| ᠰᠢᠨᠬᠤᠧᠠ ᠮᠣᠩᠭᠤᠯ ᠨᠧᠲ ᠬᠦᠬᠡᠬᠤᠲᠠ ᠶᠢᠨ 10 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ︵ᠬ᠊· ᠦᠵᠡᠰᠬᠦᠯᠡᠩ︶ ᠬᠤᠶᠠᠲᠤᠭᠠᠷ ᠤᠲᠠᠭᠠᠨ ᠤ | ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ 10 ᠰᠠᠷ᠎ᠠ ᠶᠢᠨ 28 ᠤ ᠡᠲᠦᠷ ᠦᠪᠦᠷ ᠮᠣᠩᠭᠤᠯ ᠤᠨ ᠶᠡᠭᠡ | ᠰᠤᠷᠭᠠᠭᠤᠯᠢ ᠳᠤ ᠪᠤᠯᠪᠠ᠃ ᠤᠭ ᠬᠤᠷᠠᠯ ᠤᠨ ᠦᠶ᠎ᠡ ᠪᠠᠷ ᠪᠡᠭᠡᠵᠢᠩ᠂ ᠭᠠᠨᠰᠦ᠂ ᠰᠢᠨᠵᠢᠶᠠᠩ ᠵᠡᠷᠭᠡ ᠭᠠᠵᠠᠷ ᠤᠷᠤᠨ ᠤ ᠡᠷᠲᠡᠮᠲᠠᠨ ᠰᠤᠲᠤᠯᠤᠭᠠᠴᠢᠳ | ᠤᠷᠤᠯᠴᠠᠭᠰᠠᠨ ᠠᠴᠠ ᠭᠠᠲᠠᠨ᠎ᠠ ᠦᠪᠦᠷ ᠮᠣᠩᠭᠤᠯ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠪᠠᠭᠰᠢ ᠶᠡᠭᠡ ᠰᠤᠷᠭᠠᠭᠤᠯᠢ᠂ ᠦᠪᠦᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠠᠩ ᠦᠢᠯᠡ ᠱᠠᠰᠢᠨ ᠤ ᠰᠤᠶᠤᠯ ᠤᠨ ᠰᠤᠲᠤᠯᠤᠭᠠᠴᠢ᠂ | ᠲᠦᠩᠯᠢᠶᠤᠤ᠂ ᠤᠯᠠᠭᠠᠨᠬᠠᠲᠠ᠂ ᠠᠯᠠᠱᠠ ᠵᠡᠷᠭᠡ ᠭᠠᠵᠠᠷ ᠤᠷᠤᠨ ᠤ ᠡᠷᠲᠡᠮᠲᠡᠳ ᠴᠤ ᠤᠷᠤᠯᠴᠠᠭᠰᠠᠨ ᠪᠠᠶᠢᠨ᠎ᠠ᠃ | ᠲᠤᠰ ᠤᠲᠠᠭᠠᠨ ᠤ ᠬᠤᠷᠠᠯ ᠤᠨ ᠭᠤᠤᠯ ᠰᠡᠳᠦᠪ ᠨᠢ ᠮᠣᠩᠭᠤᠯ ᠵᠠᠩ ᠦᠢᠯᠡ ᠰᠤᠶᠤᠯ ᠪᠠ ᠱᠠᠰᠢᠨ ᠰᠤᠷᠲᠠᠬᠤᠨ ᠤ ᠰᠤᠶᠤᠯ ᠤᠨ ᠬᠤᠶᠠᠷ ᠶᠡᠭᠡ ᠬᠦᠷᠢᠶ᠎ᠠ ᠶᠢ | ᠬᠠᠮᠤᠷᠴᠤ ᠪᠠᠶᠢᠨ᠎ᠠ᠃ ᠡᠨᠡ ᠨᠢ ᠮᠣᠩᠭᠤᠯ ᠰᠤᠲᠤᠯᠤᠯ ᠤᠨ ᠰᠢᠨᠵᠢᠯᠡᠭᠡᠨ ᠤ ᠭᠤᠤᠯ ᠰᠡᠳᠦᠪ ᠤᠳ ᠪᠤᠯᠬᠤ ᠪᠦᠭᠡᠳ ᠮᠣᠩᠭᠤᠯ ᠰᠤᠲᠤᠯᠤᠯ ᠤᠨ ᠬᠦᠷᠢᠶ᠎ᠡ ᠦᠷᠭᠡᠵᠢᠨ | ᠲᠡᠯᠡᠭᠰᠡᠨ ᠢ ᠬᠠᠷᠠᠭᠤᠯᠵᠤ ᠪᠠᠶᠢᠨ᠎ᠠ᠃ ᠮᠣᠩᠭᠤᠯ ᠵᠠᠩ ᠦᠢᠯᠡ ᠶᠢᠨ ᠬᠡᠪᠴᠢᠶᠠᠨ ᠳᠤ ᠵᠠᠩ ᠦᠢᠯᠡ ᠵᠦᠢ᠂ ᠠᠮᠠᠨ ᠵᠤᠬᠢᠶᠠᠯ ᠪᠤᠯᠤᠨ ᠪᠠᠶᠠᠲᠤ ᠪᠤᠰᠤ ᠰᠤᠶᠤᠯ᠂ ᠮᠣᠩᠭᠤᠯ | ᠦᠨᠳᠦᠰᠦᠲᠡᠨ ᠤ ᠤᠯᠠᠮᠵᠢᠯᠠᠯᠲᠤ ᠰᠤᠶᠤᠯ᠂ ᠮᠣᠩᠭᠤᠯ ᠦᠨᠳᠦᠰᠦᠲᠡᠨ ᠤ ᠨᠡᠬᠦᠲᠡᠯ ᠰᠤᠶᠤᠯ ᠪᠠ ᠲᠠᠷᠢᠶᠠᠯᠠᠩ ᠰᠤᠶᠤᠯ ᠭᠡᠬᠦ ᠮᠡᠲᠦ ᠠᠰᠠᠭᠤᠲᠠᠯ ᠤᠳ ᠢ ᠪᠠᠭᠲᠠᠭᠠᠵᠤ | ᠪᠤᠢ᠃ ᠮᠣᠩᠭᠤᠯ ᠱᠠᠰᠢᠨ ᠤ ᠰᠤᠶᠤᠯ ᠤᠨ ᠬᠦᠷᠢᠶᠡᠨ ᠳᠤ ᠮᠠᠷᠺᠰ ᠤᠨ ᠦᠵᠡᠯ ᠤᠨ ᠱᠠᠰᠢᠨ ᠤ ᠤᠨᠤᠯ ᠪᠤᠯᠤᠨ ᠨᠠᠮ ᠤᠨ ᠱᠠᠰᠢᠨ ᠤ ᠲᠦᠷᠦ ᠶᠢᠨ ᠪᠤᠲᠤᠯᠭ᠎ᠠ᠂ ᠮᠣᠩᠭᠤᠯ | ᠦᠨᠳᠦᠰᠦᠲᠡᠨ ᠤ ᠱᠠᠰᠢᠨ ᠤ ᠰᠤᠷᠪᠤᠯᠵᠢ ᠪᠢᠴᠢᠭ ᠪᠤᠯᠤᠨ ᠠᠷᠠᠳ ᠤᠨ ᠰᠢᠲᠦᠯᠭᠡ ᠶᠢᠨ ᠰᠤᠲᠤᠯᠤᠯ ᠵᠡᠷᠭᠡ ᠠᠰᠠᠭᠤᠲᠠᠯ ᠢ ᠪᠠᠭᠲᠠᠭᠠᠭᠰᠠᠨ ᠪᠠᠶᠢᠨ᠎ᠠ ᠭᠡᠵᠦ ᠦᠪᠦᠷ | ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ ᠤᠨ ᠲᠠᠷᠤᠭ᠎ᠠ᠂ ᠫᠷᠤᠹᠧᠰᠰᠤᠷ ᠵᠠᠭᠠᠷ ᠲᠠᠨᠢᠯᠴᠠᠭᠤᠯᠪᠠ᠃ | ᠮᠣᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠬᠤᠶᠡᠳᠡᠬᠢ ᠤᠲᠠᠭ᠎ᠠ ᠪᠠᠨ ᠦᠪᠦᠷ ᠮᠣᠩᠭᠤᠯ ᠤᠨ ᠶᠡᠭᠡ ᠰᠤᠷᠭᠠᠭᠤᠯᠢ ᠳᠤ | ᠵᠤᠬᠢᠶᠠᠨ ᠪᠠᠶᠢᠭᠤᠯᠤᠭᠲᠠᠵᠤ ᠪᠠᠶᠢᠭ᠎ᠠ ᠪᠠᠷ ᠢᠶᠠᠨ ᠠᠴᠢ ᠬᠤᠯᠪᠤᠭᠲᠠᠯ ᠶᠡᠬᠡᠲᠡᠢ᠃ ᠡᠷᠲᠡᠮᠲᠡᠨ ᠰᠤᠲᠤᠯᠤᠭᠠᠴᠢᠳ ᠠᠰᠠᠭᠤᠲᠠᠯ ᠤᠨ ᠲᠤᠭᠤᠷᠢᠨ ᠳᠤ ᠦᠵᠡᠯ ᠪᠤᠲᠤᠯ ᠢᠶᠠᠨ | ᠴᠢᠯᠦᠭᠡᠲᠡᠢ ᠲᠡᠯᠭᠡᠨ ᠶᠠᠷᠢᠯᠴᠠᠵᠤ ᠡᠷᠲᠡᠮ ᠰᠢᠨᠵᠢᠯᠡᠭᠡᠨ ᠤ ᠠᠰᠠᠭᠤᠲᠠᠯ ᠤᠨ ᠲᠤᠭᠤᠷᠢᠨ ᠳᠤ ᠬᠠᠯᠠᠭᠤᠨ ᠶᠠᠷᠢᠯᠴᠠᠭ᠎ᠠ ᠪᠤᠯᠬᠤ ᠲᠠᠪᠴᠠᠩ ᠪᠤᠯᠤᠭᠰᠠᠨ ᠢᠶᠠᠷ ᠪᠠᠷᠠᠬᠤ | ᠦᠭᠡᠢ ᠲᠤᠰ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠳᠤ ᠴᠤ ᠠᠰᠢᠭᠲᠠᠢ ᠶᠤᠮ ᠭᠡᠵᠦ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ | ᠰᠤᠲᠤᠯᠤᠯ ᠤᠨ ᠲᠡᠭᠡᠳᠦ ᠰᠤᠷᠭᠠᠭᠤᠯᠢ ᠶᠢᠨ ᠲᠡᠳ᠋ ᠵᠠᠬᠢᠷᠤᠯ᠂ ᠮᠤᠩᠭᠤᠯ ᠰᠤᠶᠤᠯ ᠰᠤᠲᠤᠯᠬᠤ ᠭᠠᠵᠠᠷ ᠤᠨ ᠲᠠᠷᠤᠭ᠎ᠠ᠂ ᠫᠷᠤᠹᠧᠰᠰᠤᠷ ᠡᠷᠳᠡᠨᠢᠬᠠᠲᠠ ᠰᠤᠷᠪᠤᠯᠵᠢᠯᠠᠭ᠎ᠠ | ᠬᠦᠯᠢᠶᠡᠬᠦ ᠳᠡᠭᠡᠨ ᠶᠠᠷᠢᠪᠠ᠃ | ᠬᠤᠶᠠᠲᠤᠭᠠᠷ ᠤᠲᠠᠭᠠᠨ ᠤ ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠢ ᠦᠪᠦᠷ ᠮᠣᠩᠭᠤᠯ ᠤᠨ | ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠪᠤᠯᠤᠨ ᠦᠪᠦᠷ ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ ᠠᠴᠠ ᠬᠠᠮᠲᠤᠷᠠᠨ ᠵᠤᠬᠢᠶᠠᠨ | ᠪᠠᠶᠢᠭᠤᠯᠪᠠ᠃ |