ᠦᠪᠦᠷ ᠮᠤᠩᠭᠤᠯ ᠪᠤᠯ ᠨᠤᠲᠤᠭ ᠳᠡᠪᠢᠰᠭᠡᠷ ᠦᠷᠬᠡᠨ ᠠᠭᠤᠳᠠᠮ ᠪᠦᠭᠡᠳ ᠤᠯᠠᠨ ᠦᠨᠳᠦᠰᠦᠲᠡᠨ | ᠳᠦᠪᠯᠡᠷᠡᠭᠰᠡᠨ ᠴᠦᠬᠡᠨ ᠳᠤᠭᠠᠳᠤ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ᠂ ᠮᠦᠨᠴᠤ ᠦᠨᠳᠦᠰᠦᠲᠡᠨ ᠤ | ᠦᠪ ᠰᠤᠶᠤᠯ ᠪᠠ ᠵᠠᠩ ᠵᠠᠩᠰᠢᠯ ᠢᠶᠠᠷ ᠦᠳᠬᠡᠨ ᠵᠤᠵᠠᠭᠠᠨ ᠤᠷᠤᠨ ᠪᠤᠯᠤᠨ᠎ᠠ᠃ ᠦᠪᠦᠷ ᠮᠤᠩᠭᠤᠯ ᠤᠷᠤᠨ ᠤ | ᠠᠮᠲᠠᠲᠤ ᠢᠳᠡᠭᠡᠨ ᠤᠮᠳᠠᠭᠠᠨ ᠴᠤ ᠮᠠᠨ ᠤ ᠤᠷᠤᠨ ᠤ ᠪᠠᠨ ᠤᠨᠴᠠᠯᠢᠭ ᠰᠢᠨᠵᠢ ᠶᠢ ᠬᠠᠷᠠᠭᠤᠯᠤᠠ᠂ ᠨᠤᠲᠤᠭ | ᠨᠤᠲᠤᠭ ᠤᠨ ᠤᠨᠴᠠᠯᠢᠭ᠂ ᠭᠠᠵᠠᠷ ᠭᠠᠵᠠᠷ ᠤᠨ ᠦᠡᠭᠭᠡ ᠪᠠᠷ ᠢᠶᠠᠨ ᠢᠯᠭᠠᠷᠠᠨ ᠰᠤᠯᠤᠩᠭᠠᠷᠠᠵᠦ᠂ ᠦᠪᠦᠷ | ᠮᠤᠩᠭᠤᠯ ᠤᠨ ᠢᠶᠠᠨ ︽ᠨᠠᠷᠠ ᠶᠢᠨ ᠬᠠᠭᠤᠳᠠᠰᠤ︾ ᠪᠤᠯᠵᠤ᠂ ᠬᠤᠷᠸ᠎ᠠ ᠳᠤ ᠠᠯᠳᠠᠷᠰᠢᠵᠤ ᠪᠠᠶᠢᠨᠠᠮ᠃ | 1. ᠬᠦᠬᠡᠬᠤᠲᠠ ᠶᠢᠨ ᠱᠤᠤᠮᠠᠢ | ᠬᠦᠬᠡᠬᠤᠲᠠ ᠶᠢᠨ ᠱᠤᠤᠮᠠᠢ ᠪᠤᠯ ᠬᠡᠯᠪᠡᠷᠢ ᠳᠦᠷᠰᠦ ᠨᠢ ᠠᠨᠠᠷ ᠵᠢᠮᠢᠰ ᠰᠢᠭ᠂ ᠦᠡᠭᠭᠡ ᠨᠢ ᠳᠤᠩ ᠴᠠᠭᠠᠨ | ᠪᠦᠭᠡᠳ ᠭᠡᠭᠡᠨ ᠲᠤᠩᠭᠠᠯᠠᠭ᠃ ᠶᠤᠸᠠᠨ ᠤᠯᠤᠰ ᠤᠨ ᠦᠶ᠎ᠠ ᠠᠴᠠ ᠪᠤᠢ ᠪᠤᠯᠵᠦ᠂ ᠤᠷᠲᠤ ᠤᠳᠠᠭᠠᠨ ᠲᠡᠤᠬᠡ ᠲᠠᠢ | ᠮᠦᠷᠲᠡᠭᠡᠨ ᠨᠤᠲᠤᠭ ᠤᠷᠤᠨ ᠤ ᠦᠨᠦᠷ ᠠᠮᠲᠠ ᠲᠠᠢ ᠤᠬᠢ ᠢᠳᠡᠭᠡᠨ ᠪᠤᠯᠵᠤ ᠪᠤᠢ᠃ ᠡᠷᠲᠡᠨ ᠠᠴᠠ ᠠᠪᠤᠭᠠᠳ | ᠤᠯᠠᠮᠵᠢᠯᠠᠭᠳᠠᠭᠰᠠᠨ ᠱᠤᠤᠮᠠᠢ ᠤᠳᠤᠬᠠᠨ ᠳᠤ ᠤᠯᠠᠮᠵᠢᠯᠠᠯᠲᠤ ᠠᠮᠲᠠᠲᠤ ᠢᠳᠡᠭᠡᠨ ᠤ ᠨᠢᠭᠡ ᠪᠤᠯᠪᠠ᠃ ᠠᠯᠢ ᠡᠷᠲᠡ | ᠴᠢᠩ ᠤᠯᠤᠰ ᠤᠨ ᠦᠶ᠎ᠠ ᠳᠤ᠂ ᠬᠦᠬᠡᠬᠤᠲᠠ ᠤᠷᠤᠨ ᠤ ᠱᠤᠤᠮᠠᠢ ᠪᠡᠭᠡᠵᠢᠩ ᠬᠤᠲᠠ ᠳᠤ ᠠᠯᠳᠠᠷ ᠨᠡᠷ᠎ᠠ ᠮᠠᠨᠳᠤᠵᠤ᠂ | ᠪᠡᠭᠡᠵᠢᠩ ᠤᠨ ᠡᠮᠦᠨ᠎ᠠ ᠬᠠᠭᠠᠯᠭ᠎ᠠ ᠤᠷᠴᠢᠮ ᠤᠨ ᠱᠤᠤᠮᠠᠢ ᠶᠢᠨ ᠭᠤᠸᠠᠩᠵᠠ ᠶᠢᠨ ᠡᠭᠦᠳᠡᠨ ᠡᠮᠦᠨ᠎ᠠ ︽ᠭᠦᠢ ᠰᠦᠢ | ᠱᠤᠤᠮᠠᠢ︾ ᠭᠡᠬᠦ ᠦᠰᠦᠭ ᠲᠠᠢ ᠫᠠᠶᠢᠰᠠ ᠡᠯᠭᠦᠭᠳᠡᠵᠦ ᠪᠠᠶᠢᠭᠰᠠᠨ ᠲᠡᠤᠬᠡ ᠲᠠᠢ᠃ ᠱᠤᠤᠮᠠᠢ ᠬᠢᠬᠦ ᠤᠷ᠎ᠠ ᠮᠡᠷᠭᠡᠵᠢᠯ | ᠡᠲᠡᠭᠡᠳ ᠤᠨᠴᠠᠭᠠᠢ᠂ ᠲᠦᠭᠦᠬᠡᠢ ᠮᠠᠲ᠋ᠧᠷᠢᠶᠠᠯ ᠰᠤᠩᠭᠤᠬᠤ ᠨᠢ ᠴᠤ ᠨᠠᠷᠢᠨ ᠨᠢᠭᠳᠠ᠂ ᠭᠠᠳᠠᠷ ᠬᠠᠯᠢᠰᠤ ᠨᠢ ᠨᠢᠮᠭᠡᠨ | ᠮᠦᠷᠲᠡᠭᠡᠨ ᠨᠠᠷᠢᠯᠢᠭ᠂ ᠬᠤᠨᠢᠨ ᠤ ᠲᠠᠷᠭᠤᠨ ᠪᠤᠯᠤᠨ ᠬᠠᠷ᠎ᠠ ᠮᠢᠬ᠎ᠠ ᠶᠢ ᠬᠢᠬᠦ ᠨᠢ ᠲᠤᠬᠢᠷᠠᠮᠵᠢᠲᠠᠢ᠂ ᠰᠤᠩᠭᠢᠨ᠎ᠠ ᠭᠠ | ᠵᠡᠷᠭᠡ ᠠᠮᠲᠠ ᠶᠢᠨ ᠤᠬᠢ ᠪᠦᠷᠢᠨ᠂ ᠵᠢᠩᠨᠡᠭᠦᠷ ᠠᠴᠠ ᠠᠪᠴᠤ ᠭᠠᠷᠭᠠᠬᠤ ᠳᠤ ᠬᠠᠯᠠᠭᠤᠨ ᠠᠭᠤᠷ ᠰᠡᠪᠰᠡᠯᠵᠡᠭᠦᠯᠦᠨ | ᠰᠤᠳᠤᠨ ᠠᠩᠭᠢᠯᠤᠮ᠎ᠠ ᠪᠠᠶᠢᠵᠦ᠂ ᠠᠮᠲᠠᠲᠠᠢ ᠮᠦᠷᠲᠡᠭᠡᠨ ᠱᠠᠩᠳᠠᠭᠤᠨ ᠪᠢᠰᠢ ᠪᠠᠶᠢᠳᠠᠭ᠃ | | | 2. ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠰᠢᠷ᠎ᠠ ᠦᠵᠦᠮ | ᠮᠠᠨ ᠤ ᠤᠷᠤᠨ ᠤ ᠬᠦᠮᠦᠨ ᠠᠮᠠ ᠪᠠᠷ ᠴᠦᠬᠡᠨ ᠭᠤᠷᠪᠠᠨ ᠴᠦᠬᠡᠨ ᠲᠤᠭᠠᠲᠤ ᠦᠨᠳᠦᠰᠦᠲᠡᠨ ᠤ ᠨᠢᠭᠡ ᠪᠤᠯᠬᠤ | ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠪᠤᠯ ︽ᠰᠢᠷ᠎ᠠ ᠦᠵᠦᠮ︾ ᠤᠨ | ᠨᠤᠲᠤᠭ ᠭᠡᠬᠦ ᠰᠠᠶᠢᠬᠠᠨ ᠠᠯᠳᠠᠷ ᠲᠠᠢ᠃ ᠰᠢᠷ᠎ᠠ ᠦᠵᠦᠮ ᠢ ᠪᠠᠰᠠ ︽ᠬᠡᠮᠡᠷᠯᠢᠭ ᠳ᠋ᠸᠡᠭᠯᠦ︾ ᠭᠡᠵᠦ ᠨᠡᠷᠡᠯᠡᠳᠡᠭ᠃ | ᠬᠠᠰᠢ ᠶᠢᠨ ᠲᠦᠷᠦᠯ ᠤᠨ ᠤᠯᠠᠨ ᠨᠠᠰᠤᠲᠤ ᠡᠪᠡᠰᠦᠯᠢᠭ ᠤᠷᠭᠤᠮᠠᠯ ᠪᠤᠯᠤᠨ᠎ᠠ᠃ ᠢᠰᠭᠦᠯᠠᠩ ᠮᠦᠷᠲᠡᠭᠡᠨ ᠰᠢᠬᠢᠷᠯᠢᠭ | ᠠᠮᠲᠠ ᠲᠠᠢ᠂ ᠬᠠᠯᠠᠭᠤᠨ ᠢ ᠬᠦᠭᠡᠭᠡᠵᠦ ᠬᠤᠤᠷ ᠢ ᠲᠠᠶᠢᠯᠬᠤ᠂ ᠬᠠᠨᠢᠶᠠᠬᠤ ᠶᠢ ᠵᠤᠭᠰᠤᠭᠠᠵᠦ ᠬᠤᠭᠤᠯᠠᠢ ᠶᠢ ᠨᠤᠷᠭᠠᠬᠤ | ᠦᠢᠯᠡᠳᠦᠯ ᠲᠠᠢ᠃ ᠰᠢᠷ᠎ᠠ ᠦᠵᠦᠮ ᠳᠤᠮᠳᠠᠳᠤ ᠤᠯᠤᠰ ᠤᠨ ᠡᠯ᠎ᠠ ᠭᠠᠵᠠᠷ ᠤᠨ ᠠᠭᠤᠯᠠᠷᠬᠠᠭ ᠤᠷᠤᠨ ᠳᠤ ᠴᠦᠮ | ᠤᠷᠭᠤᠳᠠᠭ ᠪᠤᠯᠪᠠᠴᠤ ᠵᠡᠭᠦᠨ ᠬᠤᠶᠢᠲᠤ ᠤᠷᠤᠨ ᠳᠤ ᠬᠠᠮᠤᠭ ᠤᠨ ᠠᠷᠪᠢᠨ ᠤᠷᠭᠤᠳᠠᠭ᠃ | | | 3. ᠠᠤᠬᠠᠨ ᠬᠤᠰᠢᠭᠤᠨ ᠤ ᠨᠠᠷᠢᠮᠦ | ᠠᠤᠬᠠᠨ ᠬᠤᠰᠢᠭᠤ ᠪᠤᠯ ᠳᠡᠯᠡᠬᠡᠢ ᠶᠢᠨ ᠨᠠᠷᠢᠮᠦ ᠶᠢᠨ ᠭᠠᠷᠤᠯᠳᠠ ᠶᠢᠨ ᠤᠷᠤᠨ ᠪᠤᠯᠤᠨ᠎ᠠ᠃ ᠲᠤᠰ ᠭᠠᠵᠠᠷ ᠠᠴᠠ | ᠬᠠᠭᠤᠴᠢ ᠰᠤᠳᠤᠯᠤᠯ ᠤᠨ ᠡᠷᠳᠡᠮᠲᠡᠳ 8000 ᠵᠢᠯ ᠲᠡᠤᠬᠡ ᠲᠠᠢ ᠨᠠᠷᠢᠮᠦ ᠶᠢ ᠢᠯᠡᠷᠡᠭᠦᠯᠵᠦ᠂ ᠠᠤᠬᠠᠨ ᠬᠤᠰᠢᠭᠤ | ᠮᠠᠨ ᠤ ᠤᠯᠤᠰ ᠤᠨ ᠬᠠᠭᠤᠷᠠᠢ ᠲᠠᠷᠢᠶᠠᠯᠠᠭ᠎ᠠ ᠶᠢᠨ ᠭᠠᠷᠤᠯᠳᠠ ᠶᠢᠨ ᠤᠷᠤᠨ ᠢᠶᠠᠷ ᠦᠯᠦ ᠪᠠᠷᠠᠮ᠂ ᠠᠽᠢᠶ᠎ᠠ | ᠡᠸᠦ᠋ᠷᠦᠫᠡ ᠶᠢᠨ ᠡᠬᠡ ᠬᠠᠭᠤᠷᠠᠢ ᠶᠢᠨ ᠬᠠᠭᠤᠷᠠᠢ ᠲᠠᠷᠢᠶᠠᠯᠠᠭ᠎ᠠ ᠶᠢᠨ ᠭᠠᠷᠤᠯᠳᠠ ᠶᠢᠨ ᠤᠷᠤᠨ ᠭᠡᠳᠡᠭ ᠢ ᠪᠠᠲᠤᠯᠠᠭᠰᠠᠨ | ᠪᠠᠶᠢᠨ᠎ᠠ᠃ ᠠᠤᠬᠠᠨ ᠬᠤᠰᠢᠭᠤᠨ ᠤ ᠨᠠᠷᠢᠮᠦ ᠳᠤ ᠬᠦᠮᠦᠨ ᠤ ᠪᠡᠶ᠎ᠠ ᠳᠤ ᠬᠡᠷᠡᠭᠰᠡᠳᠡᠭ ᠰᠢᠪᠲᠤᠷᠲᠤ ᠬᠦᠴᠢᠯ᠂ ᠺᠠᠯᠼ᠂ | ᠹᠤᠰᠹᠤᠷ᠂ ᠲᠡᠮᠤᠷ ᠵᠡᠷᠭᠡ ᠪᠢᠴᠢᠯ ᠡᠯᠧᠮᠧᠨ᠋ᠲ ᠠᠭᠤᠯᠤᠭᠳᠠᠵᠦ᠂ ᠰᠢᠮ᠎ᠠ ᠲᠡᠵᠢᠭᠡᠯ ᠡᠯᠪᠡᠭ᠂ ᠴᠢᠨᠠᠷ ᠰᠠᠶᠢᠨ ᠮᠦᠷᠲᠡᠭᠡᠨ | ᠠᠩᠬᠢᠯᠤᠮ᠎ᠠ ᠦᠨᠦᠷ ᠲᠠᠢ ᠪᠦᠭᠡᠳ ᠢᠳᠡᠬᠦ ᠳᠤ ᠠᠮᠲᠠᠲᠠᠢ ᠪᠠᠶᠢᠳᠠᠭ᠃ ᠨᠠᠷᠢᠮᠦ ᠪᠤᠯ ᠢᠳᠡᠰᠢ ᠶᠢ ᠲᠡᠭᠰᠢᠯᠡᠵᠦ᠂ | ᠢᠳᠡᠭᠡᠨ ᠤ ᠳᠤᠷᠠᠰᠢᠯ ᠢ ᠨᠡᠮᠡᠭᠳᠡᠭᠦᠯᠳᠡᠭ ᠰᠠᠶᠢᠨ ᠢᠳᠡᠭᠡᠨ ᠪᠤᠯᠤᠨ᠎ᠠ᠃ ᠠᠯᠲᠠᠨ ᠰᠢᠷᠭᠠᠯ ᠦᠡᠭᠭᠡ ᠲᠠᠢ ᠨᠠᠷᠢᠮᠦᠨ | ᠪᠤᠳᠠᠭᠠᠨ ᠰᠦᠮᠦᠰᠦ ᠨᠢ ᠵᠢᠷᠮᠤᠰᠤᠨ ᠬᠤᠭᠤᠴᠠᠭᠠᠨ ᠳᠠᠬᠢ ᠡᠮᠡᠭᠲᠠᠶᠢᠴᠤᠳ ᠲᠤ ᠮᠠᠰᠢ ᠲᠤᠬᠢᠷᠠᠬᠤ ᠪᠦᠭᠡᠳ | ᠬᠦᠡᠭᠭᠡᠵᠢᠭᠰᠡᠨ ᠤ ᠳᠠᠷᠠᠭ᠎ᠠ ᠰᠢᠮ᠎ᠠ ᠲᠡᠵᠢᠭᠡᠯ ᠨᠦᠬᠦᠪᠦᠷᠢᠯᠡᠬᠦ ᠮᠠᠰᠢ ᠰᠠᠶᠢᠨ ᠪᠦᠳᠦᠭᠦᠯᠢᠭ ᠠᠮᠤ ᠪᠤᠯᠤᠨ᠎ᠠ᠃ | | 4. ᠬᠦᠷᠢᠶ᠎ᠠ ᠬᠤᠰᠢᠭᠤᠨ ᠤ ᠰᠠᠭᠠᠭ ᠤᠨ ᠭᠤᠯᠢᠷ | ᠬᠦᠷᠢᠶ᠎ᠠ ᠬᠤᠰᠢᠭᠤ ᠶᠢ ︽ᠳᠤᠮᠳᠠᠳᠤ ᠤᠯᠤᠰ ᠤᠨ ᠰᠠᠭᠠᠭ ᠤᠨ ᠰᠤᠶᠤᠯ ᠤᠨ ᠨᠤᠲᠤᠭ︾ ᠭᠡᠳᠡᠭ᠃ ᠬᠦᠷᠢᠶ᠎ᠠ | ᠬᠤᠰᠢᠭᠤ 1000 ᠭᠠᠷᠤᠢ ᠵᠢᠯ ᠰᠠᠭᠠᠭ ᠲᠠᠷᠢᠵᠦ ᠤᠷᠭᠤᠭᠤᠯᠤᠭᠰᠠᠨ ᠲᠡᠤᠬᠡ ᠲᠠᠢ᠃ ᠤᠨᠴᠠᠭᠠᠢ ᠠᠭᠤᠷ | ᠠᠮᠢᠰᠬᠤᠯ ᠤᠨ ᠨᠦᠬᠦᠴᠡᠯ᠂ ᠬᠦᠷᠦᠰᠦ ᠰᠢᠷᠤᠢ ᠶᠢᠨ ᠪᠠᠶᠢᠳᠠᠯ ᠨᠢ ᠬᠦᠷᠢᠶ᠎ᠠ ᠶᠢᠨ ᠰᠠᠭᠠᠭ ᠤᠨ ᠠᠮᠲᠠᠯᠢᠭ᠂ ᠰᠢᠮ᠎ᠡ | ᠲᠡᠵᠢᠭᠡᠯ ᠰᠠᠶᠢᠲᠠᠢ ᠤᠨᠴᠠᠯᠢᠭ ᠢ ᠪᠦᠷᠢᠯᠳᠦᠭᠦᠯᠵᠦ᠂ ᠳᠡᠯᠡᠬᠡᠢ ᠨᠠᠶᠢᠭᠡᠮ ᠤᠨ ᠮᠡᠳᠡᠷᠡᠭᠰᠡᠨ ᠰᠠᠭᠠᠭ ᠲᠠᠷᠢᠵᠦ | ᠤᠷᠭᠤᠭᠤᠯᠬᠤ ︽ᠠᠯᠲᠠᠨ ᠪᠦᠰᠡ︾ ᠪᠤᠯᠤᠭᠰᠠᠨ ᠪᠠᠶᠢᠨ᠎ᠠ᠃ ᠬᠦᠷᠢᠶ᠎ᠠ ᠰᠠᠭᠠᠭ ᠤᠨ ᠭᠤᠯᠢᠷ ᠨᠢ ᠨᠠᠷᠢᠯᠢᠭ᠂ ᠦᠡᠭᠭᠡ ᠨᠢ | ᠴᠠᠭᠠᠨ᠂ ᠤᠭᠤᠷᠠᠭ ᠪᠤᠯᠤᠨ ᠤᠯᠠᠨ ᠵᠦᠢᠯ ᠤᠨ ᠸᠢᠲ᠋ᠠᠮᠢᠨ᠂ ᠴᠠᠷᠳᠠᠭᠤᠯ ᠤᠨ ᠠᠭᠤᠯᠤᠭᠳᠠᠴᠠ ᠦᠨᠳᠦᠷ ᠵᠡᠷᠭᠡ | ᠤᠨᠴᠠᠯᠢᠭ ᠢᠶᠠᠷ ᠢᠶᠠᠨ ᠤᠯᠤᠰ ᠤᠨ ᠲᠤᠲᠤᠭᠠᠳᠤ ᠭᠠᠳᠠᠭᠠᠳᠤ ᠳᠤ ᠠᠯᠳᠠᠷᠰᠢᠪᠠ᠃ ᠰᠠᠭᠠᠭ ᠨᠢ ᠨᠢᠭᠡ ᠵᠦᠢᠯ ᠤᠨ | ᠪᠦᠳᠦᠭᠦᠯᠢᠭ ᠠᠮᠤ ᠪᠤᠯᠤᠭᠰᠠᠨ ᠤ ᠬᠤᠪᠢ ᠳᠤ ᠴᠢᠰᠤᠨ ᠰᠤᠳᠠᠯ ᠢ ᠵᠦᠭᠡᠯᠡᠷᠡᠭᠦᠯᠬᠦ᠂ ᠴᠢᠰᠤᠨ ᠤ ᠦᠭᠡᠬᠦ ᠪᠤᠯᠤᠨ | ᠰᠦᠰᠦᠨ ᠤ ᠭᠤᠨᠠᠨ ᠠᠯᠺᠤᠤᠯ ᠢ ᠳᠤᠷᠤᠭᠰᠢᠯᠠᠭᠤᠯᠬᠤ ᠴᠢᠳᠠᠮᠵᠢ ᠲᠠᠢ᠂ ᠵᠢᠷᠦᠬᠡ ᠴᠢᠰᠤᠨ ᠰᠤᠳᠠᠯ ᠤᠨ ᠡᠪᠡᠳᠴᠢᠨ᠂ | ᠴᠢᠰᠤᠨ ᠳᠠᠷᠤᠯᠲᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ᠃ | ᠰᠠᠭᠠᠭ ᠤᠨ ᠭᠤᠯᠢᠷ ᠤᠨ ᠡᠾᠧᠯᠧ᠂ ᠰᠠᠭᠠᠭ ᠤᠨ ᠭᠤᠯᠢᠷ ᠤᠨ ᠱᠠᠯᠪᠢᠡᠭ᠂ ᠰᠠᠭᠠᠭ ᠤᠨ ᠭᠤᠯᠢᠷ ᠤᠨ ᠪᠤᠤᠪᠤ ᠵᠡᠷᠭᠡ | ᠬᠡᠳᠦᠨ ᠠᠷᠪᠠᠨ ᠵᠦᠢᠯ ᠤᠨ ᠰᠠᠭᠠᠭ ᠤᠨ ᠭᠤᠯᠢᠷ ᠤᠨ ᠤᠯᠠᠮᠵᠢᠯᠠᠯᠲᠤ ᠬᠢᠬᠦ ᠠᠷᠭ᠎ᠠ ᠶᠢᠨ ᠰᠠᠭᠤᠷᠢᠨ ᠳᠡᠭᠡᠷ᠎ᠠ | ᠰᠠᠭᠠᠭ ᠤᠨ ᠭᠤᠸᠠᠮᠢᠶᠠᠨ᠂ ᠰᠠᠭᠠᠭ ᠤᠨ ᠴᠠᠢ᠂ ᠰᠠᠭᠠᠭ ᠤᠨ ᠤᠮᠳᠠᠭᠠᠨ ᠵᠡᠷᠭᠡ ᠠᠮᠲᠠᠲᠤ ᠢᠳᠡᠭᠡᠨ ᠤᠮᠳᠠᠭᠠᠨ ᠢ ᠤᠯᠠᠨ | ᠠᠷᠪᠢᠨ ᠰᠤᠳᠤᠯᠤᠨ ᠦᠢᠯᠡᠳᠪᠦᠷᠢᠯᠡᠵᠦ ᠪᠤᠢ᠃ | | | 5. ᠠᠪᠠᠭ᠎ᠠ ᠬᠤᠰᠢᠭᠤᠨ ᠤ ᠴᠡᠭᠡ | ᠴᠡᠭᠡ ᠪᠤᠯ ᠮᠤᠩᠭᠤᠯ ᠲᠦᠮᠡᠨ ᠤ ᠡᠷᠲᠡ ᠤᠵᠠᠭᠤᠷ ᠠᠴᠠ ᠪᠠᠨ ᠳᠡᠭᠡᠳᠦᠯᠡᠭᠰᠡᠭᠡᠷ ᠢᠷᠡᠭᠰᠡᠨ ᠭᠡᠭᠦᠦ ᠶᠢᠨ | ᠰᠦ ᠪᠠᠷ ᠢᠰᠭᠡᠳᠡᠭ ᠠᠷᠢᠬᠢᠨ ᠤ ᠲᠦᠷᠦᠯ ᠪᠤᠯᠬᠤ ᠶᠤᠮ᠃ ᠴᠡᠭᠡ ᠰᠤᠷᠭᠤᠭ ᠰᠠᠶᠢᠬᠠᠨ ᠠᠮᠳᠠᠳᠠᠢ᠂ ᠰᠡᠷᠢᠭᠦᠨ | ᠴᠢᠨᠠᠷᠳᠠᠢ ᠪᠦᠬᠡᠳ ᠤᠮᠳᠠ ᠳᠠᠷᠤᠳᠠᠭ᠂ ᠮᠠᠯᠴᠢᠨ ᠲᠦᠮᠡᠨ ᠤ ᠬᠦᠨᠳᠦᠲᠤ ᠵᠤᠴᠢᠨ ᠢᠶᠠᠨ ᠳᠠᠶᠢᠯᠠᠬᠤ ᠳᠤ ᠲᠤᠰᠬᠠᠢᠢᠯᠠᠨ | ᠪᠡᠯᠡᠳᠭᠡᠭᠰᠡᠨ ᠬᠦᠢᠲᠡᠨ ᠤᠮᠳᠠᠭᠠᠨ ᠤ ᠳᠡᠭᠡᠵᠢ ᠪᠤᠯᠤᠨ᠎ᠠ᠃ ᠴᠡᠭᠡ ᠨᠢ ᠭᠡᠭᠦᠦ ᠶᠢᠨ ᠰᠦ ᠶᠢ ᠦᠬᠡᠷ ᠬᠤᠨᠢᠨ ᠤ | ᠲᠦᠭᠦᠬᠡᠢ ᠠᠷᠠᠰᠤᠨ ᠳᠤ ᠪᠦᠷᠢᠵᠦ᠂ ᠨᠠᠷᠠᠨ ᠵᠦᠭ ᠬᠠᠨᠳᠤᠭᠤᠯᠤᠨ ᠡᠯᠭᠦᠵᠦ᠂ ᠲᠤᠰᠬᠠᠢ ᠵᠤᠬᠢᠶᠠᠭᠰᠠᠨ ᠨᠠᠷᠢᠨ | ᠮᠤᠳᠤ ᠪᠠᠷ ᠡᠳᠤᠷ ᠪᠦᠷᠢ ᠲᠤᠭᠠᠯᠠᠨ ᠪᠦᠷᠢᠵᠦ ᠢᠰᠭᠡᠨ ᠪᠤᠯᠪᠠᠰᠤᠷᠠᠭᠤᠯᠵᠦ ᠬᠢᠳᠡᠭ ᠶᠤᠮ᠃ ᠴᠡᠭᠡ | ᠨᠡᠭᠦᠷᠡᠰᠦᠬᠦ᠋ᠴᠢᠯ ᠤᠨ ᠬᠡᠢ᠂ ᠺᠠᠽᠠᠸᠢᠨ ᠪᠠ ᠡᠩ ᠤᠨ ᠤᠭᠤᠷᠠᠭ ᠤᠨ ᠪᠦᠯᠦᠭᠯᠡᠯ᠂ ᠤᠯᠠᠨ ᠲᠦᠷᠦᠯ ᠤᠨ ᠸᠢᠲ᠋ᠠᠮᠢᠨ᠂ | ᠤᠭᠤᠷᠠᠭ ᠤᠨ ᠴᠢᠯᠦᠭᠡᠲᠦ ᠠᠮᠢᠨ ᠬᠦᠴᠢᠯ᠂ ᠡᠷᠤᠳᠡᠰᠦ᠂ ᠮᠢᠨᠧᠷᠡᠯ ᠪᠤᠳᠠᠰ᠂ ᠬᠠᠨᠤᠭᠰᠠᠨ ᠬᠠᠨᠤᠭ᠎ᠠ ᠦᠭᠡᠢ ᠦᠭᠡᠬᠦᠨ | ᠬᠦᠴᠢᠯ᠂ ᠠᠷᠪᠠᠭᠠᠳ ᠵᠦᠢᠯ ᠤᠨ ᠠᠮᠢᠨᠣ᠋ ᠬᠦᠴᠢᠯ ᠵᠡᠷᠭᠡ ᠰᠢᠮ᠎ᠠ ᠲᠡᠵᠢᠭᠡᠯ ᠲᠠᠢ ᠪᠤᠳᠠᠰ ᠠᠭᠤᠯᠤᠭᠳᠠᠳᠠᠭ᠃ ᠦᠷᠭᠦᠯᠵᠢ | ᠴᠡᠭᠡ ᠤᠤᠭᠤᠪᠠᠯ ᠪᠡᠶ᠎ᠠ ᠶᠢ ᠲᠦᠯᠵᠢᠭᠦᠯᠦᠨ᠂ ᠴᠢᠰᠤ ᠰᠢᠷ᠎ᠠ ᠶᠢᠨ ᠬᠠᠯᠠᠭᠤᠨ ᠢ ᠠᠷᠢᠯᠭᠠᠨ᠂ ᠮᠠᠬᠠᠪᠤᠳ ᠢ ᠲᠡᠭᠰᠢᠳᠭᠡᠬᠦ | ᠦᠢᠯᠡᠳᠦᠯ ᠲᠠᠢ᠃ ᠴᠢᠰᠤᠨ ᠳᠠᠷᠤᠯᠲᠠ ᠦᠨᠳᠦᠷ ᠡᠪᠡᠳᠴᠢᠨ᠂ ᠰᠤᠳᠠᠯ ᠤᠨ ᠬᠠᠲᠠᠭᠤᠷᠠᠯ᠂ ᠡᠯᠢᠭᠡ ᠵᠢᠷᠦᠬᠡᠨ ᠡᠪᠡᠳᠴᠢᠨ | ᠂ ᠠᠭᠤᠰᠬᠢᠨ ᠰᠦᠷᠢᠶ᠎ᠠ᠂ ᠠᠭᠤᠰᠬᠢᠨ ᠬᠠᠪᠤᠳᠠᠷ᠂ ᠬᠤᠳᠤᠭᠤᠳᠤ ᠭᠡᠳᠡᠰᠦᠨ ᠤ ᠠᠷᠬᠠᠭ᠂ ᠴᠢᠰᠤᠨ ᠤ ᠦᠭᠡᠬᠦ ᠦᠨᠳᠦᠷ | ᠡᠪᠡᠳᠴᠢᠨ᠂ ᠰᠢᠬᠢᠷ ᠰᠢᠵᠢᠩ ᠡᠪᠡᠳᠴᠢᠨ ᠢ ᠵᠠᠰᠠᠬᠤ ᠳᠤ ᠤᠨᠴᠠ ᠲᠤᠰᠠᠳᠠᠢ᠃ ᠡᠭᠦᠨ ᠠᠴᠠ ᠭᠠᠳᠠᠨ᠎ᠠ᠂ ᠴᠡᠭᠡ ᠳᠤ | ᠪᠠᠰᠠ ᠪᠡᠯᠭᠡ ᠶᠢᠨ ᠰᠠᠶᠢᠵᠢᠷᠠᠯᠲᠠ ᠶᠢ ᠠᠬᠢᠭᠤᠯᠬᠤ᠂ ᠵᠢᠰᠤ ᠭᠤᠶᠤᠯᠠᠬᠤ ᠦᠢᠯᠡᠳᠦᠯ ᠲᠠᠢ ᠴᠤ ᠭᠡᠳᠡᠭ᠃ ᠴᠡᠭᠡ ᠶᠢ | ᠪᠠᠰᠠ ︽ᠮᠤᠩᠭᠤᠯ ᠤᠨ ᠨᠠᠢᠮᠠᠨ ᠬᠤᠪᠤᠷ ᠡᠳ᠋︾ ᠤᠨ ᠨᠢᠭᠡ ᠨᠢ ᠮᠦᠨ ᠭᠡᠳᠡᠭ᠃ ᠠᠪᠠᠭ᠎ᠠ ᠬᠤᠰᠢᠭᠤᠨ ᠤ ᠰᠡᠩᠰᠠᠨ | ᠬᠠᠷ᠎ᠠ ᠠᠳᠤᠭᠤᠨ ᠤ ᠴᠡᠭᠡ ᠨᠢ ᠰᠢᠮ᠎ᠠ ᠲᠡᠵᠢᠭᠡᠯ ᠦᠨᠳᠦᠷ ᠪᠦᠭᠡᠳ ᠬᠦᠮᠦᠨ ᠤ ᠪᠡᠶ᠎ᠠ ᠶᠢ ᠲᠦᠯᠵᠢᠭᠦᠯᠬᠦ ᠤᠬᠢ | ᠰᠠᠶᠢᠨ ᠴᠢᠳᠠᠮᠵᠢ ᠦᠢᠯᠡᠳᠦᠯ ᠲᠠᠢ᠃ | | | 6. ᠬᠦᠯᠦᠨ ᠪᠤᠶᠢᠷ ᠤᠨ ᠴᠢᠨᠠᠭᠰᠠᠨ ᠮᠢᠬ᠎ᠠ | ᠴᠢᠨᠠᠭᠰᠠᠨ ᠮᠢᠬ᠎ᠠ ᠪᠤᠯ ᠬᠦᠯᠦᠨ ᠪᠤᠶᠢᠷ ᠤᠨ ᠲᠠᠯ᠎ᠠ ᠨᠤᠲᠤᠭ ᠲᠠᠬᠢ ᠮᠤᠩᠭᠤᠯ᠂ ᠡᠸᠡᠩᠬᠢ᠂ ᠤᠷᠴᠤᠨ᠂ ᠳᠠᠭᠤᠷ | ᠵᠡᠷᠭᠡ ᠨᠡᠭᠦᠳᠡᠯ ᠮᠠᠯᠵᠢᠯ᠂ ᠠᠡᠭ ᠠᠩᠨᠠᠯ ᠤᠨ ᠦᠨᠳᠦᠰᠦᠲᠡᠨ ᠤ ᠵᠠᠭᠤ ᠮᠢᠩᠭᠠᠨ ᠵᠢᠯ ᠤᠨ ᠲᠤᠷᠰᠢᠬᠢ ᠤᠯᠠᠮᠵᠢᠯᠠᠯᠲᠤ | ᠤᠬᠢ ᠰᠠᠶᠢᠨ ᠢᠳᠡᠭᠡᠨ᠃ ᠬᠤᠨᠢ ᠢᠮᠠᠭ᠎ᠠ᠂ ᠦᠬᠡᠷ᠂ ᠮᠤᠷᠢ᠂ ᠲᠡᠮᠡᠭᠡ ᠵᠡᠷᠭᠡ ᠲᠡᠵᠢᠭᠡᠪᠦᠷᠢ ᠠᠮᠢᠲᠠᠨ ᠤ ᠮᠢᠬ᠎ᠠ ᠪᠤᠯᠤᠨ | ᠬᠡᠭᠡᠷ᠎ᠠ ᠶᠢᠨ ᠠᠮᠢᠲᠠᠨ ᠤ ᠮᠢᠬ᠎ᠠ ᠶᠢ ᠴᠢᠨᠠᠵᠦ ᠪᠤᠯᠭᠤᠭᠰᠠᠨ ᠶᠠᠰᠤᠲᠠᠢ ᠮᠢᠬ᠎ᠠ ᠪᠤᠯᠤᠨ᠎ᠠ᠃ ᠤᠳᠤᠬᠠᠨ ᠳᠤ | ᠤᠯᠠᠩᠬᠢ ᠳᠠᠭᠠᠨ ᠬᠤᠨᠢ ᠦᠬᠡᠷ ᠤᠨ ᠴᠢᠨᠠᠭᠰᠠᠨ ᠮᠢᠬ᠎ᠠ ᠶᠢ ᠵᠢᠭᠠᠳᠠᠭ᠃ ᠴᠢᠨᠠᠭᠰᠠᠨ ᠮᠢᠬ᠎ᠠ ᠪᠤᠯ ᠲᠠᠯ᠎ᠠ ᠶᠢᠨ | ᠮᠠᠯᠴᠢᠳ ᠤᠨ ᠦᠷᠭᠦᠯᠵᠢ ᠢᠳᠡᠳᠡᠭ ᠮᠦᠷᠲᠡᠭᠡᠨ ᠬᠠᠮᠤᠭ ᠤᠨ ᠳᠤᠷᠠᠲᠠᠢ ᠢᠳᠡᠭᠡᠨ ᠤ ᠨᠢᠭᠡ ᠪᠤᠯᠬᠤ ᠪᠦᠬᠡᠳ | ᠲᠡᠳᠡᠨᠡᠷ ᠤᠨ ᠭᠡᠶᠢᠴᠢᠨ ᠵᠤᠴᠢᠨ ᠢᠶᠠᠨ ᠵᠤᠴᠢᠯᠠᠬᠤ ᠤᠬᠢ ᠰᠠᠶᠢᠨ ᠢᠳᠡᠭᠡᠨ ᠪᠤᠯᠤᠨ᠎ᠠ᠃ | | | 7. ᠵᠦᠸᠧᠽᠢ ᠰᠢᠶᠠᠨ ᠤ ᠤᠲᠤᠮᠠᠯ ᠲᠠᠬᠢᠶ᠎ᠠ | ᠤᠲᠤᠮᠠᠯ ᠲᠠᠬᠢᠶ᠎ᠠ ᠪᠤᠯ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠤᠯᠠᠮᠵᠢᠯᠠᠯᠲᠤ ᠨᠡᠷᠡᠲᠤ ᠢᠳᠡᠭᠡᠨ᠃ | ᠬᠢᠬᠦ ᠪᠤᠯᠤᠨ ᠪᠤᠯᠪᠠᠰᠤᠷᠠᠭᠤᠯᠬᠤ ᠠᠷᠭ᠎ᠠ ᠨᠢ ᠵᠠᠭᠤ ᠰᠢᠬᠠᠮ ᠵᠢᠯ ᠤᠨ ᠲᠡᠤᠬᠡ ᠲᠠᠢ᠃ ᠪᠦᠬᠦ ᠤᠯᠤᠰ ᠤᠨ ᠭᠤᠷᠪᠠᠨ | ᠶᠡᠭᠡ ᠨᠡᠷᠡᠲᠤ ᠲᠠᠬᠢᠶ᠎ᠠ ᠶᠢᠨ ᠨᠢᠭᠡ ᠪᠤᠯᠤᠨ᠎ᠠ᠃ ᠲᠤᠮᠤ ᠪᠡᠶ᠎ᠠ ᠲᠠᠷᠭᠤᠨ ᠴᠤᠭᠴᠠ ᠲᠠᠢ᠂ ᠦᠡᠭᠭᠡ ᠨᠢ ᠡᠲᠡᠭᠡᠳ ᠭᠤᠶᠤ᠂ | ᠦᠨᠦᠷ ᠠᠮᠲᠠ ᠰᠤᠷᠭᠤᠭ ᠰᠠᠶᠢᠬᠠᠨ᠂ ᠮᠢᠬᠠᠨ ᠤ ᠴᠢᠨᠠᠷ ᠨᠢ ᠨᠠᠷᠢᠨ ᠪᠤᠯᠪᠠᠷᠠᠢ ᠵᠦᠭᠡᠯᠡᠨ ᠢᠶᠠᠷ ᠢᠶᠠᠨ ᠠᠯᠳᠠᠷᠰᠢᠵᠠᠢ᠃ | | | 8. ᠦᠬᠠᠢ ᠬᠤᠲᠠ ᠶᠢᠨ ᠱᠦᠯᠦ ᠲᠠᠢ ᠦᠬᠡᠷ ᠤᠨ ᠰᠡᠭᠦᠯ | ᠦᠪᠦᠷ ᠮᠤᠩᠭᠤᠯ ᠤᠨ ᠤᠯᠠᠮᠵᠢᠯᠠᠯᠲᠤ ᠦᠨᠦᠷ ᠠᠮᠲᠠ ᠲᠠᠢ ᠨᠡᠷᠡᠲᠤ ᠵᠠᠭᠤᠰᠢ᠂ ᠮᠦᠨᠴᠤ ᠦᠬᠠᠢ ᠤᠷᠤᠨ ᠤ | ᠤᠨᠴᠠᠯᠢᠭᠲᠤ ᠨᠤᠭᠤᠭ᠎ᠠ ᠶᠢᠨ ᠨᠢᠬᠡ᠃ ᠦᠪᠦᠷ ᠮᠤᠩᠭᠤᠯ ᠤᠷᠤᠨ ᠤ ᠰᠢᠨ᠎ᠠ ᠰᠤᠷᠭᠤᠭ ᠦᠬᠡᠷ ᠤᠨ ᠰᠡᠭᠦᠯ ᠢᠶᠠᠷ | ᠭᠤᠤᠯ ᠲᠦᠭᠦᠬᠡᠢ ᠮᠠᠲ᠋ᠧᠷᠢᠶᠠᠯ ᠪᠤᠯᠭᠠᠵᠦ᠂ ᠲᠠᠬᠢᠶᠠᠨ ᠬᠦᠯ᠂ ᠵᠢᠭᠠᠰᠤᠨ ᠭᠡᠳᠡᠰᠦ᠂ ᠳᠠᠯᠠᠢ ᠶᠢᠨ ᠢᠳᠡᠭᠡᠨ ᠵᠡᠷᠭᠡ ᠶᠢ | ᠳᠠᠭᠠᠯᠳᠤᠭᠤᠯᠵᠦ ᠬᠢᠭᠰᠡᠨ ᠱᠦᠯᠦ ᠲᠠᠢ ᠨᠤᠭᠤᠭ᠎ᠠ ᠪᠤᠯᠤᠨ᠎ᠠ᠃ ᠰᠢᠮ᠎ᠠ ᠲᠡᠵᠢᠭᠡᠯ ᠤᠨ ᠠᠭᠤᠯᠤᠭᠳᠠᠭᠴᠠ ᠦᠨᠳᠦᠷ᠂ | ᠠᠮᠲᠠ ᠰᠢᠮᠲᠠ ᠨᠢ ᠤᠬᠢ ᠰᠢᠯᠢᠳᠡᠭ ᠮᠦᠷᠲᠡᠭᠡᠨ ᠤᠳᠠᠭᠠᠨ ᠵᠢᠯ ᠤᠨ ᠲᠡᠤᠬᠡ ᠲᠠᠢ ᠠᠮᠲᠠᠲᠤ ᠢᠳᠡᠭᠡᠨ ᠪᠤᠯᠤᠨ᠎ᠠ᠃ | | | 9. ᠤᠯᠠᠭᠠᠨᠬᠠᠳᠠ ᠶᠢᠨ ᠬᠠᠪᠴᠢᠮᠠᠯ ᠪᠤᠤᠪᠤ | ᠰᠢᠷᠠᠭᠰᠠᠨ ᠪᠤᠤᠪᠤ ᠶᠢᠨ ᠲᠤᠲᠤᠷ᠎ᠠ ᠤᠲᠤᠮᠠᠯ ᠮᠢᠬ᠎ᠠ ᠶᠢ ᠬᠠᠪᠴᠢᠭᠤᠯᠤᠨ ᠬᠢᠭᠰᠡᠨ ᠠᠮᠲᠠᠲᠤ ᠢᠳᠡᠭᠡᠨ᠃ | | | 10. ᠲᠦᠡᠭᠯᠢᠶᠤᠤ ᠶᠢᠨ ᠨᠤᠭᠤᠭ᠎ᠠ ᠶᠢᠨ ᠪᠠᠭᠯᠠᠭᠠᠰᠤ | ᠪᠠᠰᠠ ︽ᠪᠤᠳᠠᠭᠠᠨ ᠤ ᠪᠠᠭᠯᠠᠭᠠᠰᠤ︾ ᠴᠤ ᠭᠡᠳᠡᠭ᠃ ᠤᠬᠢᠶᠠᠵᠦ ᠴᠡᠪᠡᠷᠯᠡᠭᠰᠡᠨ ᠴᠠᠭᠠᠨ ᠨᠤᠭᠤᠭ᠎ᠠ ᠶᠢᠨ | ᠨᠠᠪᠴᠢᠨ ᠳᠤ ᠰᠤᠩᠭᠢᠨ᠎ᠠ᠂ ᠦᠨᠦᠷᠲᠦ ᠨᠤᠭᠤᠭ᠎ᠠ᠂ ᠦᠷᠭᠡᠰᠦᠲᠦ ᠬᠡᠮᠭᠡ ᠶᠢᠨ ᠨᠠᠷᠢᠨ ᠬᠡᠷᠴᠢᠮᠡᠯ ᠵᠡᠷᠭᠡ ᠰᠢᠨ᠎ᠠ | ᠰᠤᠷᠭᠤᠭ ᠢᠳᠡᠰᠢᠨ ᠨᠤᠭᠤᠭ᠎ᠠ ᠶᠢ ᠵᠡᠷᠭᠡᠯᠡᠨ ᠲᠠᠯᠪᠢᠵᠦ᠂ ᠪᠤᠷᠴᠠᠭ ᠤᠨ ᠵᠢᠶᠠᠩ ᠢ ᠲᠦᠷᠬᠢᠵᠦ ᠪᠠᠭᠯᠠᠭᠠᠳ ᠢᠳᠡᠳᠡᠭ | ᠨᠢᠭᠡᠡ ᠵᠦᠢᠯ ᠤᠨ ᠠᠮᠲᠠᠲᠤ ᠢᠳᠡᠭᠡᠨ ᠪᠤᠯᠤᠨ᠎ᠠ᠃ ᠮᠦᠨᠴᠤ ᠲᠦᠡᠭᠯᠢᠶᠤᠤ ᠤᠷᠤᠨ ᠤ ᠬᠦᠮᠦᠰ ᠤᠨ ᠬᠠᠮᠤᠭ ᠤᠨ | ᠢᠳᠡᠬᠦ ᠳᠤᠷᠠᠲᠠᠢ ᠢᠳᠡᠭᠡᠨ ᠤ ᠨᠢᠭᠡ ᠪᠤᠯᠤᠨ᠎ᠠ᠃ | | | 11. ᠤᠷᠳᠤᠰ ᠤᠨ ᠢᠰᠭᠦᠯᠡᠩ ᠪᠤᠳᠠᠭ᠎ᠠ | ᠦᠪᠦᠷ ᠮᠤᠩᠭᠤᠯ ᠤᠨ ᠪᠠᠷᠠᠭᠤᠨ ᠬᠡᠰᠡᠭ ᠤᠷᠤᠨ ᠤ ᠬᠦᠮᠦᠰ ᠤᠨ ᠦᠷᠭᠦᠯᠵᠢ ᠢᠳᠡᠳᠡᠭ ᠤᠨᠴᠠᠯᠢᠭᠲᠤ | ᠢᠳᠡᠭᠡᠨ ᠪᠤᠯᠤᠨ᠎ᠠ᠃ ᠢᠰᠭᠦᠯᠡᠩ ᠪᠤᠳᠠᠭ᠎ᠠ ᠶᠢ ᠢᠳᠡᠪᠡᠯ ᠠᠭᠠᠭᠢᠮ᠎ᠠ ᠬᠠᠯᠠᠭᠤᠨ ᠳᠤ ᠠᠵᠢᠯ ᠬᠦᠳᠡᠯᠮᠦᠷᠢ ᠬᠢᠬᠦ ᠳᠤ | ᠦᠯ ᠲᠠᠢ᠂ ᠤᠮᠳᠠᠭᠠᠰᠬᠤ ᠦᠭᠡᠢ ᠮᠦᠷᠲᠡᠭᠡᠨ ᠬᠠᠯᠠᠭᠤᠴᠠᠬᠤ ᠶᠢ ᠰᠡᠷᠬᠡᠶᠢᠯᠡᠨ᠎ᠠ᠃ | | | 12. ᠬᠦᠯᠦᠨ ᠪᠤᠶᠢᠷ ᠤᠨ ᠪᠤᠷᠳᠤᠭᠰᠠᠨ ᠭᠡᠳᠡᠰᠦ | ᠬᠤᠨᠢᠨ ᠤ ᠠᠭᠰᠢᠭᠤᠨ ᠴᠢᠰᠤᠨ ᠡᠭᠡᠳᠡᠩ ᠢ ᠵᠢᠭᠠᠬᠠᠨ ᠦᠭᠡᠬᠦ ᠲᠠᠢ ᠬᠤᠯᠢᠵᠦ᠂ ᠠᠷᠢᠯᠭᠠᠨ ᠴᠡᠪᠡᠷᠯᠡᠭᠰᠡᠨ | ᠪᠦᠳᠦᠭᠦᠨ ᠭᠡᠳᠡᠰᠦᠨ ᠳᠤ ᠰᠤᠩᠭᠢᠨ᠎ᠠ᠂ ᠰᠡᠷᠢᠮᠰᠠᠭ᠂ ᠠᠮᠲᠠ ᠶᠢᠨ ᠤᠬᠢ ᠵᠡᠷᠭᠡ ᠲᠠᠢ ᠬᠠᠮᠲᠤ ᠴᠢᠳᠬᠤᠵᠦ ᠪᠤᠯᠭᠤᠭᠰᠠᠨ | ᠢᠳᠡᠭᠡᠨ᠃ | | | 13. ᠪᠠᠶᠠᠨᠨᠠᠭᠤᠷ ᠤᠨ ︽ᠰᠡᠷᠢᠭᠦᠨ ᠹᠧᠨᠲ᠋ᠢᠶᠤᠤᠷ︾ | ᠴᠠᠶᠢᠪᠤᠷ ᠦᠡᠭᠭᠡ ᠲᠠᠢ᠂ ᠨᠡᠪᠲᠡᠷᠬᠡᠢ ᠲᠤᠩᠭᠠᠯᠠᠭ᠂ ᠵᠤᠨ ᠤ ᠴᠠᠭ ᠲᠤ ᠬᠠᠯᠠᠭᠤᠨ ᠢ ᠬᠦᠭᠡᠭᠡᠵᠦ ᠦᠯᠦᠰᠬᠦ ᠶᠢ | ᠳᠠᠷᠤᠳᠠᠭ ᠰᠡᠷᠢᠭᠦᠨ ᠲᠠᠭᠠᠲᠠᠢ ᠤᠬᠢ ᠢᠳᠡᠭᠡᠨ ᠤ ᠨᠢᠭᠡ᠃ ᠬᠠᠯᠠᠭᠤᠨ ᠬᠦᠢᠲᠡᠨ ᠢᠶᠠᠷ ᠨᠢ ᠪᠦᠷ ᠢᠳᠡᠵᠦ ᠪᠤᠯᠤᠨ᠎ᠠ᠃ | | | 14. ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡᠨ | ᠰᠢᠯᠤᠭᠤᠨ ᠬᠦᠬᠡ ᠬᠤᠰᠢᠭᠤ ᠪᠤᠯ ᠴᠠᠭᠠᠨ ᠢᠳᠡᠭᠡᠨ ᠤ ᠰᠤᠶᠤᠯ ᠤᠨ ᠦᠯᠦᠭᠡᠢ ᠶᠤᠮ᠃ 2013 ᠤᠨ ᠤ | 12 ᠰᠠᠷ᠎ᠠ ᠳᠤ ︽ᠰᠢᠯᠤᠭᠤᠨ ᠬᠦᠬᠡ ᠬᠤᠰᠢᠭᠤᠨ ᠤ ᠬᠤᠷᠤᠳ︾ ᠪᠤᠯᠤᠨ ︽ᠰᠢᠯᠤᠭᠤᠨ ᠬᠦᠬᠡ ᠬᠤᠰᠢᠭᠤᠨ ᠤ | ᠦᠷᠦᠮ᠎ᠠ︾ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠳᠤ ᠪᠦᠲᠦᠭᠡᠭᠳᠡᠭᠦᠨ ᠤ ᠬᠠᠮᠠᠭᠠᠯᠠᠯᠲᠠ ᠶᠢ ᠬᠦᠷᠲᠡᠵᠦ᠂ | 2014 ᠤᠨ ᠤ 8 ᠰᠠᠷ᠎ᠠ ᠳᠤ ︽ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡᠨ ᠦᠢᠯᠡᠳᠪᠦᠷᠢᠯᠡᠬᠦ ᠠᠷᠭ᠎ᠠ︾ | ᠠᠮᠵᠢᠯᠲᠠ ᠲᠠᠢ ᠪᠠᠷ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠪᠦᠷᠢᠳᠭᠡᠭᠳᠡᠵᠠᠢ᠃ ᠰᠢᠯᠤᠭᠤᠨ ᠬᠦᠬᠡ | ᠬᠤᠰᠢᠭᠤᠨ ᠤ ᠴᠠᠭᠠᠨ ᠢᠳᠡᠭᠡᠠ ᠤᠮᠳᠠᠭᠠᠨ ᠲᠦᠷᠦᠯ ᠵᠦᠢᠯ ᠢᠶᠠᠷ ᠡᠯᠪᠡᠭ᠂ ᠬᠤᠷᠤᠳ ᠪᠢᠰᠢᠯᠠᠭ᠂ ᠦᠷᠦᠮ᠎ᠠ᠂ ᠵᠦᠬᠡᠬᠡᠢ᠂ | ᠰᠢᠷ᠎ᠠ ᠲᠤᠰᠤ᠂ ᠰᠠᠭᠠᠯᠢ ᠶᠢᠨ ᠠᠷᠢᠬᠢ᠂ ᠲᠠᠷᠠᠭ ᠭᠡᠳ ᠬᠡᠳᠦᠨ ᠠᠷᠪᠠᠨ ᠲᠦᠷᠦᠯ ᠬᠤᠪᠢᠶᠠᠳᠠᠭ ᠪᠦᠭᠡᠳ ᠠᠮᠲᠠ | ᠰᠢᠮᠲᠡ ᠨᠢ ᠤᠯᠠᠮᠵᠢᠯᠠᠯ ᠢᠶᠠᠨ ᠪᠠᠲᠤᠯᠠᠭᠰᠠᠨ ᠪᠠᠶᠢᠳᠠᠭ᠃ | | | 15. ᠬᠢᠨᠭ᠍ᠭᠠᠨ ᠤ ᠰᠢᠷᠠᠭᠰᠠᠨ ᠬᠤᠨᠢᠨ ᠭᠤᠶ᠎ᠠ | ᠦᠡᠭᠭᠡ ᠭᠠᠳᠠᠷ ᠨᠢ ᠭᠢᠯᠲᠠᠭᠠᠨᠠᠮ᠎ᠠ ᠰᠤᠷᠭᠤᠭ᠂ ᠮᠢᠬ᠎ᠠ ᠨᠢ ᠬᠡᠤᠷᠡᠭ ᠮᠦᠷᠲᠡᠭᠡᠨ ᠦᠨᠦᠷ ᠠᠮᠲᠠ ᠨᠢ ᠡᠳᠡᠬᠡᠤᠨ | ᠰᠠᠶᠢᠬᠠᠨ᠂ ᠰᠢᠮ᠎ᠠ ᠲᠡᠵᠢᠭᠡᠯ ᠢᠶᠠᠷ ᠡᠯᠪᠡᠭ ᠪᠠᠶᠢᠳᠠᠭ᠃ ᠪᠡᠶ᠎ᠠ ᠮᠠᠬᠠᠪᠤᠳ ᠪᠠᠨ ᠴᠠᠬᠢᠷᠠᠭᠵᠢᠭᠤᠯᠵᠦ ᠰᠢᠮ᠎ᠠ ᠲᠡᠵᠢᠭᠡᠯ | ᠨᠦᠬᠦᠪᠦᠷᠢᠯᠡᠬᠦ ᠳᠤ ᠲᠤᠬᠢᠷᠠᠮᠵᠢᠲᠠᠢ ᠠᠴᠠ ᠬᠦᠮᠦᠰ ᠲᠤ ᠮᠠᠰᠢ ᠡᠭᠡᠯᠢᠲᠠᠢ ᠮᠤᠩᠭᠤᠯ ᠦᠨᠳᠦᠰᠦᠲᠡᠨ ᠤ ᠨᠡᠷᠡᠲᠤ | ᠵᠠᠭᠤᠰᠢ ᠪᠤᠯᠤᠨ᠎ᠠ᠃ ᠰᠢᠷᠠᠭᠰᠠᠨ ᠬᠤᠨᠢᠨ ᠭᠤᠶ᠎ᠠ ᠪᠤᠯ ᠮᠤᠩᠭᠤᠯ ᠬᠦᠮᠦᠨ ᠤ ᠭᠡᠶᠢᠴᠢᠨ ᠵᠤᠴᠢᠨ ᠢᠶᠠᠨ ᠳᠠᠶᠢᠯᠠᠬᠤ ᠳᠤ | ᠬᠡᠷᠡᠭᠯᠡᠳᠡᠭ ᠢᠷᠭᠡ ᠶᠢᠨ ᠪᠦᠬᠦᠯᠢ ᠰᠢᠭᠦᠰᠦ ᠠᠴᠠ ᠤᠯᠠᠷᠢᠨ ᠬᠤᠪᠢᠷᠠᠵᠦ ᠢᠷᠡᠭᠰᠡᠨ ᠨᠢᠭᠡ ᠵᠦᠢᠯ ᠤᠨ ᠠᠮᠲᠠᠲᠤ | ᠢᠳᠡᠭᠡᠨ ᠪᠤᠯᠤᠨ᠎ᠠ᠃ | | | 16. ᠪᠠᠶᠠᠨᠨᠠᠭᠤᠷ ᠤᠨ ᠭᠠᠭ᠋ᠠᠢ ᠶᠢᠨ ᠮᠢᠬ᠎ᠠ ᠲᠠᠢ ᠴᠢᠨᠠᠭᠰᠠᠨ ᠬᠦᠴᠢᠯᠯᠢᠭ ᠨᠤᠭᠤᠭ᠎ᠠ | ᠭᠠᠭ᠋ᠠᠢ ᠶᠢᠨ ᠬᠠᠷ᠎ᠠ ᠮᠢᠬ᠎ᠠ ᠶᠢ ᠬᠦᠴᠢᠯᠯᠢᠭ ᠨᠤᠭᠤᠭ᠎ᠠ᠂ ᠲᠦᠮᠦᠰᠦ ᠵᠡᠷᠭᠡ ᠲᠠᠢ ᠬᠠᠮᠲᠤ ᠴᠢᠨᠠᠵᠦ ᠪᠤᠯᠭᠤᠭᠠᠳ | ᠭᠤᠭᠤᠳ ᠰᠤᠩᠭᠢᠨ᠎ᠠ ᠵᠡᠷᠭᠡ ᠶᠢ ᠬᠢᠵᠦ ᠦᠨᠦᠷ ᠤᠷᠤᠭᠤᠯᠤᠨ ᠬᠠᠭᠤᠷᠤᠭᠰᠠᠨ ᠨᠤᠭᠤᠭ᠎ᠠ ᠵᠠᠭᠤᠰᠢ ᠪᠤᠯᠤᠨ᠎ᠠ᠃ | | | 17. ᠠᠯᠠᠱᠠ ᠶᠢᠨ ᠰᠠᠮ ᠪᠤᠭᠤᠷᠰᠤᠭ | ᠠᠯᠠᠱᠠ ᠶᠢᠨ ᠡᠯ᠎ᠠ ᠠᠶᠢᠮᠠᠭ ᠶᠠᠰᠤᠲᠠᠨ ᠡᠷᠲᠡ ᠢᠵᠠᠭᠤᠷ ᠠᠴᠠ ᠪᠠᠨ ᠰᠠᠮ ᠪᠤᠭᠤᠷᠰᠤᠭ ᠢᠳᠡᠬᠦ ᠵᠠᠩ | ᠳᠠᠳᠬᠠᠯ ᠲᠠᠢ ᠪᠠᠶᠢᠳᠠᠭ᠃ ᠢᠯᠡᠩᠭᠤᠶ᠎ᠠ ᠪᠠᠶᠠᠷ ᠳᠤᠷᠠᠰᠬᠠᠯ ᠤᠨ ᠡᠳᠤᠷ ᠢᠳᠡᠳᠡᠭ ᠳᠤᠰᠤᠨ ᠳᠤ ᠪᠤᠴᠠᠯᠭᠠᠵᠦ | ᠬᠠᠭᠰᠠᠭᠠᠭᠰᠠᠨ ᠪᠤᠤᠪᠤ᠃ | | | 18. ᠬᠤᠷᠴᠢᠨ ᠤ ᠪᠤᠷᠴᠠ | ᠦᠬᠡᠷ ᠤᠨ ᠪᠤᠷᠴᠠ ᠪᠤᠯ ᠮᠤᠩᠭᠤᠯ ᠲᠤᠭᠤᠷᠭᠠᠲᠠᠨ ᠤ ᠮᠤᠷᠢᠲᠠᠨ ᠴᠡᠷᠢᠭ ᠤᠨ ᠬᠦᠨᠡᠰᠤᠨ ᠠᠴᠠ ᠢᠷᠡᠯᠲᠠᠢ᠃ | ᠠᠪᠴᠤ ᠶᠠᠪᠤᠬᠤ ᠳᠤ ᠳᠦᠭᠦᠮ ᠮᠦᠷᠲᠡᠭᠡᠨ ᠰᠢᠮ᠎ᠠ ᠲᠡᠵᠢᠭᠡᠯ ᠡᠯᠪᠡᠭ᠂ ᠦᠨᠦᠷ ᠠᠮᠲᠠ ᠬᠠᠨᠭ᠍ᠬᠤᠯᠤᠭᠤᠨ᠂ ᠦᠡᠭᠭᠡ | ᠰᠤᠷᠭᠤᠭ᠃ ︽ᠴᠢᠩᠭᠢᠰ ᠬᠠᠭᠠᠨ ᠤ ᠴᠡᠷᠢᠭ ᠤᠨ ᠬᠦᠨᠡᠰᠦ︾ ᠭᠡᠰᠡᠨ ᠰᠠᠶᠢᠬᠠᠨ ᠠᠯᠳᠠᠷ ᠲᠠᠢ ᠶᠤᠮ᠃ | |