ᠳᠣᠲᠣᠭᠠᠳᠤ ᠶᠢ ᠬᠠᠮᠠᠭᠠᠯᠠᠬᠤ ᠶᠠᠮᠤᠨ ︽5•1︾ ᠤ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠤᠷᠢᠳᠴᠢᠯᠠᠬᠰᠠᠨ ᠰᠡᠷᠡᠮᠵᠢᠯᠡᠭᠦᠯᠦᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2019/4/30
     ᠪᠡᠭᠡᠵᠢᠩ ᠤᠨ 4 ᠰᠠᠷ᠎ᠠ ᠶᠢᠨ 27 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠴᠢᠶᠠᠨ︶ ᠳᠣᠲᠣᠭᠠᠳᠤ ᠶᠢ ᠬᠠᠮᠠᠭᠠᠯᠠᠬᠤ ᠶᠠᠮᠤᠨ 27 ᠤ ᠡᠳᠦᠷ ︽5 • 1︾ ᠤ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠤᠷᠢᠳᠴᠢᠯᠠᠬᠰᠠᠨ ᠰᠡᠷᠡᠮᠵᠢᠯᠡᠭᠦᠯᠦᠯ ᠢ ᠨᠡᠶᠢᠳᠡᠯᠡᠵᠦ᠂ ᠦᠡᠭᠭᠡᠷᠡᠭᠰᠡᠨ ᠳᠤ ᠠᠮᠠᠷᠠᠯᠲᠠ ᠠᠴᠠ ᠡᠮᠦᠨᠡᠬᠢ ᠬᠤᠶᠠᠷ ᠡᠳᠦᠷ ᠲᠤ ᠨᠡᠯᠢᠶᠡᠳ ᠣᠯᠠᠨ ᠠᠳᠡᠯ ᠭᠠᠷᠴᠠᠶ ᠬᠡᠪᠡ᠃      ᠤᠶᠢᠷ᠎ᠡ ᠶᠢᠨ ᠭᠤᠷᠪᠠᠨ ᠵᠢᠯ ᠤᠨ ︽5 • 1︾ ᠤ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠳᠡᠯ ᠤᠨ ᠪᠠᠶᠢᠳᠠᠯ ᠠᠴᠠ ᠦᠵᠡᠪᠡᠯ᠂ ᠠᠮᠠᠷᠠᠯᠲᠠ ᠠᠴᠠ ᠡᠮᠦᠨᠡᠬᠢ ᠬᠤᠶᠠᠷ ᠡᠳᠦᠷ ᠤᠨ ᠰᠥᠨᠢ ᠶᠢᠨ 20 ᠴᠠᠭ ᠠᠴᠠ 21 ᠴᠠᠭ ᠤᠨ ᠬᠤᠭᠤᠷᠣᠨᠳᠣ ᠠᠳᠡᠯ ᠬᠠᠮᠤᠭ ᠤᠨ ᠤᠯᠠᠨ ᠭᠠᠷᠴᠠᠢ︔ ᠳᠤᠮᠳᠠᠳᠤ ᠡᠮᠦᠨᠡᠲᠦ ᠣᠷᠣᠨ ᠪᠠ ᠬᠤᠧᠠᠳᠦ᠋ᠡᠭ ᠣᠷᠣᠨ ᠤ ᠵᠠᠯᠭᠠᠯᠳᠤᠭᠰᠠᠨ ᠣᠷᠣᠨ ᠤ ᠵᠠᠮ ᠬᠠᠷᠢᠯᠴᠠᠭᠠᠨ ᠤ ᠡ᠊ᠨᠳᠡᠯ ᠳᠤ ᠠᠳᠡᠭᠰᠡᠨ ᠬᠥᠮᠦᠨ ᠤ ᠲᠤᠭ᠎ᠠ ᠨᠢ ᠪᠦᠬᠦ ᠤᠯᠤᠰ ᠤᠨ ᠠᠳᠡᠭᠰᠡᠨ ᠬᠦᠮᠦᠨ ᠤ ᠶᠡᠷᠦᠩᠭᠡᠢ ᠲᠣᠭᠠᠨ ᠤ ᠬᠠᠭᠠᠰ ᠢ ᠳᠠᠪᠠᠵᠠᠶ᠂ ᠡᠭᠦᠨ ᠤ ᠳᠣᠲᠣᠷ᠎ᠠ ᠳᠤᠮᠳᠠᠳᠤ ᠡᠮᠦᠨᠡᠲᠦ ᠣᠷᠣᠨ ᠤ ᠵᠠᠯᠭᠠᠯᠳᠤᠭᠰᠠᠨ ᠣᠷᠣᠨ ᠤ ᠵᠠᠮ ᠬᠠᠷᠢᠯᠴᠠᠭᠠᠨ ᠤ ᠡ᠊ᠨᠳᠡᠯ ᠳᠤ ᠦᠬᠦᠭᠰᠡᠨ ᠬᠥᠮᠦᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ ᠪᠤᠢ︔ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠡ᠊ᠨᠳᠡᠯ ᠳᠤ ᠦᠬᠦᠭᠰᠡᠨ ᠬᠥᠮᠦᠨ ᠤ ᠲᠤᠭ᠎ᠠ ᠨᠢ ᠪᠦᠬᠦ ᠤᠯᠤᠰ ᠤᠨ ᠠᠳᠡᠭᠰᠡᠨ ᠬᠦᠮᠦᠨ ᠤ ᠶᠡᠷᠦᠩᠭᠡᠢ ᠲᠣᠭᠠᠨ ᠤ 45 % ᠶᠢ ᠡᠵᠡᠯᠡᠵᠦ ᠪᠤᠢ︔ ᠬᠤᠪᠢ ᠶᠢᠨ ᠮᠠᠰᠢᠨ ᠲᠡᠷᠭᠡ ᠪᠠ ᠠᠴᠢᠶᠠᠨ ᠤ ᠮᠠᠰᠢᠨ ᠲᠡᠷᠭᠡ ᠬᠠᠮᠤᠭ ᠠᠴᠠ ᠣᠯᠠᠨ ᠬᠡᠷᠡᠭ ᠭᠠᠷᠭᠠᠵᠤ᠂ ᠠᠶᠠᠨᠴᠢᠳ ᠤᠨ ᠮᠠᠰᠢᠨ ᠲᠡᠷᠭᠡ ᠠᠳᠡᠯ ᠭᠠᠷᠤᠬᠰᠠᠨ ᠠᠴᠠ ᠪᠣᠯᠵᠤ ᠬᠦᠮᠦᠨ ᠠᠳᠡᠬᠦ ᠠᠶᠤᠯ ᠪᠥᠬᠦ ᠵᠢᠯ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠠᠶ︔ ᠲᠣᠭᠲᠠᠭᠠᠯ ᠶᠣᠰᠣᠭᠠᠷ ᠵᠠᠮ ᠲᠠᠯᠪᠢᠵᠤ ᠥᠭᠭᠦ ᠦᠭᠡᠢ᠂ ᠦᠨᠡᠮᠯᠡᠯ ᠦᠭᠡᠢ ᠪᠠᠷ ᠲᠡᠷᠭᠡ ᠵᠢᠯᠣᠭᠤᠳᠬᠤ᠂ ᠬᠡᠲᠦ ᠲᠦᠷᠭᠡᠨ ᠳᠠᠪᠬᠢᠵᠤ ᠠᠳᠡᠯ ᠭᠠᠷᠭᠠᠵᠤ ᠪᠠᠶᠢᠬᠤ ᠨᠢ ᠬᠦᠮᠦᠨ ᠠᠳᠡᠬᠦ ᠭᠤᠷᠪᠠᠨ ᠶᠡᠭᠡ ᠭᠤᠣᠯ ᠰᠢᠯᠲᠠᠭᠠᠨ ᠪᠣᠯᠤᠬᠰᠠᠨ ᠪᠠᠶᠢᠨ᠎ᠠ᠃       ᠰᠤᠳᠤᠯᠤᠨ ᠮᠠᠭᠠᠳᠯᠠᠭᠰᠠᠨ ᠢ ᠦᠨᠳᠦᠰᠦᠯᠡᠪᠡᠯ᠂ ᠡᠨᠡ ᠵᠢᠯ ᠤᠨ ︽5 • 1︾ ᠤ ᠬᠤᠭᠤᠴᠠᠭᠠᠨ ᠳᠤ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠳᠣᠣᠷᠠᠬᠢ ᠮᠡᠲᠦ ᠠᠮᠤᠷ ᠲᠦᠪᠰᠢᠨ ᠤ ᠠᠶᠤᠯ ᠲᠦᠭᠰᠢᠭᠦᠷᠢ ᠲᠤᠯᠭᠠᠷᠠᠵᠤ ᠪᠤᠢ᠄ ᠨᠢᠭᠡ ᠳᠤ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ᠂ ᠵᠢᠭᠤᠯᠴᠢᠯᠠᠯ‌‍ᠤᠨ ᠦᠵᠡᠮᠵᠢ ᠶᠢᠨ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠨᠡᠮᠡᠭᠳᠡᠵᠦ ᠪᠠᠶᠢᠨ᠎ᠠ᠃ ᠬᠤᠶᠠᠷ ᠲᠤ ᠲᠦᠷᠭᠡᠨ ᠳᠠᠪᠬᠢᠬᠤ ᠵᠠᠰᠠᠮᠠᠯ ᠵᠠᠮ ᠳᠠᠬᠢ ᠮᠠᠰᠢᠨ ᠲᠡᠷᠭᠡᠨ ᠤ ᠴᠤᠪᠤᠭ᠎ᠠ ᠶᠡᠬᠡᠪᠡᠷ ᠨᠡᠮᠡᠭᠳᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠲᠤᠪᠤᠶᠢᠮ᠎ᠠ ᠪᠤᠯᠵᠤ ᠪᠠᠶᠢᠨ᠎ᠠ᠃ ᠭᠤᠷᠪᠠ ᠳᠤ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠮᠳᠤᠭᠠᠶᠢᠯᠠᠵᠤ ᠪᠣᠯᠬᠤ ᠦᠭᠡᠢ᠃ ᠳᠥᠷᠪᠡ ᠳᠤ ᠵᠠᠮ ᠬᠠᠷᠢᠯᠴᠠᠭᠠᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠤᠴᠢᠷ ᠠᠮᠠᠷᠬᠠᠨ ᠡᠭᠦᠰᠴᠦ ᠣᠯᠠᠨᠲᠠ ᠡᠭᠦᠰᠴᠦ᠂ ᠡ᠊ᠨᠳᠡᠯ ᠤᠨ ᠠᠶᠤᠯ ᠶᠡᠬᠡᠳᠡᠵᠦ ᠪᠠᠶᠢᠨ᠎ᠠ᠃ ᠲᠠᠪᠤ ᠳᠤ ᠪᠣᠷᠣᠭᠠᠨ ᠣᠷᠣᠬᠰᠠᠨ ᠠᠴᠠ ᠪᠤᠯᠵᠤ ᠬᠡᠰᠡᠭ ᠭᠠᠵᠠᠷ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠰᠢᠭ ᠥᠬᠡᠶ ᠨᠥᠯᠥᠭᠡ ᠦᠵᠡᠭᠦᠯᠵᠦ ᠪᠠᠶᠢᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号