ᠬᠠᠨᠤᠳᠠᠯ᠎ᠠ ᠤᠨᠳᠠᠬᠤ ᠪᠤᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠬᠦᠯ ᠢᠶᠠᠷ ᠦᠰᠤᠨ ᠪᠤᠶᠢᠵᠢᠬᠤ ᠶᠢᠨ ᠴᠢᠬᠤᠯᠠ ᠪᠠᠳᠤᠯᠠᠭ᠎ᠠ ᠪᠤᠯᠤᠨ᠎ᠠ᠃ | ᠰᠤᠷᠭᠠᠨ ᠬᠥᠮᠤᠵᠢᠯ ᠤᠨ ᠶᠠᠮᠤᠨ ᠤ ︽ᠲᠤᠮᠳᠠᠳᠤ ᠪᠠᠭ᠎ᠠ ᠰᠤᠷᠭᠠᠭᠤᠯᠢ ᠶᠢᠨ ᠡᠷᠡᠬᠦᠯ ᠮᠡᠨᠳᠤ ᠶᠢᠨ ᠬᠥᠮᠤᠵᠢᠯ ᠤᠨ ᠵᠢᠯᠤᠭᠤᠳᠬᠤ ᠲᠤᠪᠴᠢ︾ ᠳᠤ᠂ ᠪᠠᠭ᠎ᠠ | ᠰᠤᠷᠭᠠᠭᠤᠯᠢ ᠶᠢᠨ ᠰᠤᠷᠤᠭᠴᠢ ᠡᠳᠤᠷ ᠪᠦᠷᠢ 10 ᠴᠠᠭ ᠤᠨᠳᠠᠪᠠᠯ ᠵᠤᠬᠢᠨ᠎ᠠ᠂ ᠠᠩᠬ᠎ᠠ ᠲᠤᠮᠳᠠᠳᠤ ᠶᠢᠨ ᠰᠤᠷᠤᠭᠴᠢ ᠡᠳᠤᠷ ᠪᠦᠷᠢ 9 ᠴᠠᠭ ᠤᠨᠳᠠᠪᠠᠯ ᠵᠤᠬᠢᠨ᠎ᠠ᠂ | ᠦᠨᠳᠤᠷ ᠲᠤᠮᠳᠠᠳᠤ ᠶᠢᠨ ᠰᠤᠷᠤᠭᠴᠢ ᠡᠳᠤᠷ ᠪᠦᠷᠢ 8 ᠴᠠᠭ ᠤᠨᠳᠠᠪᠠᠯ ᠵᠤᠬᠢᠨ᠎ᠠ ᠭᠡᠵᠤ ᠲᠤᠬᠳᠠᠭᠠᠵᠠᠢ᠃ ᠬᠡᠪᠡᠴᠤ᠂ ᠤᠨᠳᠠᠵᠤ ᠬᠠᠨᠤᠬᠤ ᠦᠭᠡᠢ ᠪᠠᠶᠢᠬᠤ ᠨᠢ | ᠬᠠᠷᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠩ ᠤᠨ ᠦᠵᠡᠭᠳᠡᠯ ᠪᠤᠯᠵᠤ ᠪᠠᠶᠢᠨ᠎ᠠ᠃ | ᠡᠨᠡ ᠨᠢ ᠰᠤᠷᠤᠭᠴᠢᠳ ᠤᠨ ᠰᠤᠷᠤᠯᠴᠠᠬᠤ ᠲᠠᠷᠤᠯᠳᠠ ᠶᠡᠭᠡ᠂ ᠬᠢᠴᠢᠶᠠᠯ ᠤᠨ ᠭᠠᠳᠠᠨᠠᠬᠢ ᠲᠠᠰᠬᠠᠯ ᠠᠷᠪᠢᠨ᠂ ᠰᠤᠷᠭᠠᠭᠤᠯᠢ ᠳᠤ ᠪᠠᠶᠢᠬᠤ ᠴᠠᠭ ᠲᠡᠩᠳᠡᠬᠦᠤ | ᠤᠷᠳᠤ᠂ ᠬᠢᠴᠢᠶᠠᠯ ᠤᠨ ᠭᠠᠳᠠᠨᠠᠬᠢ ᠡᠯᠳᠡᠪ ᠶᠠᠩᠵᠤ ᠶᠢᠨ ᠰᠤᠷᠤᠯᠴᠠᠬᠤ ᠠᠩᠬᠢ ᠬᠡᠳᠤ ᠤᠯᠠᠨ ᠭᠡᠬᠦ ᠮᠡᠳᠤ ᠶᠢᠨ ᠰᠢᠯᠳᠠᠭᠠᠨ ᠠᠴᠠ ᠪᠤᠯᠵᠠᠢ᠃ ᠡᠬᠦᠨ ᠳᠤ ︽ | ᠰᠤᠷᠭᠠᠭᠤᠯᠢ ᠳᠤ ᠪᠠᠶᠢᠬᠤ ᠴᠠᠭ ᠲᠡᠩᠳᠡᠬᠦᠤ ᠤᠷᠳᠤ︾ ᠪᠠᠶᠢᠬᠤ ᠠᠰᠠᠭᠤᠳᠠᠯ ᠨᠢ ᠨᠡᠩ ᠢᠯᠡᠷᠭᠡᠢ ᠪᠠᠶᠢᠨ᠎ᠠ᠃ | ᠪᠠᠶᠢᠴᠠᠭᠠᠨ ᠰᠤᠳᠤᠯᠤᠯᠳᠡ ᠪᠠᠷ ᠤᠯᠵᠤ ᠮᠡᠳᠡᠭᠰᠡᠨ ᠨᠢ᠂ ᠪᠦᠬᠦ ᠤᠯᠤᠰ ᠤᠨ ᠮᠠᠰᠢ ᠤᠯᠠᠨ ᠭᠠᠵᠠᠷ ᠤᠨ ᠪᠠᠭ᠎ᠠ ᠰᠤᠷᠭᠠᠭᠤᠯᠢ ᠶᠢᠨ ᠲᠤᠭᠳᠠᠭᠠᠭᠰᠠᠨ | ᠰᠤᠷᠭᠠᠭᠤᠯᠢ ᠳᠤ ᠬᠥᠷᠬᠦ ᠴᠠᠭ ᠨᠢ 7 ᠴᠠᠭ ᠬᠠᠭᠠᠰ ᠠᠴᠠ ᠡᠷᠳᠡ ᠪᠠᠶᠢᠵᠤ᠂ ᠲᠤᠮᠳᠠᠳᠤ ᠰᠤᠷᠭᠠᠭᠤᠯᠢ ᠶᠢᠨ ᠲᠤᠬᠳᠠᠭᠠᠭᠰᠠᠨ ᠰᠤᠷᠭᠠᠭᠤᠯᠢ ᠳᠤ ᠬᠥᠷᠬᠦ ᠴᠠᠭ ᠨᠢ 7 | ᠴᠠᠭ ᠡᠷᠳᠡ ᠪᠠᠶᠢᠳᠠᠭ᠂ ᠢᠢᠮᠤ ᠪᠤᠯᠬᠤᠷ ᠪᠠᠭ᠎ᠠ ᠰᠤᠷᠭᠠᠭᠤᠯᠢ ᠶᠢᠨ ᠰᠤᠷᠤᠭᠴᠢ 6 ᠴᠠᠭ ᠭᠠᠷᠤᠢ ᠳᠤ ᠪᠤᠰᠴᠤ᠂ ᠲᠤᠮᠳᠠᠳᠤ ᠰᠤᠷᠭᠠᠭᠤᠯᠢ ᠶᠢᠨ ᠰᠤᠷᠤᠭᠴᠢ 6 ᠴᠠᠭ | ᠦᠩᠭᠡᠷᠡᠮᠡᠭᠴᠠ ᠪᠤᠰᠴᠢᠬᠠᠳᠠᠭ᠃ ᠪᠠᠰᠠ ᠮᠠᠰᠢ ᠤᠯᠠᠨ ᠲᠤᠮᠳᠠᠳᠤ ᠰᠤᠷᠭᠠᠭᠤᠯᠢ ᠶᠢᠨ ᠤᠷᠤᠢ ᠶᠢᠨ ᠲᠠᠪᠳᠠᠯᠭ᠎ᠠ ᠶᠢᠨ ᠴᠠᠭ ᠨᠢ 21 ᠴᠠᠭ ᠢ ᠬᠡᠳᠤᠷᠡᠳᠡᠭ ᠪᠤᠯᠬᠤᠷ | ᠰᠤᠷᠤᠭᠴᠢᠳ 22 ᠴᠠᠭ ᠠᠴᠠ ᠡᠮᠤᠨ᠎ᠠ ᠤᠨᠳᠠᠬᠤ ᠳᠤ ᠪᠡᠷᠭᠡ ᠪᠠᠶᠢᠳᠠᠭ᠃ | ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠨᠤᠳᠠᠯ᠎ᠠ ᠤᠨᠳᠠᠬᠤ ᠶᠢ ᠪᠠᠳᠤᠯᠠᠬᠤ ᠶᠢᠨ ᠲᠤᠰᠠᠳᠠ᠂ ᠲᠤᠤᠷᠡᠬᠢ ᠮᠡᠳᠤ ᠬᠡᠳᠤᠨ ᠰᠠᠨᠠᠭᠤᠯᠭ᠎ᠠ | ᠭᠠᠷᠭᠠᠶ᠎ᠠ᠄ | 1. ᠲᠤᠮᠳᠠᠳᠤ ᠪᠠᠭ᠎ᠠ ᠰᠤᠷᠭᠠᠭᠤᠯᠢ ᠰᠤᠷᠭᠠᠨ ᠬᠥᠮᠤᠵᠢᠯ ᠤᠨ ᠦᠢᠯᠠᠭᠠᠬᠳᠠᠬᠤᠨ ᠢᠶᠠᠨ ᠬᠤᠪᠢᠷᠠᠭᠤᠯᠬᠤ᠃ ᠰᠤᠷᠤᠭᠴᠢᠳ ᠤᠨ ᠪᠡᠶ᠎ᠡ ᠶᠢᠨ ᠪᠠ | ᠰᠡᠳᠭᠢᠴᠡ ᠶᠢᠨ ᠡᠷᠡᠬᠦᠯ ᠮᠠᠨᠳᠤ ᠶᠢ ᠴᠢᠬᠤᠯᠠᠴᠢᠯᠠᠨ᠂ ᠰᠤᠷᠤᠭᠴᠢᠳ ᠤᠨ ᠨᠠᠰᠤᠨ ᠲᠤᠷᠰᠢ ᠶᠢᠨ ᠬᠥᠭᠵᠢᠯᠳᠡ ᠠᠴᠠ ᠪᠤᠳᠤᠯᠬᠢᠯᠠᠵᠤ᠂ ᠰᠤᠷᠤᠭᠴᠢᠳ ᠤᠨ ᠤᠨᠳᠠᠬᠤ | ᠴᠠᠭ ᠢ ᠦᠷᠡᠭᠳᠡᠬᠦᠯᠵᠤ ᠪᠠᠶᠢᠭᠠᠳ ᠰᠢᠯᠭᠠᠯᠳᠠ ᠶᠢᠨ ᠬᠢᠷᠢ ᠪᠦᠳᠤᠮᠵᠢ ᠶᠢ ᠲᠡᠭᠡᠭᠰᠢᠯᠡᠬᠦᠯᠬᠦ ᠨᠢᠳᠤᠨ ᠡᠮᠤᠨᠡᠬᠢ ᠶᠢ ᠪᠤᠳᠤᠯᠬᠢᠯᠠᠬᠤ ᠦᠢᠯᠡ ᠠᠵᠢᠯᠯᠠᠭ᠎ᠠ ᠪᠠᠨ ᠬᠠᠶᠠᠭᠠᠷᠠᠢ | ᠃ | 2. ᠰᠤᠷᠭᠠᠨ ᠬᠥᠮᠤᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠰᠤᠷᠭᠠᠭᠤᠯᠢ ᠶᠢᠨ ᠠᠵᠢᠯᠯᠠᠵᠤ ᠠᠮᠠᠷᠠᠬᠤ ᠴᠠᠭ ᠤᠨ ᠲᠤᠬᠠᠢ ᠲᠤᠰᠬᠠᠢ ᠪᠠᠶᠢᠴᠠᠭᠠᠯᠳᠠ | ᠦᠷᠨᠢᠬᠦᠯᠬᠦ᠃ ᠠᠵᠢᠯᠯᠠᠵᠤ ᠠᠮᠠᠷᠠᠬᠤ ᠴᠠᠭ ᠨᠢ ᠠᠵᠢᠯᠯᠠᠵᠤ ᠠᠮᠠᠷᠠᠬᠤ ᠲᠦᠷᠢᠮ ᠤᠨ ᠲᠤᠭᠳᠠᠭᠠᠯ ᠲᠠᠢ ᠨᠡᠶᠢᠴᠡᠬᠦ ᠦᠭᠡᠢ ᠦᠢᠯᠡ ᠠᠵᠢᠯᠯᠠᠭ᠎ᠠ ᠶᠢ ᠰᠢᠳᠭᠡᠵᠤ᠂ | ᠲᠤᠬᠳᠠᠭᠰᠠᠨ ᠬᠤᠭᠤᠴᠠᠭᠠᠨ ᠳᠤ ᠵᠠᠯᠠᠷᠠᠭᠤᠯᠤᠨ᠎ᠠ᠃ ᠲᠤᠤᠱᠳᠠᠢ ᠬᠡᠷᠡᠭᠵᠢᠬᠦᠯᠬᠦ ᠦᠭᠡᠢ ᠨᠢᠭᠡᠴᠠ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠠᠨ᠎ᠠ᠃ | 3. ᠦᠳᠡ ᠶᠢᠨ ᠠᠮᠠᠷᠠᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠬᠦ᠃ ᠰᠤᠷᠤᠭᠴᠢᠳ ᠤᠨ ᠦᠳᠡ ᠶᠢᠨ ᠬᠤᠶᠢᠨᠠᠬᠢ ᠬᠢᠴᠢᠶᠡᠯ ᠲᠡᠭᠡᠷ᠎ᠡ ᠠᠩᠬᠠᠷᠤᠯ ᠢᠶᠠᠨ | ᠨᠡᠩ ᠲᠦᠪᠯᠡᠷᠡᠬᠦᠯᠬᠦ᠂ ᠲᠡᠷᠢᠬᠢ ᠲᠤᠯᠤᠭᠠᠢ ᠪᠠᠨ ᠨᠡᠩ ᠬᠤᠷᠴᠠ ᠰᠡᠷᠭᠡᠭ ᠪᠠᠶᠢᠯᠭᠠᠬᠤ᠂ ᠨᠡᠩ ᠦᠷ᠎ᠡ ᠪᠦᠳᠤᠮᠵᠢᠳᠠᠢ ᠰᠤᠷᠤᠯᠴᠠᠬᠤ ᠶᠢ ᠪᠠᠳᠤᠯᠠᠬᠤ ᠶᠢᠨ ᠲᠦᠯᠤᠭᠡ᠂ | ᠰᠤᠷᠤᠭᠴᠢᠳ ᠢ ᠦᠳᠡ ᠶᠢᠨ ᠬᠤᠭᠤᠯᠠᠨ ᠤ ᠲᠠᠷᠠᠭ᠎ᠠ ᠪᠠᠭ᠎ᠠ ᠤᠨᠳᠠᠭᠤᠯᠵᠤ᠂ ᠰᠤᠷᠤᠭᠴᠢᠳ ᠤᠨ ᠨᠦᠢᠷ ᠬᠥᠷᠬᠦ ᠠᠴᠠ ᠪᠤᠯᠵᠤ ᠶᠠᠳᠠᠷᠠᠬᠤ ᠪᠠᠶᠢᠳᠠᠯ ᠭᠠᠷᠬᠤ ᠶᠢ | ᠨᠠᠮᠳᠠᠭᠤᠯᠤᠨ᠎ᠠ᠃ |