ᠬᠠᠶᠢᠯᠠᠰᠤᠨ ᠮᠤᠳᠤᠨ ᠤ ᠵᠤᠭ᠎ᠠ ᠬᠦᠮᠦᠨ ᠤ ᠡᠷᠡᠬᠦᠯ ᠮᠡᠨᠳᠤ ᠳᠤ ᠶᠡᠭᠡ ᠳᠤᠰᠠᠳᠠᠢ
ᠨᠡᠶᠢᠲᠡᠯᠡᠭᠰᠡᠨ ᠴᠠᠭ᠄
2019/5/13
     ᠬᠦᠳᠡᠭᠡ ᠳᠤ ᠲᠦᠷᠦᠵᠦ ᠦᠰᠦᠭᠰᠡᠨ ᠬᠦᠮᠦᠰ ᠲᠤ ᠵᠤᠭ᠎ᠠ ᠨᠢ ᠮᠠᠰᠢ ᠳᠠᠨᠢᠯ ᠳᠠᠰᠤᠯ ᠪᠠᠶᠢᠬ᠎ᠠ᠃ ᠦᠩᠭᠡᠷᠡᠭᠰᠡᠨ ᠳᠤ ᠬᠦᠮᠦᠰ ᠵᠤᠭ᠎ᠠ ᠶᠢ ᠬᠤᠭᠤᠯᠠᠨ ᠤ ᠤᠷᠤᠨ ᠳᠤ ᠢᠳᠡᠳᠡᠭ ᠪᠠᠶᠢᠵᠠᠢ᠂ ᠪᠢᠳᠠᠨ ᠢ ᠪᠠᠭ᠎ᠠ ᠪᠠᠶᠢᠬᠤ ᠳᠤ ᠬᠡᠦᠬᠡᠳ ᠤᠳ ᠵᠤᠭ᠎ᠠ ᠢᠳᠡᠵᠦ ᠦᠯᠦ ᠪᠠᠨ ᠳᠠᠷᠤᠳᠠᠭ ᠪᠠᠶᠢᠬᠰᠠᠨ ᠶᠤᠮ᠃      ᠵᠤᠭ᠎ᠠ ᠭᠡᠵᠤ ᠪᠢᠯᠢᠭ ᠤᠨ ᠤᠯᠠᠷᠢᠯ ᠤᠨ ᠳᠠᠪᠤᠨ ᠰᠠᠷ᠎ᠠ ᠶᠢᠨ ᠦᠶ᠎ᠡ ᠪᠠᠷ ᠰᠠᠭᠤᠳᠠᠭ ᠬᠠᠶᠢᠯᠠᠰᠤᠨ ᠮᠤᠳᠤᠨ ᠤ ᠴᠡᠴᠡᠭ ᠢ ᠬᠡᠯᠡᠵᠦ ᠪᠠᠶᠢᠨ᠎ᠠ᠃ ᠲᠡᠭᠦᠨ ᠢ ᠦᠷᠡᠯᠡᠬᠦ ᠠᠴᠠ ᠨᠢ ᠡᠮᠦᠨ᠎ᠡ ᠢᠳᠡᠳᠡᠭ᠃      ᠤᠳᠤ ᠠᠮᠢᠳᠤᠷᠠᠯ ᠰᠠᠶᠢᠵᠢᠷᠠᠵᠦ ᠮᠢᠬ᠎ᠠ ᠳᠤᠰᠤ ᠡᠯᠪᠡᠭ ᠪᠤᠯᠤᠬᠰᠠᠨ ᠪᠣᠯᠬᠤᠷ ᠵᠤᠭ᠎ᠠ ᠢᠳᠡᠬᠦ ᠬᠥᠮᠥᠨ ᠮᠠᠰᠢ ᠴᠦᠬᠡᠨ ᠪᠣᠯᠵᠤ᠂ ᠲᠡᠷᠡ ᠨᠢ ᠠᠭᠠᠵᠢᠮ ᠢᠶᠠᠷ ᠬᠦᠮᠦᠰ ᠲᠤ ᠮᠠᠷᠳᠠᠬᠳᠠᠬᠤ ᠪᠤᠯᠵᠦ ᠪᠠᠶᠢᠨ᠎ᠠ᠃ ᠭᠡᠬᠦ ᠳᠡᠭᠡᠨ ᠵᠤᠭ᠎ᠠ ᠨᠢ ᠬᠦᠮᠦᠨ ᠤ ᠡᠷᠡᠬᠦᠯ ᠮᠡᠨᠳᠤ ᠳᠤ ᠮᠠᠰᠢ ᠳᠤᠰᠠᠳᠠᠢ ᠪᠠᠶᠢᠳᠠᠭ᠃      ᠡᠩ ᠳᠡᠷᠢᠬᠦᠨ ᠳᠤ ᠵᠤᠭ᠎ᠠ ᠨᠢ ᠮᠠᠷᠢᠶ᠎ᠠ ᠶᠢ ᠰᠢᠭᠤᠷᠠᠭᠤᠯᠤᠨ᠎ᠠ᠃ ᠵᠤᠭ᠎ᠠ ᠶᠢᠨ ᠬᠤᠭᠤᠯᠠᠨ ᠰᠢᠷᠬᠡᠭᠯᠢᠭ ᠤᠨ ᠠᠭᠤᠯᠤᠭᠳᠠᠴᠠ ᠮᠠᠰᠢ ᠦᠨᠳᠦᠷ ᠪᠥᠭᠡᠳ ᠳᠡᠬᠦᠨ ᠳᠤ ᠠᠭᠤᠯᠤᠭᠳᠠᠬᠤ ᠨᠠᠪᠴᠢᠨ ᠤ ᠨᠤᠭᠤᠭᠠᠨ ᠡᠳ᠋ ᠨᠢ ᠰᠢᠨ᠎ᠡ ᠬᠠᠭᠤᠴᠢᠨ ᠤ ᠰᠣᠯᠢᠯᠴᠠᠭ᠎ᠠ ᠲᠦᠷᠭᠡᠳᠬᠡᠬᠦ ᠦᠢᠯᠡᠳᠦᠯ ᠲᠠᠢ ᠪᠣᠯᠬᠤᠷ ᠡᠷᠡᠬᠦᠯ ᠮᠡᠨᠳᠤ ᠳᠤ ᠳᠤᠰᠠᠳᠠᠢ ᠪᠠᠶᠢᠳᠠᠭ᠃ ᠳᠡᠶᠢᠮᠦ ᠠᠴᠠ ᠲᠡᠷᠡ ᠨᠢ ᠮᠠᠷᠢᠶ᠎ᠠ ᠰᠢᠭᠤᠷᠠᠭᠤᠯᠬᠤ ᠪᠦᠳᠦᠬᠦᠯᠢᠭ ᠢᠳᠡᠬᠡᠨ ᠳᠤ ᠳᠤᠭᠠᠴᠠᠬᠳᠠᠨ᠎ᠠ᠃ ᠬᠢᠲᠠᠳ ᠡᠮ ᠤᠨ ᠤᠬᠠᠭᠠᠨ ᠳᠤ ᠵᠤᠭ᠎ᠠ ᠶᠢ ᠰᠢᠬᠡᠯᠬᠡᠬᠦ ᠦᠢᠯᠡᠳᠦᠯ ᠲᠠᠢ ᠭᠡᠳᠡᠭ᠂ ︽ᠡᠪᠡᠰᠦᠨ ᠡᠮ ᠤᠨ ᠳᠤᠪᠴᠢ︾ ᠳᠤ ᠪᠠᠰᠠ ︽ᠵᠤᠭ᠎ᠠ ᠶᠢ ᠤᠳᠠᠭᠠᠨ ᠢᠳᠡᠪᠡᠯ ᠪᠡᠶ᠎ᠡ ᠶᠢᠨ ᠵᠢᠩ ᠢ ᠪᠠᠭᠤᠷᠠᠭᠤᠯᠳᠠᠭ︾ ᠭᠡᠵᠦ ᠲᠡᠮᠳᠡᠭᠯᠡᠭᠰᠡᠨ ᠪᠠᠶᠢᠨ᠎ᠠ᠃ ᠡᠶᠢᠮᠦ ᠠᠴᠠ ᠮᠠᠷᠢᠶ᠎ᠠ ᠰᠢᠭᠤᠷᠠᠭᠤᠯᠬᠤ ᠳᠤ ᠵᠤᠭ᠎ᠠ ᠪᠣᠯ ᠰᠠᠶᠢᠨ ᠰᠤᠩᠭᠤᠯᠳᠠ ᠮᠥᠨ᠃       ᠵᠤᠭ᠎ᠠ ᠨᠢ ᠪᠠᠰᠠ ᠨᠡᠯᠢᠶᠡᠳ ᠬᠦᠢᠳᠠᠨ ᠴᠢᠨᠠᠷ ᠲᠠᠢ ᠪᠠᠶᠢᠵᠦ ᠵᠢᠷᠦᠬᠡᠨ ᠤ ᠬᠠᠯᠠᠭᠤᠨ ᠢ ᠲᠤᠭᠤᠬᠤ ᠦᠢᠯᠡᠳᠦᠯ ᠲᠠᠢ᠃ ᠭᠡᠬᠦ ᠳᠡᠭᠡᠨ ᠳᠡᠬᠦᠨ ᠢ ᠪᠠᠭ᠎ᠠ ᠬᠠᠯᠠᠭᠤᠨ ᠴᠢᠨᠠᠷ ᠲᠠᠢ ᠢᠳᠡᠬᠡᠨ ᠲᠠᠢ ᠬᠤᠯᠢᠵᠦ ᠢᠳᠡᠪᠡᠯ ᠵᠤᠬᠢᠨ᠎ᠠ᠂ ᠢᠩᠬᠢᠪᠠᠯ ᠬᠤᠳᠤᠭᠤᠳᠤ ᠠᠭᠤᠰᠬᠢᠨ ᠳᠤ ᠦᠭᠬᠦ ᠬᠤᠤᠷᠳᠠᠯ ᠨᠢ ᠪᠠᠭᠠᠰᠳᠠᠭ᠃ ᠵᠤᠭ᠎ᠠ ᠪᠠᠰᠠ ᠬᠠᠯᠠᠭᠤᠨ ᠰᠠᠭᠤᠬᠰᠠᠨ ᠪᠤᠶᠤ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠰᠠᠨ ᠠᠴᠠ ᠪᠤᠯᠤᠬᠰᠠᠨ ᠬᠠᠨᠢᠶᠠᠳᠤ ᠶᠢ ᠵᠤᠬᠰᠤᠭᠠᠵᠦ ᠴᠠᠷ ᠢ ᠠᠷᠢᠯᠭᠠᠬᠤ ᠳᠤ ᠨᠡᠯᠢᠶᠡᠳ ᠳᠤᠰᠠᠳᠠᠢ ᠪᠠᠶᠢᠳᠠᠭ᠃ ᠵᠤᠭ᠎ᠠ ᠳᠤ ᠠᠭᠤᠯᠤᠬᠳᠠᠬᠤ ᠳᠡᠮᠦᠷ ᠪᠠ ᠺᠠᠯᠼ ᠤᠨ ᠬᠡᠮᠵᠢᠶ᠎ᠠ ᠨᠡᠯᠢᠶᠡᠳ ᠥᠨᠳᠥᠷ ᠪᠠᠶᠢᠵᠦ᠂ ᠡᠪᠡᠰᠦᠨ ᠬᠦᠴᠢᠯ ᠤᠨ ᠠᠭᠤᠯᠤᠬᠳᠠᠴᠠ ᠨᠢ ᠬᠠᠷᠢᠨ ᠬᠠᠷᠢᠴᠠᠩᠭᠤᠢ ᠪᠠᠭ᠎ᠠ ᠪᠠᠶᠢᠳᠠᠭ᠃ ᠡᠩ ᠤᠨ ᠪᠠᠶᠢᠳᠠᠯ ᠳᠤ ᠬᠤᠭᠤᠯᠠᠨ ᠰᠢᠷᠭᠡᠭᠯᠢᠭ ᠨᠢ ᠦᠨᠳᠦᠷ ᠤᠯᠠᠩᠬᠢ ᠤᠷᠭᠤᠮᠠᠯ ᠤᠨ ᠡᠪᠡᠰᠦᠨ ᠬᠦᠴᠢᠯ ᠨᠢ ᠴᠦ ᠦᠨᠳᠦᠷ ᠪᠠᠶᠢᠳᠠᠭ᠂ ᠭᠡᠲᠡᠯ᠎ᠡ ᠵᠤᠭ᠎ᠠ ᠶᠢᠨ ᠡᠪᠡᠰᠦᠨ ᠬᠦᠴᠢᠯ ᠤᠨ ᠠᠭᠤᠯᠤᠬᠳᠠᠴᠠ ᠨᠢ ᠬᠠᠷᠢᠨ ᠪᠠᠭ᠎ᠠ ᠰᠢᠭ᠋ ᠪᠠᠶᠢᠵᠤ᠂ ᠳᠡᠮᠦᠷ ᠪᠠ ᠺᠠᠯᠼᠢ ᠨᠦᠬᠦᠪᠦᠷᠢᠯᠡᠬᠦ ᠳᠤ ᠵᠤᠬᠢᠬᠤ ᠦᠢᠯᠡᠳᠦᠯ ᠲᠠᠢ ᠶᠤᠮ᠃ ᠡᠬᠦᠨ ᠠᠴᠠ ᠭᠠᠳᠠᠨ᠎ᠠ᠂ ᠵᠤᠭ᠎ᠠ ᠨᠢ ᠪᠠᠰᠠ ᠠᠭᠤᠰᠬᠢ ᠶᠢ ᠰᠠᠶᠢᠵᠢᠷᠠᠭᠤᠯᠵᠤ ᠳᠠᠶᠢᠪᠤᠰᠢᠷᠠᠭᠤᠯᠬᠤ ᠦᠢᠯᠡᠳᠦᠯ ᠲᠠᠢ ᠪᠠᠶᠢᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号