰᠠᠶᠢᠨᠲᠠᠢ᠂ | ᠠᠵᠢᠯᠰᠠᠭ ᠪᠤᠷᠤᠭᠵᠢᠭᠤᠨ᠂ ᠠᠯᠤᠰ ᠤᠨ ᠬᠦᠰᠡᠯᠡᠩ ᠲᠠᠢ ᠬᠦᠮᠦᠵᠢᠭᠳᠡᠭᠰᠡᠨ ᠬᠡᠤᠬᠡᠳ ᠤᠨ ᠪᠡᠶ᠎ᠡ ᠳᠡᠭᠡᠷ᠎ᠡ ᠮᠠᠰᠢ ᠤᠯᠠᠨ | ᠰᠠᠶᠢᠨᠲᠠᠢ ᠲᠠᠯ᠎ᠠ ᠢᠯᠡᠷᠡᠬᠦ ᠪᠦᠭᠡᠳ ᠵᠠᠩ ᠠᠷᠠᠨᠰᠢᠨ ᠪᠠ ᠰᠠᠬᠢᠯᠭ᠎ᠠ ᠮᠤᠷᠠᠯ ᠤᠨ ᠲᠠᠯ᠎ᠠ ᠳᠠᠬᠢ ᠢᠯᠡᠷᠡᠭᠦᠯᠦᠯᠲᠡ ᠲᠤᠩ | ᠰᠠᠶᠢᠨ ᠪᠠᠶᠢᠳᠠᠭ᠃ ᠡᠭᠦᠨ ᠤ ᠡᠰᠡᠷᠭᠦ ᠪᠠᠷ᠂ ᠰᠠᠯᠠᠩ ᠵᠠᠳᠠᠭᠠᠢ ᠪᠤᠶᠤ ᠬᠦᠷᠦᠯᠴᠡᠬᠦ ᠦᠭᠡᠢ ᠲᠠᠯ᠎ᠠ ᠤᠯᠠᠨ ᠪᠠᠶᠢᠳᠠᠭ | ᠭᠡᠷ ᠤᠨ ᠰᠤᠷᠭᠠᠯ ᠲᠠᠢ ᠬᠡᠤᠬᠡᠳ ᠪᠤᠯ ᠠᠪᠤ ᠡᠵᠢ ᠪᠠᠨ ᠳᠠᠭᠤᠷᠢᠶᠠᠨ᠂ ᠲᠡᠷᠡ ᠶᠠᠩᠵᠤ ᠪᠠᠷ ᠨᠢ ᠦᠭᠡ ᠶᠠᠷᠢᠬᠤ ᠪᠤᠶᠤ | ᠠᠵᠢᠯᠯᠠᠭ᠎ᠠ ᠬᠢᠵᠦ᠂ ᠪᠡᠶ᠎ᠡ ᠪᠠᠨ ᠱᠠᠭᠠᠷᠳᠠᠬᠤ ᠲᠠᠯ᠎ᠠ ᠪᠠᠷ ᠠᠨᠠᠢ ᠪᠠᠶᠢᠳᠠᠭ᠂ ᠡᠶᠢᠮᠦᠷᠬᠦ ᠬᠡᠤᠬᠡᠳ ᠢ ᠰᠤᠷᠭᠠᠭᠤᠯᠢ ᠶᠢᠨ | ᠠᠮᠢᠳᠤᠷᠠᠯ ᠳᠤ ᠳᠠᠳᠬᠠᠯᠵᠢᠭᠤᠯᠬᠤ ᠳᠤ ᠨᠡᠯᠢᠶᠡᠳ ᠴᠠᠭ ᠬᠡᠷᠡᠭᠰᠡᠬᠦ ᠪᠦᠭᠡᠳ ᠴᠢᠨᠠᠭᠰᠢᠯᠠᠪᠠᠯ ᠬᠠᠯᠠᠵᠤ ᠴᠢᠳᠠᠬᠤ ᠦᠬᠡᠢ | ᠦᠵᠡᠭᠳᠡᠯ ᠴᠤ ᠢᠯᠡᠷᠡᠳᠡᠭ᠃ ᠤᠴᠢᠷ ᠨᠢ᠂ ᠭᠡᠷ ᠤᠨ ᠰᠤᠷᠭᠠᠯ ᠠᠨᠠᠢ ᠬᠡᠤᠬᠡᠳ ᠢ ᠪᠠᠭᠰᠢ ᠠᠴᠠ ᠬᠠᠯᠠᠵᠤ | ᠰᠠᠶᠢᠵᠢᠷᠠᠭᠤᠯᠬᠤ ᠭᠡᠵᠦ ᠡᠳᠦᠷᠵᠢᠨ ᠰᠠᠨᠠᠭᠤᠯᠵᠤ ᠬᠡᠯᠡᠭᠰᠡᠭᠡᠷ ᠪᠠᠶᠢᠭᠠᠳ ᠨᠢᠭᠡ ᠪᠦᠯᠦᠭ ᠬᠡᠤᠬᠡᠳ ᠤᠯᠠᠮ | ᠨᠠᠵᠠᠭᠠᠶᠢᠷᠠᠵᠤ᠂ ᠪᠠᠭᠰᠢ ᠳᠠᠭᠠᠨ ᠰᠦᠷᠭᠡᠤ ᠲᠠᠨᠢᠯᠲᠠ ᠲᠠᠢ ᠪᠤᠯᠵᠤ᠂ ᠪᠠᠭᠰᠢ ᠳᠠᠭᠠᠨ ᠳᠤᠷ᠎ᠠ ᠦᠭᠡᠶᠢᠴᠡᠬᠦ ᠪᠤᠳᠤᠯ | ᠤᠷᠤᠬᠤ ᠪᠤᠶᠤ ᠪᠡᠶ᠎ᠡ ᠪᠠᠨ ᠭᠤᠯᠤᠬᠤ ᠦᠵᠡᠭᠳᠡᠯ ᠪᠤᠢ ᠪᠤᠯᠵᠤ᠂ ᠨᠢᠭᠡᠨ ᠨᠠᠰᠤᠨ ᠤ ᠮᠤᠷᠠᠯ ᠰᠤᠷᠲᠠᠯ᠂ ᠵᠠᠩ | ᠠᠷᠠᠨᠰᠢᠨ ᠨᠢ ᠳᠦᠷᠢᠮᠵᠢᠵᠦ ᠴᠢᠳᠠᠬᠤ ᠦᠭᠡᠢ᠂ ᠰᠤᠯᠠ ᠵᠠᠳᠠᠭᠠᠢ ᠳᠠᠳᠬᠠᠯ ᠲᠠᠢ ᠪᠤᠯᠵᠤ ᠬᠤᠴᠤᠷᠳᠠᠭ᠃ | 2. ᠭᠡᠷ ᠪᠦᠯᠢ ᠶᠢᠨ ᠰᠤᠷᠭᠠᠨ ᠬᠦᠮᠦᠵᠢᠯ ᠨᠢ ᠬᠡᠤᠬᠡᠳ ᠤᠨ ᠢᠷᠡᠭᠡᠳᠦᠢ ᠳᠤ ᠭᠡᠷᠡᠯᠲᠤ ᠴᠠᠮᠬᠠᠭ ᠪᠤᠯᠳᠠᠭ᠃ | ᠬᠠᠯᠠᠭᠤᠨ ᠳᠤᠯᠠᠭᠠᠨ ᠬᠠᠶᠢᠷ᠎ᠠ᠂ ᠪᠦᠷᠢᠨ ᠪᠦᠲᠦᠨ ᠭᠡᠷ ᠪᠦᠯᠢ ᠲᠠᠢ ᠬᠡᠤᠬᠡᠳ ᠪᠠ ᠴᠡᠭᠡᠷ ᠬᠤᠷᠢᠭ᠎ᠠ ᠲᠠᠢ᠂ ᠰᠤᠷᠭᠠᠯ | ᠰᠠᠶᠢᠨᠲᠠᠢ ᠬᠡᠤᠬᠡᠳ ᠤᠨ ᠦᠪᠯᠡᠵᠦ ᠠᠪᠬᠤ ᠰᠤᠷᠲᠠᠯ᠂ ᠡᠷᠢᠯ ᠬᠦᠰᠡᠯ᠂ ᠴᠢᠷᠮᠠᠶᠢᠯᠭ᠎ᠠ ᠱᠠᠭᠠᠷᠳᠠᠯᠭ᠎ᠠ᠂ ᠢᠲᠡᠭᠡᠯ ᠵᠤᠷᠢᠭ | ᠵᠡᠷᠭᠡ ᠠᠯᠢ ᠤᠯᠠᠨ ᠲᠠᠯ᠎ᠠ ᠪᠠᠷ ᠪᠤᠰᠤᠳ ᠬᠡᠤᠬᠡᠳ ᠲᠠᠢ ᠬᠠᠷᠢᠴᠠᠭᠤᠯᠪᠠᠯ ᠮᠠᠰᠢ ᠳᠠᠪᠠᠭᠤᠯᠢᠭ ᠲᠠᠯ᠎ᠠ ᠲᠠᠢ ᠪᠠᠶᠢᠳᠠᠭ᠃ | ᠡᠭᠦᠨ ᠤ ᠡᠰᠡᠷᠭᠦ ᠪᠠᠷ᠂ ᠮᠠᠰᠢ ᠰᠡᠴᠡᠨ ᠰᠡᠷᠭᠦᠯᠡᠩ ᠬᠡᠤᠬᠡᠳ ᠪᠠᠶᠢᠲᠠᠯ᠎ᠠ ᠦᠰᠦᠨ ᠪᠤᠶᠢᠵᠢᠬᠤ ᠶᠠᠪᠤᠴᠠ ᠳᠤᠮᠳᠠ ᠭᠡᠷ | ᠪᠦᠯᠢ ᠶᠢᠨ ᠨᠠᠵᠠᠭᠠᠢ ᠨᠦᠯᠦᠭᠡ ᠠᠴᠠ ᠳᠠᠷᠤᠭᠠᠰᠤ ᠠᠪᠴᠤ᠂ ᠢᠲᠡᠭᠡᠯ ᠠᠯᠳᠠᠨ᠂ ᠴᠢᠷᠮᠠᠶᠢᠯᠭ᠎ᠠ ᠮᠡᠬᠦᠰ ᠪᠤᠯᠵᠤ᠂ | ᠪᠡᠶ᠎ᠡ ᠳᠡᠭᠡᠨ ᠱᠠᠭᠠᠷᠳᠠᠯᠭ᠎ᠠ ᠲᠤᠯᠢᠮᠠᠭ ᠪᠤᠯᠬᠤ ᠦᠵᠡᠭᠳᠡᠯ ᠵᠦᠩᠳᠡᠭᠡᠨ ᠬᠠᠷᠠᠭᠳᠠᠬᠤ ᠪᠤᠯᠪᠠ᠃ ᠤᠴᠢᠷ ᠨᠢ ᠨᠡᠶᠢᠭᠡᠮ ᠤᠨ | ᠬᠦᠭᠵᠢᠯᠲᠡ ᠪᠠ ᠠᠮᠢᠳᠤᠷᠠᠯ ᠤᠨ ᠨᠦᠬᠦᠴᠡᠯ ᠤᠨ ᠵᠦᠷᠢᠴᠡᠯᠲᠦ ᠴᠢᠨᠠᠷ ᠨᠢ ᠬᠡᠤᠬᠡᠳ ᠤᠨ ᠬᠦᠯᠢᠶᠡᠨ ᠠᠪᠬᠤ | ᠰᠡᠳᠬᠢᠴᠡ ᠶᠢ ᠰᠢᠭᠤᠳ ᠰᠦᠷᠭᠡᠤ ᠪᠠᠷ ᠨᠦᠯᠦᠭᠡᠯᠡᠵᠦ᠂ ᠵᠠᠳᠠᠭᠠᠢ ᠤᠪᠤᠷ ᠢ ᠪᠦᠷᠢᠯᠳᠦᠭᠦᠯᠬᠦ ᠦᠵᠡᠭᠳᠡᠯ ᠲᠠᠩᠲᠠ | ᠤᠷᠤᠰᠢᠵᠤ ᠪᠤᠢ᠃ ᠡᠨᠡ ᠨᠢ ᠭᠡᠷ ᠪᠦᠯᠢ ᠶᠢᠨ ᠰᠤᠷᠭᠠᠨ ᠬᠦᠮᠦᠵᠢᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠪᠠ | ᠨᠡᠶᠢᠭᠡᠮ ᠤᠨ ᠰᠤᠷᠭᠠᠨ ᠬᠦᠮᠦᠵᠢᠯ ᠢ ᠬᠦᠷᠲᠡᠬᠦ ᠳᠤ ᠯᠤᠲᠤ ᠶᠡᠭᠡ ᠰᠠᠭᠤᠷᠢ ᠪᠤᠯᠳᠠᠭ ᠪᠦᠭᠡᠳ ᠬᠡᠤᠬᠡᠳ ᠤᠨ ᠨᠢᠭᠡ | ᠨᠠᠰᠤᠨ ᠤ ᠦᠰᠦᠨ ᠪᠤᠶᠢᠵᠢᠯᠲᠠ ᠳᠤ ᠲᠦᠯᠬᠢᠴᠡ ᠦᠢᠯᠡᠳᠦᠯ ᠦᠵᠡᠭᠦᠯᠳᠡᠭ ᠭᠡᠳᠡᠭ ᠢ ᠦᠢᠯᠡᠳᠦᠯᠭᠡ ᠪᠠᠷ | ᠭᠡᠷᠡᠴᠢᠯᠡᠵᠦ ᠪᠤᠢ᠃ | ᠡᠶᠢᠮᠦ ᠠᠴᠠ ᠭᠡᠷ ᠤᠨ ᠠᠬᠠᠮᠠᠳ ᠪᠤᠯᠤᠭᠰᠠᠳ᠂ ᠬᠡᠤᠬᠡᠳ ᠲᠡᠭᠡᠨ ᠬᠡᠷᠬᠢᠨ ᠳᠦᠷᠢᠮ ᠳᠠᠭᠤᠷᠢᠶᠠᠯ ᠪᠤᠯᠬᠤ᠂ | ᠬᠡᠤᠬᠡᠳ ᠢᠶᠠᠨ ᠬᠡᠷᠬᠢᠨ ᠰᠤᠷᠭᠠᠨ ᠬᠦᠮᠦᠵᠢᠭᠦᠯᠬᠦ ᠲᠤᠬᠠᠢ ᠰᠤᠳᠤᠯᠤᠨ᠂ ᠬᠡᠤᠬᠡᠳ ᠲᠤ ᠵᠦᠪ ᠡᠨᠧᠷᠬᠢ ᠶᠢ ᠤᠯᠭᠤᠨ᠂ | ᠬᠡᠤᠬᠡᠳ ᠤᠨ ᠢᠷᠡᠭᠡᠳᠦᠢ ᠳᠤ ᠬᠠᠷᠢᠭᠤᠴᠠᠬᠤ ᠶᠢ ᠬᠦᠰᠡᠵᠦ ᠪᠠᠶᠢᠨ᠎ᠠ᠃ ᠰᠤᠷᠭᠠᠭᠤᠯᠢ᠂ ᠭᠡᠷ ᠪᠦᠯᠢ᠂ ᠨᠡᠶᠢᠭᠡᠮ | ᠵᠡᠷᠭᠡ ᠶᠢᠨ ︽ᠭᠤᠷᠪᠠᠨ ᠲᠤᠤᠷᠵᠢᠯ︾ ᠤᠨ ᠬᠠᠮᠵᠢᠯᠴᠠᠭ᠎ᠠ ᠶᠢ ᠰᠠᠶᠢᠲᠤᠷ ᠪᠤᠢ ᠪᠤᠯᠭᠠᠨ᠂ ᠬᠡᠤᠭᠡᠳ ᠢᠶᠠᠨ ᠵᠦᠪ | ᠬᠦᠮᠦᠵᠢᠭᠦᠯᠬᠦ ᠳᠤ ᠠᠩᠬᠠᠷᠣᠯ ᠢᠶᠠᠨ ᠬᠠᠨᠳᠤᠭᠤᠯᠬᠤ ᠶᠢ ᠬᠦᠰᠡᠶ᠎ᠡ︕ | |