ᠲᠥᠪ ᠪᠠᠩᠬᠢ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠬᠤᠪᠢᠷᠠᠬᠤ ᠦᠭᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2019/4/29
     ᠬᠠᠳᠠᠭᠠᠯᠠᠮᠵᠢ ᠶᠢᠨ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠤᠭᠰᠠᠨ ᠤ ᠳᠠᠷᠠᠭ᠎ᠠ᠂ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠬᠤᠪᠢᠷᠠᠵᠤ ᠮᠡᠳᠡᠨ᠎ᠡ ᠬᠡᠵᠦ ᠵᠠᠬ᠎ᠠ  ᠳᠡᠯᠭᠡᠭᠦᠷ ᠤᠨ ᠵᠠᠷᠢᠮ ᠬᠥᠮᠦᠰ ᠰᠠᠨᠠᠭᠠᠰᠢᠷᠠᠵᠤ ᠪᠠᠶᠢᠨ᠎ᠠ᠃ 25 ᠤ ᠡᠳᠦᠷ ᠶᠠᠪᠤᠭᠳᠠᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ‌‍ᠶᠢᠨ ᠪᠣᠳᠣᠯᠭ᠎ᠠ ᠶᠢᠨ ᠵᠤᠷᠰᠢᠯᠲᠤ ᠰᠤᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠯᠢᠦ ᠭᠦᠸᠧ ᠴᠢᠶᠠᠩ᠂ ᠣᠳᠣᠬᠢ ᠱᠠᠲᠤᠨ ᠤ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯ ᠯᠠᠪᠳᠠᠭᠤᠨ ᠲᠣᠭᠲᠠᠭᠤᠨ ᠪᠠᠶᠢᠬᠤ ᠪᠦᠭᠡᠳ ᠲᠣᠬᠢᠶᠠᠯ ᠢ ᠦᠵᠡᠨ ᠰᠣᠩᠭᠤᠯᠲᠠ ᠬᠢᠬᠦ᠂ ᠤᠷᠢᠳᠴᠢᠯᠠᠭᠰᠠᠨ ᠲᠣᠬᠢᠷᠠᠭᠤᠯᠤᠯᠲᠠ ᠬᠢᠬᠦ ᠪᠠᠭ᠎ᠠ ᠲᠣᠬᠢᠷᠠᠭᠤᠯᠤᠯᠲᠠ ᠬᠢᠬᠦ ᠠᠷᠭ᠎ᠠ ᠶᠢ ᠠᠪᠴᠤ᠂ ᠴᠢᠩᠭ᠎ᠠ ᠰᠤᠯᠠ ᠶᠢᠨ ᠬᠡᠮᠵᠢᠶ᠎ᠡ ᠶᠢ ᠲᠣᠬᠢᠷᠠᠮᠵᠢᠲᠠᠶ ᠪᠠᠶᠢᠯᠭᠠᠬᠤ ᠬᠠᠷᠠᠯᠳᠠ ᠶᠢ  ᠬᠡᠷᠡᠭᠵᠢᠬᠦᠯᠬᠦ  ᠪᠤᠯᠤᠨ᠎ᠠ ᠭᠡᠵᠦ ᠲᠣᠳᠣᠷᠬᠠᠶ ᠬᠡᠯᠡᠵᠡᠢ᠃ ᠲᠡᠷᠡ ᠪᠠᠰᠠ ︽ᠡᠶᠢᠮᠦ ᠠᠴᠠ ᠲᠥᠪ ᠪᠠᠩᠬᠢ ᠵᠣᠭᠤᠰᠣᠨ ᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠬᠤ ᠰᠠᠨᠠᠭ᠎ᠠ ᠥᠬᠡᠶ᠂ ᠵᠣᠭᠤᠰᠣᠨ ᠤ ᠲᠥᠷᠥ ᠶᠢᠨ ᠪᠣᠳᠣᠯᠭ᠎ᠠ ᠶᠢ ᠰᠤᠯᠠᠷᠠᠭᠤᠯᠬᠤ ᠴᠦ ᠰᠠᠨᠠᠭ᠎ᠠ ᠥᠬᠡᠶ᠃ ᠪᠢᠳᠡ ᠵᠠᠬ᠎ᠠ ᠳᠡᠯᠭᠡᠭᠦᠷ ᠲᠠᠬᠢ ᠵᠤᠭᠤᠰᠤᠨ ᠬᠦᠢᠯᠭᠡᠭᠡ ᠮᠠᠭᠤᠳᠠᠬᠤ ᠶᠢ ᠣᠯᠵᠤ ᠦᠵᠡᠬᠦ ᠲᠤᠷ᠎ᠠ ᠦᠭᠡᠢ ᠪᠦᠭᠡᠳ ᠵᠠᠬ᠎ᠠ ᠳᠡᠯᠭᠡᠭᠦᠷ ᠲᠠᠬᠢ ᠵᠤᠭᠤᠰᠤᠨ ᠬᠦᠢᠯᠭᠡᠭᠡ ᠰᠠᠮᠠᠭᠤᠷᠠᠬᠤ ᠶᠢ ᠴᠤ ᠣᠯᠵᠤ ᠦᠵᠡᠬᠦ ᠲᠤᠷ᠎ᠠ ᠦᠭᠡᠢ︾ ᠭᠡᠵᠦ ᠬᠡᠯᠡᠪᠡ᠃       ᠯᠢᠦ ᠭᠦᠸᠧ ᠴᠢᠶᠠᠩ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠵᠣᠭᠤᠰᠣᠨ ᠤ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠤᠷᠢᠳᠴᠢᠯᠠᠭᠰᠠᠨ ᠲᠣᠬᠢᠷᠠᠭᠤᠯᠤᠯᠲᠠ ᠪᠠ ᠪᠠᠭ᠎ᠠ ᠲᠣᠬᠢᠷᠠᠭᠤᠯᠤᠯᠲᠠ ᠬᠢᠨ᠎ᠡ ᠬᠡᠵᠡᠢ᠂ ᠬᠠᠷᠢᠨ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠬᠤᠪᠢᠷᠠᠨ᠎ᠡ ᠬᠡᠵᠦ ᠳᠤᠷᠠᠳᠤᠭᠰᠠᠨ ᠥᠬᠡᠶ ᠶᠤᠮ᠃ ᠬᠡᠷᠪᠡ ᠠᠯᠢ ᠨᠢᠭᠡᠨ ᠡᠳᠦᠷ ᠲᠥᠪ ᠪᠠᠩᠬᠢ ᠪᠤᠴᠠᠭᠠᠨ ᠬᠤᠳᠠᠯᠳᠤᠨ ᠠᠪᠬᠤ ᠪᠤᠶᠤ ᠳᠤᠮᠳᠠ ᠬᠤᠭᠤᠴᠠᠭᠠᠨ ᠤ ᠵᠢᠭᠡᠯᠡᠯᠭᠡ ᠠᠪᠬᠤ ᠳᠤ ᠲᠥᠬᠦᠮ ᠦᠵᠡᠭᠦᠯᠬᠦ ᠠᠵᠢᠯᠯᠠᠭ᠎ᠠ ᠥᠷᠨᠢᠭᠦᠯᠬᠦ ᠳᠤ ᠬᠦᠷᠪᠡᠯ᠂ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠶᠡᠭᠡ ᠴᠢᠭᠯᠡᠯ ᠨᠢ ᠠᠭᠤᠵᠢᠭᠤ ᠪᠣᠯᠵᠤ ᠪᠠᠶᠢᠳᠠᠯ ᠶᠠᠪᠤᠳᠠᠯ ᠪᠢᠰᠢ᠂ ᠬᠠᠷᠢᠨ ᠵᠥᠪᠬᠡᠨ ᠣᠬᠤᠷ ᠬᠤᠭᠤᠴᠠᠭᠠᠨ ᠤ ᠡᠷᠬᠢᠯᠳᠡᠳᠦ ᠴᠢᠨᠠᠷ ᠲᠤ ᠲᠣᠬᠢᠷᠠᠭᠤᠯᠤᠯᠳᠠ ᠬᠢᠵᠦ ᠪᠠᠶᠢᠭ᠎ᠠ ᠶᠠᠪᠤᠳᠠᠯ  ᠪᠣᠯᠤᠨ᠎ᠠ᠂ ᠤᠴᠢᠷ ᠨᠢ ᠡᠯ᠎ᠡ ᠵᠦᠢᠯ ᠤᠨ ᠡᠯᠧᠮᠧᠨ᠋ᠲ ᠤᠨ ᠨᠥᠯᠥᠭᠡ ᠠᠴᠠ ᠪᠣᠯᠵᠤ ᠣᠬᠤᠷ ᠬᠤᠭᠤᠴᠠᠭᠠᠨ ᠤ ᠡᠷᠭᠢᠯᠳᠡᠳᠦ ᠴᠢᠨᠠᠷ ᠨᠢ ᠡᠳᠦᠷ ᠪᠦᠷᠢ ᠬᠡᠯᠪᠡᠯᠵᠡᠵᠦ ᠪᠠᠶᠢᠳᠠᠬ ᠪᠣᠯᠬᠤᠷ ᠣᠬᠤᠷ ᠬᠤᠭᠤᠴᠠᠭᠠᠨ ᠲᠤᠳᠤᠷ᠎ᠠ ᠲᠣᠬᠢᠷᠠᠭᠤᠯᠤᠯᠲᠠ ᠬᠢᠬᠦ ᠴᠢᠬᠤᠯᠠ ᠲᠠᠢ ᠶᠤᠮ︔ ᠡᠭᠦᠨ ᠤ ᠡᠰᠡᠷᠭᠦ ᠪᠠᠷ᠂ ᠬᠡᠷᠪᠡ ᠲᠥᠪ ᠪᠠᠩᠬᠢ ᠬᠡᠳᠦᠨ ᠡᠳᠦᠷ ᠪᠤᠴᠠᠭᠠᠨ  ᠬᠤᠳᠠᠯᠳᠤᠵᠤ ᠠᠪᠬᠤ ᠠᠵᠢᠯᠯᠠᠭ᠎ᠠ ᠦᠷᠨᠢᠬᠦᠯᠬᠦ ᠦᠭᠡᠢ ᠳᠤ ᠬᠦᠷᠪᠡᠯ᠂ᠵᠣᠭᠤᠰᠣᠨ ᠤ ᠲᠥᠷᠥ‌‍ᠶᠢᠨ ᠪᠣᠳᠣᠯᠭ᠎ᠠ ᠶᠢ ᠴᠢᠩᠭᠠᠷᠠᠭᠤᠯᠵᠤ ᠪᠠᠶᠢᠨ᠎ᠠ ᠭᠡᠰᠡᠨ ᠶᠠᠪᠤᠳᠠᠯ ᠪᠢᠰᠢ᠂ ᠤᠴᠢᠷ ᠨᠢ ᠢᠡᠭᠭᠢᠵᠦ ᠬᠢᠬᠦ ᠦᠭᠡᠢ ᠪᠠᠶᠢᠬᠤ ᠨᠢ ᠨᠢᠭᠡᠨᠲᠡ ᠵᠤᠭᠤᠰᠤᠨ ᠬᠦᠢᠯᠭᠡᠭᠡ ᠵᠣᠬᠢᠰᠲᠠᠶ ᠮᠦᠷᠳᠡᠭᠡᠨ ᠡᠯᠪᠡᠭ ᠳᠡᠯᠪᠡᠭ ᠪᠣᠯᠤᠭᠰᠠᠨ ᠢ ᠬᠠᠷᠠᠭᠤᠯᠵᠤ ᠪᠤᠢ᠂ ᠲᠡᠶᠢᠨ ᠬᠦ ᠲᠤᠬᠢᠷᠠᠭᠤᠯᠤᠯᠳᠠ ᠬᠢᠬᠦ ᠴᠢᠬᠤᠯᠠ ᠦᠭᠡᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号