ᠰᠤᠷᠤᠯᠴᠠᠬᠤ ᠦᠷ᠎ᠠ ᠪᠦᠳᠦᠮᠵᠢ ᠶᠢ ᠲᠡᠭᠡᠭᠰᠢᠯᠡᠬᠦᠯᠬᠦ ᠠᠷᠭ᠎ᠠ
ᠨᠡᠶᠢᠲᠡᠯᠡᠭᠰᠡᠨ ᠴᠠᠭ᠄
2019/4/22
     ᠰᠤᠷᠤᠯᠴᠠᠬᠤ ᠦᠷ᠎ᠠ ᠪᠦᠳᠦᠮᠵᠢ ᠶᠢ ᠲᠡᠭᠡᠭᠰᠢᠯᠡᠬᠦᠯᠬᠦ ᠳᠤ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦ ᠨᠢ ᠲᠤᠩ ᠴᠢᠬᠤᠯᠠ ᠶᠤᠮ᠃ ᠠᠭᠤᠤ ᠶᠡᠭᠡ ᠠᠮᠢᠳᠤ ᠪᠤᠳᠠᠰ ᠤᠨ ᠤᠬᠠᠭᠠᠨᠳᠠᠨ ᠳ᠋ᠠᠷᠧᠢᠨ ᠬᠡᠯᠡᠭᠰᠡᠨ ᠨᠢ᠄ ︽ᠠᠯᠢᠪᠠ ᠮᠡᠳᠡᠯᠭᠡ ᠲᠤᠳᠤᠷ᠎ᠠ ᠬᠠᠮᠤᠭ ᠤᠨ ᠦᠨ᠎ᠠ ᠦᠷᠳᠡᠭ ᠲᠠᠢ ᠨᠢ ᠰᠤᠷᠤᠯᠴᠠᠬᠤ ᠠᠷᠭ᠎ᠠ ᠶᠢᠨ ᠮᠡᠳᠡᠯᠭᠡ ᠪᠤᠯᠤᠨ᠎ᠠ︾ ᠭᠡᠪᠡ᠃ ᠮᠡᠳᠡᠯᠭᠡ ᠶᠢᠨ ᠠᠵᠥ ᠠᠬᠤᠢ ᠶᠢᠨ ᠴᠠᠭ ᠦᠶ᠎ᠠ ᠳᠤ ᠬᠡᠷᠡᠭᠰᠡᠬᠦ ᠨᠢ ᠦᠨᠳᠦᠷ ᠦᠷ᠎ᠠ ᠪᠦᠳᠦᠮᠵᠢ ᠲᠠᠢ ᠪᠠᠷ ᠰᠤᠷᠤᠯᠴᠠᠵᠥ ᠴᠢᠳᠠᠬᠤ ᠴᠢᠳᠠᠪᠤᠷᠢᠳᠠᠨ ᠪᠤᠯᠤᠨ᠎ᠠ᠃ ᠰᠤᠷᠤᠯᠴᠠᠵᠥ ᠴᠢᠳᠠᠬᠤ ᠦᠭᠡᠢ ᠬᠦᠮᠦᠨ ᠡᠴᠦᠰ ᠲᠡᠭᠡᠨ ᠮᠡᠳᠡᠯᠭᠡ ᠶᠢᠨ ᠠᠵᠥ ᠠᠬᠤᠢ ᠶᠢᠨ ᠴᠠᠭ ᠦᠶ᠎ᠠ ᠶᠢᠨ ᠶᠡᠭᠡ ᠤᠷᠤᠰᠬᠠᠯ ᠳᠤ ᠲᠠᠶᠠᠭᠳᠠᠭᠳᠠᠬᠤ ᠪᠤᠯᠤᠨ᠎ᠠ᠃ ᠡᠶᠢᠮᠦ ᠠᠴᠠ ᠦᠨᠳᠦᠷ ᠦᠷ᠎ᠠ ᠪᠦᠳᠦᠮᠵᠢᠳᠦ ᠰᠤᠷᠤᠯᠴᠠᠬᠤ ᠠᠷᠭ᠎ᠠ ᠶᠢ ᠡᠵᠡᠮᠰᠢᠬᠦ ᠨᠢ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠳᠦᠮᠵᠢ ᠶᠢ ᠲᠡᠭᠡᠭᠰᠢᠯᠡᠬᠦᠯᠬᠦ ᠪᠦᠭᠡᠳ ᠲᠤᠷᠰᠢᠨ ᠠᠰᠢᠭ ᠬᠦᠷᠳᠡᠭᠡᠬᠦ ᠪᠤᠯᠤᠨ᠎ᠠ᠃ ᠲᠤᠤᠷ᠎ᠠ ᠬᠡᠳᠦᠨ ᠲᠡᠯ᠎ᠠ ᠠᠴᠠ ᠦᠨᠳᠦᠷ ᠦᠷ᠎ᠠ ᠪᠦᠳᠦᠮᠵᠢᠳᠦ ᠰᠤᠷᠤᠯᠴᠠᠬᠤ ᠠᠷᠭ᠎ᠠ ᠶᠢ ᠵᠠᠳᠠᠯᠤᠨ ᠲᠤᠳᠤᠷᠬᠠᠢᠢᠯᠠᠶ᠎ᠠ᠃      ᠨᠢᠭᠡ᠂ ᠬᠠᠷᠠᠯᠳᠠ ᠪᠠᠨ ᠲᠤᠳᠤᠷᠬᠠᠢ ᠲᠤᠭᠳᠠᠭᠠᠬᠤ᠃ ᠠᠤᠭ᠎ᠠ ᠶᠡᠭᠡ ᠬᠠᠷᠠᠯᠳᠠ ᠪᠤᠯ ᠬᠦᠮᠦᠨ ᠢ ᠵᠤᠷᠢᠭᠵᠢᠭᠤᠯᠤᠨ ᠠᠮᠵᠢᠯᠳᠠ ᠤᠯᠬᠤ ᠶᠢ ᠠᠬᠢᠭᠤᠯᠬᠤ ᠬᠦᠳᠡᠯᠭᠡᠭᠴᠢ ᠬᠦᠴᠦ ᠮᠦᠨ᠃ ᠰᠤᠷᠤᠭᠴᠢ ᠨᠦᠬᠦᠳ ᠦᠪᠡᠷ ᠤᠨ ᠬᠠᠷᠠᠯᠳᠠ ᠪᠠᠨ ᠲᠤᠳᠤᠷᠬᠠᠢ ᠲᠤᠭᠳᠠᠭᠠᠪᠠᠯ ᠰᠠᠶ᠋ᠢ ᠴᠢᠷᠮᠠᠶᠢᠬᠤ ᠵᠦᠪ ᠴᠢᠭᠯᠡᠯ ᠢᠶᠠᠨ ᠤᠯᠵᠥ᠂ ᠰᠤᠷᠤᠯᠴᠠᠬᠤ ᠦᠨ᠎ᠠ ᠦᠷᠳᠡᠭ ᠢ ᠤᠢᠢᠯᠠᠭᠠᠵᠥ᠂ ᠠᠮᠢᠳᠤᠷᠠᠯ ᠰᠤᠷᠤᠯᠭ᠎ᠠ ᠶᠢᠨ ᠲᠤᠮᠳᠠ ᠲᠤᠬᠢᠶᠠᠯᠳᠤᠬᠤ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠢ ᠢᠯᠠᠨ ᠲᠠᠪᠠᠭ᠋ᠤ ᠬᠦᠴᠦᠨ ᠲᠠᠢ ᠪᠤᠯᠵᠥ ᠴᠢᠳᠠᠨ᠎ᠠ᠃ ᠰᠤᠷᠤᠭᠴᠢ ᠨᠢᠭᠡᠪᠦᠷᠢ ᠦᠪᠡᠷ ᠤᠨ ᠲᠤᠳᠤᠷᠬᠠᠢ ᠠᠯᠤᠰ ᠬᠡᠳᠦ ᠶᠢᠨ ᠬᠠᠷᠠᠯᠳᠠ ᠬᠢᠭᠡᠳ ᠤᠢᠢᠷ᠎ᠠ ᠶᠢᠨ ᠬᠤᠭᠤᠴᠠᠭᠠᠨ ᠤ ᠬᠠᠷᠠᠯᠳᠠ ᠭᠡᠵᠥ ᠲᠤᠭᠳᠠᠭᠠᠵᠥ ᠪᠤᠯᠤᠨ᠎ᠠ᠂ ︽ᠬᠦᠮᠦᠨ ᠤᠬᠠᠭᠠᠨ ᠤ ᠠᠮᠢᠳᠤᠷᠠᠯ︾ ᠠᠭᠤᠯᠭ᠎ᠠ ᠶᠢ ᠰᠤᠷᠬᠤ ᠪᠠᠷ ᠵᠢᠱᠢᠶᠡᠯᠡᠪᠡᠯ᠂ ᠲᠤᠰ ᠭᠠᠷᠠᠭ ᠲᠤ ᠨᠢᠭᠡᠳᠦᠭᠡᠷ ᠬᠢᠴᠢᠶᠡᠯ ᠳᠤ ᠰᠤᠷᠤᠭᠰᠠᠨ ᠤᠭ ᠶᠤᠰᠤ ᠬᠢᠭᠡᠳ ᠠᠷᠭ᠎ᠠ ᠶᠢᠨ ᠤᠨᠤᠯ ᠢ ᠤᠢᠢᠯᠠᠭᠠᠨ ᠴᠡᠭᠡᠵᠢᠯᠡᠬᠦ᠂ ᠲᠤᠰ ᠰᠠᠷ᠎ᠠ ᠳᠤ ᠨᠢᠭᠡᠳᠦᠭᠡᠷ ᠨᠢᠭᠡᠴᠢ ᠳᠤ ᠰᠤᠷᠤᠭᠰᠠᠨ ᠬᠢᠷᠢ ᠪᠦᠳᠦᠮᠵᠢ ᠪᠠᠨ 70 ᠬᠤᠪᠢ ᠠᠴᠠ 80 ᠬᠤᠪᠢ ᠪᠤᠯᠭᠠᠨ ᠲᠡᠭᠡᠭᠰᠢᠯᠡᠬᠦᠯᠬᠦ ᠬᠡᠬᠦ ᠮᠡᠳᠦ ᠪᠠᠷ ᠲᠤᠳᠤᠷᠬᠠᠢ ᠬᠠᠷᠠᠯᠳᠠ ᠲᠤᠭᠳᠠᠭᠠᠵᠥ ᠵᠠᠪᠠᠯ ᠪᠡᠶᠡᠯᠡᠬᠦᠯᠤᠨ᠎ᠠ᠃ ᠠᠯᠤᠰ ᠬᠡᠳᠦ ᠶᠢᠨ ᠬᠠᠷᠠᠯᠳᠠ ᠠᠴᠠ ᠦᠵᠡᠪᠡᠯ ᠬᠤᠵᠢᠮ ᠨᠢᠭᠡᠨ ᠨᠡᠷᠡᠳᠦ ᠵᠤᠬᠢᠶᠠᠯᠴᠢ ᠪᠤᠯᠬᠤ ᠰᠢᠯᠢᠳᠡᠭ ᠬᠦᠳᠦᠯᠦᠭᠴᠢ ᠪᠤᠯᠬᠤ᠂ ᠰᠢᠨᠵᠢᠯᠡᠬᠦ ᠤᠬᠠᠭᠠᠨᠳᠠᠨ ᠪᠤᠯᠬᠤ ᠵᠡᠷᠭᠡ ᠤᠯᠠᠨ ᠵᠦᠢᠯ ᠤᠨ ᠰᠤᠩᠭᠤᠯᠳᠠ ᠪᠠᠶᠢᠵᠥ ᠪᠤᠯᠤᠨ᠎ᠠ᠂ ᠤᠢᠢᠷ᠎ᠠ ᠶᠢᠨ ᠬᠤᠭᠤᠴᠠᠭᠠᠨ ᠤ ᠪᠤᠳᠠᠳᠠᠢ ᠬᠠᠷᠠᠯᠳᠠ ᠪᠠᠨ ᠨᠢᠭᠡ ᠨᠢᠭᠡ ᠪᠠᠷ ᠪᠡᠶᠡᠯᠡᠬᠦᠯᠬᠦ ᠪᠠᠷ ᠲᠠᠮᠵᠢᠨ ᠠᠯᠤᠰ ᠬᠡᠳᠦ ᠶᠢᠨ ᠠᠤᠭ᠎ᠠ ᠬᠠᠷᠠᠯᠳᠠ ᠪᠠᠨ ᠪᠡᠶᠡᠯᠡᠬᠦᠯᠵᠥ᠂ ᠲᠤᠭᠠᠨ ᠤ ᠬᠤᠷᠠᠮᠳᠤᠯ ᠠᠴᠠ ᠴᠢᠨᠠᠷ ᠤᠨ ᠦᠰᠦᠷᠦᠯᠳᠠ ᠳᠤ ᠬᠦᠷᠦᠨ᠎ᠠ᠃      ᠬᠤᠶᠠᠷ᠂ ᠴᠠᠭ ᠢ ᠠᠰᠢᠭᠯᠠᠬᠤ ᠳᠠᠭᠠᠨ ᠴᠢᠳᠠᠮᠠᠭᠠᠢ ᠪᠠᠶᠢᠬᠤ᠃ 1. ᠤᠨᠳᠠᠵᠥ ᠠᠮᠠᠷᠠᠬᠤ ᠴᠠᠭ ᠢᠶᠠᠨ ᠵᠤᠬᠢᠰᠳᠠᠢ ᠲᠤᠬᠢᠷᠠᠭᠤᠯᠤᠨ᠂ ᠪᠡᠶ᠎ᠠ ᠲᠡᠮᠢᠷ ᠤᠨ ᠪᠤᠯᠪᠠᠰᠤᠷᠠᠯ ᠳᠤ ᠢᠳᠡᠪᠬᠢᠳᠠᠢ ᠤᠷᠤᠯᠴᠠᠨ᠎ᠠ᠃ ᠵᠠᠷᠢᠮ ᠨᠦᠬᠦᠳ ᠢᠯᠡᠬᠦᠦ ᠰᠤᠷᠬᠤ ᠶᠢᠨ ᠲᠦᠯᠦᠭᠡ ᠲᠡᠩᠳᠡᠬᠦᠦ ᠤᠷᠤᠢ ᠪᠤᠯᠳᠠᠯ᠎ᠠ ᠰᠤᠷᠳᠠᠭ᠂ ᠵᠠᠷᠢᠮ ᠨᠢ ᠭᠠᠷ ᠤᠳᠠᠰᠤ ᠨᠠᠭᠠᠳᠬᠤ ᠪᠤᠶᠤ ᠵᠤᠭᠤᠭ ᠬᠡᠯᠡᠯᠴᠡᠨ ᠡᠷᠳᠡᠭᠡᠨ ᠤᠨᠳᠠᠵᠥ ᠠᠮᠠᠷᠠᠬᠤ ᠦᠭᠡᠢ ᠪᠠᠶᠢᠳᠠᠭ᠂ ᠡᠬᠦᠨ ᠠᠴᠠ ᠪᠤᠯᠵᠥ ᠲᠠᠷᠠᠭ᠎ᠠ ᠡᠳᠦᠷ ᠤᠨ ᠬᠢᠴᠢᠶᠡᠯ ᠲᠡᠭᠡᠷ᠎ᠠ ᠨᠦᠢᠷ ᠬᠦᠷᠬᠦ ᠪᠤᠶᠤ ᠲᠡᠷᠢᠬᠢ ᠲᠤᠯᠤᠭᠠᠢ ᠰᠡᠷᠭᠡᠭ ᠦᠭᠡᠢ ᠪᠤᠯᠵᠥ ᠬᠢᠴᠢᠶᠡᠯ ᠰᠤᠨᠤᠰᠬᠤ ᠦᠷ᠎ᠠ ᠪᠦᠳᠦᠮᠵᠢ ᠪᠠᠨ ᠶᠡᠬᠡᠪᠡᠷ ᠨᠦᠯᠦᠭᠡᠯᠡᠳᠡᠭ᠂ ᠢᠩᠭᠢᠵᠥ ᠤᠷᠳᠤ ᠬᠤᠭᠤᠴᠠᠭ᠎ᠠ ᠪᠠᠷ ᠦᠷᠬᠦᠯᠵᠢᠯᠡᠬᠦ ᠳᠤ ᠬᠦᠷᠪᠡᠯ ᠰᠤᠷᠤᠭᠴᠢ ᠶᠢᠨ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠢ ᠨᠦᠯᠦᠭᠡᠯᠡᠨ᠂ ᠰᠤᠷᠤᠯᠭ᠎ᠠ ᠶᠢᠨ ᠬᠢᠷᠢ ᠪᠦᠳᠦᠮᠵᠢ ᠶᠢᠨ ᠲᠡᠭᠡᠭᠰᠢᠯᠡᠯᠳᠡ ᠶᠢ ᠨᠦᠯᠦᠭᠡᠯᠡᠳᠡᠭ ᠶᠤᠮ᠃ ᠡᠶᠢᠮᠦ ᠠᠴᠠ ᠤᠨᠳᠠᠵᠥ ᠠᠮᠠᠷᠠᠬᠤ ᠂ ᠰᠤᠷᠤᠯᠴᠠᠬᠤ᠂ ᠨᠠᠭᠠᠳᠬᠤ ᠴᠠᠭ ᠢᠶᠠᠨ ᠰᠠᠶᠢᠬᠠᠨ ᠵᠤᠬᠢᠰᠳᠠᠢ ᠲᠤᠬᠢᠷᠠᠭᠤᠯᠬᠤ ᠬᠡᠷᠡᠭᠳᠠᠢ᠃ 2. ᠡᠳᠦᠷ ᠤᠨ ᠶᠠᠪᠤᠳᠠᠯ ᠢᠶᠠᠨ ᠡᠳᠦᠷ ᠲᠡᠭᠡᠨ ᠬᠢᠵᠥ ᠲᠠᠭᠤᠰᠬᠠᠬᠤ᠃ ᠡᠳᠦᠷ ᠤᠨ ᠰᠤᠷᠤᠭᠰᠠᠨ ᠠᠭᠤᠯᠭ᠎ᠠ ᠪᠠᠨ ᠡᠳᠦᠷ ᠲᠡᠭᠡᠨ ᠰᠢᠩᠭᠡᠭᠡᠵᠥ ᠠᠪᠬᠤ ᠪᠠᠷ ᠴᠢᠷᠮᠠᠶᠢᠬᠤ᠂ ᠲᠠᠰᠬᠠᠯ ᠪᠤᠯᠪᠠᠰᠤᠷᠠᠯ ᠢᠶᠠᠨ ᠴᠠᠭ ᠲᠠᠭᠠᠨ ᠬᠦᠢᠴᠡᠳᠬᠡᠬᠦ᠂ ᠰᠠᠶᠢᠨ ᠰᠠᠶᠢᠬᠠᠨ ᠵᠠᠩ ᠲᠠᠳᠬᠠᠯ ᠢ ᠪᠠᠷᠢᠮᠳᠠᠯᠠᠨ᠂ ᠵᠠᠯᠠᠬᠠᠭᠤᠷᠠᠨ ᠤᠴᠢᠷ ᠶᠠᠪᠤᠳᠠᠯ ᠢᠶᠠᠨ ᠬᠤᠶᠢᠰᠢᠯᠠᠭᠤᠯᠬᠤ᠂ ︽ᠮᠠᠷᠭᠠᠰᠢ︾ ᠭᠡᠭᠰᠡᠭᠡᠷ ᠪᠠᠶᠢᠭᠠᠳ ᠡᠴᠦᠰ ᠲᠡᠭᠡᠨ ᠶᠠᠭᠤ ᠴᠦ ᠪᠦᠳᠦᠭᠡᠵᠥ ᠲᠡᠶᠢᠯᠬᠦ ᠦᠭᠡᠢ ᠪᠠᠶᠢᠳᠠᠭ ᠮᠠᠭᠤ ᠲᠠᠳᠬᠠᠯ ᠢ ᠲᠡᠪᠴᠢᠬᠦ ᠬᠡᠷᠡᠭᠳᠠᠢ᠃ 3. ᠲᠠᠷᠠᠬᠠᠢ ᠪᠤᠳᠠᠷᠬᠠᠢ ᠰᠤᠯᠠ ᠴᠠᠭ ᠢ ᠴᠢᠳᠠᠮᠠᠭᠠᠢ ᠠᠰᠢᠭᠯᠠᠬᠤ᠃ ᠴᠠᠭ ᠮᠦᠴᠡ ᠨᠢᠭᠡ ᠨᠢᠭᠡ ᠴᠠᠭ ᠢᠶᠠᠷ ᠦᠩᠭᠡᠷᠡᠵᠥ ᠪᠠᠶᠢᠬᠤ ᠪᠢᠰᠢ ᠬᠠᠷᠢᠨ ᠨᠢᠭᠡ ᠨᠢᠭᠡ ᠮᠢᠨᠦ᠋ᠲ ᠢᠶᠠᠷ ᠦᠩᠭᠡᠷᠡᠵᠥ ᠪᠠᠶᠢᠳᠠᠭ᠃ ᠡᠶᠢᠮᠦ ᠠᠴᠠ ᠪᠢᠳᠠ ᠲᠤᠭᠠᠨ ᠤ ᠬᠤᠷᠠᠮᠳᠤᠯ ᠢ ᠴᠢᠬᠤᠯᠠᠴᠢᠯᠠᠨ ᠦᠵᠡᠵᠥ᠂ ᠨᠢᠭᠡ ᠮᠢᠨᠦ᠋ᠲ ᠨᠢᠭᠡ ᠰᠧᠺᠦ᠋ᠨᠲ ᠤᠨ ᠬᠤᠷᠠᠮᠳᠤᠯ ᠢᠶᠠᠷ ᠲᠡᠮᠵᠢᠨ ᠴᠠᠭ ᠤᠨ ᠠᠰᠢᠭᠯᠠᠮᠵᠢ ᠶᠢ ᠨᠡᠮᠡᠭᠳᠡᠬᠦᠯᠤᠨ᠎ᠠ᠃ ᠵᠢᠱᠢᠶᠡᠯᠡᠪᠡᠯ᠂ ᠲᠡᠷᠭᠡᠨ ᠦᠷᠳᠡᠭᠡᠨ ᠳᠤ ᠲᠡᠷᠭᠡ ᠬᠦᠯᠢᠶᠡᠬᠦ ᠲᠠᠪᠤ ᠠᠷᠪᠠᠨ ᠮᠢᠨᠦ᠋ᠲ᠂ ᠵᠠᠮ ᠠᠶᠠᠯᠠᠬᠤ ᠬᠠᠭᠠᠰ ᠴᠠᠭ ᠬᠤᠷᠢᠨ ᠮᠢᠨᠦ᠋ᠲ ᠤᠨ ᠴᠠᠭ ᠢ ᠠᠰᠢᠭᠯᠠᠨ ᠠᠩᠭ᠍ᠯᠢ ᠬᠡᠯᠡᠨ ᠤ ᠦᠭᠡ ᠦᠬᠦᠯᠡᠪᠦᠷᠢ ᠶᠢ ᠴᠡᠭᠡᠵᠢᠯᠡᠬᠦ᠂ ᠤᠯᠤᠰ ᠲᠦᠷᠦ᠂ ᠲᠡᠤᠬᠡ ᠶᠢᠨ ᠤᠬᠠᠭᠳᠠᠬᠤᠨ᠂ ᠤᠭ ᠶᠤᠰᠤ ᠶᠢ ᠴᠡᠭᠡᠵᠢᠯᠡᠬᠦ᠂ ᠰᠤᠨᠢᠨ ᠰᠡᠳᠬᠦᠯ ᠤᠩᠰᠢᠬᠤ᠂ ᠮᠠᠲ᠋ᠧᠷᠢᠶᠠᠯ ᠴᠤᠭᠯᠠᠭᠤᠯᠬᠤ ᠵᠡᠷᠭᠡ ᠠᠵᠢᠯ ᠢ ᠬᠢᠵᠥ ᠪᠤᠯᠤᠨ᠎ᠠ᠃     ᠭᠤᠷᠪᠠ᠂ ᠰᠤᠷᠬᠤ ᠶᠠᠪᠤᠴᠠ ᠶᠢᠨ ᠭᠤᠭᠴᠤᠭ᠎ᠠ ᠶᠢ ᠬᠢᠨᠠᠮᠠᠭᠠᠢ ᠬᠦᠢᠴᠡᠳᠬᠡᠬᠦ᠃ 1. ᠤᠷᠢᠳᠴᠢᠯᠠᠨ ᠲᠠᠪᠳᠠᠬᠤ᠃ ᠪᠡᠯᠡᠳᠬᠡᠯ ᠦᠭᠡᠢ ᠲᠠᠶᠢᠨ ᠢᠯᠠᠭᠳᠠᠵᠥ᠂ ᠤᠷᠢᠳᠴᠢᠯᠠᠨ ᠲᠠᠪᠳᠠᠬᠤ ᠦᠭᠡᠢ ᠬᠢᠴᠢᠶᠡᠯ ᠰᠠᠶᠢᠨ ᠦᠷ᠎ᠠ ᠪᠦᠳᠦᠮᠵᠢ ᠤᠯᠵᠥ ᠴᠢᠳᠠᠬᠤ ᠦᠭᠡᠢ᠃ ᠤᠷᠢᠳᠴᠢᠯᠠᠨ ᠲᠠᠪᠳᠠᠬᠤ ᠪᠠᠷ ᠲᠠᠮᠵᠢᠨ ᠰᠢᠨ᠎ᠠ ᠬᠢᠴᠢᠶᠡᠯ ᠤᠨ ᠲᠤᠬᠠᠢ ᠠᠩᠬ᠎ᠠ ᠠᠯᠬᠤᠮ ᠤᠨ ᠤᠢᠢᠯᠠᠭᠠᠯᠳᠠ ᠲᠠᠢ ᠪᠤᠯᠵᠥ᠂ ᠰᠢᠨ᠎ᠠ ᠬᠢᠴᠢᠶᠡᠯ ᠢᠶᠠᠨ ᠬᠢᠯᠪᠡᠷᠬᠠᠨ ᠰᠤᠷᠬᠤ᠂ ᠦᠪᠡᠷ ᠤᠨ ᠬᠢᠴᠢᠶᠡᠯ ᠰᠤᠨᠤᠰᠬᠤ ᠬᠠᠨᠳᠤᠯᠭᠠᠳᠤ ᠴᠢᠨᠠᠷ᠂ ᠢᠳᠡᠪᠬᠢ ᠴᠢᠨᠠᠷ ᠢᠶᠠᠨ ᠲᠡᠭᠡᠭᠰᠢᠯᠡᠬᠦᠯᠵᠥ᠂ ᠰᠢᠨ᠎ᠠ ᠠᠭᠤᠯᠭ᠎ᠠ ᠶᠢ ᠤᠢᠢᠯᠠᠭᠠᠬᠤ ᠳᠤ ᠠᠰᠢᠬᠳᠠᠢ ᠶᠤᠮ᠃ 2. ᠦᠨᠳᠦᠷ ᠪᠦᠳᠦᠮᠵᠢᠳᠠᠢ ᠪᠠᠷ ᠬᠢᠴᠢᠶᠡᠯ ᠰᠤᠨᠤᠰᠬᠤ᠃ ᠨᠢᠭᠡ ᠰᠤᠷᠤᠭᠴᠢ ᠶᠢᠨ ᠰᠤᠷᠤᠯᠭ᠎ᠠ ᠶᠢᠨ ᠰᠠᠶᠢᠨ ᠮᠠᠭᠤ᠂ ᠬᠢᠷᠢ ᠪᠦᠳᠦᠮᠵᠢ ᠶᠢᠨ ᠦᠨᠳᠦᠷ ᠲᠤᠤᠷ᠎ᠠ ᠶᠢᠨ ᠵᠠᠩᠬᠢᠯᠠᠭ᠎ᠠ ᠨᠢ ᠬᠢᠴᠢᠶᠠᠯ ᠤᠨ ᠴᠠᠭ ᠤᠨ ᠰᠤᠷᠤᠯᠭ᠎ᠠ ᠳᠤ ᠪᠤᠢ᠃ ᠬᠢᠴᠢᠶᠡᠯ ᠤᠨ ᠴᠠᠭ ᠤᠨ 45 ᠮᠢᠨᠦ᠋ᠲ ᠢ ᠬᠦᠢᠴᠡᠳ ᠠᠰᠢᠭᠯᠠᠨ᠂ ᠦᠷ᠎ᠠ ᠪᠦᠳᠦᠮᠵᠢᠳᠠᠢ ᠰᠤᠷᠤᠯᠴᠠᠬᠤ ᠨᠢ ᠰᠤᠷᠤᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠳᠤ ᠯᠤᠳᠤ ᠶᠡᠭᠡ ᠨᠦᠯᠦᠭᠡ ᠲᠠᠢ ᠶᠤᠮ᠃ ᠨᠢᠭᠡ ᠬᠢᠴᠢᠶᠡᠯ ᠢ ᠰᠠᠶᠢᠨ ᠰᠤᠨᠤᠰᠬᠤ ᠳᠤ ᠬᠢᠴᠢᠶᠡᠯ ᠠᠴᠠ ᠡᠮᠤᠨ᠎ᠠ ᠪᠡᠶ᠎ᠠ ᠰᠡᠳᠬᠢᠴᠡ᠂ ᠮᠡᠳᠡᠯᠭᠡ ᠪᠤᠯᠪᠠᠰᠤᠷᠠᠯ ᠤᠨ ᠲᠡᠯ᠎ᠠ ᠠᠴᠠ ᠬᠦᠢᠴᠡᠳ ᠪᠡᠯᠡᠳᠬᠡᠯ ᠬᠢᠵᠥ᠂ ᠲᠠᠷᠤᠢ ᠬᠢᠨᠠᠮᠠᠭᠠᠢ ᠰᠤᠨᠤᠰᠬᠤ᠂ ᠨᠠᠷᠢᠨ ᠦᠵᠡᠬᠦ ᠢᠳᠡᠪᠬᠢᠳᠠᠢ ᠶᠠᠷᠢᠬᠤ᠂ ᠰᠡᠳᠬᠢᠯ ᠢᠶᠠᠨ ᠲᠦᠪᠯᠡᠷᠡᠬᠦᠯᠬᠦ᠂ ᠭᠠᠷ ᠢᠶᠠᠨ ᠬᠦᠳᠡᠯᠭᠡᠬᠦ ᠵᠡᠷᠭᠡ ᠪᠤᠯᠤᠨ᠎ᠠ᠂ 3. ᠴᠠᠭ ᠲᠤᠬᠠᠢ ᠳᠤᠨᠢ ᠲᠠᠪᠳᠠᠬᠤ᠃ ᠬᠠᠭᠤᠴᠢᠨ ᠢᠶᠠᠨ ᠲᠡᠪᠳᠡᠮᠠᠨᠵᠢᠨ ᠰᠠᠶ᠋ᠢ ᠰᠢᠨ᠎ᠠ ᠮᠡᠳᠡᠯᠭᠡ ᠶᠢ ᠡᠵᠡᠮᠰᠢᠵᠥ ᠴᠢᠳᠠᠨ᠎ᠠ᠃ ᠰᠤᠷᠤᠭᠰᠠᠨ ᠠᠭᠤᠯᠭ᠎ᠠ ᠪᠠᠨ ᠲᠠᠪᠳᠠᠬᠤ ᠨᠢ ᠰᠤᠷᠤᠭᠴᠢ ᠶᠢᠨ ᠮᠡᠳᠡᠯᠭᠡ ᠶᠢᠨ ᠴᠢᠬᠤᠯᠠ ᠨᠢᠭᠡ ᠭᠤᠭᠴᠤᠭ᠎ᠠ ᠮᠦᠨ᠃ ᠡᠶᠢᠮᠦ ᠠᠴᠠ ᠰᠤᠷᠤᠯᠴᠠᠬᠤ ᠦᠷ᠎ᠠ ᠪᠦᠳᠦᠮᠵᠢ ᠪᠠᠨ ᠲᠡᠭᠡᠭᠰᠢᠯᠡᠬᠦᠯᠬᠦ ᠳᠤ ᠡᠷᠬᠡᠪᠰᠢ ᠴᠠᠭ ᠲᠤᠬᠠᠢ ᠳᠤᠨᠢ ᠲᠡᠬᠢᠨ ᠲᠡᠪᠳᠠᠬᠤ ᠬᠡᠷᠡᠭᠳᠠᠢ᠃ ᠲᠠᠪᠳᠠᠬᠤ ᠦᠶᠡᠰ ᠵᠠᠪᠠᠯ ᠵᠤᠬᠢᠰᠳᠠᠢ ᠲᠦᠯᠦᠪᠯᠡᠭᠡ ᠲᠤᠭᠳᠠᠭᠠᠵᠥ ᠰᠢᠰᠲ᠋ᠧᠮ ᠲᠠᠢ᠂ ᠠᠯᠬᠤᠮ ᠲᠠᠷᠠᠭ᠎ᠠ ᠲᠠᠢ᠂ ᠰᠢᠨᠵᠢᠯᠡᠬᠦ ᠤᠬᠠᠭᠠᠨᠴᠢ ᠪᠠᠷ ᠲᠡᠪᠳᠡᠬᠤ ᠰᠠᠶᠢᠨ ᠰᠠᠶᠢᠬᠠᠨ ᠲᠠᠳᠬᠠᠯ ᠢ ᠪᠤᠢ ᠪᠤᠯᠭᠠᠨ᠎ᠠ᠃
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号